ᠪᠢᠴᠢᠯ ᠰᠢᠭᠦᠮᠵᠢ
2026-06-01 10:33:37
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ ᠲᠥᠪ᠎ᠦᠨ ᠠᠶᠤᠯ ᠦᠭᠡᠢ ᠦᠢᠯᠡᠳᠪᠦᠷᠢᠯᠡᠯ᠎ᠦᠨ ᠬᠢᠨᠠᠨ ᠰᠢᠯᠭᠠᠵᠤ ᠲᠣᠭᠣᠷᠢᠨ ᠪᠠᠢᠴᠠᠭᠠᠬᠤ ᠳᠤᠭᠤᠢᠯᠠᠩ᠎ᠤᠨ ᠠᠷᠪᠠᠨ ᠨᠢᠭᠡᠳᠦᠭᠡᠷ ᠳᠤᠭᠤᠢᠯᠠᠩ ᠾᠧᠪᠧᠢ ᠮᠤᠵᠢ᠎ᠶᠢᠨ ᠪᠦᠦ ᠳ᠋ᠢᠩ ᠬᠣᠲᠠ᠂ ᠴᠢᠨ ᠬᠤᠸᠠᠩ ᠳ᠋ᠣᠣ ᠬᠣᠲᠠ᠎ᠶᠢᠨ ᠦᠢᠯᠡᠳᠪᠦᠷᠢ ᠬᠤᠳᠠᠯᠳᠤᠭ᠎ᠠ᠂ ᠭᠠᠯ ᠰᠡᠷᠭᠡᠢᠯᠡᠵᠦ ᠭᠠᠯ ᠤᠨᠲᠠᠷᠠᠭᠠᠬᠤ᠂ ᠪᠠᠷᠢᠯᠭ᠎ᠠ᠎ᠶᠢᠨ ᠭᠠᠵᠠᠷ ᠵᠡᠷᠭᠡ ᠭᠣᠣᠯᠳᠠᠯᠭ᠎ᠠ᠎ᠲᠠᠢ ᠠᠵᠢᠯ ᠲᠥᠷᠥᠯ᠎ᠦᠨ ᠬᠦᠷᠢᠶᠡᠨ᠎ᠳᠡᠬᠢ ᠠᠵᠤ ᠠᠬᠤᠢᠯᠠᠯ᠎ᠳᠤ ᠭᠦᠨᠵᠡᠭᠡᠢᠷᠡᠨ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠪᠠ᠃ ᠬᠣᠯᠪᠣᠭᠳᠠᠯ ᠪᠦᠬᠦᠢ ᠬᠥᠮᠥᠰ ᠨᠢᠭᠡᠨ ᠲᠦᠷᠦᠯ ᠵᠦᠢᠯ᠎ᠦᠨ ᠪᠠᠷᠢᠯᠭ᠎ᠠ᠎ᠶᠢᠨ ᠲᠤᠬᠠᠢ᠎ᠶᠢᠨ ᠲᠠᠯᠠᠪᠠᠢ᠎ᠳᠤ᠂ ᠭᠤᠷᠪᠠᠨ ᠰᠤᠪᠤᠷᠭᠠᠨ ᠬᠡᠯᠪᠡᠷᠢᠲᠦ ᠡᠷᠭᠦᠭᠦᠷ ᠮᠠᠰᠢᠨ᠎ᠢ ᠬᠡᠷᠡᠭᠯᠡᠬᠦ ᠭᠠᠷ ᠭᠦᠢᠴᠡᠳᠬᠡᠯ ᠬᠢᠭᠰᠡᠨ ᠦᠭᠡᠢ᠎ᠶᠢ ᠣᠯᠵᠤ ᠮᠡᠳᠡᠭᠡᠳ 《ᠡᠢᠮᠦ ᠥᠨᠳᠥᠷ ᠰᠤᠪᠤᠷᠭᠠᠨ ᠬᠡᠯᠪᠡᠷᠢᠳᠦ ᠡᠷᠬᠦᠬᠦᠷ ᠮᠠᠰᠢᠨ᠎ᠢ ᠭᠠᠷ ᠭᠦᠢᠴᠡᠳᠬᠡᠯ ᠬᠢᠭᠰᠡᠨ ᠦᠬᠡᠢ ᠬᠡᠷᠡᠭᠯᠡᠵᠦ ᠪᠠᠢᠨ᠎ᠠ᠂ ᠲᠠᠨ᠎ᠦ ᠬᠠᠷᠢᠶᠠᠲᠤ ᠣᠷᠣᠨ᠎ᠤ ᠬᠠᠮᠢᠶ᠎ᠠ ᠪᠦᠬᠦᠢ ᠬᠠᠷᠢᠭᠤᠴᠠᠯᠭᠠᠲᠠᠨ ᠣᠯᠵᠤ ᠦᠵᠡᠬᠰᠡᠨ ᠦᠭᠡᠢ ᠭᠡᠵᠢ ᠦᠦ? ᠪᠠᠢᠴᠠᠭᠠᠬᠰᠠᠨ ᠦᠭᠡᠢ ᠬᠡᠵᠢ ᠦᠦ?》ᠬᠡᠵᠦ ᠲᠣᠭᠣᠷᠢᠨ ᠪᠠᠢᠴᠠᠭᠠᠬᠤ ᠳᠤᠭᠤᠢᠯᠠᠩ᠎ᠤᠨ ᠲᠤᠰᠬᠠᠢ ᠮᠡᠷᠭᠡᠵᠢᠯᠲᠡᠨ ᠲᠤᠬᠠᠢ᠎ᠶᠢᠨ ᠲᠠᠯᠠᠪᠠᠢ᠎ᠳᠤ ᠲᠤᠯᠭᠠᠨ ᠠᠰᠠᠭᠤᠬᠰᠠᠨ ᠪᠠᠢᠨ᠎ᠠ᠃

ᠦᠨᠡᠯᠡᠯᠳᠡ᠄ 《ᠣᠯᠵᠤ ᠦᠵᠡᠭᠰᠡᠨ ᠦᠬᠡᠢ ᠬᠡᠵᠢ᠎ᠦᠦ?  ᠪᠠᠢᠴᠠᠭᠠᠬᠰᠠᠨ ᠦᠭᠡᠢ ᠬᠡᠵᠢ ᠦᠦ?》 ᠭᠡᠬᠦ ᠠᠰᠠᠭᠤᠯᠲᠠ ᠨᠢ ᠠᠶᠤᠯᠭᠦᠢ ᠦᠢᠯᠡᠳᠪᠦᠷᠢᠯᠡᠯ᠎ᠦᠨ ᠬᠢᠨᠠᠯᠲᠠ ᠬᠠᠮᠢᠶᠠᠷᠤᠯᠲᠠ ᠳᠤᠮᠳᠠᠬᠢ ᠬᠡᠯᠪᠡᠷᠢᠴᠢ ᠦᠵᠡᠯ᠎ᠢ ᠢᠯᠡᠷᠡᠬᠦᠯᠪᠡ᠃  ᠴᠢᠩᠭ᠎ᠠ ᠪᠠᠢᠴᠠᠭᠠᠨ ᠴᠢᠩᠭ᠎ᠠ ᠬᠠᠮᠢᠶᠠᠷᠪᠠᠯ ᠰᠠᠶᠢ ᠠᠮᠤᠷ ᠲᠦᠪᠰᠢᠨ᠎ᠦ ᠳᠦᠷᠢᠮ᠎ᠢ ᠨᠠᠢᠳᠠᠪᠤᠷᠢᠵᠢᠭᠤᠯᠵᠤ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号