ᠬᠠᠪᠤᠷ᠎ᠤᠨ ᠲᠠᠷᠢᠶᠠᠯᠠᠭ᠎ᠠ ᠢ᠋ᠢᠨ ᠬᠤᠭᠤᠴᠠᠭᠠᠨ᠎ᠳᠤ᠂ ᠪᠤᠭᠤᠲᠤ ᠬᠣᠲᠠ᠎ᠶ᠋ᠢᠨ ᠵᠢᠦᠶᠤᠸᠠᠨ ᠲᠣᠭᠣᠷᠢᠭ᠎ᠤᠨ ᠲᠠᠷᠢᠶᠠᠨ ᠭᠠᠵᠠᠷ᠎ᠵᠢᠡᠷ ᠲᠠᠷᠢᠶᠠᠯᠠᠩ᠎ᠤᠨ ᠮᠠᠱᠢᠨ ᠬᠦᠷᠴᠢᠭᠢᠨᠡᠨ᠂ ᠴᠢᠬᠢ ᠪᠣᠢᠵᠢᠭᠤᠯᠬᠤ ᠦᠶ᠋ᠯᠡᠳᠪᠦᠷᠢ᠎ᠳᠦ ᠴᠢᠬᠢ ᠡᠪᠡᠰᠦ ᠬᠥᠬᠡᠷᠡᠨ ᠨᠣᠭᠣᠭᠠᠷᠠᠵᠤ᠂ ᠭᠠᠵᠠᠷ ᠱᠢᠷᠣᠶ᠎ᠶ᠋ᠢᠨ ᠡᠵᠡᠩᠨᠡᠯᠲᠡ᠎ᠵᠢᠨ ᠡᠷᠭᠡ᠎ᠵᠢ ᠬᠦᠢᠯᠭᠡᠭᠡᠭᠰᠡᠨᠤ ᠳᠠᠷᠠᠭᠠᠬᠢ ᠲᠠᠷᠢᠶᠠᠨ ᠭᠠᠵᠠᠷ ᠨᠢ ᠬᠦᠪᠡᠭᠡ ᠬᠢᠵᠠᠭᠠᠷ ᠨᠢ ᠬᠠᠷᠠᠬᠳᠠᠬᠤ ᠦᠬᠡᠢ ᠵᠠᠯᠭᠠᠯᠳᠤᠨ ᠦᠷᠬᠦᠯᠵᠢᠯᠡᠨᠠ᠃ ᠬᠤᠶᠠᠷ ᠬᠤᠳᠳᠤᠭ ᠪᠠᠯᠭᠠᠰᠤᠨ᠎ᠤ ᠤᠯᠠᠯᠵᠢ ᠵᠢᠷᠭᠤᠳᠤᠭᠠᠷ ᠲᠣᠰᠭᠣᠨ᠎ᠳᠤ᠂ ᠸᠠᠩ ᠱᠢᠤᠢ ᠳ᠋ᠦᠩ ᠲᠷᠠᠺᠲ᠋ᠣᠷ ᠵᠢᠯᠤᠭᠤᠳᠴᠦ ᠲᠠᠷᠢᠶᠠᠨ ᠭᠠᠵᠠᠷ ᠳᠤᠮᠳᠠᠭᠤᠷ ᠨᠠᠭᠠᠰᠢ ᠴᠠᠭᠠᠰᠢ ᠰᠦᠯᠵᠢᠯᠳᠦᠨ᠂ ᠨᠢᠭᠡ ᠯᠡ ᠡᠳᠦᠷ᠎ᠤᠨ ᠲᠤᠳᠤᠷ᠎ᠠ ᠵᠠᠭᠤ ᠭᠠᠷᠤᠢ ᠮᠦ᠍ ᠭᠠᠵᠠᠷ ᠱᠢᠷᠣᠢ᠎ᠶ᠋ᠢ ᠲᠡᠭ᠌ᠰᠢᠯᠡᠪᠡ᠃ ᠸᠠᠩ ᠱᠢᠤᠢ ᠳ᠋ᠦᠩ ᠳ᠋ᠤ ᠪᠠᠰᠠ ᠥᠭᠡᠷ᠎ᠡ ᠨᠢᠭᠡᠨ ᠪᠡᠶ᠎ᠡ᠎ᠶ᠋ᠢᠨ ᠭᠠᠷᠤᠯ ᠪᠠᠢᠳᠠᠭ᠂ ᠳᠠᠷᠤᠢ ᠲᠣᠰᠭᠣᠨ᠎ᠤ ᠨᠠᠮ᠎ᠤᠨ ᠡᠭᠦᠷ᠎ᠦᠨ ᠭᠡᠱᠢᠭᠦᠨ᠂ 《ᠨᠢᠭᠡᠲᠦᠯᠲᠡᠢ ᠲᠠᠷᠢᠵᠦ ᠬᠠᠮᠳᠦ ᠪᠡᠷ ᠠᠰᠢᠬ ᠬᠦᠷᠲᠡᠬᠦ ᠲᠠᠷᠢᠶᠠᠯᠠᠩ᠎ᠤᠨ ᠮᠸᠬᠠᠨᠢᠭᠵᠢᠯᠲᠡ ᠪᠡᠷ ᠲᠠᠷᠢᠶᠠᠴᠢᠨ᠎ᠳᠤ ᠦᠢᠯᠡᠴᠢᠯᠡᠬᠦ ᠲᠤᠰᠭᠠᠶ ᠬᠣᠷᠱᠢᠶ᠎ᠠ》 ᠵᠢᠨ ᠪᠦᠷᠢᠯᠳᠦᠬᠦᠨᠪᠤᠯᠤᠨᠠ᠃ ᠬᠡᠳᠦᠨ ᠵᠢᠯ᠎ᠦᠨ ᠡᠮᠦᠨ᠎ᠡ᠂ ᠲᠣᠰᠭᠣᠨ᠎ᠤ ᠨᠠᠮ᠎ᠤᠨ ᠡᠭᠦᠷ᠎ᠡᠴᠡ 《ᠨᠠᠮ᠎ᠤᠨ ᠡᠭᠦᠷ ᠲᠦᠷᠦᠬᠦᠯᠡᠨ ᠠᠵᠢᠯᠯᠠᠵᠦ᠂ ᠲᠣᠰᠭᠣᠨ᠎ᠤ ᠠᠷᠠᠳ ᠬᠤᠪᠢ ᠣᠷᠣᠭᠤᠯᠬᠤ》 ᠬᠡᠯᠪᠡᠷᠢ᠎ᠪᠡᠷ ᠬᠤᠷᠱᠢᠶ᠎ᠠ ᠪᠠᠢᠭᠤᠯᠵᠤ᠂ ᠲᠠᠷᠠᠬᠠᠢ ᠪᠤᠲᠠᠷᠬᠠᠢ ᠭᠠᠵᠠᠷ ᠱᠢᠷᠣᠢ ᠪᠣᠯᠤᠨ ᠲᠠᠷᠢᠶᠠᠯᠠᠩ᠎ᠤᠨ ᠮᠠᠱᠢᠨ᠎ᠢ ᠲᠥᠪᠯᠡᠷᠡᠭᠦᠯᠵᠦ᠍᠂ ᠨᠢᠭᠡᠳᠦᠯᠲᠡᠢ ᠠᠵᠢᠯᠯᠠᠭᠤᠯᠵᠤ᠂ ᠨᠢᠭᠡᠳᠦᠯᠲᠡᠢ ᠬᠠᠮᠢᠶᠠᠷᠬᠤ᠎ᠪᠠᠷ ᠲᠣᠭ᠍ᠲᠠᠵᠠᠢ᠃
《ᠦᠩᠭᠡᠷᠡᠭᠰᠡᠨ᠎ᠳᠤ ᠬᠠᠪᠤᠷ᠎ᠤᠨ ᠲᠠᠷᠢᠶᠠᠯᠠᠭ᠎ᠠ᠎ᠵᠢᠨ ᠬᠤᠭᠤᠴᠠᠭᠠᠨ᠎ᠳᠤ ᠬᠠᠮᠤᠭ᠎ᠠᠴᠠ ᠵᠣᠪᠠᠳᠠᠭ ᠵᠦᠢᠯ ᠬᠡᠪᠡᠯ ᠲᠠᠷᠢᠶᠠᠯᠠᠩ᠎ᠤᠨ ᠮᠠᠱᠢᠨ᠎ᠢ ᠬᠦᠯᠢᠶᠡᠬᠦ ᠶᠠᠪᠤᠳᠠᠯ ᠪᠣᠯᠤᠨ᠎ᠠ᠃ ᠭᠠᠵᠠᠷ ᠰᠢᠷᠤᠢ ᠲᠥᠪᠯᠡᠷᠡᠬᠦ ᠦᠭᠡᠢ ᠡᠴᠡ ᠪᠤᠯᠵᠦ᠂ ᠲᠠᠷᠢᠶᠠᠯᠠᠩ᠎ᠤᠨ ᠮᠠᠱᠢᠨ᠎ᠤ ᠵᠢᠯᠤᠭᠤᠴᠢ ᠵᠡᠭᠦᠨᠰᠢ ᠪᠠᠷᠠᠭᠤᠨᠰᠢ ᠭᠦᠶᠦᠵᠦ᠍᠂ ᠬᠤᠪᠢ᠎ᠵᠢᠨ ᠲᠠᠷᠢᠶᠠᠨ ᠭᠠᠵᠠᠷ᠎ᠲᠠᠭᠠᠨ ᠬᠦᠷᠴᠦ ᠠᠵᠢᠯᠯᠠᠬᠤ ᠦᠶ᠎ᠡ ᠪᠡᠷ ᠲᠩᠷᠢ ᠪᠦᠷ ᠬᠠᠷᠠᠩᠭᠤᠢ ᠪᠣᠯᠴᠢᠬᠠᠳᠠᠭ》 ᠭᠡᠵᠦ᠍ ᠬᠤᠷᠱᠢᠶ᠎ᠠ᠎ᠳᠤ ᠬᠤᠪᠢ ᠣᠷᠣᠭᠤᠯᠤᠭ᠍ᠰᠠᠨ ᠲᠣᠰᠭᠣᠨ᠎ᠤ ᠠᠷᠠᠳ ᠸᠠᠩ ᠱᠢᠤᠸᠠᠢ ᠶᠢᠩ ᠡᠷᠭᠢᠴᠡᠭᠦᠯᠦᠨ ᠬᠡᠯᠡᠨ᠎ᠡ᠃ ᠣᠳᠣᠬᠠᠨ᠎ᠳᠤ᠂ ᠬᠣᠷᠱᠢᠶ᠎ᠠ᠎ᠨᠢ ᠲᠠᠷᠢᠶᠠᠯᠠᠩ᠎ᠤᠨ ᠦᠶ᠋ᠯᠡᠳᠪᠦᠷᠢᠯᠡᠯ᠎ᠦᠨ ᠬᠡᠷᠡᠭ᠌ᠰᠡᠯ᠎ᠢ ᠨᠢᠭᠡᠳᠦᠯᠲᠡᠶ ᠬᠤᠳᠠᠯᠳᠤᠨ ᠠᠪᠬᠤ᠂ ᠨᠢᠭᠡᠳᠦᠯᠲᠡᠶ ᠮᠸᠬᠠᠨᠢᠬᠵᠢᠭᠤᠯᠤᠨ ᠠᠵᠢᠯᠯᠠᠭᠤᠯᠵᠦ᠂ ᠨᠢᠭᠡᠳᠦᠯᠲᠡᠶ ᠲᠠᠷᠢᠶᠠᠨ ᠭᠠᠵᠠᠷ᠎ᠤᠨ ᠬᠠᠮᠢᠶᠠᠷᠤᠯᠲᠠ᠂ ᠨᠢᠭᠡᠳᠦᠯᠲᠡᠶ ᠬᠤᠷᠢᠶᠠᠯᠲᠠ᠂ ᠨᠢᠭᠡᠳᠦᠯᠲᠡᠶ ᠪᠣᠷᠣᠯᠠᠭᠤᠯᠤᠯᠲᠠ ᠬᠢᠵᠦ᠂ ᠲᠠᠷᠢᠶᠠᠯᠠᠩ᠎ᠤᠨ ᠦᠶ᠋ᠯᠡᠳᠪᠦᠷᠢᠯᠡᠯ᠎ᠦᠨ ᠬᠡᠷᠡᠭ᠌ᠰᠡᠯ ᠬᠤᠳᠠᠯᠳᠤᠨ ᠠᠪᠬᠤ ᠥᠪᠡᠷ᠎ᠦᠨ ᠥᠷᠲᠡᠭ᠎ᠢ 5.3 % ᠪᠠᠷ ᠪᠠᠭᠤᠷᠠᠭᠤᠯᠪᠠ᠃
ᠠᠳᠠᠯᠢᠬᠠᠨ ᠬᠠᠢᠨ ᠰᠥᠪᠡᠭ᠌ᠴᠢᠯᠡᠯᠲᠡ ᠨᠢ ᠳᠠᠪᠤᠰᠤ᠎ᠲᠠᠢ ᠲᠣᠰᠭᠣᠨ᠎ᠳᠤ ᠨᠠᠩ ᠡᠷᠲᠡ ᠥᠷᠨᠢᠪᠡ᠃ ᠲᠤᠰ ᠲᠣᠰᠭᠣᠨ᠎ᠤ ᠬᠣᠶᠠᠷ ᠵᠥᠪᠯᠡᠯ ᠤ᠋ᠨ ᠤᠳᠤᠷᠢᠳᠬᠤ ᠪᠠᠭ ᠨᠢ ᠵᠣᠬᠢᠶᠠᠨ ᠪᠠᠢᠭᠤᠯᠤᠯᠲᠠ ᠵᠢ ᠬᠤᠯᠪᠤᠭᠠᠯᠠᠨ ᠪᠠᠢᠭᠤᠯᠬᠤ᠂ ᠡᠬᠢ ᠪᠠᠶᠠᠯᠢᠭ᠎ᠢ ᠬᠤᠯᠪᠤᠭᠠᠯᠠᠨ ᠡᠳ᠋ᠯᠡᠬᠦ᠌᠂ ᠬᠥᠮᠦᠰ᠎ᠢ ᠬᠤᠯᠪᠤᠭᠠᠯᠠᠨ ᠬᠥᠮᠦᠵᠢᠭᠦᠯᠬᠦ᠌᠎ᠶ᠋ᠢ ᠤᠶᠠᠯᠳᠤᠭᠤᠯᠵᠤ᠂ ᠲᠠᠷᠢᠶᠠᠯᠠᠩ᠎ᠤᠨ ᠮᠠᠱᠢᠨ ᠨᠢ 16 ᠪᠠᠢᠭ᠍ᠰᠠᠨ ᠡᠴᠡ᠎ᠪᠠᠨ 42 ᠪᠤᠯᠵᠤ᠂ ᠭᠠᠵᠠᠷ ᠲᠡᠭ᠌ᠰᠢᠯᠡᠬᠦ᠌᠂ ᠲᠠᠷᠢᠬᠤ᠂ ᠤᠷᠭᠤᠮᠠᠯ᠎ᠢ ᠬᠠᠮᠠᠭᠠᠯᠠᠬᠤ᠂ ᠬᠤᠷᠢᠶᠠᠬᠤ ᠵᠡᠷᠭᠡ ᠡᠯ᠎ᠡ ᠭᠣᠭ᠍ᠴᠣᠭ᠎ᠠ᠎ᠶ᠋ᠢ ᠬᠠᠮᠤᠷᠴᠠᠢ᠃ ᠲᠣᠰᠭᠣᠨ᠎ᠤ ᠨᠠᠮ᠎ᠤᠨ ᠡᠭᠦᠷ ᠪᠠᠰᠠ ᠲᠠᠷᠢᠶᠠᠯᠠᠩ ᠮᠠᠯ ᠠᠵᠤ ᠠᠬᠤᠶ᠎ᠶ᠋ᠢᠨ ᠲᠣᠪᠴᠢᠶ᠎ᠠ᠎ᠶ᠋ᠢᠨ ᠮᠡᠷᠭᠡᠵᠢᠯᠲᠡᠨ᠎ᠲᠡᠶ ᠲᠣᠭ᠍ᠲᠠᠮᠠᠯ ᠬᠤᠭᠤᠴᠠᠭ᠎ᠠ᠎ᠲᠠᠶ᠎ᠪᠠᠷ ᠲᠠᠷᠢᠶᠠᠯᠠᠩ᠎ᠤᠨ ᠮᠠᠱᠢᠨ᠎ᠢ ᠪᠠᠢᠴᠠᠭᠠᠨ ᠵᠠᠰᠠᠵᠤ᠂ ᠵᠢᠯᠤᠭᠤᠴᠢ᠎ᠳᠤ ᠪᠤᠯᠪᠠᠰᠤᠷᠠᠯ ᠬᠦᠷᠲᠡᠭᠡᠵᠦ᠂ 9 ᠠᠷᠠᠳ ᠲᠠᠷᠢᠶᠠᠯᠠᠩ᠎ᠤᠨ ᠮᠠᠱᠢᠨ᠎ᠤ ᠵᠢᠯᠣᠭᠣᠴᠢ᠎ᠶ᠋ᠢᠨ ᠦᠨᠡᠮᠯᠡᠯ ᠱᠢᠯᠭᠠᠨ ᠠᠪᠴᠠᠶ᠃ ᠡᠳᠦᠭᠡ᠂ ᠳᠠᠪᠤᠰᠤ᠎ᠲᠠᠢ ᠲᠣᠰᠭᠣᠨ᠎ᠤ ᠲᠠᠷᠢᠶᠠᠯᠠᠩ᠎ᠤᠨ ᠮᠠᠱᠢᠨ᠎ᠤ ᠬᠤᠷᠱᠢᠶ᠎ᠠ ᠵᠢᠯ᠎ᠦᠨ 2.1 ᠲᠦᠮᠡᠨ ᠮᠦ᠍ ᠲᠠᠯᠠᠪᠠᠢ ᠨᠡᠢᠭᠡᠮᠴᠢᠯᠡᠭ᠌ᠰᠡᠨ ᠦᠢᠯᠡᠴᠢᠯᠡᠭᠡ᠎ᠶ᠋ᠢ ᠪᠡᠶᠡᠯᠡᠭᠦᠯᠵᠦ᠍᠂ 26 ᠠᠷᠠᠳ᠎ᠲᠤ ᠠᠵᠢᠯ ᠣᠯᠭᠣᠵᠤ᠂ ᠲᠣᠰᠭᠣᠨ᠎ᠤ ᠬᠠᠮᠲᠤ᠎ᠶ᠋ᠢᠨ ᠣᠷᠣᠯᠭ᠎ᠠ᠎ᠶ᠋ᠢ 220 ᠲᠦᠮᠡᠨ ᠲᠥᠭᠥᠷᠢᠭ ᠨᠡᠮᠡᠭ᠌ᠳᠡᠭᠦᠯᠪᠡ᠃
ᠬᠣᠷᠢᠨᠭᠡᠷ ᠪᠠᠯᠭᠠᠰᠤᠨ᠎ᠤ ᠬᠣᠷᠢᠨᠭᠡᠷ ᠲᠣᠰᠭᠣᠨ᠎ᠤ ᠣᠳᠣᠬᠢᠴᠢᠯᠠᠭ᠍ᠰᠠᠨ ᠲᠠᠷᠢᠶᠠᠯᠠᠩ᠎ᠤᠨ ᠬᠦᠷᠢᠶᠡᠯᠡᠩ ᠲᠣᠭᠣᠷᠢᠭ᠎ᠤᠨ ᠴᠢᠬᠢ ᠪᠣᠢᠵᠢᠭᠤᠯᠬᠤ ᠲᠥᠪ᠎ᠲᠦ᠂ ᠠᠵᠢᠯᠴᠢᠳ ᠲᠥᠪᠡᠳ ᠬᠠᠰᠢ᠎ᠶ᠋ᠢᠨ ᠦᠷ᠎ᠡ ᠪᠠ ᠬᠥᠷᠥᠰᠥ᠎ᠶ᠋ᠢ ᠣᠶᠤᠨᠴᠢ᠎ᠪᠠᠷ ᠴᠢᠬᠢ ᠪᠣᠢᠵᠢᠭᠤᠯᠬᠤ ᠱᠤᠭᠤᠮ᠎ᠳᠤ ᠣᠷᠣᠭᠤᠯᠵᠤ᠂ ᠬᠥᠷᠥᠰᠥ᠍ ᠳᠡᠪᠢᠰᠦᠭ᠌ᠰᠡᠨ ᠴᠢᠬᠢ ᠪᠣᠢᠵᠢᠭᠤᠯᠬᠤ ᠲᠠᠪᠠᠭ᠎ᠢ ᠲᠡᠷᠡ ᠳᠠᠷᠤᠶᠳᠤᠨᠢ ᠳᠤᠯᠠᠭᠠᠨ ᠴᠢᠭᠢᠭ᠌ᠯᠢᠭᠢ ᠨᠢ ᠡᠵᠡᠮᠳᠡᠵᠦ᠍ ᠪᠣᠯᠬᠤ ᠴᠢᠬᠢ ᠪᠣᠢᠵᠢᠭᠤᠯᠬᠤ ᠲᠠᠰᠤᠭ᠎ᠲᠤ ᠣᠷᠣᠭᠤᠯᠪᠠ᠃ 《ᠴᠢᠬᠢ ᠵᠢᠨ ᠤᠷᠭᠤᠯᠲᠠ ᠨᠢ ᠢᠳᠡᠷᠡᠭᠦᠨ ᠡᠰᠡᠬᠦ᠌᠂ ᠰᠠᠢ᠌ᠨ ᠡᠰᠡᠬᠦ᠌ ᠨᠢ ᠨᠢᠭᠡ ᠵᠢᠯ᠎ᠦᠨ ᠤᠨᠠᠯᠲᠠ᠎ᠶ᠋ᠢ ᠱᠢᠭᠤᠳ ᠨᠥᠯᠥᠭᠡᠯᠡᠨ᠎ᠡ》 ᠭᠡᠵᠦ᠍ ᠬᠣᠷᠢᠨᠭᠡᠷ ᠲᠣᠰᠭᠣᠨ᠎ᠤ ᠨᠠᠮ᠎ᠤᠨ ᠶᠡᠷᠦᠩᠬᠡᠢ ᠡᠭᠦᠷ᠎ᠦᠨ ᠭᠡᠱᠢᠭᠦᠨ ᠱᠢᠤᠢ ᠶᠠ ᠵᠢᠶ᠍ᠸ ᠪᠤᠢᠵᠢᠭᠤᠯᠤᠬᠰᠠᠨ ᠴᠢᠬᠢ᠎ᠶ᠋ᠢᠨ ᠡᠮᠦᠨ᠎ᠡ ᠵᠣᠭ᠍ᠰᠣᠭᠠᠳ ᠬᠡᠯᠡᠨ᠎ᠠ᠃
ᠥᠩᠭᠡᠷᠡᠭ᠌ᠰᠡᠨ᠎ᠳᠦ᠂ ᠡᠨᠳᠡᠬᠢ ᠲᠠᠷᠢᠶᠠᠴᠢᠨ ᠡᠷᠦᠬᠡ ᠣᠯᠠᠩᠬᠢ᠎ᠳᠠᠭᠠᠨ ᠲᠩᠷᠢ᠎ᠶ᠋ᠢᠨ ᠴᠢᠷᠠᠢ᠎ᠵᠢ ᠬᠠᠷᠠᠵᠦ ᠴᠢᠬᠢ ᠪᠣᠢᠵᠢᠭᠤᠯᠳᠠᠭ ᠡᠴᠡ ᠳᠤᠯᠠᠭᠠᠨ᠎ᠤ ᠬᠡᠮᠵᠢᠶ᠎ᠡ᠎ᠶ᠋ᠢ ᠡᠵᠡᠮᠳᠡᠬᠦ᠌᠎ᠶ᠋ᠢᠨ ᠠᠷᠭ᠎ᠠ ᠦᠭᠡᠢ᠃ 2021 ᠣᠨ᠎ᠳᠤ᠂ ᠲᠣᠰᠭᠣᠨ᠎ᠤ ᠨᠠᠮ᠎ᠤᠨ ᠶᠡᠷᠦᠩᠬᠡᠢ ᠡᠭᠦᠷ 50 ᠭᠠᠷᠤᠢ ᠮᠦ᠍ ᠭᠠᠵᠠᠷ ᠱᠢᠷᠣᠢ᠎ᠶ᠋ᠢᠨ ᠡᠵᠡᠩᠨᠡᠯᠲᠡ᠎ᠵᠢᠨ ᠡᠷᠭᠡ᠎ᠶᠢ ᠬᠦᠢᠯᠭᠡᠭᠡᠵᠦ᠂ 20 ᠳᠤᠯᠠᠭᠠᠨ ᠬᠦᠯᠡᠮᠵᠢ ᠪᠠᠢᠭᠤᠯᠵᠤ᠂ ᠳᠡᠭᠡᠳᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠳᠤᠯᠠᠭᠠᠨ ᠬᠦᠯᠡᠮᠵᠢ᠎ᠶ᠋ᠢᠨ ᠬᠦᠷᠢᠶᠡᠯᠡᠩ ᠲᠣᠭᠣᠷᠢᠭ᠎ᠢ ᠪᠠᠢᠭᠤᠯᠪᠠ᠃ 2023 ᠣᠨ᠎ᠳᠤ᠂ ᠪᠠᠰᠠ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠭᠠᠴᠠᠭ᠎ᠠ ᠲᠣᠰᠭᠣᠨ᠎ᠤ ᠱᠠᠲᠤᠨ᠎ᠤ ᠬᠠᠮᠲᠤ᠎ᠶ᠋ᠢᠨ ᠠᠵᠤ ᠠᠬᠤᠶ᠎ᠶ᠋ᠢᠨ ᠲᠥᠷᠥᠯ ᠵᠦᠶ᠋ᠯ᠎ᠢ ᠲᠡᠳᠬᠦᠨ ᠪᠤᠵᠠᠭᠠᠢᠷᠠᠭᠤᠯᠬᠤ ᠪᠠᠯᠠ ᠮᠥᠩᠭᠥ᠌ ᠪᠠ ᠪᠤᠭᠤᠲᠤ ᠬᠣᠲᠠ᠎ᠶ᠋ᠢᠨ ᠲᠦᠬᠦᠭᠡᠷᠦᠮᠵᠢᠲᠦ ᠲᠠᠷᠢᠶᠠᠯᠠᠩ᠎ᠢ ᠲᠠᠰ ᠳᠡᠪᠱᠢᠭᠦᠯᠦᠨ ᠥᠭᠡᠷᠡᠴᠢᠯᠡᠬᠦ᠌ ᠲᠥᠷᠥᠯ ᠵᠦᠶ᠋ᠯ᠎ᠦᠨ ᠪᠠᠯᠠ ᠮᠥᠩᠭᠥ᠎ᠶ᠋ᠢ ᠣᠯᠵᠤ᠂ ᠬᠦᠷᠢᠶᠡᠯᠡᠩ ᠲᠣᠭᠣᠷᠢᠭ᠎ᠢ ᠲᠠᠰ ᠳᠡᠪᠱᠢᠭᠦᠯᠵᠦ᠍᠂ 79 ᠳᠤᠯᠠᠭᠠᠨ ᠬᠦᠯᠡᠮᠵᠢ᠂ 1000 ᠲᠡᠭᠰᠢ ᠲᠦᠷᠪᠡᠯᠵᠢᠨ ᠮᠸᠲᠷ ᠲᠠᠯᠠᠪᠠᠢ ᠪᠦᠬᠦᠢ ᠣᠳᠣᠬᠢᠴᠢᠯᠠᠭ᠍ᠰᠠᠨ ᠴᠢᠬᠢ ᠪᠣᠢᠵᠢᠭᠤᠯᠬᠤ ᠦᠶ᠋ᠯᠡᠳᠪᠦᠷᠢ᠎ᠶ᠋ᠢ ᠪᠠᠢᠭᠤᠯᠵᠤ᠂ ᠠᠦ᠋ᠲ᠋ᠦᠴᠢᠯᠠᠯᠲᠠ᠂ ᠳᠤᠯᠠᠭᠠᠨ ᠴᠢᠭᠢᠭ᠌ᠯᠢᠭ᠎ᠦᠨ ᠬᠡᠮᠵᠢᠶ᠎ᠡ᠎ᠶ᠋ᠢᠨ ᠣᠶᠤᠨᠴᠢ ᠡᠵᠡᠮᠱᠢᠯ ᠲᠣᠬᠢᠷᠠᠭᠤᠯᠭ᠎ᠠ᠂ ᠴᠢᠬᠢ ᠪᠣᠢᠵᠢᠭᠤᠯᠬᠤ ᠣᠷᠴᠢᠨ ᠲᠣᠭᠣᠷᠢᠨ᠎ᠤ ᠪᠥᠬᠥ᠌ ᠶᠠᠪᠤᠴᠠ᠎ᠶ᠋ᠢᠨ ᠡᠵᠡᠮᠳᠡᠯ᠎ᠢ ᠪᠡᠶᠡᠯᠡᠭᠦᠯᠪᠡ᠃ ᠣᠳᠣᠬᠠᠨ᠎ᠳᠤ᠂ ᠳᠡᠭᠡᠳᠦ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠠᠷᠢᠶᠠᠯᠠᠩ᠎ᠤᠨ ᠬᠦᠷᠢᠶᠡᠯᠡᠩ ᠲᠣᠭᠣᠷᠢᠭ ᠵᠢᠴᠢ ᠴᠢᠬᠢ ᠪᠣᠢᠵᠢᠭᠤᠯᠬᠤ ᠲᠥᠪ᠎ᠲᠦ ᠲᠦᠱᠢᠭ᠌ᠯᠡᠨ᠂ ᠬᠣᠷᠢᠨᠭᠡᠷ ᠲᠣᠰᠭᠣᠨ᠎ᠤ ᠨᠠᠮ᠎ᠤᠨ ᠶᠡᠷᠦᠩᠬᠡᠶ ᠡᠭᠦᠷ ᠶᠠᠭ 《ᠨᠡᠷᠡᠲᠦ᠂ ᠱᠢᠯᠢᠳᠡᠭ᠂ ᠣᠨᠴᠠ》 ᠢᠳᠡᠱᠢᠨ ᠨᠣᠭᠣᠭ᠎ᠠ ᠳᠠᠷᠢᠬᠤ ᠬᠡᠪᠴᠢᠶ᠎ᠡ᠎ᠪᠡᠨ ᠴᠢᠨᠠᠬᠰᠢᠲᠠ ᠥᠷᠭᠡᠳᠭᠡᠵᠦ᠍᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠵᠢᠡᠷ ᠴᠢᠬᠢ ᠪᠣᠢᠵᠢᠭᠤᠯᠬᠤ ᠠᠱᠢᠭ ᠲᠤᠰᠠ᠎ᠶ᠋ᠢ ᠨᠠᠩ ᠣᠯᠠᠨ ᠲᠠᠷᠢᠶᠠᠴᠢᠨ ᠡᠷᠦᠬᠡ᠎ᠳᠦ ᠬᠦᠷᠲᠡᠭᠡᠪᠡ᠃
ᠭᠠᠵᠠᠷ ᠱᠢᠷᠣᠶ᠎ᠶ᠋ᠢᠨ ᠬᠡᠰᠡᠭᠵᠢᠯᠲᠡ᠂ ᠲᠦᠷᠢᠶᠡᠰᠦᠯᠡᠬᠦ᠌ ᠦᠨ᠎ᠡ ᠬᠠᠩᠰᠢ ᠵᠢᠨ ᠲᠣᠭ᠍ᠲᠠᠭᠤᠨ ᠪᠤᠰᠤ ᠪᠠᠢᠬᠤ ᠪᠣᠳᠠᠲᠠᠶ ᠬᠦᠴᠢᠷᠳᠡᠯ᠎ᠦᠨ ᠡᠮᠦᠨ᠎ᠡ᠂ ᠰᠠᠷᠠᠭᠤᠯ ᠵᠡᠭᠡᠯᠢ ᠭᠤᠳᠤᠮᠵᠢ᠎ᠶ᠋ᠢᠨ ᠭᠤᠷᠪᠠᠳᠤᠭᠠᠷ ᠨᠡᠢᠭᠡᠮ ᠲᠣᠭᠣᠷᠢᠭ ᠨᠢ ᠨᠠᠮ᠎ᠤᠨ ᠡᠭᠦᠷ᠎ᠦᠨ ᠳᠠᠭᠠᠭᠤᠯᠭ᠎ᠠ ᠳᠤᠤᠷ᠎ᠠ᠂ ᠪᠤᠭᠤᠲᠤ ᠬᠣᠲᠠ᠎ᠶ᠋ᠢᠨ ᠱᠢᠩ ᠼᠠᠨ ᠷᠦᠩ ᠱᠢᠨ ᠦᠶ᠋ᠯᠡᠴᠢᠯᠡᠭᠡ ᠬᠠᠮᠢᠶᠠᠷᠤᠯᠲᠠ᠎ᠶ᠋ᠢᠨ ᠬᠢᠵᠠᠭᠠᠷᠲᠤ ᠺᠣᠮᠫᠠᠨᠢ᠎ᠶ᠋ᠢ ᠳᠠᠩᠰᠠᠯᠠᠭᠤᠯᠤᠨ ᠪᠠᠢᠭᠤᠯᠵᠤ᠂ 《ᠨᠠᠮ᠎ᠤᠨ ᠡᠭᠦᠷ ᠬᠥᠲᠥᠯᠥᠨ ᠳᠠᠭᠠᠭᠤᠯᠬᠤ + ᠰᠠᠭᠤᠭᠠᠯᠢ ᠠᠷᠠᠳ ᠨᠠᠢᠳᠠᠨ ᠬᠠᠮᠢᠶᠠᠷᠤᠭᠤᠯᠬᠤ + ᠺᠣᠮᠫᠠᠨᠢ ᠡᠵᠡᠩᠨᠡᠬᠦ + ᠨᠢᠭᠡᠳᠦᠯᠲᠡᠶ ᠵᠣᠯᠭᠠᠯᠴᠠᠭᠤᠯᠬᠤ》 ᠭᠠᠵᠠᠷ ᠱᠢᠷᠣᠶ᠎ᠶ᠋ᠢᠨ ᠡᠵᠡᠩᠨᠡᠯᠲᠡ᠎ᠶᠢᠨ ᠡᠷᠭᠡ᠎ᠶᠢ ᠬᠦᠢᠯᠭᠡᠭᠡᠬᠦ ᠱᠢᠨ᠎ᠡ ᠵᠠᠭ᠍ᠪᠤᠷ᠎ᠢ ᠪᠠᠢᠭᠤᠯᠪᠠ᠃ ᠰᠠᠭᠤᠭᠠᠯᠢ ᠠᠷᠠᠳ ᠭᠠᠵᠠᠷ ᠱᠢᠷᠣᠶ᠎ᠶ᠋ᠢ ᠺᠣᠮᠫᠠᠨᠢ᠎ᠳᠤ ᠨᠢᠭᠡᠳᠦᠯᠲᠡᠶ ᠨᠠᠢᠳᠠᠨ ᠬᠠᠮᠢᠶᠠᠷᠤᠭᠤᠯᠵᠤ᠂ ᠳᠠᠬᠢᠨ ᠺᠣᠮᠫᠠᠨᠢ ᠨᠢ ᠲᠦᠷᠢᠶᠡᠰᠦᠯᠡᠭ᠌ᠴᠢ ᠬᠤᠳᠠᠯᠳᠤᠭᠠᠴᠢᠨ᠎ᠢ ᠲᠥᠪᠯᠡᠷᠡᠭᠦᠯᠦᠨ ᠵᠤᠯᠭᠠᠯᠴᠠᠭᠤᠯᠵᠦ᠂ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢᠨ ᠦᠨ᠎ᠡ᠎ᠵᠢ ᠮᠥ᠍ ᠪᠦᠷᠢᠳᠦ 820 ᠲᠥᠭᠥᠷᠢᠭ ᠡᠴᠡ 920 ᠲᠥᠭᠥᠷᠢᠭ ᠬᠦᠷᠲᠡᠯ᠎ᠡ ᠳᠡᠭᠡᠭ᠌ᠰᠢᠯᠡᠭᠦᠯᠪᠡ᠃
ᠣᠳᠣᠬᠠᠨ᠎ᠳᠤ᠂ ᠵᠢᠦᠶᠤᠸᠠᠨ ᠲᠣᠭᠣᠷᠢᠭ᠎ᠤᠨ ᠬᠠᠪᠤᠷ᠎ᠤᠨ ᠲᠠᠷᠢᠶᠠᠯᠠᠭ᠎ᠠ ᠮᠥᠨ ᠯᠡ ᠦᠷᠭᠦᠯᠵᠢᠯᠡᠵᠦ᠍᠂ ᠲᠡᠳᠡᠭᠡᠷ ᠰᠦᠯᠵᠢᠯᠳᠦᠵᠦ᠍ ᠪᠠᠢᠭ᠎ᠠ ᠲᠠᠷᠢᠶᠠᠯᠠᠩ᠎ᠤᠨ ᠮᠠᠱᠢᠨ᠂ ᠨᠣᠮᠢᠨ ᠨᠣᠭᠣᠭᠠᠨ ᠴᠢᠬᠢ ᠮᠣᠳᠣ᠂ ᠦᠷᠬᠦᠯᠵᠢᠯᠡᠨ ᠵᠠᠯᠭᠠᠯᠳᠤᠬᠰᠠᠨ ᠲᠠᠷᠢᠶᠠᠨ ᠭᠠᠵᠠᠷ ᠨᠢ ᠶᠠᠭ ᠨᠠᠮ᠎ᠤᠨ ᠪᠠᠢᠭᠤᠯᠤᠯᠲᠠ᠎ᠪᠠᠷ ᠤᠳᠤᠷᠢᠳᠤᠮᠵᠢ ᠪᠣᠯᠭᠠᠭ᠍ᠰᠠᠨ᠂ ᠠᠵᠤ ᠦᠢᠯᠡᠰ᠎ᠢᠶᠡᠷ ᠲᠤᠯᠭᠠᠭᠤᠷᠢᠯᠠᠯ ᠪᠣᠯᠭᠠᠭ᠍ᠰᠠᠨ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠪᠣᠳᠠᠲᠤ ᠵᠢᠷᠤᠭ᠎ᠢ ᠵᠢᠷᠤᠭ᠍ᠯᠠᠬᠰᠠᠭᠠᠷ ᠁