ᠠᠵᠤ ᠦᠢᠯᠡᠰ᠎ᠦᠨ 《ᠪᠣᠬᠢᠷᠳᠣᠯ ᠦᠬᠡᠢ ᠬᠡᠮᠵᠢᠶ᠎ᠡ》 ᠵᠢ ᠳᠡᠭᠡᠭᠰᠢᠯᠡᠭᠦᠯᠵᠦ ᠬᠥᠭᠵᠢᠯᠲᠡ᠎ᠶᠢᠨ ᠰᠢᠨ᠎ᠡ ᠳᠠᠪᠠᠭᠤᠯᠢᠭ᠋᠎ᠢ ᠪᠣᠶ ᠪᠣᠯᠭᠠᠶ᠎ᠠ
2026-06-01 10:16:41
ᠵᠣᠬᠢᠶᠠᠭ᠍ᠴᠢ᠄
ᠴᠧᠨ ᠵᠢᠩ ᠸᠸᠨ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ  ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠨᠡᠩ ᠥᠨᠳᠥᠷ ᠲᠦᠪᠰᠢᠨ ᠨᠡᠩ ᠴᠢᠨᠠᠷ ᠰᠠᠢᠲᠠᠢ᠎ᠪᠠᠷ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢ ᠪᠠᠭᠠᠰᠬᠠᠬᠤ ᠠᠵᠢᠯ᠎ᠢ ᠰᠠᠢᠲᠤᠷ ᠬᠢᠬᠦ ᠲᠤᠬᠠᠢ ᠰᠠᠨᠠᠯ》᠎ᠢ ᠳᠠᠷᠤᠮᠠᠯᠯᠠᠨ ᠲᠠᠷᠬᠠᠭᠠᠵᠤ᠂ 《ᠲᠡᠷᠢᠭᠦᠨ᠎ᠦ ᠦᠢᠯᠡᠳᠬᠦ ᠦᠢᠯᠡᠰ᠂ ᠳᠡᠭᠡᠳᠦ ᠰᠢᠨ᠎ᠡ ᠮᠡᠷᠭᠡᠵᠢᠯ᠎ᠦᠨ ᠠᠵᠤ ᠦᠢᠯᠡᠰ ᠪᠣᠯᠣᠨ ᠤᠳᠤ ᠦᠶ᠎ᠡ᠎ᠶᠢᠨ ᠦᠢᠯᠡᠴᠢᠯᠡᠭᠡᠨ᠎ᠦ ᠦᠢᠯᠡᠰ᠎ᠢ ᠲᠦᠷᠭᠡᠳᠬᠡᠨ ᠬᠥᠭᠵᠢᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠠᠵᠤ ᠦᠢᠯᠡᠰ᠎ᠢ ᠶᠡᠬᠡᠪᠡᠷ ᠬᠥᠭᠵᠢᠭᠦᠯᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢ ᠪᠠᠭᠠᠰᠬᠠᠬᠤ᠎ᠳᠤ ᠠᠰᠢᠭ᠍ᠲᠠᠢ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ᠎ᠶᠢᠨ ᠬᠡᠯᠪᠡᠷᠢ᠎ᠶᠢ ᠢᠳᠡᠪᠬᠢᠲᠡᠢ ᠪᠣᠢᠵᠢᠭᠤᠯᠬᠤ ᠬᠡᠷᠡᠭᠲᠡᠢ》 ᠬᠡᠵᠦ ᠲᠣᠳᠣᠷᠬᠠᠢ ᠲᠣᠷᠠᠳᠪᠠ᠃ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ ᠂ ᠪᠣᠬᠢᠷᠲᠤᠯ ᠦᠭᠡᠢ ᠡᠨᠧᠷᠭᠢ᠎ᠪᠡᠷ ᠪᠣᠬᠢᠷᠲᠤᠯ ᠦᠭᠡᠢ ᠠᠵᠤ ᠦᠢᠯᠡᠰ᠎ᠢ ᠬᠦᠭᠵᠢᠬᠦᠯᠬᠦ ᠵᠢ ᠠᠬᠢᠭᠣᠯᠣᠨ᠎ᠠ᠃ 《ᠠᠷᠪᠠᠨ ᠲᠠᠪᠤᠳᠤᠭᠠᠷ ᠲᠠᠪᠤᠨ ᠵᠢᠯ》 ᠎ᠤᠨ ᠲᠥᠯᠦᠪᠵᠢᠭᠦᠯᠭᠡ᠎ᠶᠢᠨ ᠬᠥᠲᠥᠯᠪᠦᠷᠢ ᠨᠢ 《ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠦᠬᠦ ᠲᠠᠯ᠎ᠠ᠎ᠪᠠᠷ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠵᠦ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ》 ᠶ᠋ᠢ ᠲᠣᠰᠬᠠᠢ ᠬᠠᠭᠤᠳᠠᠰᠤ ᠪᠤᠯᠭᠠᠵᠦ ᠪᠢᠴᠢᠵᠦ᠂ ᠪᠣᠬᠢᠷᠲᠤᠯ ᠦᠭᠡᠢ ᠬᠥᠭᠵᠢᠯᠲᠡ᠎ᠳᠦ ᠬᠦᠴᠦᠲᠡᠢ ᠳᠦᠷᠢᠮ᠎ᠦᠨ ᠪᠠᠲᠤᠯᠠᠭ᠎ᠠ ᠬᠠᠩᠭᠠᠪᠠ᠃ ᠣᠳᠣᠬᠠᠨ᠎ᠳᠤ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠥᠬᠥ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ ᠠᠵᠢᠯ ᠨᠢᠭᠡᠨᠲᠡ ᠲᠦᠭᠰᠢᠭᠦᠷᠢ᠎ᠶᠢ ᠳᠤᠭᠤᠯᠬᠤ ᠱᠠᠲᠤᠨ᠎ᠳᠤ ᠣᠷᠣᠵᠤ᠂ ᠲᠣᠯᠭᠠᠷᠠᠵᠦ ᠪᠦᠬᠦᠢ ᠠᠰᠠᠭᠣᠳᠠᠯ ᠨᠢ 《ᠬᠤᠪᠢᠷᠠᠭᠤᠯᠬᠤ ᠡᠰᠡᠬᠦ》 ᠠᠰᠠᠭᠤᠳᠠᠯ᠎ᠪᠢᠰᠢ᠂ ᠬᠠᠷᠢᠨ 《ᠬᠡᠷᠬᠢᠨ ᠬᠤᠪᠢᠷᠠᠭᠤᠯᠬᠣ᠂ ᠲᠣᠭᠲᠠᠭᠤᠨ ᠬᠤᠪᠢᠷᠠᠭᠤᠯᠬᠤ᠂ ᠰᠠᠢᠨ ᠬᠤᠪᠢᠷᠠᠭᠤᠯᠬᠤ》 ᠠᠰᠠᠭᠣᠳᠠᠯ ᠪᠣᠯᠣᠨ᠎ᠠ᠃ ᠡᠨᠡ ᠨᠢ ᠪᠢᠳᠡᠨ᠎ᠢ ᠪᠣᠬᠢᠷᠲᠤᠯ ᠦᠭᠡᠢ ᠬᠥᠭᠵᠢᠯᠲᠡ᠎ᠶᠢᠨ ᠴᠢᠭᠯᠡᠯ᠎ᠢ ᠪᠠᠲᠤ ᠲᠣᠭᠲᠠᠭᠠᠵᠤ᠂ ᠪᠣᠬᠢᠷᠲᠤᠯ ᠦᠭᠡᠢ ᠬᠥᠭᠵᠢᠯᠲᠡ᠎ᠶᠢᠨ ᠬᠥᠳᠡᠯᠭᠡᠬᠦ ᠡᠨᠧᠷᠭᠢ᠎ᠶᠢ ᠵᠤᠵᠠᠭᠠᠳᠬᠠᠵᠤ᠂ ᠠᠵᠤ ᠦᠢᠯᠡᠰ᠎ᠦᠨ 《ᠪᠤᠬᠢᠷᠳᠦᠯ ᠦᠬᠡᠢ ᠬᠡᠮᠵᠢᠶ᠎ᠡ》 ᠶ᠋ᠢ ᠦᠷᠭᠦᠯᠵᠢᠯᠡᠨ ᠳᠡᠭᠡᠭᠰᠢᠯᠡᠭᠦᠯᠵᠦ᠂ ᠬᠥᠮᠥᠨ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ᠎ᠶᠢ ᠪᠡᠶᠡᠯᠡᠭᠦᠯᠬᠦ᠎ᠳᠦ ᠪᠤᠬᠢᠷᠳᠦᠯ ᠦᠬᠡᠢ ᠰᠠᠭᠤᠷᠢ᠎ᠶᠢ ᠪᠠᠲᠤ ᠴᠣᠭᠴᠠᠯᠠᠬᠤ᠎ᠶᠢ ᠱᠠᠭᠠᠷᠳᠠᠵᠤ ᠪᠠᠢᠨ᠎ᠠ᠃

ᠠᠵᠤ ᠦᠢᠯᠡᠰ᠎ᠦᠨ 《ᠪᠤᠬᠢᠷᠳᠦᠯ ᠦᠬᠡᠢ ᠬᠡᠮᠵᠢᠶ᠎ᠡ》 ᠶ᠋ᠢ ᠳᠡᠭᠡᠭᠰᠢᠯᠡᠭᠦᠯᠬᠦ᠎ᠶᠢᠨ ᠭᠣᠣᠯᠳᠠᠯᠭ᠎ᠠ ᠨᠢ ᠪᠣᠬᠢᠷᠲᠤᠯ ᠦᠭᠡᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠳᠦ ᠪᠤᠢ᠃ ᠠᠵᠤ ᠦᠢᠯᠡᠰ᠎ᠦᠨ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢᠨ ᠮᠥᠨ ᠴᠢᠨᠠᠷ ᠪᠣᠯ ᠪᠣᠬᠢᠷᠲᠤᠯ ᠦᠭᠡᠢ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠳᠠᠮᠵᠢᠨ  ᠣᠲᠣ᠌ ᠦᠶ᠎ᠡ᠎ᠶᠢᠨ ᠠᠵᠤ ᠦᠢᠯᠡᠰ᠎ᠦᠨ ᠪᠣᠬᠢᠷᠲᠤᠯ ᠦᠭᠡᠢ ᠪᠠᠢᠬᠤ᠎ᠶᠢ ᠦᠨᠳᠦᠰᠦᠨ᠎ᠡᠴᠡ ᠨᠢ ᠠᠬᠢᠭᠤᠯᠵᠤ᠂ ᠪᠣᠬᠢᠷᠲᠤᠯ ᠦᠭᠡᠢ ᠦᠢᠯᠡᠳᠪᠦᠷᠢᠯᠡᠯ᠎ᠦᠨ ᠠᠷᠭ᠎ᠠ ᠬᠡᠯᠪᠡᠷᠢ᠎ᠶᠢ ᠪᠦᠲᠦᠮᠵᠢᠲᠡᠶ ᠪᠦᠷᠢᠯᠳᠦᠭᠦᠯᠬᠦ ᠶᠠᠪᠤᠳᠠᠯ ᠪᠣᠯᠣᠨ᠎ᠠ᠃ ᠤᠯᠠᠮᠵᠢᠯᠠᠯᠲᠤ ᠠᠵᠤ ᠦᠢᠯᠡᠰ᠎ᠦᠨ ᠪᠣᠬᠢᠷᠲᠤᠯ ᠦᠭᠡᠢ ᠥᠭᠡᠷᠡᠴᠢᠯᠡᠯᠲᠡ᠂ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠂ ᠢᠷᠡᠭᠡᠳᠦᠢ᠎ᠶᠢᠨ ᠠᠵᠤ ᠦᠢᠯᠡᠰ᠎ᠦᠨ ᠬᠦᠭᠵᠢᠯᠳᠡ ᠴᠥᠮ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠳᠦ ᠲᠦᠰᠢᠭᠯᠡᠵᠦ᠂ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠳᠦ ᠰᠢᠪᠲᠤᠯᠤᠯᠲᠠ ᠭᠠᠷᠭᠠᠵᠤ᠂ ᠪᠣᠬᠢᠷᠲᠤᠯ ᠦᠭᠡᠢ ᠮᠡᠷᠭᠡᠵᠢᠯ᠎ᠢ ᠴᠡᠭ᠎ᠡᠴᠡ ᠪᠦᠬᠦ ᠲᠠᠯ᠎ᠠ᠎ᠳᠤ ᠰᠢᠯᠵᠢᠭᠦᠯᠬᠦ᠎ᠶᠢ ᠠᠬᠢᠭᠤᠯᠵᠤ᠂ ᠡᠭᠦᠨ᠎ᠦ ᠤᠯᠠᠮ᠎ᠢᠶᠠᠷ ᠠᠵᠤ ᠦᠢᠯᠡᠰ᠎ᠦᠨ ᠢᠳᠡᠪᠬᠢ ᠪᠤᠰᠤ ᠭᠠᠳᠠᠭᠰᠢᠯᠠᠭᠤᠯᠤᠯᠲᠠ᠎ᠶᠢ ᠪᠠᠭᠠᠰᠬᠠᠬᠤ᠎ᠠᠴᠠ ᠰᠠᠨᠠᠭᠠᠴᠢᠯᠠᠭ᠎ᠠ᠎ᠠᠴᠠ᠎ᠪᠠᠨ ᠪᠣᠬᠢᠷᠲᠤᠯ ᠦᠭᠡᠢ ᠲᠡᠢᠰᠢ ᠬᠥᠭᠵᠢᠬᠦ᠎ᠶᠢ ᠪᠡᠶᠡᠯᠡᠭᠦᠯᠬᠦ ᠴᠢᠬᠤᠯᠠᠲᠠᠢ ᠶᠤᠮ᠃ ᠪᠣᠬᠢᠷᠲᠤᠯ ᠦᠭᠡᠢ ᠮᠡᠷᠭᠡᠵᠢᠯ᠎ᠦᠨ ᠰᠢᠨ᠎ᠡ ᠡᠭᠦᠳᠦᠯᠲᠡ ᠨᠢ ᠠᠵᠤ ᠦᠢᠯᠡᠰ᠎ᠦᠨ ᠡᠨᠧᠷᠭᠢ᠎ᠶᠢᠨ ᠬᠣᠷᠣᠭᠳᠠᠯ᠎ᠢ ᠪᠦᠲᠦᠮᠵᠢᠲᠡᠢ ᠪᠠᠭᠤᠷᠠᠭᠤᠯᠵᠤ᠂ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ᠎ᠶᠢ ᠪᠠᠭᠠᠰᠬᠠᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠴᠢᠳᠠᠪᠤᠷᠢ ᠪᠣᠯᠣᠨ ᠠᠮᠢ ᠠᠬᠤᠢ᠎ᠶᠢᠨ ᠲᠡᠩᠴᠡᠭᠦᠷᠢ᠎ᠶᠢ ᠪᠠᠲᠤᠯᠠᠬᠤ ᠴᠢᠳᠠᠪᠤᠷᠢ᠎ᠶᠢ ᠳᠡᠭᠡᠭᠰᠢᠯᠡᠭᠦᠯᠵᠦ ᠴᠢᠳᠠᠬᠤ᠎ᠪᠠᠷ ᠪᠠᠷᠠᠬᠤ ᠦᠭᠡᠢ  ᠨᠡᠩ ᠴᠤ᠌ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ᠎ᠶᠢᠨ ᠬᠡᠯᠪᠡᠷᠢ᠂ ᠰᠢᠨ᠎ᠡ ᠵᠠᠭᠪᠤᠷ᠎ᠢ ᠪᠤᠢ ᠪᠣᠯᠭᠠᠵᠤ᠂ ᠪᠣᠬᠢᠷᠲᠤᠯ ᠦᠭᠡᠢ ᠦᠢᠯᠡᠳᠪᠦᠷᠢᠯᠡᠯ᠎ᠦᠨ ᠬᠦᠴᠦᠨ᠎ᠢ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠮᠥᠨ ᠴᠢᠨᠠᠷ᠎ᠤᠨ ᠡᠯᠧᠮᠧᠨ᠋ᠲ ᠪᠣᠯᠭᠠᠵᠤ᠂ ᠠᠵᠤ ᠦᠢᠯᠡᠰ᠎ᠦᠨ ᠵᠠᠬ᠎ᠠ ᠳᠡᠯᠭᠡᠭᠦᠷ᠎ᠦᠨ ᠭᠣᠣᠯᠯᠠᠭ᠍ᠴᠢ ᠥᠷᠢᠰᠦᠯᠳᠦᠬᠦ ᠬᠦᠴᠦᠨ ᠪᠣᠯᠭᠠᠵᠤ᠂ ᠠᠮᠢ ᠠᠬᠤᠢ᠎ᠶᠢᠨ ᠦᠷ᠎ᠡ ᠠᠰᠢᠭ᠋ ᠪᠣᠯᠣᠨ ᠠᠵᠤ ᠠᠬᠤᠢ᠎ᠶᠢᠨ ᠦᠷ᠎ᠡ ᠠᠰᠢᠭ᠋᠎ᠤᠨ ᠬᠣᠣᠰ ᠠᠮᠵᠢᠯᠲᠠ᠎ᠶᠢ ᠪᠡᠶᠡᠯᠡᠭᠦᠯᠵᠦ ᠴᠢᠳᠠᠨ᠎ᠠ ᠭᠡᠳᠡᠭ᠎ᠢ ᠦᠢᠯᠡᠳᠦᠯᠭᠡ ᠭᠡᠷᠡᠴᠢᠯᠡᠪᠡ᠃

ᠠᠵᠤ ᠦᠢᠯᠡᠰ᠎ᠦᠨ 《ᠪᠣᠬᠢᠷᠲᠤᠯ ᠦᠭᠡᠢ᠎ᠬᠡᠮᠵᠢᠶ᠎ᠡ》᠎ᠵᠢ ᠳᠡᠭᠡᠭᠰᠢᠯᠡᠭᠦᠯᠬᠦ᠎ᠳᠦ  ᠪᠥᠬᠥ ᠲᠠᠯ᠎ᠠ᠎ᠶᠢᠨ᠂ ᠪᠥᠬᠥ ᠶᠠᠪᠤᠴᠠ᠎ᠶᠢᠨ᠂ ᠪᠥᠬᠥ ᠬᠡᠯᠬᠢᠶ᠎ᠡ᠎ᠶᠢᠨ ᠪᠣᠬᠢᠷᠲᠤᠯ ᠦᠭᠡᠢ ᠬᠥᠭᠵᠢᠯᠲᠡ᠎ᠶᠢᠨ ᠰᠢᠰᠲᠧᠮ᠎ᠦᠨ ᠬᠠᠮᠲᠤᠷᠠᠯ ᠬᠦᠴᠦᠨ᠎ᠳᠦ ᠲᠦᠰᠢᠭᠯᠡᠨ᠎ᠡ᠃ ᠬᠤᠷᠸ᠎ᠠ ᠲᠠᠯ᠎ᠠ᠎ᠠᠴᠠ ᠦᠵᠡᠪᠡᠯ᠂ ᠠᠵᠤ ᠦᠢᠯᠡᠰ᠎ᠦᠨ ᠬᠡᠯᠬᠢᠶ᠎ᠡ᠎ᠶᠢᠨ ᠳᠡᠭᠡᠳᠦ ᠳᠤᠮᠳᠠ ᠳᠣᠣᠷᠠᠳᠤ ᠤᠷᠤᠰᠬᠠᠯ᠎ᠤᠨ ᠬᠠᠮᠵᠢᠯᠴᠠᠭ᠎ᠠ᠎ᠶᠢ ᠴᠢᠩᠭᠠᠳᠬᠠᠵᠤ᠂ ᠪᠣᠬᠢᠷᠲᠤᠯ ᠦᠭᠡᠢ ᠬᠠᠩᠭᠠᠯᠭ᠎ᠠ᠎ᠶᠢᠨ ᠬᠡᠯᠬᠢᠶ᠎ᠡ᠎ᠶᠢᠨ ᠪᠦᠷᠢᠯᠳᠦᠬᠦ᠎ᠶᠢ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ᠎ᠶᠢᠨ ᠣᠢᠯᠠᠭᠠᠭᠳᠠᠬᠤᠨ᠎ᠢ ᠠᠵᠤ ᠦᠢᠯᠡᠰ᠎ᠦᠨ ᠬᠡᠯᠬᠢᠶ᠎ᠡ᠂ ᠬᠠᠩᠭᠠᠯᠭ᠎ᠠ᠎ᠶᠢᠨ ᠬᠡᠯᠬᠢᠶ᠎ᠡ᠎ᠶᠢᠨ ᠪᠥᠬᠥ ᠶᠠᠪᠤᠴᠠ᠎ᠳᠤ ᠲᠤᠭᠤᠰᠢᠯᠠᠭᠤᠯᠵᠤ᠂ ᠠᠵᠤ ᠦᠢᠯᠡᠰ᠎ᠦᠨ ᠪᠥᠬᠥ ᠬᠡᠯᠬᠢᠶ᠎ᠡ᠎ᠶᠢᠨ ᠪᠠᠭ᠎ᠠ ᠨᠡᠭᠦᠷᠡᠰᠦᠲᠥ᠋ᠷᠥᠭᠴᠢᠲᠦ ᠪᠣᠬᠢᠷᠲᠤᠯ ᠦᠭᠡᠢ ᠬᠥᠭᠵᠢᠯᠲᠡ᠎ᠶᠢ ᠪᠡᠶᠡᠯᠡᠭᠦᠯᠬᠦ ᠬᠡᠷᠡᠭᠲᠡᠢ᠃ ᠬᠤᠮᠠᠬᠢ ᠲᠠᠯ᠎ᠠ᠎ᠠᠴᠠ ᠠᠪᠴᠤ ᠦᠵᠡᠪᠡᠯ᠂ ᠠᠵᠤ ᠦᠢᠯᠡᠰ᠎ᠦᠨ ᠪᠣᠬᠢᠷᠲᠤᠯ ᠦᠭᠡᠢ ᠪᠠᠢᠳᠠᠯ ᠨᠢ ᠦᠢᠯᠡᠳᠬᠦᠨ᠎ᠦ ᠵᠢᠷᠤᠭ ᠲᠥᠯᠥᠪᠯᠡᠭᠡ᠂ ᠪᠡᠯᠡ ᠣᠷᠣᠭᠤᠯᠤᠯᠲᠠ᠂ ᠦᠢᠯᠡᠳᠪᠦᠷᠢᠯᠡᠯ᠂ ᠬᠡᠷᠡᠭᠯᠡᠭᠡ᠂ ᠬᠣᠷᠢᠶᠠᠨ ᠠᠪᠬᠤ ᠵᠡᠷᠭᠡ ᠪᠦᠬᠦ ᠶᠠᠪᠤᠴᠠ ᠵᠢ ᠪᠦᠷᠬᠦᠵᠦ᠂ ᠦᠢᠯᠡᠳᠪᠦᠷᠢᠯᠡᠯ᠎ᠦᠨ ᠠᠷᠭ᠎ᠠ ᠬᠡᠯᠪᠡᠷᠢ᠂ ᠬᠠᠮᠢᠶᠠᠷᠤᠯᠲᠠ᠎ᠶᠢᠨ ᠵᠠᠭᠪᠤᠷ᠂ ᠦᠢᠯᠡᠳᠬᠦᠨ᠎ᠦ ᠪᠦᠲᠦᠴᠡ ᠵᠡᠷᠭᠡ ᠪᠦᠬᠦ ᠲᠠᠯ᠎ᠠ᠎ᠶᠢᠨ ᠰᠢᠰᠲ᠋ᠸᠮᠵᠢᠭᠰᠡᠨ ᠪᠣᠬᠢᠷᠲᠤᠯ ᠦᠭᠡᠢ ᠲᠡᠰ ᠳᠡᠪᠰᠢᠬᠦ᠎ᠶᠢ ᠠᠬᠢᠭᠤᠯᠬᠤ ᠴᠢᠬᠤᠯᠠᠲᠠᠢ᠃ ᠣᠢᠷ᠎ᠠ᠎ᠳᠤ ᠳᠠᠷᠤᠮᠠᠯᠯᠠᠨ ᠲᠠᠷᠬᠠᠭᠠᠭᠰᠠᠨ 《ᠠᠵᠤ ᠦᠢᠯᠡᠳᠪᠦᠷᠢ᠎ᠶᠢᠨ ᠦᠢᠯᠡᠳᠬᠦᠨ᠎ᠦ ᠪᠣᠬᠢᠷᠲᠤᠯ ᠦᠭᠡᠢ ᠵᠢᠷᠤᠭ ᠲᠥᠯᠥᠪᠯᠡᠭᠡ᠎ᠶᠢᠨ ᠵᠦᠭᠯᠡᠭᠦᠷ (2026 ᠣᠨ᠎ᠤ ᠬᠡᠪᠯᠡᠯ)》 ᠨᠢ ᠦᠢᠯᠡᠳᠬᠦᠨ᠎ᠦ ᠪᠥᠬᠥ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ ᠪᠣᠬᠢᠷᠲᠤᠯ ᠦᠭᠡᠢ ᠬᠥᠭᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠬᠣᠣᠷ ᠦᠭᠡᠢᠳᠡᠭᠦᠯᠬᠦ ᠵᠡᠷᠭᠡ ᠪᠣᠬᠢᠷᠲᠤᠯ ᠦᠭᠡᠢ ᠵᠢᠷᠤᠭ ᠲᠥᠯᠥᠪᠯᠡᠭᠡ᠎ᠶᠢᠨ 11 ᠭᠣᠣᠯᠳᠠᠯᠭ᠎ᠠ᠎ᠲᠠᠢ ᠴᠢᠭᠯᠡᠯ᠎ᠢ ᠲᠣᠳᠣᠷᠬᠠᠢᠯᠠᠪᠠ᠃ ᠡᠨᠡ ᠬᠦ᠌ ᠲᠥᠷᠥ᠎ᠶᠢᠨ ᠪᠣᠳᠣᠯᠭ᠎ᠠ᠎ᠶᠢᠨ ᠵᠢᠯᠣᠭᠣᠳᠤᠯᠭ᠎ᠠ ᠨᠢ 《ᠪᠣᠬᠢᠷᠲᠤᠯ ᠦᠭᠡᠢ ᠬᠡᠮᠵᠢᠶ᠎ᠡ》᠎ᠵᠢ ᠮᠥᠷᠳᠡᠵᠦ ᠪᠣᠯᠬᠤ᠂ ᠬᠡᠮᠵᠢᠵᠦ ᠪᠣᠯᠬᠤ᠂ ᠰᠢᠯᠭᠠᠨ ᠪᠠᠲᠤᠯᠠᠵᠤ ᠪᠣᠯᠬᠤ ᠶᠠᠰᠤ ᠴᠢᠨᠠᠷ᠎ᠤᠨ ᠭᠦᠢᠴᠡᠳᠬᠡᠯ ᠲᠣᠭ᠎ᠠ ᠪᠣᠯᠭᠠᠨ ᠬᠤᠪᠢᠷᠠᠭᠤᠯᠵᠤ᠂ ᠠᠵᠤ ᠦᠢᠯᠡᠰ᠎ᠦᠨ ᠪᠣᠬᠢᠷᠲᠤᠯ ᠦᠭᠡᠢ ᠪᠠᠢᠬᠤ᠎ᠶᠢ ᠠᠬᠢᠭᠤᠯᠬᠤ᠎ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠬᠦ ᠪᠣᠯᠣᠨ᠎ᠠ᠃

ᠠᠵᠤ ᠦᠢᠯᠡᠰ᠎ᠦᠨ 《ᠪᠣᠬᠢᠷᠲᠤᠯ ᠦᠭᠡᠢ ᠬᠡᠮᠵᠢᠶ᠎ᠡ》 ᠶ᠋ᠢ ᠳᠡᠭᠡᠭᠰᠢᠯᠡᠭᠦᠯᠬᠦ᠎ᠶᠢᠨ ᠦᠨᠳᠦᠰᠦ ᠰᠠᠭᠤᠷᠢ ᠨᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ ᠠᠵᠤ ᠠᠬᠤᠢ᠎ᠶᠢᠨ ᠰᠢᠰᠲᠧᠮ᠎ᠢ ᠪᠠᠢᠭᠤᠯᠤᠨ ᠲᠡᠭᠦᠯᠳᠡᠷᠵᠢᠭᠦᠯᠬᠦ᠎ᠳᠦ ᠪᠠᠢᠨ᠎ᠠ᠃ ᠡᠷᠬᠢᠯᠳᠡᠳᠦ ᠠᠵᠤ ᠠᠬᠤᠢ᠎ᠶᠢᠨ ᠰᠠᠭᠤᠷᠢ᠎ᠶᠢ ᠪᠡᠬᠢᠵᠢᠭᠦᠯᠪᠡᠯ ᠠᠵᠤ ᠦᠢᠯᠡᠰ᠎ᠢ ᠪᠣᠬᠢᠷᠲᠤᠯ ᠦᠭᠡᠢ ᠪᠣᠯᠭᠠᠬᠣ ᠠᠵᠢᠯ ᠰᠠᠶᠢ ᠲᠣᠭᠳᠠᠭᠣᠨ ᠵᠢᠡᠷ ᠠᠬᠢᠵᠦ ᠴᠢᠳᠠᠨ᠎ᠠ᠃ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠲᠣᠪᠴᠢ᠎ᠳᠤ ᠡᠷᠬᠢᠯᠳᠡᠳᠦ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠵᠤ᠂ ᠬᠠᠶᠠᠭᠳᠠᠮᠠᠯ ᠪᠣᠳᠠᠰ᠎ᠢ ᠣᠷᠴᠢᠯᠳᠤᠭᠤᠯᠤᠨ ᠠᠰᠢᠭ᠍ᠯᠠᠬᠤ ᠰᠢᠰᠲᠧᠮ᠎ᠢ ᠲᠡᠭᠦᠯᠳᠡᠷᠵᠢᠭᠦᠯᠦᠨ᠎ᠡ ᠭᠡᠵᠦ ᠳᠤᠷᠠᠳᠤᠨ ᠭᠠᠷᠭᠠᠵᠠᠢ᠃ ᠤᠯᠠᠮᠵᠢᠯᠠᠯᠲᠤ ᠠᠵᠤ ᠦᠢᠯᠡᠰ᠎ᠦᠨ ᠬᠠᠶᠠᠭᠳᠠᠮᠠᠯ ᠪᠣᠳᠠᠰ᠎ᠢ ᠡᠬᠢ ᠪᠠᠶᠠᠯᠢᠭ᠍ᠵᠢᠭᠤᠯᠤᠨ ᠠᠰᠢᠭ᠍ᠯᠠᠬᠤ᠂ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠪᠣᠬᠢᠷᠲᠤᠯ ᠦᠭᠡᠢ ᠡᠷᠭᠢᠯᠲᠡᠲᠦ ᠵᠢᠷᠤᠭ ᠲᠥᠯᠥᠪᠯᠡᠭᠡ ᠨᠢ ᠪᠦᠷ ᠤᠷ᠎ᠠ ᠮᠡᠷᠭᠡᠰᠢᠯ᠎ᠦᠨ ᠰᠢᠨ᠎ᠡ᠎ᠶᠢ ᠡᠭᠦᠳᠬᠦ᠂ ᠵᠠᠭᠪᠤᠷ᠎ᠤᠨ ᠰᠢᠨ᠎ᠡ᠎ᠶᠢ ᠡᠭᠦᠳᠬᠦ᠎ᠪᠡᠷ ᠳᠠᠮᠵᠢᠨ ᠬᠠᠶᠠᠭᠳᠠᠮᠠᠯ ᠪᠣᠳᠠᠰ᠎ᠢ ᠡᠷᠳᠡᠨᠢ ᠪᠣᠯᠭᠠᠵᠤ ᠪᠣᠯᠣᠨ᠎ᠠ᠂ ᠢᠩᠭᠢᠪᠡᠯ ᠡᠬᠢ ᠪᠠᠶᠠᠯᠢᠭ᠋᠎ᠢ ᠠᠰᠢᠭ᠍ᠯᠠᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠪᠡᠷ ᠪᠠᠷᠠᠬᠤ ᠦᠭᠡᠢ ᠪᠠᠰᠠ ᠣᠷᠴᠢᠨ ᠲᠣᠭᠣᠷᠢᠨ᠎ᠤ ᠳᠠᠷᠤᠯᠲᠠ᠎ᠶᠢ ᠬᠥᠩᠭᠡᠷᠡᠭᠦᠯᠵᠦ ᠴᠢᠳᠠᠨ᠎ᠠ᠃ ᠡᠷᠭᠢᠯᠳᠡᠳᠦ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠠᠬᠤᠢ᠎ᠶᠢᠨ ᠰᠢᠰᠲᠧᠮ᠎ᠢ ᠪᠠᠶ᠋ᠢᠭᠤᠯᠬᠤ᠎ᠳᠤ ᠡᠬᠢ ᠪᠠᠶᠠᠯᠢᠭ᠋᠎ᠤᠨ ᠣᠷᠴᠢᠯ᠎ᠤᠨ ᠲᠦᠭᠵᠢᠷᠡᠯ᠎ᠢ ᠬᠦᠴᠦᠯᠡᠨ ᠨᠠᠪᠲᠠᠷᠡᠭᠦᠯᠵᠦ᠂ ᠹᠢᠽᠢᠺ᠎ᠦᠨ ᠲᠣᠣᠷ ᠰᠦᠯᠵᠢᠶ᠎ᠡ᠂ ᠮᠡᠷᠭᠡᠵᠢᠯ᠎ᠦᠨ ᠬᠡᠯᠬᠢᠶ᠎ᠡ᠂ ᠵᠠᠬ᠎ᠠ ᠳᠡᠯᠭᠡᠭᠦᠷ᠎ᠦᠨ ᠲᠣᠭᠲᠠᠴᠠ᠂ ᠠᠵᠤ ᠦᠢᠯᠡᠰ᠎ᠦᠨ ᠬᠠᠮᠵᠢᠯᠴᠠᠭ᠎ᠠ ᠵᠡᠷᠭᠡ ᠳᠥᠷᠪᠡᠨ ᠲᠠᠯ᠎ᠠ᠎ᠶᠢᠨ ᠨᠡᠪᠲᠡᠷᠡᠯᠴᠡᠭᠡ᠎ᠶᠢ ᠪᠡᠶᠡᠯᠡᠭᠦᠯᠬᠦ ᠬᠡᠷᠡᠭᠲᠡᠢ᠃ ᠭᠠᠭᠴᠠ ᠬᠦ᠌ ᠢᠩᠭᠢᠪᠡᠯ ᠰᠠᠶᠢ ᠡᠬᠢ ᠪᠠᠶᠠᠯᠢᠭ᠋᠎ᠢ ᠡᠷᠭᠢᠯᠳᠦᠭᠦᠯᠦᠨ ᠠᠰᠢᠭ᠍ᠯᠠᠬᠤ ᠬᠠᠮᠤᠭ᠎ᠤᠨ ᠶᠡᠬᠡ ᠦᠷ᠎ᠡ ᠪᠦᠲᠦᠮᠵᠢ᠎ᠶᠢ ᠪᠠᠳᠠᠷᠠᠭᠤᠯᠵᠤ᠂ ᠤᠷᠴᠢᠯᠳᠤᠭᠤᠯᠤᠨ ᠠᠰᠢᠭ᠍ᠯᠠᠬᠤ᠎ᠶᠢ ᠦᠨᠡᠨ ᠬᠦ᠌ ᠠᠵᠤ ᠦᠢᠯᠡᠰ᠎ᠦᠨ ᠪᠣᠬᠢᠷᠲᠤᠯ ᠦᠭᠡᠢ ᠬᠥᠭᠵᠢᠯᠲᠡ᠎ᠶᠢᠨ ᠴᠢᠬᠤᠯᠠ ᠲᠤᠯᠭᠠᠭᠤᠷᠢᠯᠠᠯ ᠪᠣᠯᠭᠠᠵᠤ᠂ ᠠᠵᠤ ᠦᠢᠯᠡᠰ᠎ᠦᠨ ᠪᠣᠬᠢᠷᠲᠤᠯ ᠦᠭᠡᠢ ᠬᠥᠭᠵᠢᠯᠲᠡ᠎ᠶᠢᠨ ᠳᠠᠯᠳᠠ ᠬᠦᠴᠦᠨ᠎ᠢ ᠤᠯᠠᠮ ᠨᠢᠭᠡ ᠠᠯᠬᠤᠮ ᠪᠠᠳᠠᠷᠠᠭᠤᠯᠵᠤ ᠴᠢᠳᠠᠨ᠎ᠠ᠃

ᠠᠵᠤ ᠦᠢᠯᠡᠰ᠎ᠦᠨ ᠬᠥᠭᠵᠢᠯᠲᠡ᠎ᠶᠢ ᠪᠣᠬᠢᠷᠲᠤᠯ ᠦᠭᠡᠢ ᠪᠣᠯᠭᠠᠬᠤ ᠪᠣᠯ ᠨᠢᠭᠡ ᠵᠦᠢᠯ᠎ᠦᠨ ᠰᠢᠰᠲᠧᠮᠲᠦ ᠢᠨᠵᠧᠨᠧᠷᠢᠩ ᠮᠥᠨ᠂ ᠡᠯ᠎ᠡ ᠲᠠᠯ᠎ᠠ᠎ᠶᠢᠨ ᠬᠦᠴᠦᠨ᠎ᠦ ᠬᠠᠮᠵᠢᠯᠴᠠᠨ ᠬᠦᠴᠦᠯᠡᠬᠦ᠎ᠶᠢ ᠱᠠᠭᠠᠷᠳᠠᠨ᠎ᠠ᠃ ᠡᠨᠡ ᠵᠢᠯ᠎ᠦᠨ ᠪᠦᠬᠦ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠡᠴᠡ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ᠎ᠢ ᠬᠢᠨᠠᠨ ᠵᠥᠪᠯᠡᠵᠦ ᠪᠠᠲᠤᠯᠠᠪᠠ᠂ ᠡᠨᠡ ᠵᠢᠯ᠎ᠦᠨ 8 ᠰᠠᠷ᠎ᠠ᠎ᠶᠢᠨ 15 ᠎ᠤ ᠡᠳᠦᠷ᠎ᠡᠴᠡ ᠬᠡᠷᠡᠭᠵᠢᠭᠦᠯᠬᠦ ᠪᠣᠯᠣᠨ᠎ᠠ᠃ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ ᠨᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ᠎ᠶᠢ ᠲᠣᠰᠬᠠᠢ ᠬᠠᠭᠣᠳᠠᠰᠣ ᠪᠣᠯᠭᠠᠨ ᠨᠠᠢᠷᠠᠭᠣᠯᠪᠠ᠂ ᠡᠨᠡ ᠬᠦ᠌ ᠪᠦᠲᠦᠭᠡᠯᠴᠢ ᠴᠢᠨᠠᠷᠲᠠᠢ ᠲᠣᠬᠢᠷᠠᠭᠤᠯᠤᠯᠲᠠ ᠨᠢ ᠳᠡᠯᠡᠬᠡᠢ᠎ᠶᠢᠨ ᠠᠮᠢ ᠠᠬᠤᠢ ᠣᠷᠴᠢᠨ ᠲᠣᠭᠣᠷᠢᠨ᠎ᠤ ᠬᠠᠤᠯᠢ ᠪᠡᠷ ᠵᠠᠰᠠᠬᠣ ᠵᠠᠮ᠎ᠢ ᠨᠡᠭᠡᠭᠡᠵᠦ᠂ ᠮᠠᠨ᠎ᠤ ᠤᠯᠤᠰ᠎ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ᠎ᠶᠢ ᠪᠡᠶᠡᠯᠡᠭᠦᠯᠬᠦ᠎ᠳᠦ ᠪᠠᠲᠤ ᠪᠡᠬᠢ ᠬᠠᠣᠯᠢ ᠪᠡᠷ ᠵᠠᠰᠠᠬᠣ ᠰᠠᠭᠤᠷᠢ᠎ᠶᠢ ᠲᠠᠯᠪᠢᠵᠤ ᠥᠭᠴᠡᠢ᠃ ᠡᠨᠡ ᠬᠦ᠌ ᠬᠠᠤᠯᠢ᠎ᠶᠢᠨ ᠪᠢᠴᠢᠭ᠎ᠢ ᠲᠤᠭᠤᠰᠢᠯᠠᠭᠤᠯᠤᠨ ᠬᠡᠷᠡᠭᠵᠢᠭᠦᠯᠬᠦ ᠨᠢ ᠨᠡᠩ ᠥᠷᠭᠡᠨ ᠳᠡᠯᠭᠡᠷ ᠪᠣᠬᠢᠷᠲᠤᠯ ᠦᠭᠡᠢ ᠬᠥᠭᠵᠢᠯᠲᠡ᠎ᠶᠢᠨ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ᠂ ᠲᠡᠭᠦᠨ᠎ᠦ ᠨᠡᠩ ᠡᠷᠬᠢᠮ ᠨᠠᠨᠳᠢᠨ ᠪᠣᠬᠢᠷᠲᠤᠯ ᠦᠭᠡᠢ ᠬᠥᠭᠵᠢᠯᠲᠡ᠎ᠶᠢᠨ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠵᠤ᠂ ᠪᠦᠬᠦ ᠨᠡᠢᠭᠡᠮ᠎ᠢ ᠬᠥᠲᠥᠯᠥᠨ ᠳᠠᠭᠠᠭᠤᠯᠵᠤ ᠪᠣᠬᠢᠷᠲᠤᠯ ᠦᠭᠡᠢ ᠬᠥᠭᠵᠢᠯᠲᠡ᠎ᠶᠢᠨ ᠬᠠᠮᠲᠤ᠎ᠶᠢᠨ ᠠᠵᠢᠯᠯᠠᠭ᠎ᠠ᠎ᠶᠢ ᠪᠦᠷᠢᠯᠳᠦᠭᠦᠯᠬᠦ ᠪᠣᠯᠣᠨ᠎ᠠ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ ᠠᠵᠤ ᠠᠬᠤᠢ᠎ᠶᠢᠨ ᠰᠢᠰᠲ᠋ᠸᠮ ᠬᠠᠣᠯᠢ ᠪᠡᠷ ᠵᠠᠰᠠᠬᠣ ᠲᠤᠯᠭᠠᠭᠤᠷᠢᠯᠠᠯ᠎ᠲᠠᠢ ᠪᠣᠯᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠣᠣᠰ ᠡᠵᠡᠮᠳᠡᠯ᠎ᠲᠠᠢ ᠪᠣᠯᠵᠤ᠂ ᠦᠢᠯᠡᠳᠬᠦᠨ᠎ᠦ ᠨᠡᠭᠦᠷᠡᠰᠦᠲᠥ᠋ᠷᠥᠭᠴᠢ᠎ᠶᠢᠨ ᠤᠯᠠ ᠮᠥᠷ᠂ ᠠᠮᠢ ᠠᠬᠤᠢ᠎ᠶᠢᠨ ᠦᠢᠯᠡᠳᠬᠦᠨ᠎ᠦ ᠦᠷᠳᠡᠭ᠎ᠢ ᠵᠢᠷᠤᠮᠯᠠᠬᠤ ᠳᠦᠷᠢᠮ᠎ᠲᠠᠢ ᠪᠣᠯᠭᠠᠵᠤ᠂ 《ᠪᠣᠬᠢᠷᠲᠤᠯ ᠦᠭᠡᠢ᠎ᠬᠡᠮᠵᠢᠶ᠎ᠡ》 ᠶ᠋ᠢ ᠬᠠᠲᠠᠭᠤ ᠬᠢᠵᠠᠭᠠᠷᠯᠠᠯ ᠪᠣᠯᠭᠠᠨ ᠬᠤᠪᠢᠷᠠᠭᠤᠯᠵᠤ᠂ ᠭᠠᠳᠠᠭᠠᠳᠤ ᠱᠠᠭᠠᠷᠳᠠᠯᠭ᠎ᠠ᠎ᠠᠴᠠ ᠳᠣᠲᠣᠭᠠᠳᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠵᠤ ᠰᠢᠨ᠎ᠡ ᠰᠢᠪᠲᠤᠯᠤᠯᠲᠠ᠎ᠲᠠᠢ ᠪᠣᠯᠬᠤ᠎ᠶᠢ ᠠᠬᠢᠭᠤᠯᠬᠤ ᠪᠣᠯᠣᠨ᠎ᠠ᠃

ᠪᠣᠬᠢᠷᠲᠤᠯ ᠦᠭᠡᠢ ᠬᠥᠭᠵᠢᠯᠲᠡ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠢᠯᠡ ᠲᠣᠳᠣ᠌ ᠳᠡᠪᠢᠰᠬᠡᠷ ᠥᠩᠭᠡ ᠮᠥᠨ᠃ ᠢᠷᠡᠭᠡᠳᠦᠢ᠎ᠶᠢ ᠪᠠᠷᠠᠯᠠᠬᠤ᠎ᠳᠦ ᠭᠠᠭᠴᠠ ᠬᠦ᠌ ᠲᠦᠷᠦ᠎ᠶᠢᠨ ᠪᠣᠳᠣᠯᠭ᠎ᠠ᠎ᠪᠠᠷ ᠬᠥᠲᠥᠯᠥᠨ ᠳᠠᠭᠠᠭᠤᠯᠬᠤ᠎ᠶᠢ ᠦᠷᠭᠦᠯᠵᠢᠯᠡᠨ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠡᠨᠧᠷᠭᠢ ᠣᠯᠭᠣᠬᠤ᠎ᠶᠢ ᠭᠦᠨᠵᠡᠭᠡᠢᠷᠡᠭᠦᠯᠵᠦ ᠂ ᠪᠦᠬᠦ ᠬᠡᠯᠬᠢᠶᠡᠨ᠎ᠦ ᠲᠡᠰ ᠳᠡᠪᠰᠢᠬᠦ᠎ᠶᠢ ᠠᠬᠢᠭᠤᠯᠵᠤ᠂ ᠲᠠᠯᠳᠠ ᠬᠦᠴᠦᠨ᠎ᠢ ᠠᠭᠤᠳᠠᠯᠪᠠᠯ ᠰᠠᠶᠢ ᠠᠵᠤ ᠦᠢᠯᠡᠰ᠎ᠦᠨ 《ᠪᠣᠬᠢᠷᠲᠤᠯ ᠦᠭᠡᠢ ᠬᠡᠮᠵᠢᠶ᠎ᠡ》 ᠪᠣᠯᠣᠨ 《ᠦᠨ᠎ᠡ ᠦᠷᠳᠡᠭ》᠎ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ ᠪᠣᠯᠣᠨ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠦᠬᠦ ᠲᠠᠯ᠎ᠠ᠎ᠶᠢᠨ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠪᠠᠷᠠᠭᠳᠠᠰᠢ ᠦᠭᠡᠢ ᠪᠣᠬᠢᠷᠲᠤᠯ ᠦᠭᠡᠢ ᠬᠥᠳᠡᠯᠭᠡᠬᠦ ᠡᠨᠧᠷᠭᠢ ᠨᠡᠮᠡᠷᠢᠯᠡᠵᠦ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠭᠠᠢᠬᠠᠮᠰᠢᠭ᠍ᠲᠤ ᠬᠠᠭᠤᠳᠠᠰᠤ᠎ᠶᠢ ᠵᠢᠷᠤᠭᠯᠠᠵᠤ ᠴᠢᠳᠠᠨ᠎ᠠ᠃

— 《ᠭᠤᠸᠠᠩᠮᠢᠩ ᠡᠳᠦᠷ᠎ᠦᠨ ᠰᠣᠨᠢᠨ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号