ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠬᠡᠷ 《ᠮᠡᠳᠡᠯᠭᠡ᠎ᠶ᠋ᠢᠨ ᠦᠮᠴᠢᠯᠡᠯ ᠤ᠋ᠨ ᠡᠷᠬᠡ ᠵᠢᠨ ᠪᠦᠬᠦ ᠬᠡᠯᠬᠢᠶ᠎ᠡ ᠵᠢᠨ ᠬᠠᠮᠠᠭᠠᠯᠠᠯᠳᠠ》 ᠵᠢᠨ ᠰᠤᠨᠢᠨ ᠮᠡᠳᠡᠬᠡ ᠨᠡᠢᠳᠡᠯᠡᠬᠦ ᠬᠤᠷᠠᠯ ᠬᠢᠵᠦ᠂ ᠮᠡᠳᠡᠯᠭᠡ᠎ᠶ᠋ᠢᠨ ᠦᠮᠴᠢᠯᠡᠯ ᠤ᠋ᠨ ᠡᠷᠬᠡ᠎ᠶ᠋ᠢᠨ ᠪᠠᠢᠴᠠᠭᠠᠬᠤ ᠠᠵᠢᠯ᠎ᠤᠨ ᠦᠷ᠎ᠡ ᠪᠦᠲᠦᠮᠵᠢ᠎ᠶ᠋ᠢ ᠲᠠᠨᠢᠯᠴᠠᠭᠤᠯᠤᠭ᠍ᠰᠠᠨ ᠪᠥᠭᠡᠳ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠪᠠ᠃
ᠲᠠᠨᠢᠯᠴᠠᠭᠤᠯᠭ᠎ᠠ ᠵᠢ ᠦᠨᠳᠦᠰᠦᠯᠡᠪᠡᠯ᠂ ᠥᠪᠥᠷ ᠮᠣᠩᠭᠣᠯ᠎ᠳᠤ ᠨᠡᠢᠲᠡ 104 ᠪᠠᠢᠴᠠᠭᠠᠬᠤ ᠬᠣᠷᠢᠶ᠎ᠠ ᠮᠡᠳᠡᠯᠭᠡ᠎ᠶ᠋ᠢᠨ ᠦᠮᠴᠢᠯᠡᠯ ᠤ᠋ᠨ ᠡᠷᠬᠡ ᠵᠢᠨ ᠪᠠᠢᠴᠠᠭᠠᠬᠤ ᠠᠵᠢᠯ ᠤ᠋ᠨ ᠬᠡᠷᠡᠭ ᠰᠢᠢᠳᠪᠦᠷᠢᠯᠡᠬᠦ ᠪᠠᠢᠭᠤᠯᠤᠮᠵᠢ ᠵᠢ ᠪᠠᠢᠭᠤᠯᠵᠠᠢ᠃ ᠣᠢᠷ᠎ᠠ᠎ᠶ᠋ᠢᠨ ᠭᠤᠷᠪᠠᠨ ᠵᠢᠯ᠎ᠳᠦ᠂ ᠥᠪᠥᠷ ᠮᠣᠩᠭᠣᠯ᠎ᠤᠨ ᠪᠠᠢᠴᠠᠭᠠᠬᠤ ᠪᠠᠢᠭᠤᠯᠭ᠎ᠠ ᠡᠯ᠎ᠡ ᠲᠥᠷᠥᠯ᠎ᠦᠨ ᠮᠡᠳᠡᠯᠭᠡ᠎ᠶ᠋ᠢᠨ ᠦᠮᠴᠢᠯᠡᠯ ᠤ᠋ᠨ ᠡᠷᠬᠡ᠎ᠶ᠋ᠢᠨ ᠬᠡᠷᠡᠭ᠎ᠢ 900 ᠭᠠᠷᠤᠶ ᠱᠢᠶ᠋ᠳᠪᠦᠷᠢᠯᠡᠵᠦ᠍᠂ ᠮᠡᠳᠡᠯᠭᠡ᠎ᠶ᠋ᠢᠨ ᠦᠮᠴᠢᠯᠡᠯ ᠤ᠋ᠨ ᠡᠷᠬᠡ᠎ᠶ᠋ᠢ ᠪᠠᠢᠴᠠᠭᠠᠨ ᠬᠠᠮᠠᠭᠠᠯᠠᠭ᠍ᠰᠠᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ 3 ᠪᠦᠯᠦᠭ 19 ᠬᠤᠪᠢ ᠨᠡᠢᠲᠡᠯᠡᠵᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠪᠠᠢᠴᠠᠭᠠᠬᠤ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ ᠮᠡᠳᠡᠯᠭᠡ᠎ᠶ᠋ᠢᠨ ᠦᠮᠴᠢᠯᠡᠯ ᠤ᠋ᠨ ᠡᠷᠬᠡ ᠳ᠋ᠸ᠋ ᠬᠠᠯᠳᠠᠬᠰᠠᠨ ᠲᠦᠪᠡᠭ ᠪᠤᠳᠤᠯᠢᠶᠠᠨᠲᠠᠶ 25 ᠶᠠᠯᠠᠲᠤ ᠬᠡᠷᠡᠭ᠎ᠢ 4 ᠪᠦᠯᠦᠭ ᠬᠤᠪᠢᠶᠠᠨ ᠫᠠᠢᠰᠠ ᠡᠯᠭᠦᠨ ᠱᠠᠯᠠᠪᠳᠠᠭᠤᠯᠤᠨ ᠱᠢᠶ᠋ᠳᠪᠦᠷᠢᠯᠡᠭᠦᠯᠪᠡ᠃ ᠥᠪᠥᠷ ᠮᠣᠩᠭᠣᠯ᠎ᠤᠨ ᠪᠠᠢᠴᠠᠭᠠᠬᠤ ᠪᠠᠢᠭᠤᠯᠭ᠎ᠠ ᠮᠡᠳᠡᠯᠭᠡ᠎ᠶ᠋ᠢᠨ ᠦᠮᠴᠢᠯᠡᠯ ᠤ᠋ᠨ ᠡᠷᠬᠡ᠎ᠶ᠋ᠢᠨ ᠶᠡᠬᠡ ᠬᠠᠮᠠᠭᠠᠯᠠᠯᠲᠠ᠎ᠶ᠋ᠢᠨ ᠪᠠᠢᠷᠢᠱᠢᠯ᠎ᠳᠤ ᠰᠠᠨᠠᠭᠠᠴᠢᠯᠠᠭ᠎ᠠ᠎ᠡᠴᠨ ᠪᠠᠨ ᠠᠭᠤᠰᠤᠯᠴᠠᠵᠤ᠂ ᠮᠡᠳᠡᠯᠭᠡ᠎ᠶ᠋ᠢᠨ ᠦᠮᠴᠢᠯᠡᠯ ᠤ᠋ᠨ ᠡᠷᠬᠡ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠂ ᠳᠣᠲᠣᠭᠠᠳᠤ᠎ᠶ᠋ᠢ ᠬᠠᠮᠠᠭᠠᠯᠠᠬᠤ᠂ ᠱᠢᠭᠦᠬᠦ᠌ ᠬᠣᠷᠢᠶ᠎ᠠ ᠵᠡᠷᠭᠡ ᠪᠠᠢᠭᠤᠯᠭ᠎ᠠ ᠨᠢᠬᠡᠴᠢ ᠯᠦᠭᠡ ᠪᠠᠢᠩᠭᠤᠵᠢᠭ᠍ᠰᠠᠨ ᠬᠠᠷᠢᠯᠴᠠᠭ᠎ᠠ ᠪᠠᠢᠭᠤᠯᠵᠤ᠂ ᠣᠷᠣᠨ ᠪᠦᠰᠡ ᠠᠯᠤᠰᠯᠠᠭ᠍ᠰᠠᠨ ᠮᠡᠳᠡᠯᠭᠡ᠎ᠶ᠋ᠢᠨ ᠦᠮᠴᠢᠯᠡᠯ ᠤ᠋ᠨ ᠡᠷᠬᠡ᠎ᠶ᠋ᠢᠨ ᠪᠠᠢᠴᠠᠭᠠᠬᠤ ᠠᠵᠢᠯ ᠤ᠋ᠨ ᠬᠠᠮᠵᠢᠯᠴᠠᠭᠠᠨ᠎ᠤ ᠲᠣᠭ᠍ᠲᠠᠴᠠ ᠪᠠ ᠮᠡᠷᠭᠡᠵᠢᠯ᠎ᠦᠨ ᠪᠠᠢᠴᠠᠭᠠᠯᠲᠠ᠎ᠶ᠋ᠢᠨ ᠲᠤᠱᠢᠶᠠᠯᠲᠠᠨ ᠵᠡᠷᠭᠡ ᠬᠠᠪᠰᠤᠷᠤᠨ ᠬᠡᠷᠡᠭ ᠱᠢᠶ᠋ᠳᠪᠦᠷᠢᠯᠡᠬᠦ᠌ ᠲᠣᠭ᠍ᠲᠠᠴᠠ᠎ᠶ᠋ᠢ ᠪᠠᠢᠭᠤᠯᠵᠤ᠂ ᠮᠡᠳᠡᠯᠭᠡ᠎ᠶ᠋ᠢᠨ ᠦᠮᠴᠢᠯᠡᠯ ᠤ᠋ᠨ ᠡᠷᠬᠡ᠎ᠶ᠋ᠢ ᠬᠠᠮᠠᠭᠠᠯᠠᠬᠤ ᠬᠠᠮᠳᠤᠷᠠᠯ ᠬᠦᠴᠦᠨ᠎ᠢ ᠪᠦᠷᠢᠯᠳᠦᠭᠦᠯᠪᠡ᠃
ᠣᠢᠯᠠᠭᠠᠭ᠍ᠰᠠᠨ᠎ᠢᠶᠠᠷ᠂ ᠥᠪᠥᠷ ᠮᠣᠩᠭᠣᠯ᠎ᠤᠨ ᠪᠠᠢᠴᠠᠭᠠᠬᠤ ᠪᠠᠢᠭᠤᠯᠭ᠎ᠠ ᠮᠡᠳᠡᠯᠭᠡ᠎ᠶ᠋ᠢᠨ ᠦᠮᠴᠢᠯᠡᠯ ᠤ᠋ᠨ ᠡᠷᠬᠡ᠎ᠶ᠋ᠢᠨ ᠬᠡᠷᠡᠭ᠎ᠦᠨ ᠣᠨᠴᠠᠯᠢᠭ᠎ᠲᠠᠶ ᠤᠶᠠᠯᠳᠤᠭᠤᠯᠤᠨ᠂ ᠮᠡᠳᠡᠯᠭᠡ᠎ᠶ᠋ᠢᠨ ᠦᠮᠴᠢᠯᠡᠯ ᠤ᠋ᠨ ᠡᠷᠬᠡ᠎ᠶ᠋ᠢᠨ ᠡᠷᠡᠭᠦᠦ᠍᠎ᠶ᠋ᠢᠨ ᠬᠡᠷᠡᠭ᠂ ᠢᠷᠭᠡᠨ᠎ᠦ ᠬᠡᠷᠡᠭ᠂ ᠵᠠᠰᠠᠭ ᠵᠠᠬᠢᠷᠭ᠎ᠠ᠂ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠪᠠᠢᠴᠠᠭᠠᠯᠲᠠ᠎ᠶ᠋ᠢᠨ ᠶᠡᠷᠦᠩᠬᠡᠢᠯᠡᠭ᠌ᠰᠡᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠠᠭ᠍ᠪᠤᠷ᠎ᠢ ᠪᠠᠢᠭᠤᠯᠵᠤ᠂ 《ᠨᠢᠭᠡ ᠬᠡᠷᠡᠭ ᠢ ᠳᠥᠷᠪᠡᠨ ᠲᠠᠯ᠎ᠠ᠎ᠪᠠᠷ ᠪᠠᠢᠴᠠᠭᠠᠬᠤ》 ᠬᠡᠷᠡᠭ ᠱᠢᠶ᠋ᠳᠪᠦᠷᠢᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠂ 《ᠥᠪᠥᠷ ᠮᠣᠩᠭᠣᠯ᠎ᠤᠨ ᠨᠠᠷᠠᠲᠤ ᠲᠡᠮᠳᠡᠭ᠌ᠲᠦ᠍᠎ᠶ᠋ᠢ ᠬᠠᠮᠠᠭᠠᠯᠠᠬᠤ 》 ᠲᠤᠰᠭᠠᠶ ᠠᠵᠢᠯᠯᠠᠭ᠎ᠠ᠎ᠶ᠋ᠢ ᠭᠤᠷᠪᠠᠨ ᠵᠢᠯ ᠳᠠᠷᠠᠭᠠᠯᠠᠨ ᠥᠷᠨᠢᠭᠦᠯᠵᠦ᠍᠂ ᠬᠤᠳᠠᠯᠳᠤᠭᠠᠨ᠎ᠤ ᠨᠢᠭᠤᠴᠠ᠎ᠳᠤ ᠬᠠᠯᠳᠠᠭ᠍ᠰᠠᠨ ᠬᠠᠤᠯᠢ᠎ᠡᠴᠨ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠬᠢᠨᠠᠯᠲᠠ ᠲᠠᠯᠪᠢᠬᠤ᠎ᠶ᠋ᠢ ᠴᠢᠩᠭᠠᠳᠬᠠᠵᠠᠢ᠃