ᠶᠡᠭᠡ ᠲᠡᠭᠡᠳᠦ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠠᠯ᠎ᠳᠦ ᠣᠨᠢᠰᠤᠭ᠎ᠠ ᠪᠡᠷ ᠵᠠᠭᠤᠴᠢ ᠪᠤᠯᠭᠠᠬᠤ ᠲᠤᠬᠠᠢ ᠲᠦᠬᠦᠮ ᠬᠠᠢᠯᠳᠠ
2026-06-01 10:24:04
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2019 ᠣᠨ᠎ᠳᠤ ᠶᠠᠷᠤᠩᠬᠡᠢ ᠱᠦᠵᠢ ᠰᠢ ᠵᠢᠨ ᠫᠢᠩ ᠪᠦᠬᠦ ᠤᠯᠤᠰ᠎ᠤᠨ ᠦᠨᠳᠦᠰᠦᠳᠡᠨ᠎ᠦ ᠪᠦᠯᠬᠦᠮᠳᠡᠯ ᠲᠠᠪᠰᠢᠯᠲᠠ᠎ᠶᠢᠨ ᠬᠦᠭᠢᠬᠦᠯᠦᠨ ᠰᠠᠶ᠋ᠢᠰᠢᠶᠠᠬᠤ ᠶᠡᠭᠡ ᠬᠤᠷᠠᠯ ᠲᠡᠭᠡᠷ᠎ᠡ 《ᠰᠣᠶᠣᠯ ᠪᠣᠯ ᠨᠢᠭᠡ ᠦᠨᠳᠦᠰᠦᠲᠡᠨ᠎ᠦ ᠰᠦᠭ ᠰᠦᠨᠡᠰᠦ ᠮᠥᠨ᠂ ᠰᠣᠶᠣᠯ᠎ᠤᠨ ᠬᠠᠮᠲᠤ᠎ᠶᠢᠨ ᠲᠠᠨᠢᠯᠲᠠ ᠪᠣᠯ ᠦᠨᠳᠦᠰᠦᠲᠡᠨ ᠤ᠋ ᠪᠦᠯᠬᠦᠮᠳᠡᠯ᠎ᠦᠨ ᠦᠨᠳᠦᠰᠦ ᠰᠤᠷᠪᠤᠯᠵᠢ ᠮᠥᠨ᠃ ᠡᠯ᠎ᠡ ᠦᠨᠳᠦᠰᠦᠲᠡᠨ ᠰᠣᠶᠣᠯ᠎ᠤᠨ ᠲᠠᠯ᠎ᠠ᠎ᠪᠠᠷ ᠬᠠᠷᠢᠯᠴᠠᠨ ᠬᠦᠨᠳᠦᠳᠬᠡᠵᠦ᠍᠂ ᠬᠠᠷᠢᠯᠴᠠᠨ ᠪᠠᠬᠠᠷᠬᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠲᠣᠯᠢᠯᠠᠬᠤ ᠬᠡᠷᠡᠭᠲᠡᠶ》ᠬᠡᠵᠤ ᠶᠠᠷᠢᠭᠰᠠᠨ ᠪᠠᠶ᠋ᠢᠳᠠᠭ᠃ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ᠌ ᠰᠣᠶᠣᠯ ᠪᠣᠯ ᠳᠤᠮᠳᠠᠳᠤ᠎ᠶᠢᠨ ᠦᠨᠳᠦᠰᠦᠲᠡᠨ ᠤ᠋ ᠬᠠᠮᠲᠤ᠎ᠶᠢᠨ ᠴᠣᠭᠴᠠ᠎ᠶᠢᠨ ᠤᠬᠠᠮᠰᠠᠷ᠎ᠤᠨ ᠤᠶᠤᠨ᠎ᠤ ᠰᠢᠮᠡᠳᠦ ᠬᠥᠷᠥᠰᠥ᠍ ᠮᠥᠨ᠃ ᠲᠠᠷᠠ ᠨᠢ ᠦᠨᠳᠤᠰᠤᠳᠠᠨ ᠨᠤᠬᠦᠳ᠎ᠤᠨ ᠬᠠᠮᠳᠤ ᠵᠢᠨ ᠦᠷᠳᠡᠭ᠎ᠤᠨ ᠤᠢᠯᠠᠭᠠᠬᠳᠠᠬᠤᠨ᠂ ᠶᠤᠰᠤ ᠰᠤᠷᠳᠠᠬᠤᠨ᠎ᠤ ᠵᠢᠷᠤᠮᠵᠢᠯ ᠪᠤᠯᠤᠨ ᠰᠤᠶᠤᠯ᠎ᠤᠨ ᠤᠬᠢ ᠱᠦᠯᠳᠤ ᠵᠢ ᠠᠭᠤᠯᠵᠤ᠂ ᠦᠨᠳᠤᠰᠤᠳᠠᠨ᠎ᠤ ᠪᠦᠯᠬᠦᠮᠳᠠᠯ᠎ᠢ ᠬᠠᠮᠠᠭᠠᠯᠠᠬᠤ ᠤᠶᠤᠨ ᠰᠠᠨᠠᠭᠠᠨ᠎ᠤ ᠬᠤᠯᠪᠤᠭᠠᠰᠤ ᠪᠤᠯᠤᠨ᠎ᠠ᠃ ᠰᠢᠨ᠎ᠠ ᠴᠠᠭ ᠦᠶ᠎ᠠ᠎ᠳᠤ ᠶᠣᠰᠣ ᠰᠤᠷᠲᠠᠬᠤᠨ ᠵᠢᠡᠷ ᠬᠥᠮᠦᠨ᠎ᠢ ᠬᠥᠮᠦᠵᠢᠭᠦᠯᠬᠦ᠌᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠶᠢ ᠵᠢᠭᠠᠨ ᠰᠤᠷᠭᠠᠯᠲᠠ᠎ᠶᠢᠨ ᠪᠥᠬᠦ᠌ ᠶᠠᠪᠤᠴᠠ᠎ᠳᠦ ᠲᠤᠭᠤᠰᠢᠯᠠᠭᠤᠯᠬᠤ ᠨᠢ ᠬᠢᠴᠢᠶᠡᠯ ᠲᠦᠷᠦᠯ᠎ᠤᠨ ᠦᠵᠡᠯ ᠰᠠᠨᠠᠭ᠎ᠠ ᠤᠯᠤᠰ ᠲᠥᠷᠥ᠎ᠶᠢᠨ ᠪᠠᠶ᠋ᠢᠭᠤᠯᠤᠯᠲᠠ᠎ᠶᠢᠨ ᠭᠤᠤᠯ ᠱᠠᠭᠠᠷᠳᠠᠯᠭ᠎ᠠ ᠪᠤᠯᠤᠭᠰᠠᠠ ᠪᠠᠢᠨ᠎ᠠ᠃ ᠰᠤᠷᠭᠠᠨ ᠬᠥᠮᠥᠵᠢᠯ᠎ᠦᠨ ᠴᠢᠨᠠᠷ ᠰᠠᠶ᠋ᠢᠳᠠᠢ ᠬᠥᠭᠵᠢᠯᠲᠡ ᠵᠢ ᠠᠬᠢᠭᠤᠯᠬᠤ᠎ᠶᠢᠨ ᠲᠥᠯᠥᠭᠡ ᠶᠡᠬᠡ ᠲᠡᠬᠡᠳᠤ ᠰᠤᠷᠭᠠᠭᠤᠯᠢ ᠤᠯᠠᠮᠵᠢᠯᠠᠯᠳᠤ ᠰᠤᠶᠤᠯ᠎ᠤᠨ ᠠᠭᠤᠯᠭ᠎ᠠ ᠵᠢ ᠠᠭᠤᠯᠤᠭᠰᠠᠠ ᠬᠢᠴᠢᠶᠠᠯ ᠲᠦᠷᠦᠯ᠎ᠤᠨ ᠦᠵᠡᠯ ᠰᠠᠨᠠᠭ᠎ᠠ ᠤᠯᠤᠰ ᠲᠦᠷᠤ ᠵᠢᠨ ᠬᠦᠮᠤᠵᠢᠯ᠎ᠢ ᠴᠢᠬᠤᠯᠠᠴᠢᠯᠠᠵᠤ᠂ ᠠᠷᠠᠳ᠎ᠤᠨ ᠠᠮᠠᠨ ᠵᠣᠬᠢᠶᠠᠯ᠎ᠡᠴᠡ ᠭᠠᠷᠳᠠᠠ ᠣᠨᠢᠰᠤᠭ᠎ᠠ ᠪᠠᠷ ᠵᠠᠭᠤᠴᠢ ᠪᠣᠯᠭᠠᠵᠤ᠂ ᠰᠣᠶᠣᠯ᠎ᠤᠨ ᠤᠯᠠᠮᠵᠢᠯᠠᠯ᠂ ᠬᠥᠳᠡᠯᠮᠦᠷᠢ᠎ᠶᠢᠨ ᠬᠥᠮᠦᠵᠢᠯ᠂ ᠦᠵᠡᠯ ᠰᠠᠨᠠᠭ᠎ᠠ ᠤᠯᠤᠰ ᠲᠥᠷᠥ᠎ᠶᠢᠨ ᠬᠥᠮᠦᠵᠢᠯ᠎ᠢ ᠣᠷᠭᠠᠨᠢᠭ᠎ᠵᠢᠡᠷ ᠤᠶᠠᠯᠳᠤᠭᠤᠯᠵᠤ᠂ ᠤᠶᠦᠳᠠᠳ ᠲᠤ᠌ ᠦᠨᠳᠦᠰᠦᠲᠡᠨ ᠨᠤᠬᠦᠳ᠎ᠤᠨ ᠣᠷᠣᠰᠢᠨ ᠲᠣᠭᠲᠠᠨᠢᠵᠤ ᠬᠥᠭᠵᠢᠬᠦ ᠵᠢᠨ ᠤᠬᠠᠭᠠᠨ᠎ᠢ ᠣᠶ᠋ᠢᠯᠠᠭᠠᠭᠤᠯᠤᠨ᠂ ᠳᠤᠮᠳᠠᠳᠤ᠎ᠶᠢᠨ ᠰᠣᠶᠣᠯ᠎ᠢ ᠭᠦᠨᠵᠡᠭᠡᠶ ᠲᠠᠨᠢᠭᠤᠯᠬᠤ᠎ᠶᠢ ᠪᠡᠶᠡᠯᠡᠬᠦᠯᠬᠦ᠌ ᠴᠢᠬᠤᠯᠠᠳᠠᠢ᠃

ᠨᠢᠭᠡ᠂ ᠣᠨᠢᠰᠤᠭ᠎ᠠ᠎ᠶᠢ ᠬᠢᠴᠢᠶᠡᠯ ᠲᠦᠷᠦᠯ᠎ᠦᠨ ᠦᠵᠡᠯ ᠰᠠᠨᠠᠭ᠎ᠠ ᠤᠯᠤᠰ ᠲᠥᠷᠥ᠎ᠶᠢᠨ ᠬᠥᠮᠦᠵᠢᠯ᠎ᠳᠤ ᠠᠭᠤᠰᠬᠠᠬᠤ᠎ᠲᠤᠬᠠᠢ ᠲᠤᠷᠰᠢᠴᠠ 

ᠳᠤᠮᠳᠠᠳᠤ᠎ᠶᠢᠨ ᠰᠢᠯᠢᠳᠡᠭ ᠤᠯᠠᠮᠵᠢᠯᠠᠯᠲᠤ᠌ ᠰᠣᠶᠣᠯ᠎ᠦᠨ ᠨᠢᠭᠡ ᠬᠡᠰᠡᠭ ᠪᠣᠯᠬᠤ ᠮᠣᠩᠭᠤᠯ ᠣᠨᠢᠰᠤᠭ᠎ᠠ ᠪᠣᠯ ᠳᠤᠪᠴᠢ ᠠᠪᠰᠠᠷᠬᠠᠨ ᠦᠬᠡ ᠬᠡᠯᠡ᠂ ᠠᠮᠢᠳᠤ ᠲᠦᠷᠰᠦᠯᠢᠭ ᠰᠠᠨᠠᠭ᠎ᠠ ᠠᠬᠤᠢ ᠪᠡᠷ ᠲᠠᠯ᠎ᠠ ᠨᠤᠲᠤᠭ᠎ᠤᠨ ᠠᠷᠠᠳ ᠲᠦᠮᠡᠨ᠎ᠤ ᠵᠠᠩ ᠤᠢᠯᠠ᠂ ᠦᠢᠯᠡᠳᠪᠦᠷᠢᠯᠡᠯ ᠠᠮᠢᠳᠤᠷᠠᠯ᠂ ᠵᠣᠷᠢᠭ ᠰᠠᠨᠠᠭ᠎ᠠ᠎ᠶᠢ ᠬᠠᠷᠠᠭᠤᠯᠬᠤ᠎ᠪᠠᠷ ᠪᠠᠷᠠᠬᠤ ᠦᠭᠡᠢ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠥᠷᠲᠡᠭ᠎ᠤᠨ ᠣᠶ᠋ᠢᠯᠠᠭᠠᠭᠳᠠᠬᠤᠨ᠂ ᠣᠶᠤᠨ ᠰᠠᠨᠠᠭᠠᠨ᠎ᠤ ᠬᠥᠭᠡᠭᠡᠴᠡᠯᠳᠦᠯ᠎ᠢ ᠠᠭᠤᠯᠵᠤ ᠪᠠᠶ᠋ᠢᠳᠠᠭ᠃

1. ᠦᠨᠳᠦᠰᠦᠲᠡᠨ ᠎ᠦ ᠰᠢᠯᠢᠳᠡᠭ ᠰᠣᠶᠣᠯ ᠎ᠢ ᠤᠯᠠᠮᠵᠢᠯᠠᠨ᠂  ᠰᠣᠶᠣᠯ ᠎ᠤᠨ ᠢᠲᠡᠭᠡᠯ ᠎ᠦᠨ ᠰᠠᠭᠤᠷᠢ ᠎ᠶᠢ ᠵᠤᠵᠠᠭᠠᠳᠬᠠᠨ᠎ᠠ ᠃  ᠶᠠᠷᠤᠩᠬᠡᠢ  ᠱᠦᠵᠢ  ᠰᠢ ᠵᠢᠨ ᠫᠢᠩ 2023 ᠣᠨ᠎ᠤ 《ᠰᠣᠶᠣᠯ᠎ᠢ ᠤᠯᠠᠮᠵᠢᠯᠠᠨ ᠬᠥᠭᠵᠢᠭᠦᠯᠬᠦ᠌ ᠶᠠᠷᠢᠯᠴᠠᠬᠤ ᠬᠤᠷᠠᠯ》 ᠲᠡᠭᠡᠷ᠎ᠡ 《ᠭᠠᠭᠴᠠ ᠬᠦ᠌ ᠳᠤᠮᠳᠠᠳᠤ᠎ᠶᠢᠨ ᠪᠣᠯᠪᠠᠰᠤᠨ᠎ᠤ ᠲᠡᠦᠬᠡ᠎ᠶᠢ ᠪᠦᠬᠦ᠌ ᠲᠠᠯ᠎ᠠ᠎ᠪᠠᠷ ᠬᠦᠨᠵᠡᠬᠡᠢ ᠣᠶ᠋ᠢᠯᠠᠭᠠᠪᠠᠯ ᠰᠠᠶᠢ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ᠌ ᠰᠣᠶᠣᠯ᠎ᠤᠨ ᠪᠦᠲᠦᠭᠡᠯᠴᠢ ᠴᠢᠨᠠᠷᠳᠡᠢ ᠬᠤᠪᠢᠷᠠᠭᠤᠯᠤᠯᠲᠠ ᠪᠠ ᠰᠢᠨ᠎ᠡ᠎ᠶᠢ ᠡᠭᠦᠳᠬᠦ᠌ ᠴᠢᠨᠠᠷᠳᠡᠢ ᠬᠥᠭᠵᠢᠯᠲᠡ᠎ᠶᠢ ᠪᠦᠲᠦᠮᠵᠢᠲᠡᠢ᠎ᠪᠡᠷ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠰᠣᠶᠣᠯ᠎ᠤᠨ ᠪᠠᠶ᠋ᠢᠭᠤᠯᠤᠯᠲᠠ ᠵᠢ ᠪᠠᠶ᠋ᠢᠭᠤᠯᠵᠤ ᠴᠢᠳᠠᠨ᠎ᠠ》ᠭᠡᠵᠡᠢ᠃ ᠲᠤᠮᠳᠠᠳᠤ᠎ᠶᠢᠨ ᠰᠢᠯᠢᠳᠡᠭ ᠤᠯᠠᠮᠵᠢᠯᠠᠯᠳᠤ ᠰᠣᠶᠣᠯ ᠪᠣᠯ ᠲᠤᠮᠳᠠᠳᠤ᠎ᠶᠢᠨ ᠦᠨᠳᠦᠰᠦᠳᠡᠨ᠎ᠦ ᠲᠡᠤᠭᠡ ᠵᠢᠨ ᠦᠵᠡᠯᠲᠡ᠎ᠶᠢᠨ ᠴᠢᠬᠤᠯᠠ ᠠᠴᠢᠶᠠᠯᠠᠪᠤᠷᠢ ᠮᠥᠨ᠃ ᠪᠢᠳᠠ ᠤᠯᠠᠮᠵᠢᠯᠠᠯᠳᠤ ᠰᠣᠶᠣᠯ᠎ᠤᠨ ᠠᠵᠢᠯᠯᠠᠭ᠎ᠠ᠎ᠶᠢ ᠥᠷᠨᠢᠬᠦᠯᠬᠦ᠂ ᠰᠣᠶᠣᠯ᠎ᠤᠨ ᠥᠪ᠎ᠢ ᠬᠠᠮᠠᠭᠠᠯᠠᠬᠤ ᠵᠡᠷᠭᠡ ᠠᠷᠭ᠎ᠠ ᠬᠡᠯᠪᠡᠷᠢ᠎ᠪᠡᠷ ᠤᠯᠠᠮᠵᠢᠯᠠᠯᠳᠤ ᠰᠣᠶᠣᠯ᠎ᠢ ᠰᠢᠨ᠎ᠡ ᠴᠠᠭ ᠦᠶ᠎ᠡ ᠲᠡᠢ ᠵᠤᠯᠭᠠᠭᠤᠯᠬᠤ ᠭᠡᠷᠡᠭᠳᠡᠢ᠃ ᠮᠣᠩᠭᠣᠯ ᠣᠨᠢᠰᠤᠭ᠎ᠠ ᠨᠢ ᠳᠤᠮᠳᠠᠳᠤ᠎ᠶᠢᠨ ᠪᠣᠯᠪᠠᠰᠤᠨ ᠲᠡᠦᠬᠡ᠎ᠶᠢᠨ ᠤᠯᠠ ᠮᠥᠷ ᠮᠦᠷᠳᠡᠭᠡᠨ ᠠᠮᠠᠨ ᠵᠣᠬᠢᠶᠠᠯ᠎ᠤᠨ ᠰᠣᠩᠭᠣᠳᠠᠭ ᠬᠡᠯᠪᠡᠷᠢ ᠪᠠᠶ᠋ᠢᠵᠤ᠂ ᠰᠢᠯᠢᠳᠡᠭ ᠤᠯᠠᠮᠵᠢᠯᠠᠯᠳᠤ ᠰᠣᠶᠣᠯ᠎ᠤᠨ 《ᠠᠮᠢᠳᠤ ᠴᠢᠯᠠᠭᠤᠵᠢᠮᠠᠯ》ᠮᠥᠨ᠃ ᠵᠢᠭᠠᠨ ᠰᠤᠷᠭᠠᠯᠲᠠ᠎ᠲᠤᠮᠳᠠ ᠮᠣᠩᠭᠣᠯ ᠣᠨᠢᠰᠤᠭ᠎ᠠ᠎ᠶᠢᠨ ᠰᠣᠶᠣᠯ᠎ᠤᠨ ᠠᠭᠤᠯᠤᠭᠳᠠᠬᠤᠨ᠎ᠢ ᠠᠭᠤᠳᠠᠯᠬᠤ ᠨᠢ ᠲᠤᠮᠳᠠᠳᠤ᠎ᠶᠢᠨ ᠪᠣᠯᠪᠠᠰᠤᠨ ᠲᠡᠤᠭᠡ᠎ᠶᠢ ᠬᠦᠨᠵᠡᠭᠡᠢ ᠣᠶ᠋ᠢᠯᠠᠭᠠᠬᠤ ᠪᠠ ᠰᠢᠯᠢᠳᠡᠭ ᠤᠯᠠᠮᠵᠢᠯᠠᠯᠲᠤ᠌ ᠰᠣᠶᠣᠯ᠎ᠢ ᠪᠦᠲᠦᠭᠡᠯᠴᠢ ᠪᠡᠷ ᠬᠢᠴᠢᠶᠠᠯ ᠲᠦᠷᠤᠯ᠎ᠤᠨ ᠦᠵᠡᠯ ᠰᠠᠨᠠᠭ᠎ᠠ ᠤᠯᠤᠰ ᠲᠥᠷᠥ᠎ᠶᠢᠨ ᠬᠥᠮᠦᠵᠢᠯ ᠲᠡᠢ ᠤᠶᠠᠯᠳᠤᠭᠤᠯᠤᠭᠰᠠᠨ ᠶᠠᠪᠤᠳᠠᠯ ᠶᠤᠮ᠃ ᠵᠢᠱ᠌ᠢᠶᠡᠯᠡᠪᠡᠯ᠂ 《ᠠᠯᠠᠭ ᠪᠢᠷᠠᠭᠤ ᠠᠷᠭᠠᠯ᠎ᠤᠨ ᠬᠣᠭ᠎ᠢ ᠲᠠᠭᠠᠭᠠᠬᠤ ᠦᠭᠡᠢ》 ᠭᠡᠳᠡᠭ ᠣᠨᠢᠰᠤᠭ᠎ᠠ ᠳ᠋ᠡᠬᠢ 《ᠪᠢᠷᠠᠭᠤ》 ᠭᠡᠳᠡᠭ ᠦᠭᠡᠨ᠎ᠡᠴᠡ ᠲᠠᠪᠤᠨ ᠬᠣᠰᠢᠭᠤ ᠮᠠᠯ᠎ᠤᠨ ᠦᠷ᠎ᠡ ᠲᠥᠯ ᠦ᠋ᠨ ᠠᠳᠠᠯᠢ ᠪᠤᠰᠤ ᠨᠠᠰᠤᠨ᠎ᠤ ᠨᠡᠷᠡᠶ᠋ᠢᠳᠦᠯ ᠵᠢᠴᠢ ᠭᠤᠷᠪᠠᠨ ᠨᠠᠰᠤ ᠬᠦᠷᠴᠤ᠌ ᠪᠡᠶ᠎ᠡ ᠭᠦᠢᠴᠡᠬᠦ᠌᠎ᠳᠦ ᠡᠷ᠎ᠡ ᠡᠮ᠎ᠡ᠎ᠶᠢᠨ ᠴᠢᠨᠠᠷ᠎ᠦᠨ ᠢᠯᠭᠠᠯ ᠲᠡᠢ ᠲᠠᠭᠤᠳᠠᠳᠠᠭ;  《ᠠᠷᠭᠠᠯ》 ᠭᠡᠳᠡᠭ ᠦᠭᠡᠨ᠎ᠡᠴᠡ ᠤᠯᠠᠷᠢᠯ ᠪᠠ ᠡᠪᠡᠰᠤᠨ᠎ᠤ ᠰᠢᠮ᠎ᠡ᠎ᠶᠢ ᠦᠨᠳ᠋ᠦᠰᠦᠯᠡᠵᠦ᠍ ᠠᠳᠠᠯᠢ ᠪᠤᠰᠤ᠎ᠪᠠᠷ ᠨᠡᠷᠡᠶ᠋ᠢᠳᠳᠡᠭ ᠵᠡᠷᠭᠡ ᠣᠨᠴᠠᠭᠠᠢ ᠰᠣᠶᠣᠯ ᠤ᠋ᠨ ᠦᠵᠡᠭᠳᠡᠯ᠎ᠢᠶᠡᠷ ᠰᠤᠷᠤᠭᠴᠢᠳ᠎ᠤᠨ ᠮᠡᠳᠡᠯᠭᠡ᠎ᠶᠢᠨ ᠨᠥᠭᠡᠴᠡ᠎ᠶᠢ ᠪᠠᠶᠠᠯᠢᠭᠵᠢᠭᠤᠯᠵᠤ᠂ ᠡᠯ᠎ᠡ ᠦᠨᠳᠦᠰᠦᠲᠡᠨ᠎ᠦ ᠰᠣᠶᠣᠯ᠎ᠤᠨ ᠥᠪᠡᠷᠮᠢᠴᠡ ᠰᠢᠨᠵᠢ ᠪᠣᠯᠤᠨ ᠦᠨ᠎ᠡ ᠴᠡᠨ᠎ᠡ᠎ᠶᠢ ᠲᠠᠨᠢᠭᠤᠯᠵᠤ᠂ ᠤᠯᠠᠮᠵᠢᠯᠠᠯᠲᠤ᠌ ᠰᠣᠶᠣᠯ᠎ᠢᠶᠡᠷ᠎ᠢᠶᠡᠨ ᠪᠠᠬᠠᠷᠬᠠᠬᠤ ᠰᠡᠳᠬᠢᠯᠭᠡ᠎ᠶᠢ ᠨᠡᠮᠡᠭᠳᠡᠭᠦᠯᠵᠦ᠍᠂ ᠰᠣᠶᠣᠯ᠎ᠤᠨ ᠢᠲᠡᠭᠡᠯ᠎ᠦᠨ ᠰᠠᠭᠤᠷᠢ᠎ᠶᠢ ᠪᠡᠬᠢᠵᠢᠬᠦᠯᠵᠦ ᠪᠤᠯᠤᠨ᠎ᠠ᠃

2. ᠬᠥᠳᠡᠯᠮᠦᠷᠢ᠎ᠶᠢᠨ ᠬᠥᠮᠦᠵᠢᠯ᠎ᠦᠨ ᠣᠶ᠋ᠢᠯᠠᠭᠠᠭᠳᠠᠬᠤᠨ᠎ᠲᠠᠢ ᠠᠭᠤᠰᠤᠯᠴᠠᠭᠤᠯᠵᠤ᠂ ᠦᠨᠳᠦᠰᠦᠲᠡᠨ᠎ᠦ ᠣᠷᠣᠰᠢᠨ ᠲᠣᠭᠲᠠᠨᠢᠬᠤ ᠣᠶᠤᠨ ᠤᠬᠠᠭᠠᠨ᠎ᠢ ᠰᠦᠪᠡᠭᠴᠢᠯᠡᠨ᠎ᠡ᠃ 《ᠬᠥᠳᠡᠯᠮᠦᠷᠢ ᠪᠣᠯ ᠠᠯᠢᠪᠠ ᠵᠣᠯ ᠵᠢᠷᠭᠠᠯ᠎ᠤᠨ ᠡᠬᠢ ᠪᠤᠯᠠᠭ ᠮᠥᠨ᠂ ᠬᠥᠳᠡᠯᠮᠦᠷᠢ ᠬᠥᠮᠦᠨ᠎ᠦ ᠲᠤᠰ ᠪᠡᠶ᠎ᠡ᠎ᠶᠢ ᠡᠭᠦᠳᠴᠦ᠍᠂ ᠲᠡᠦᠬᠡ᠎ᠶᠢ ᠡᠭᠦᠳᠴᠦ᠍᠂ ᠪᠣᠯᠪᠠᠰᠤᠨ᠎ᠢ ᠡᠭᠦᠳᠦᠨ᠎ᠡ》 ᠭᠡᠵᠦ᠍ ᠶᠠᠷᠤᠩᠬᠡᠢ ᠱᠦᠵᠢ ᠰᠢ ᠵᠢᠨ ᠫᠢᠩ ᠣᠯᠠᠨᠲᠠ ᠴᠢᠬᠤᠯᠠᠴᠢᠯᠠᠭᠰᠠᠨ ᠮᠦᠷᠳᠡᠭᠡᠨ ᠪᠦᠬᠦ᠌ ᠤᠯᠤᠰ᠎ᠤᠨ ᠰᠤᠷᠭᠠᠨ ᠬᠥᠮᠦᠵᠢᠯ᠎ᠦᠨ ᠶᠡᠬᠡ ᠬᠤᠷᠠᠯ ᠳᠡᠭᠡᠷ᠎ᠡ《ᠰᠤᠷᠤᠭᠴᠢᠳ᠎ᠤᠨ ᠳᠤᠮᠳᠠ ᠬᠥᠳᠡᠯᠮᠦᠷᠢ᠎ᠶᠢᠨ ᠵᠣᠷᠢᠭ ᠰᠠᠨᠠᠭ᠎ᠠ᠎ᠶᠢ ᠪᠠᠳᠠᠷᠠᠭᠤᠯᠵᠤ᠂ ᠰᠤᠷᠤᠭᠴᠢᠳ᠎ᠢ ᠬᠥᠳᠡᠯᠮᠦᠷᠢ᠎ᠶᠢ ᠡᠷᠬᠢᠮᠯᠡᠬᠦ᠌ ᠪᠠ ᠬᠦᠨᠳᠦᠳᠬᠡᠬᠦ᠌᠎ᠲᠠᠯ᠎ᠠ ᠪᠡᠷ ᠬᠦᠳᠤᠯᠤᠨ ᠵᠢᠯᠣᠭᠣᠳᠴᠤ᠌᠂ ᠬᠥᠳᠡᠯᠮᠦᠷᠢ ᠬᠠᠮᠤᠭ᠎ᠤᠨ ᠦᠩᠬᠡ ᠬᠡᠷᠡᠯ᠎ᠲᠡᠶ᠂ ᠡᠷᠬᠢᠮ ᠳᠡᠭᠡᠳᠦ᠂ ᠠᠭᠤᠤ ᠶᠡᠬᠡ᠂ ᠦᠵᠡᠰᠬᠦᠯᠡᠩᠲᠦ᠍ ᠰᠠᠶ᠋ᠢᠬᠠᠨ ᠭᠡᠬᠦ᠌ ᠶᠣᠰᠣ᠎ᠶᠢ ᠤᠢ᠌ᠯᠠᠭᠠᠭᠤᠯᠵᠤ᠂ ᠥᠭᠡᠯᠡᠢ ᠪᠣᠯᠤᠭᠰᠠᠨ᠎ᠤ ᠲᠠᠷᠠᠭ᠎ᠠ ᠰᠢᠷᠭᠠᠭᠤ᠂ ᠦᠨᠡᠨᠴᠢ ᠰᠢᠳᠤᠷᠭᠤ᠂ ᠪᠦᠲᠦᠭᠡᠯᠴᠢ᠎ᠪᠡᠷ ᠬᠦᠳᠡᠯᠮᠦᠷᠢᠯᠡᠵᠤ ᠴᠢᠳᠠᠬᠤ ᠪᠣᠯᠭᠠᠬᠤ ᠬᠡᠷᠡᠭᠲᠡᠢ》 ᠭᠡᠵᠦ᠍ ᠬᠥᠳᠡᠯᠮᠦᠷᠢ᠎ᠶᠢᠨ ᠬᠥᠮᠦᠵᠢᠯ᠎ᠦᠨ ᠡᠬᠦᠷᠭᠡ᠎ᠶᠢ ᠲᠣᠳᠣᠷᠬᠠᠶ᠋ᠢᠯᠠᠪᠠ᠃

ᠳᠤᠮᠳᠠᠳᠤ᠎ᠶᠢᠨ ᠦᠨᠳᠦᠰᠦᠲᠡᠨ᠎ᠦ ᠬᠥᠭᠵᠢᠯᠲᠡ᠎ᠶᠢᠨ ᠲᠡᠦᠬᠡ ᠪᠣᠯ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠥᠳᠡᠯᠮᠦᠷᠢ᠎ᠲᠡᠮᠡᠴᠡᠯ᠎ᠦᠨ ᠲᠡᠦᠬᠡ ᠮᠥᠨ᠃ ᠣᠨᠢᠰᠤᠭ᠎ᠠ᠎ᠳᠦ ᠲᠤᠰᠬᠠᠭᠳᠠᠵᠤ ᠪᠠᠶ᠋ᠢᠭ᠎ᠠ ᠬᠥᠳᠡᠯᠮᠦᠷᠢ᠎ᠶᠢᠨ ᠠᠬᠤᠢ ᠪᠠᠶ᠋ᠢᠳᠠᠯ᠂ ᠦᠢᠯᠡᠳᠪᠦᠷᠢᠯᠡᠯ᠎ᠦᠨ ᠠᠷᠭ᠎ᠠ ᠬᠡᠯᠪᠡᠷᠢ᠂ ᠠᠮᠢᠳᠤᠷᠠᠯ᠎ᠤᠨ ᠤᠶᠤᠨ ᠤᠬᠠᠭᠠᠨ᠎ᠢ ᠵᠠᠳᠠᠯᠤᠨ ᠰᠢᠨᠵᠢᠯᠡᠵᠤ᠂ ᠰᠤᠷᠤᠭᠴᠢᠳ᠎ᠲᠤ᠌ ᠬᠥᠳᠡᠯᠮᠦᠷᠢ᠎ᠪᠡᠷ ᠰᠣᠶᠣᠯ᠎ᠢ ᠡᠭᠦᠳᠦᠨ ᠪᠦᠲᠦᠭᠡᠬᠦ᠂ ᠦᠨᠳᠦᠰᠦᠲᠡᠨ᠎ᠦ ᠵᠣᠷᠢᠭ ᠰᠠᠨᠠᠭ᠎ᠠ᠎ᠶᠢ ᠪᠤᠢ ᠪᠣᠯᠭᠠᠬᠤ ᠶᠣᠰᠣ ᠤᠴᠢᠷ᠎ᠢ ᠤᠢ᠌ᠯᠠᠭᠠᠭᠤᠯᠵᠤ᠂ ᠤᠷᠳᠤ ᠬᠤᠭᠤᠴᠠᠭᠠᠨ᠎ᠤ ᠬᠥᠳᠡᠯᠮᠦᠷᠢ᠎ᠶᠢᠨ ᠦᠢᠯᠡᠳᠦᠯᠭᠡ ᠳᠤᠮᠳᠠ ᠪᠦᠷᠢᠯᠳᠦᠭᠦᠯᠦᠭᠰᠡᠨ ᠵᠣᠷᠢᠭ ᠰᠠᠨᠠᠭᠠᠨ᠎ᠤ ᠣᠨᠴᠠᠯᠢᠭ᠂ ᠬᠥᠳᠡᠯᠮᠦᠷᠢ᠎ᠶᠢ ᠬᠦᠨᠳᠦᠳᠬᠡᠬᠦ᠂ ᠬᠠᠶ᠋ᠢᠷᠠᠯᠠᠬᠤ᠂ ᠬᠥᠳᠡᠯᠮᠦᠷᠢ᠎ᠶᠢᠨ ᠤᠶᠤᠨ ᠤᠬᠠᠭᠠᠨ᠎ᠢ ᠡᠷᠬᠢᠮᠯᠡᠬᠦ᠌ ᠵᠥᠪ ᠦᠵᠡᠯᠲᠡ᠎ᠶᠢ ᠪᠤᠢ ᠪᠣᠯᠭᠠᠬᠤ ᠭᠡᠷᠡᠭᠳᠡᠢ᠃ ᠵᠢᠱ᠌ᠢᠶᠡᠯᠡᠪᠡᠯ᠂ ᠢᠰᠡᠭᠡᠢ ᠬᠢᠬᠦ᠌ ᠲᠤᠬᠠᠢ ᠣᠨᠢᠰᠤᠭ᠎ᠠ 《ᠡᠷᠬᠢ ᠳᠡᠭᠡᠬᠦᠷ ᠡᠩ᠎ᠦᠨ ᠨᠠᠭᠠᠳᠤᠮ᠂ ᠡᠭᠡᠴᠢ ᠲᠡᠬᠦᠦ᠎ᠶᠢᠨ ᠬᠥᠯ᠎ᠦᠨ ᠨᠠᠭᠠᠳᠤᠮ᠂ ᠲᠣᠬᠣᠢ ᠲᠡᠭᠡᠬᠦᠷ ᠲᠣᠭᠯᠠᠭᠠᠮ ᠨᠠᠭᠠᠳᠤᠮ᠂ ᠲᠣᠷᠭᠠᠨ ᠪᠥᠰ᠎ᠦᠨ ᠵᠠᠩᠭᠢᠯᠠᠭ᠎ᠠ ᠨᠠᠭᠠᠳᠤᠮ》 ᠵᠢᠡᠷ ᠲᠠᠮᠵᠢᠭᠤᠯᠤᠨ ᠮᠠᠯ᠎ᠤᠨ᠎ᠠᠰᠢᠭ ᠰᠢᠮ᠎ᠡ᠎ᠶᠢ ᠬᠦᠨᠳᠦᠳᠭᠡᠯ ᠲᠡᠢ ᠠᠰᠢᠭᠯᠠᠬᠤ᠂ ᠤᠷ᠎ᠠ ᠤᠬᠠᠭᠠᠨ ᠬᠣᠶᠠᠷ᠎ᠢᠶᠠᠷ᠎ᠢᠶᠠᠨ ᠬᠦᠳᠡᠯᠮᠤᠷᠢ᠎ᠶᠢ ᠨᠠᠭᠠᠳᠤᠮ ᠮᠡᠳᠤ ᠪᠠᠶᠠᠰᠤᠯ ᠲᠡᠢ ᠬᠦᠯᠢᠶᠡᠨ ᠠᠪᠴᠤ᠌ ᠪᠠᠶ᠋ᠢᠭ᠎ᠠ ᠪᠡᠷ ᠲᠤᠬᠠᠢ᠎ᠶᠢᠨ ᠠᠷᠠᠳ ᠲᠦᠮᠡᠨ᠎ᠦ ᠠᠵᠢᠯᠴᠢ ᠬᠦᠳᠡᠯᠮᠤᠷᠢᠴᠢ᠂ ᠬᠥᠳᠡᠯᠮᠦᠷᠢ᠎ᠶᠢ ᠬᠦᠨᠳᠦᠯᠡᠨ ᠬᠠᠶ᠋ᠢᠷᠠᠯᠠᠬᠤ ᠵᠣᠷᠢᠭ ᠰᠠᠨᠠᠭ᠎ᠠ ᠪᠠ ᠦᠵᠡᠯᠲᠡ᠎ᠶᠢ ᠰᠤᠷᠳᠠᠯᠴᠢᠯᠠᠨ ᠤᠬᠠᠭᠤᠯᠵᠤ ᠪᠤᠯᠤᠨ᠎ᠠ᠃

3. ᠦᠵᠡᠯ ᠰᠠᠨᠠᠭ᠎ᠠ ᠤᠯᠤᠰ ᠲᠥᠷᠥ᠎ᠪᠡᠷ ᠬᠥᠮᠦᠨ᠎ᠢ ᠬᠥᠮᠦᠵᠢᠭᠦᠯᠬᠦ᠌ ᠬᠠᠷᠠᠯᠲᠠ᠎ᠶᠢ ᠨᠠᠶ᠋ᠢᠳᠠᠪᠤᠷᠢᠵᠢᠭᠤᠯᠬᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠨ᠎ᠠ᠃ ᠦᠵᠡᠯ ᠰᠠᠨᠠᠭ᠎ᠠ ᠤᠯᠤᠰ ᠲᠥᠷᠥ᠎ᠪᠡᠷ ᠬᠥᠮᠦᠨ᠎ᠢ ᠬᠥᠮᠦᠵᠢᠭᠦᠯᠬᠦ᠌ ᠬᠠᠷᠠᠯᠲᠠ᠎ᠶᠢ ᠨᠠᠶ᠋ᠢᠳᠠᠪᠤᠷᠢᠵᠢᠭᠤᠯᠬᠤ᠎ᠶᠢᠨ ᠭᠤᠤᠯᠳᠠᠯᠭ᠎ᠠ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠳᠤ ᠪᠣᠶ᠃ ᠵᠢᠱ᠌ᠢᠶᠡᠯᠡᠪᠡᠯ 《ᠠᠷᠤ᠎ᠶᠢᠨ ᠠᠭᠤᠯᠠᠨ᠎ᠳᠤ ᠠᠯᠢᠮ᠎ᠠ ᠵᠢᠮᠢᠰ ᠲᠥᠷᠥᠵᠡᠢ᠂ ᠠᠬ᠎ᠠ ᠲᠡᠬᠦᠦ ᠠᠷᠪᠠᠭᠤᠯᠠ ᠣᠴᠢᠭᠠᠳ ᠠᠪᠴᠢᠷᠠᠵᠤ ᠴᠢᠳᠠᠭᠰᠠᠨ ᠦᠭᠡᠢ᠎ᠶᠢ᠂ ᠠᠯᠠᠩᠳᠠᠢ ᠴᠠᠯᠠᠩᠳᠠᠢ ᠬᠣᠶᠠᠭᠤᠯᠠ ᠣᠴᠢᠭᠠᠳ ᠠᠮᠠᠨ᠎ᠳ᠋ᠠᠭᠠᠨ ᠵᠠᠭᠤᠭᠠᠳ ᠢᠷᠡᠪᠡ》ᠭᠡᠬᠦ᠌ ᠣᠨᠢᠰᠤᠭ᠎ᠠ᠎ᠶᠢ ᠲᠠᠭᠠᠬᠤ᠎ᠪᠠᠷ ᠲᠠᠮᠵᠢᠨ ᠰᠤᠷᠤᠭᠴᠢᠳ᠎ᠲᠤ᠌ ᠦᠨᠳᠦᠰᠦᠲᠡᠨ᠎ᠨᠦᠭᠦᠳ᠎ᠦᠨ ᠣᠷᠳᠣ ᠬᠤᠭᠤᠴᠠᠭᠠᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠳᠤᠮᠳᠠ ᠪᠦᠷᠢᠯᠳᠦᠭᠰᠡᠨ ᠰᠣᠶᠣᠯ᠎ᠤᠨ ᠬᠣᠯᠪᠣᠭ᠎ᠠ᠂ ᠬᠠᠶ᠋ᠢᠷ᠎ᠠ ᠰᠡᠳᠬᠢᠯᠭᠡ᠎ᠶᠢᠨ ᠬᠣᠯᠪᠣᠭ᠎ᠠ᠎ᠶᠢ ᠬᠠᠷᠠᠭᠤᠯᠤᠨ᠂ ᠡᠭᠦᠨ᠎ᠢᠶᠠᠷ ᠵᠥᠪ ᠣᠨᠣᠪᠴᠢᠲᠠᠶ ᠦᠨᠳᠦᠰᠦᠲᠡᠨ᠎ᠦ ᠦᠵᠡᠯᠲᠡ᠂ ᠰᠣᠶᠣᠯ᠎ᠤᠨ ᠦᠵᠡᠯᠲᠡ᠎ᠶᠢ ᠪᠣᠶ ᠪᠣᠯᠭᠠᠵᠤ᠂ ᠦᠨᠳᠦᠰᠦᠲᠡᠨ᠎ᠦ ᠪᠦᠯᠬᠦᠮᠳᠡᠯ᠎ᠢ ᠤᠬᠠᠮᠰᠠᠷ᠎ᠠᠴᠠ᠎ᠪᠠᠨ ᠬᠠᠮᠠᠭᠠᠯᠠᠨ᠂ ᠳᠤᠮᠳᠠᠳᠤ᠎ᠶᠢᠨ ᠦᠨᠳᠦᠰᠦᠲᠡᠨ᠎ᠤ ᠬᠠᠷᠢᠶᠠᠯᠠᠯ᠎ᠤᠨ ᠰᠡᠳᠬᠢᠯᠭᠡ ᠪᠠ ᠬᠠᠮᠳᠤ᠎ᠶᠢᠨ ᠲᠠᠨᠢᠯᠲᠠ᠎ᠶᠢᠨ ᠰᠡᠳᠬᠢᠯᠭᠡ ᠵᠢ ᠴᠢᠩᠭᠠᠷᠠᠭᠤᠯᠵᠤ ᠪᠤᠯᠤᠨ᠎ᠠ᠃ 《ᠬᠣᠶᠠᠷ ᠨᠢ ᠬᠣᠯᠠ᠎ᠶᠢ ᠪᠠᠷᠠᠯᠠᠵᠤ᠂ ᠳᠥᠷᠪᠡ ᠨᠢ ᠡᠯᠡᠰᠦ᠎ᠶᠢ ᠲᠠᠪᠠᠵᠤ᠂ ᠨᠢᠭᠡ ᠨᠢ ᠡᠪᠠᠰᠤ ᠬᠠᠮᠤᠵᠤ᠂ ᠨᠢᠭᠡ ᠨᠢ ᠪᠠᠳᠠᠭᠠᠨ᠎ᠠ ᠬᠥᠭᠡᠭᠡᠨ᠎ᠡ》 ᠭᠡᠬᠦ᠌ ᠲᠡᠮᠡᠭᠡᠨ᠎ᠦ ᠪᠥᠬᠥ᠌᠂ ᠬᠥᠯ᠂ ᠠᠮᠠ᠂ ᠰᠡᠬᠦᠯ᠎ᠢ ᠤᠨᠢᠰᠤᠭᠠᠯᠠᠭᠰᠠᠨ ᠣᠨᠢᠰᠤᠭ᠎ᠠ᠎ᠪᠡᠷ ᠦᠨᠳᠦᠰᠦᠳᠡᠨ ᠎ᠨᠦᠭᠥᠳ ᠦ᠋ᠨ ᠬᠠᠷᠢᠴᠠᠭ᠎ᠠ ᠬᠣᠯᠪᠣᠭ᠎ᠠ᠎ᠶᠢ ᠠᠮᠢᠳᠠᠨ᠎ᠤ ᠡᠯ᠎ᠡ ᠡᠷᠭᠡᠳᠡᠨ ᠮᠡᠳᠤ ᠵᠢᠷᠭᠠᠯ ᠵᠣᠪᠠᠯᠠᠩ᠂ ᠠᠯᠳᠠᠷ ᠭᠤᠲᠤᠮᠰᠢᠭ᠂ ᠥᠭᠦᠵᠦ᠍ ᠰᠡᠭᠡᠬᠦ᠌᠎ᠬᠤᠪᠢ ᠵᠠᠶᠠᠭ᠎ᠠ᠎ᠪᠠᠨ ᠬᠠᠮᠲᠤᠳᠬᠠᠭᠰᠠᠨ ᠨᠢᠭᠲᠠ ᠬᠠᠷᠢᠴᠠᠭ᠎ᠠ᠎ᠪᠡᠷ ᠬᠠᠷᠠᠭᠤᠯᠵᠤ᠂ ᠬᠠᠮᠳᠤᠷᠠᠯᠴᠠᠭ᠎ᠠ᠂ ᠪᠦᠯᠬᠦᠮᠳᠡᠯ᠎ᠦᠨ ᠴᠢᠬᠤᠯᠠ ᠴᠢᠨᠠᠷ᠎ᠢ ᠬᠦᠢᠴᠡᠳ ᠰᠤᠷᠳᠠᠯᠴᠢᠯᠠᠵᠤ ᠪᠤᠯᠤᠨ᠎ᠠ᠃

ᠬᠣᠶᠠᠷ᠂ ᠣᠨᠢᠰᠤᠭ᠎ᠠ᠎ᠪᠠᠷ ᠵᠠᠭᠤᠴᠢ ᠪᠣᠯᠭᠠᠵᠤ ᠬᠢᠴᠢᠶᠡᠯ ᠲᠦᠷᠦᠯ᠎ᠦᠨ ᠦᠵᠡᠯ ᠰᠠᠨᠠᠭ᠎ᠠ ᠤᠯᠤᠰ ᠲᠥᠷᠥ᠎ᠶᠢᠨ ᠬᠥᠮᠥᠵᠢᠯ ᠬᠢᠬᠦ᠌ ᠦᠢᠯᠡᠳᠦᠯᠭᠡ᠎ᠶᠢᠨ ᠠᠷᠭ᠎ᠠ ᠵᠠᠮ

ᠶᠡᠬᠡ ᠳᠡᠭᠡᠳᠦ ᠰᠤᠷᠭᠠᠭᠤᠯᠢ᠎ᠶᠢᠨ ᠬᠢᠴᠢᠶᠡᠯ ᠲᠦᠷᠦᠯ᠎ᠦᠨ ᠦᠵᠡᠯ ᠰᠠᠨᠠᠭ᠎ᠠ ᠤᠯᠤᠰ ᠲᠦᠷᠦ᠍ ᠵᠢᠨ ᠬᠥᠮᠥᠵᠢᠯ᠎ᠪᠣᠯ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠶᠢ ᠨᠠᠶ᠋ᠢᠳᠠᠪᠤᠷᠢᠵᠢᠭᠤᠯᠬᠤ ᠵᠠᠩᠭᠢᠯᠠᠭ᠎ᠠ᠎ᠶᠢᠨ ᠠᠷᠭ᠎ᠠ ᠵᠠᠮ ᠮᠥᠨ᠃ ᠣᠨᠢᠰᠤᠭ᠎ᠠ ᠨᠢ ᠤᠯᠠᠮᠵᠢᠯᠠᠯᠲᠤ᠌ ᠰᠣᠶᠣᠯ᠎ᠤᠨ ᠠᠭᠤᠯᠬᠤᠨ ᠪᠣᠯᠤᠨ ᠬᠠᠷᠢᠯᠴᠠᠭᠠᠨ᠎ᠤ ᠰᠢᠨᠵᠢ ᠴᠢᠨᠠᠷ᠎ᠢ ᠬᠠᠳᠠᠭᠠᠯᠠᠭᠰᠠᠨ ᠤᠴᠢᠷ᠎ᠠᠴᠠ ᠲᠡᠭᠦᠨ᠎ᠢᠶᠡᠷ ᠵᠠᠭᠤᠴᠢ ᠪᠣᠯᠭᠠᠨ ᠦᠵᠡᠯ ᠰᠠᠨᠠᠭ᠎ᠠ᠎ᠶᠢ ᠬᠦᠳᠤᠯᠤᠨ ᠵᠢᠯᠣᠭᠣᠳᠴᠤ᠌᠂ ᠰᠣᠶᠣᠯ᠎ᠢ ᠤᠮᠳᠠᠯᠠᠵᠤ᠂ ᠦᠷᠳᠡᠭ᠎ᠤᠨ ᠦᠵᠡᠯ᠎ᠢ ᠱᠤᠭᠤᠬᠤ ᠭᠤᠷᠪᠠ᠎ᠶᠢ ᠴᠤᠭᠴᠠᠵᠢᠭᠤᠯᠤᠭᠰᠠᠨ ᠬᠥᠮᠦᠨ ᠬᠥᠮᠦᠵᠢᠭᠦᠯᠬᠦ᠌ ᠬᠠᠷᠠᠯᠲᠠ᠎ᠶᠢ ᠪᠡᠶᠡᠯᠡᠭᠦᠯᠵᠦ᠍᠂ ᠤᠶᠤᠲᠠᠳ᠎ᠤᠨ ᠬᠦᠰᠡᠯᠡᠩ ᠢᠲᠡᠭᠡᠯ᠎ᠢ ᠨᠢ ᠪᠠᠲᠤᠳᠬᠠᠵᠤ᠂ ᠴᠠᠭ ᠦᠶ᠎ᠡ᠎ᠶᠢᠨ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠭᠦᠯᠵᠦ᠍ ᠴᠢᠳᠠᠨ᠎ᠠ᠃

1. ᠣᠨᠢᠰᠤᠭ᠎ᠠ ᠶ᠋ᠢᠨ ᠠᠭᠤᠯᠬᠤᠨ ᠬᠢᠬᠡᠳ ᠦᠵᠡᠯ ᠰᠠᠨᠠᠭ᠎ᠠ ᠤᠯᠤᠰ ᠲᠥᠷᠥ᠎ᠪᠡᠷ ᠬᠥᠮᠦᠨ᠎ᠢ ᠬᠥᠮᠦᠵᠢᠭᠦᠯᠬᠦ᠌᠎ᠶᠢᠨ ᠳᠣᠲᠣᠭᠠᠳᠤ ᠤᠶᠠᠯᠳᠤᠯ᠎ᠤᠨ ᠦᠢᠯᠡᠳᠦᠯ᠎ᠢ ᠪᠠᠳᠠᠷᠠᠭᠤᠯᠤᠶ᠎ᠠ᠃ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠶ᠋ᠢᠭᠡᠮ ᠵᠢᠷᠤᠮ᠎ᠤᠨ ᠦᠵᠡᠯ ᠰᠠᠨᠠᠭᠠᠨ᠎ᠤ ᠰᠢᠰᠲ᠋ᠧᠮ᠎ᠤᠨ ᠠᠭᠤᠯᠭ᠎ᠠ᠎ᠶᠢ ᠰᠤᠷᠤᠭᠴᠢᠳ᠎ᠲᠤ᠌ ᠡᠵᠡᠮᠰᠢᠬᠦᠯᠬᠦ᠌᠎ᠳᠦ ᠠᠮᠢᠳᠤᠯᠢᠭ ᠪᠥᠭᠡᠳ ᠬᠢᠯᠪᠠᠷ ᠤᠢᠯᠠᠭᠠᠮᠵᠢᠳᠠᠢ ᠪᠠᠢᠯᠭᠠᠬᠤ ᠴᠢᠬᠤᠯᠠ ᠲᠠᠢ᠃ ᠣᠨᠢᠰᠤᠭ᠎ᠠ᠎ᠨᠢ ᠲᠣᠪᠴᠢ ᠠᠪᠰᠠᠷᠬᠠᠨ᠎ᠢᠶᠠᠷ ᠴᠢᠬᠤᠯᠠ ᠠᠭᠤᠯᠭ᠎ᠠ᠎ᠶᠢ ᠲᠤᠰᠬᠠᠵᠤ᠂ 《ᠳᠤᠮᠳᠠᠳᠤ᠎ᠶᠢᠨ ᠵᠡᠭᠦᠳᠦ》᠂ 《ᠠᠮᠢ ᠠᠬᠤᠶ᠎ᠶᠢᠨ ᠪᠣᠯᠪᠠᠰᠤᠨ》 ᠵᠡᠷᠭᠡ ᠬᠡᠶ᠋ᠢᠰᠪᠦᠷᠢ ᠣᠨᠣᠯ᠎ᠢ ᠰᠡᠳᠬᠢᠭᠦᠰᠢᠲᠡᠶ᠂ ᠰᠣᠨᠢᠷᠬᠠᠯᠲᠤ᠌ ᠢᠯᠡᠷᠬᠡᠶ᠋ᠢᠯᠡᠯ ᠪᠣᠯᠭᠠᠨ ᠬᠤᠪᠢᠷᠠᠭᠤᠯᠵᠤ᠂ ᠣᠨᠣᠯ᠎ᠢ ᠣᠶ᠋ᠢᠯᠠᠭᠠᠬᠤ ᠳ᠋ᠦ᠍ ᠦᠢᠯᠡᠳᠦᠯ ᠦᠵᠡᠬᠦᠯᠬᠦ᠌ ᠪᠣᠯᠣᠨ᠎ᠠ᠃ ᠵᠢᠱ᠌ᠢᠶᠡᠯᠡᠪᠡᠯ᠂ 《ᠤᠷᠠᠨ ᠲᠠᠷᠬᠠᠨ᠎ᠤ ᠲᠡᠮᠤᠷ᠎ᠤᠨ ᠦᠭᠡᠳᠡᠰᠤ᠂ ᠤᠷᠠᠨ ᠪᠦᠰᠡᠭᠦᠢ᠎ᠶᠢᠨ ᠬᠠᠶ᠋ᠢᠴᠢ᠎ᠶᠢᠨ ᠭᠡᠭᠡᠳᠡᠰᠤ᠂ ᠠᠭᠤᠯᠠ᠎ᠶᠢᠨ ᠴᠢᠯᠠᠭᠤᠯᠢᠭ᠎ᠤᠨ ᠡᠷᠳᠡᠨᠢ᠎ᠶᠢᠨ ᠭᠡᠰᠡᠭ᠂ ᠤᠷᠭᠤᠮᠠᠯ ᠡᠪᠡᠰᠤᠨ᠎ᠤ ᠨᠠᠷᠢᠨ ᠰᠢᠷᠭᠡᠭ》 ᠭᠡᠬᠦ᠌ ᠪᠠᠶ᠋ᠢᠭᠠᠯᠢᠯᠢᠭ ᠠᠷᠭ᠎ᠠ᠎ᠪᠠᠷ ᠭᠠᠯ ᠭᠠᠷᠭᠠᠳᠠᠭ ᠬᠡᠲᠡ᠎ᠶᠢᠨ ᠲᠤᠬᠠᠢ ᠣᠨᠢᠰᠤᠭ᠎ᠠ ᠨᠢ ᠮᠤᠩᠭᠤᠯᠴᠣᠳ᠎ᠤᠨ ᠡᠬᠡ ᠪᠠᠶ᠋ᠢᠭᠠᠯᠢ᠎ᠶᠢ ᠬᠠᠶ᠋ᠢᠷᠠᠯᠠᠬᠤ᠂ ᠡᠬᠡ ᠪᠠᠶ᠋ᠢᠭᠠᠯᠢ᠎ᠲᠠᠶ ᠵᠣᠬᠢᠴᠠᠬᠤ 《ᠠᠮᠢ ᠠᠬᠤᠶ᠎ᠶᠢᠨ ᠪᠣᠯᠪᠠᠰᠤᠨ》 ᠵᠢᠴᠢ ᠤᠯᠤᠰ ᠣᠷᠣᠨ᠎ᠢᠶᠠᠨ ᠪᠠᠶᠠᠨ ᠬᠦᠴᠦᠷᠭᠡᠭ ᠪᠣᠯᠭᠠᠨ ᠬᠦᠭᠵᠢᠬᠦᠯᠬᠦ᠌ ᠦᠢᠯᠡᠳᠦᠯᠭᠡ᠎ᠶᠢᠨ ᠢᠯᠡᠷᠡᠯ ᠪᠣᠯᠬᠤ ᠶᠤᠮ᠃ ᠣᠨᠢᠰᠤᠭ᠎ᠠ᠎ᠪᠠᠷ ᠬᠥᠭᠥᠷᠭᠡ ᠪᠣᠯᠭᠠᠵᠤ᠂ ᠰᠢᠨ᠎ᠡ ᠦᠵᠡᠯ ᠰᠠᠨᠠᠭ᠎ᠠ᠎ᠶᠢ ᠦᠨᠳᠦᠰᠦᠲᠡᠨ᠎ᠦ ᠰᠣᠶᠣᠯ᠎ᠤᠨ ᠤᠬᠢ ᠱᠦᠯᠳᠤ᠎ᠲᠡᠶ ᠠᠭᠤᠰᠤᠯᠴᠠᠭᠤᠯᠵᠤ᠂ ᠦᠵᠡᠯ ᠰᠠᠨᠠᠭᠠᠨ᠎ᠤ ᠲᠡᠦᠬᠡ᠎ᠶᠢᠨ ᠦᠨᠳᠦᠰᠦ ᠰᠠᠭᠤᠷᠢ ᠪᠣᠯᠤᠨ ᠦᠢᠯᠡᠳᠦᠯᠭᠡ᠎ᠶᠢᠨ ᠠᠤᠭ᠎ᠠ ᠬᠦᠴᠦᠨ᠎ᠢ ᠣᠶ᠋ᠢᠯᠠᠭᠠᠭᠤᠯᠬᠤ ᠪᠤᠯᠤᠨ᠎ᠠ᠃ 《ᠪᠣᠰᠣᠨ ᠪᠣᠰᠣᠨ ᠪᠣᠷᠣ ᠲᠠᠭ᠎ᠠ᠎ᠪᠠᠨ ᠵᠠᠶ᠋ᠢᠳᠠᠯᠠᠨ᠎ᠠ》 ᠭᠡᠳᠡᠭ ᠪᠣᠱᠣᠭ᠎ᠠ᠎ᠶᠢᠨ ᠲᠤᠬᠠᠢ ᠣᠨᠢᠰᠤᠭ᠎ᠠ᠎ᠪᠠᠷ ᠲᠤᠮᠳᠠᠳᠤ᠎ᠶᠢᠨ ᠦᠨᠳᠦᠰᠦᠳᠡᠨ᠎ᠤ ᠵᠠᠩ ᠦᠢᠯᠡ᠎ᠳᠦ ᠪᠠᠶ᠋ᠢᠳᠠᠭ ᠡᠬᠦᠳᠡᠨ ᠪᠣᠱᠣᠭ᠎ᠠ᠎ᠶᠢ ᠭᠢᠰᠬᠢᠵᠦ᠍ ᠪᠣᠯᠳᠠᠭ ᠦᠭᠡᠢ ᠬᠡᠬᠦ᠌ ᠴᠡᠭᠡᠷ᠎ᠦᠨ ᠲᠤᠬᠠᠢ ᠶᠠᠷᠢᠯᠴᠠᠭᠤᠯᠵᠤ᠂ ᠴᠥᠭᠡᠨ ᠲᠣᠭᠠᠲᠤ᠌ ᠦᠨᠳᠦᠰᠦᠲᠡᠨ᠎ᠦ ᠠᠷᠠᠳ᠎ᠤᠨ ᠠᠮᠠᠨ ᠵᠣᠬᠢᠶᠠᠯ᠎ᠤᠨ ᠰᠣᠨᠢᠷᠬᠠᠯᠲᠤ᠌ ᠴᠢᠨᠠᠷ᠎ᠢ ᠮᠡᠳᠡᠷᠡᠭᠦᠯᠵᠦ᠍᠂ ᠰᠣᠶᠣᠯ᠎ᠤᠨ ᠢᠲᠡᠭᠡᠯ᠎ᠦᠨ ᠰᠠᠭᠤᠷᠢ᠎ᠶᠢ ᠪᠡᠬᠢᠵᠢᠬᠦᠯᠵᠦ ᠪᠤᠯᠬᠤ ᠶᠤᠮ᠃ ᠣᠨᠢᠰᠤᠭ᠎ᠠ᠎ᠶᠢ ᠦᠷᠢᠰᠦᠯᠳᠦᠨ ᠲᠠᠭᠠᠬᠤ᠂ ᠬᠠᠮᠲᠤ᠎ᠪᠠᠷ ᠰᠡᠳᠬᠢᠬᠦ᠂ ᠰᠤᠳᠤᠯᠤᠨ ᠶᠠᠷᠢᠯᠴᠠᠬᠤ ᠵᠡᠷᠭᠡ ᠰᠣᠷᠣᠯᠴᠠᠬᠤ ᠭᠡᠯᠪᠡᠷᠢ ᠪᠠᠷ ᠰᠤᠷᠤᠭᠴᠢᠳ᠎ᠤᠨ ᠬᠠᠶ᠋ᠢᠨ ᠰᠦᠪᠡᠭᠴᠢᠯᠡᠬᠦ᠂ ᠦᠵᠡᠯᠲᠡ᠎ᠪᠡᠨ ᠢᠯᠡᠳᠬᠡᠬᠦ᠌᠎ᠶᠢ ᠵᠣᠷᠢᠭᠵᠢᠭᠤᠯᠵᠤ᠂ 《ᠰᠠᠨᠠᠭᠠᠴᠢᠯᠠᠭ᠎ᠠ ᠦᠭᠡᠢ ᠰᠣᠨᠣᠰᠬᠤ》 ᠡᠴᠡ 《ᠰᠠᠨᠠᠭᠠᠴᠢᠯᠠᠭ᠎ᠠ ᠡᠴᠠ᠎ᠪᠠᠨ ᠤᠬᠠᠬᠤ》 ᠲᠡᠶ᠋ᠢᠰᠢ ᠬᠤᠪᠢᠷᠠᠭᠤᠯᠬᠤ᠎ᠶᠢ ᠪᠡᠶᠡᠯᠡᠭᠦᠯᠵᠦ᠍᠂ ᠬᠢᠴᠢᠶᠡᠯ ᠲᠦᠷᠦᠯ᠎ᠦᠨ ᠦᠵᠡᠯ ᠰᠠᠨᠠᠭ᠎ᠠ ᠤᠯᠤᠰ ᠲᠦᠷᠦ᠎ᠶᠢᠨ ᠲᠠᠲᠠᠬᠤ ᠬᠦᠴᠦᠨ ᠪᠠ ᠪᠦᠳᠦᠮᠵᠢᠳᠤ ᠴᠢᠨᠠᠷ᠎ᠢ ᠲᠡᠭᠡᠭᠰᠢᠯᠡᠬᠦᠯᠵᠦ ᠪᠤᠯᠬᠤ ᠶᠤᠮ᠃

2. ᠣᠨᠢᠰᠤᠭ᠎ᠠ ᠲᠠᠭᠠᠬᠤ ᠠᠷᠭ᠎ᠠ ᠵᠢ ᠠᠰᠢᠭᠯᠠᠵᠤ ᠦᠵᠡᠯ ᠰᠠᠨᠠᠭ᠎ᠠ᠎ᠪᠠᠷ ᠬᠥᠮᠦᠨ᠎ᠢ ᠬᠥᠮᠦᠵᠢᠭᠦᠯᠬᠦ᠌ ᠬᠢᠴᠢᠶᠡᠯ᠎ᠦᠨ ᠲᠠᠩᠬᠢᠮ᠎ᠤᠨ ᠪᠠᠶ᠋ᠢᠭᠤᠯᠤᠯᠲᠠ ᠶ᠋ᠢ ᠪᠡᠶᠡᠯᠡᠬᠦᠯᠦᠶ᠎ᠡ᠃ 《ᠡᠩ ᠬᠠᠷ᠎ᠠ ᠪᠠᠷ ᠡᠭᠡᠳᠡᠬᠦᠯᠦᠭᠡᠳ᠂ ᠡᠷᠳᠡᠨᠢ᠎ᠶᠢᠨ ᠨᠠᠪᠴᠢ ᠪᠠᠷ ᠲᠠᠷᠤᠭᠤᠯᠪᠠ᠂ ᠴᠤᠯᠭᠤᠢ ᠴᠠᠭᠠᠨ᠎ᠢᠶᠠᠷ ᠥᠩᠭᠡᠯᠡᠭᠡᠳ᠂ ᠴᠥᠴᠥᠭᠡᠢ᠎ᠶᠢᠨ ᠰᠢᠷ᠎ᠠ ᠪᠠᠷ ᠴᠠᠪᠠᠤᠳᠠᠪᠠ》 ᠭᠡᠳᠡᠭ ᠤᠰᠤ᠂ ᠴᠠᠢ᠂ ᠰᠦ᠂ ᠰᠢᠷ᠎ᠠ ᠲᠣᠰᠣ ᠵᠢ ᠢᠯᠡᠳᠭᠡᠭᠰᠡᠨ ᠣᠨᠢᠰᠤᠭ᠎ᠠ ᠳ᠋ᠤ ᠡᠮᠦᠨᠡᠲᠦ᠍ ᠣᠷᠣᠨ᠎ᠤ ᠴᠠᠢ ᠪᠣᠯᠤᠨ ᠲᠠᠯ᠎ᠠ ᠨᠤᠲᠤᠭ᠎ᠤᠨ ᠰᠦ ᠠᠭᠤᠰᠤᠯᠴᠠᠨ ᠬᠠᠮᠲᠤ᠌ ᠣᠷᠣᠰᠢᠬᠤ ᠪᠣᠯ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭᠠᠨ᠎ᠤ ᠠᠮᠢᠳᠤᠯᠢᠭ ᠦᠢᠯᠡᠳᠦᠯᠭᠡ ᠪᠠᠶ᠋ᠢᠵᠤ᠂ ᠰᠢᠨ᠎ᠡ ᠴᠠᠭ ᠦᠶ᠎ᠡ᠎ᠶᠢᠨ ᠲᠦᠷᠦ᠎ᠶᠢ ᠵᠠᠰᠠᠬᠤ ᠳᠤᠬᠠᠢ ᠠᠭᠤᠯᠭ᠎ᠠ᠎ᠶᠢ ᠢᠯᠡᠷᠡᠭᠦᠯᠵᠡᠢ᠃ ᠴᠠᠢ ᠰᠦ᠎ᠶᠢᠨ ᠠᠭᠤᠰᠤᠯᠴᠠᠯ ᠪᠣᠯ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠶᠢᠨ ᠭᠡᠷᠡᠴᠢ ᠮᠥᠨ᠃ ᠰᠦ᠎ᠲᠡᠶ ᠴᠠᠶ ᠮᠡᠳᠦ᠎ᠶᠢᠨ ᠦᠨᠳᠦᠰᠦᠲᠡᠨ᠎ᠨᠦᠭᠦᠳ᠎ᠦᠨ ᠬᠠᠮᠲᠤ᠎ᠪᠠᠷ ᠡᠳ᠋ᠯᠡᠬᠦ᠌ ᠰᠣᠶᠣᠯ᠎ᠤᠨ ᠲᠡᠮᠳᠡᠭ ᠪᠣᠯᠤᠭᠰᠠᠨ ᠪᠤᠳᠠᠳᠤ ᠵᠦᠢᠯ᠎ᠢᠶᠡᠷ ᠵᠢᠱ᠌ᠢᠶ᠎ᠡ ᠪᠣᠯᠭᠠᠵᠤ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠬᠦ᠌ ᠣᠶ᠋ᠢᠯᠠᠭᠠᠭᠳᠠᠬᠤᠨ᠎ᠢ ᠦᠢᠯᠡᠳᠦᠯᠭᠡᠵᠢᠬᠦᠯᠵᠤ᠂ ᠦᠨᠳᠦᠰᠦᠲᠡᠨ᠎ᠦ ᠠᠭᠤᠰᠤᠯᠴᠠᠯ᠎ᠢ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠰᠠᠭᠤᠷᠢ᠎ᠶᠢ ᠪᠡᠬᠢᠵᠢᠭᠦᠯᠵᠦ᠍᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠬᠠᠮᠲᠤᠷᠠᠯ ᠬᠦᠴᠦᠨ᠎ᠢ ᠨᠢᠭᠳᠠᠷᠠᠭᠤᠯᠵᠤ ᠪᠤᠯᠤᠨ᠎ᠠ᠃

ᠣᠨᠢᠰᠤᠭ᠎ᠠ᠎ᠪᠠᠷ ᠵᠠᠭᠤᠴᠢ ᠪᠣᠯᠭᠠᠨ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠤᠯᠠᠮᠵᠢᠯᠠᠵᠤ ᠪᠠᠶ᠋ᠢᠭ᠎ᠠ ᠪᠣᠯ ᠲᠥᠪ ᠶᠣᠰᠣ᠎ᠶᠢ ᠪᠠᠷᠢᠮᠲᠠᠯᠠᠨ ᠰᠢᠨ᠎ᠡ᠎ᠶᠢ ᠡᠭᠦᠳᠬᠦ᠌ ᠬᠢᠴᠢᠶᠠᠯ ᠲᠦᠷᠤᠯ᠎ᠤᠨ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠦᠨ ᠰᠦᠪᠡᠭᠴᠢᠯᠡᠯ ᠮᠥᠨ᠃ ᠨᠠᠮ᠎ᠤᠨ ᠰᠢᠨ᠎ᠡ᠎ᠡᠬᠦᠳᠦᠯᠳᠡ ᠵᠢᠨ ᠤᠨᠤᠯ᠎ᠢᠶᠠᠷ ᠰᠦᠭ ᠰᠦᠨᠡᠰᠦ᠎ᠶᠢ ᠱᠤᠭᠤᠵᠤ ᠬᠥᠮᠦᠨ᠎ᠢ ᠬᠥᠮᠦᠵᠢᠭᠦᠯᠬᠦ᠌ ᠦᠨᠳᠦᠰᠦᠨ ᠴᠢᠭᠯᠡᠯ᠎ᠢ ᠰᠠᠬᠢᠵᠤ᠂ ᠵᠠᠯᠠᠭᠤᠴᠤᠳ᠎ᠤᠨ ᠭᠤᠸ᠎ᠠ ᠰᠠᠶ᠋ᠢᠬᠠᠨ᠎ᠤ ᠲᠠᠭᠠᠰᠢᠶᠠᠯ ᠪᠣᠯᠤᠨ ᠰᠤᠷᠤᠯᠴᠠᠯᠭ᠎ᠠ᠎ᠶᠢᠨ ᠳᠠᠳᠬᠠᠯ᠎ᠲᠠᠶ ᠨᠡᠶ᠋ᠢᠴᠡᠭᠦᠯᠵᠦ᠍᠂ ᠤᠨᠤᠯ᠎ᠤᠨ ᠬᠥᠮᠦᠵᠢᠯ᠎ᠢ ᠬᠠᠯᠠᠭᠤᠨ ᠳᠤᠯᠠᠭᠠᠨ᠂ ᠠᠮᠢᠵᠢᠷᠠᠯ᠎ᠤᠨ ᠬᠦᠴᠦᠨ᠎ᠲᠡᠶ᠂ ᠦᠷ᠎ᠡ ᠪᠦᠲᠦᠮᠵᠢ᠎ᠲᠡᠶ ᠪᠤᠯᠭᠠᠵᠤ ᠪᠤᠯᠬᠤ ᠶᠤᠮ᠃

(ᠵᠤᠬᠢᠶᠠᠭᠴᠢ ᠵᠢᠨ ᠬᠠᠶᠢᠭ᠄ ᠬᠦᠬᠡᠬᠤᠳᠠ ᠦᠨᠳᠤᠰᠤᠳᠠᠨ᠎ᠤ ᠲᠡᠬᠡᠳᠤ ᠰᠤᠷᠭᠠᠭᠤᠯᠢ ᠵᠢᠨ ᠮᠤᠩᠭᠤᠯ ᠰᠤᠳᠤᠯᠤᠯ᠎ᠤᠨ ᠲᠡᠬᠡᠳᠤ ᠰᠤᠷᠭᠠᠭᠤᠯᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号