ᠲᠦᠷᠦᠭᠦᠭᠡᠨ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ ᠡᠴᠡ ᠰᠦᠯᠵᠢᠶᠡᠨ ᠳᠡᠭᠡᠷᠡᠬᠢ ᠪᠠ ᠪᠤᠳᠠᠳᠦ ᠴᠤᠬᠴᠠ ᠵᠢ ᠬᠠᠷᠢᠯᠴᠠᠨ ᠤᠶᠠᠯᠳᠤᠭᠤᠯᠬᠤ ᠬᠡᠯᠪᠡᠷᠢ᠎ᠪᠠᠷ ᠪᠦᠭᠦ ᠣᠷᠣᠨ᠎ᠤ ᠬᠠᠤᠯᠢ ᠴᠠᠭᠠᠵᠠ᠎ᠶᠢᠨ ᠬᠢᠨᠠᠨ ᠲᠣᠭᠲᠠᠭᠠᠯᠲᠠ᠎ᠶᠢᠨ ᠵᠠᠭᠠᠯᠳᠤᠯᠭ᠎ᠠ᠎ᠶᠢ ᠰᠢᠢᠳᠪᠦᠷᠢᠯᠡᠬᠦ ᠪᠠ ᠰᠢᠭᠦᠬᠦ ᠲᠢᠩᠬᠢᠮ᠎ᠤᠨ ᠲᠤᠯᠭᠠᠨ ᠭᠡᠷᠡᠴᠢᠯᠡᠬᠦ ᠪᠣᠯᠪᠠᠰᠤᠷᠠᠯ᠎ᠤᠨ ᠠᠩᠭᠢ᠎ᠶᠢ ᠡᠷᠭᠢᠯᠡᠨ ᠶᠠᠪᠤᠬᠲᠠᠭᠤᠯᠪᠠ᠃
ᠪᠣᠯᠪᠠᠰᠤᠷᠠᠯ ᠨᠢ ᠵᠠᠭᠠᠯᠳᠤᠯᠭ᠎ᠠ᠎ᠶᠢ ᠰᠢᠢᠳᠪᠦᠷᠢᠯᠡᠬᠦ ᠪᠠ ᠰᠢᠭᠦᠬᠦ ᠲᠢᠩᠬᠢᠮ᠎ᠦᠨ ᠲᠤᠯᠭᠠᠨ ᠭᠡᠷᠡᠴᠢᠯᠡᠬᠦ ᠵᠠᠩᠭᠢᠯᠠᠭ᠎ᠠ᠎ᠶᠢᠨ ᠭᠣᠭᠴᠣᠭ᠎ᠠ ᠳ᠋ᠤ᠌ ᠠᠩᠬᠠᠷᠤᠯ᠎ᠢᠶᠠᠨ ᠲᠥᠪᠯᠡᠷᠡᠭᠦᠯᠵᠦ᠂ ᠱᠠᠩᠬᠠᠢ᠎ᠶᠢᠨ ᠵᠢᠩ ᠯᠢᠨ (ᠣᠷᠳᠣᠰ) ᠬᠠᠤᠯᠢᠴᠢ᠎ᠶᠢᠨ ᠬᠡᠷᠡᠭ ᠡᠷᠭᠢᠯᠡᠭᠦ ᠭᠠᠵᠠᠷ᠎ᠤᠨ ᠭᠦᠢᠴᠡᠳᠬᠡᠬᠦ ᠡᠷᠭᠢᠯᠡᠭᠴᠢ ᠯᠢᠦ ᠵᠦᠩ ᠰᠢᠨ᠎ᠢ ᠤᠷᠢᠵᠤ᠂ ᠬᠠᠤᠯᠢᠴᠢ᠎ᠶᠢᠨ ᠠᠵᠢᠯ᠎ᠤᠨ ᠬᠠᠷᠠᠭᠠᠨ ᠡᠴᠡ ᠬᠠᠤᠯᠢᠴᠢ ᠪᠣᠯᠣᠨ ᠬᠢᠨᠠᠨ ᠲᠣᠭᠲᠠᠭᠠᠭ᠍ᠴᠢᠶᠢᠨ ᠵᠥᠷᠢᠯᠳᠦᠭᠡᠨᠦ ᠰᠢᠯᠲᠠᠭᠠᠨ᠎ᠢ ᠵᠠᠳᠠᠯᠬᠤ᠂ ᠬᠢᠨᠠᠨ ᠲᠣᠭᠲᠠᠭᠠᠬᠤ ᠰᠠᠨᠠᠯ᠎ᠢ ᠲᠤᠯᠭᠠᠨ ᠭᠡᠷᠡᠴᠢᠯᠡᠬᠦ ᠯᠣᠭᠢᠭ᠋᠎ᠢ ᠨᠠᠢᠳᠠᠪᠤᠷᠢᠵᠢᠭᠤᠯᠬᠤ᠂ ᠦᠢᠯᠡᠳᠦᠯᠭᠡ᠎ᠶᠢᠨ ᠳᠤᠮᠳᠠ ᠬᠠᠤᠯᠢ ᠴᠠᠭᠠᠵᠠ᠎ᠶᠢᠨ ᠬᠢᠨᠠᠨ ᠲᠣᠭᠲᠠᠭᠠᠯᠲᠠ᠎ᠶᠢᠨ ᠲᠤᠯᠭᠠᠨ ᠭᠡᠷᠡᠴᠢᠯᠡᠬᠦ᠎ᠶᠢᠨ ᠬᠠᠨᠳᠤᠯᠭᠠᠲᠤ ᠴᠢᠨᠠᠷᠲᠠᠢ ᠠᠰᠠᠭᠤᠳᠠᠯ ᠵᠡᠷᠭᠡ ᠭᠤᠷᠪᠠᠨ ᠭᠣᠣᠯ ᠱᠤᠭᠤᠮ᠎ᠤᠨ ᠲᠣᠭᠣᠷᠢᠨ᠎ᠳᠤ ᠲᠠᠢᠯᠪᠤᠷᠢᠯᠠᠯᠲᠠ ᠬᠢᠯᠭᠡᠪᠡ᠃ ᠬᠢᠴᠢᠶᠡᠯ ᠨᠢ ᠪᠣᠳᠠᠲᠤ ᠬᠡᠷᠡᠭ᠎ᠤᠨ ᠵᠢᠱ᠌ᠢᠶ᠎ᠡ ᠲᠠᠢ ᠤᠶᠠᠯᠳᠤᠭᠤᠯᠤᠨ᠂ ᠴᠢᠰᠤᠨ ᠠᠯᠺᠤᠤᠯ᠂ ᠣᠷᠣ᠌ ᠮᠥᠷ᠂ ᠡᠴᠢᠭᠡ ᠡᠬᠡ ᠦᠷ᠎ᠡ ᠬᠡᠦᠬᠡᠳ᠎ᠤᠨ ᠬᠢᠨᠠᠨ ᠲᠣᠭᠲᠠᠭᠠᠯᠲᠠ᠂ DNA᠂ ᠣᠷᠴᠢᠨ ᠲᠣᠭᠣᠷᠢᠨ᠎ᠤ ᠬᠣᠬᠢᠷᠠᠯ ᠵᠡᠷᠭᠡ ᠰᠢᠯᠭᠠᠨ ᠲᠣᠭᠲᠠᠭᠠᠬᠤ ᠲᠥᠷᠥᠯ ᠬᠡᠯᠪᠡᠷᠢ ᠶ᠋ᠢᠨ ᠦᠷᠭᠦᠯᠵᠢ ᠲᠣᠬᠢᠶᠠᠯᠳᠤᠬᠤ ᠮᠠᠷᠭᠤᠯᠳᠤᠭᠠᠨ ᠲᠠᠢ ᠠᠰᠠᠭᠤᠳᠠᠯ ᠬᠢᠭᠡᠳ ᠮᠠᠭᠠᠳᠯᠠᠨ ᠲᠣᠭᠲᠠᠭᠠᠬᠤ᠎ᠶᠢᠨ ᠬᠦᠴᠢᠷ ᠠᠰᠠᠭᠤᠳᠠᠯ᠎ᠢ ᠭᠦᠨᠵᠡᠭᠡᠢ ᠵᠠᠳᠠᠯᠤᠭᠰᠠᠨ ᠪᠥᠭᠡᠳ ᠭᠡᠷᠡᠴᠢ ᠪᠠᠷᠢᠮᠲᠠ᠎ᠶᠢ ᠬᠢᠨᠠᠨ ᠪᠠᠢᠴᠠᠭᠠᠬᠤ ᠭᠣᠣᠯᠳᠠᠯᠭ᠎ᠠ᠂ ᠰᠢᠭᠦᠬᠦ ᠲᠢᠩᠬᠢᠮ᠎ᠤᠨ ᠠᠰᠠᠭᠤᠯᠲᠠ ᠠᠰᠠᠭᠤᠬᠤ ᠵᠢᠴᠢ ᠰᠣᠯᠪᠢᠴᠠᠨ ᠠᠰᠠᠭᠤᠬᠤ ᠬᠣᠯᠪᠣᠭᠳᠠᠯ ᠪᠦᠬᠦᠢ ᠠᠰᠠᠭᠤᠳᠠᠯ᠎ᠢ ᠰᠢᠰᠲᠧᠮ᠎ᠲᠠᠢ ᠲᠠᠢᠯᠪᠤᠷᠢᠯᠠᠪᠠ᠃
ᠲᠤᠰ ᠤᠳᠠᠭᠠᠨ᠎ᠤ ᠪᠣᠯᠪᠠᠰᠤᠷᠠᠯ ᠨᠢ ᠬᠠᠤᠯᠢᠴᠢ᠎ᠶᠢᠨ ᠲᠤᠯᠭᠠᠨ ᠭᠡᠷᠡᠴᠢᠯᠡᠬᠦ ᠡᠭᠦᠳᠡᠨ᠎ᠡᠴᠡ ᠠᠩᠬ᠎ᠠ ᠤᠳᠠᠭ᠎ᠠ ᠬᠢᠨᠠᠨ ᠲᠣᠭᠲᠠᠭᠠᠭ᠍ᠴᠢᠶᠢ ᠬᠠᠪᠰᠤᠷᠤᠨ ᠰᠢᠭᠦᠬᠦ ᠲᠢᠩᠬᠢᠮ᠎ᠦᠨ ᠬᠢᠨᠠᠨ ᠲᠣᠭᠲᠠᠭᠠᠭᠰᠠᠨ ᠰᠠᠨᠠᠯ᠎ᠢ ᠬᠢᠨᠠᠨ ᠪᠠᠢᠴᠠᠭᠠᠬᠤ ᠯᠣᠭᠢᠭ᠋ ᠪᠠ ᠰᠡᠵᠢᠭᠯᠡᠬᠦ ᠲᠥᠪᠯᠡᠷᠡᠯ᠎ᠦᠨ ᠴᠡᠭ᠎ᠢ ᠣᠢᠯᠠᠭᠠᠭᠤᠯᠵᠤ᠂ ᠬᠢᠨᠠᠨ ᠲᠣᠭᠲᠠᠭᠠᠭ᠍ᠴᠢᠶᠢᠨ ᠵᠠᠭᠠᠯᠳᠤᠬᠤ ᠲᠣᠳᠣᠷᠬᠠᠢᠯᠠᠯᠲᠠ᠂ ᠭᠡᠷᠡᠴᠢ ᠪᠠᠷᠢᠮᠲᠠ᠎ᠶᠢᠨ ᠶᠣᠰᠣ᠌ ᠶᠠᠷᠢᠬᠤ᠂ ᠰᠢᠭᠦᠬᠦ ᠲᠢᠩᠬᠢᠮ᠎ᠦᠨ ᠲᠤᠯᠭᠠᠨ ᠭᠡᠷᠡᠴᠢᠯᠡᠬᠦ ᠵᠡᠷᠭᠡ ᠭᠣᠭᠴᠣᠭ᠎ᠠ᠎ᠳᠠᠬᠢ ᠬᠠᠤᠯᠢ ᠴᠠᠭᠠᠵᠠ᠎ᠶᠢᠨ ᠬᠡᠪ ᠪᠣᠯᠪᠠᠰᠤᠷᠠᠯ ᠪᠠ ᠦᠢᠯᠡᠳᠦᠯᠭᠡ᠎ᠶᠢᠨ ᠴᠢᠳᠠᠪᠤᠷᠢ᠎ᠶᠢ ᠴᠢᠩᠭᠠᠳᠬᠠᠬᠤ ᠵᠢᠴᠢ ᠬᠠᠤᠯᠢ ᠴᠠᠭᠠᠵᠠ᠎ᠶᠢᠨ ᠬᠢᠨᠠᠨ ᠲᠣᠭᠲᠠᠭᠠᠬᠤ ᠬᠠᠮᠢᠶᠠᠷᠤᠯᠲᠠ᠎ᠶᠢᠨ ᠠᠵᠢᠯ᠎ᠢ ᠴᠢᠩᠭᠠᠳᠬᠠᠬᠤ᠎ᠳᠤ ᠢᠳᠡᠪᠬᠢᠲᠡᠢ ᠦᠢᠯᠡᠳᠦᠯ ᠦᠵᠡᠭᠦᠯᠭᠦ ᠪᠣᠯᠣᠨ᠎ᠠ᠃