ᠤᠢᠷ᠎ᠠ ᠳ᠋ᠤ᠂ ᠬᠠᠲᠤᠨ ᠭᠣᠤᠯ ᠤ᠋ᠨ ᠶᠡᠭᠡ ᠳᠤᠬᠤᠢ ᠵᠢᠨ ᠤᠷᠤᠨ ᠡᠴᠡ ᠬᠣᠷᠴᠢᠨ ᠤ᠋ ᠡᠯᠡᠰᠦᠷᠬᠡᠭ ᠭᠠᠵᠠᠷ ᠬᠦᠷᠲᠡᠯ᠎ᠡ᠂ ᠬᠤᠯᠠᠨ ᠰᠢᠷᠭ᠎ᠠ ᠳᠠᠭ᠎ᠠ ᠵᠢᠨ ᠥᠷᠥᠴᠡ ᠡᠴᠡ ᠪᠠᠳᠠᠶ ᠵᠢᠨ ᠵᠢᠷᠠᠨ ᠤ᠋ ᠵᠠᠬ᠎ᠠ ᠬᠦᠷᠲᠡᠯ᠎ᠡ᠂ ᠥᠪᠥᠷ ᠮᠣᠩᠭᠣᠯ ᠤ᠋ᠨ ᠡᠯ᠎ᠡ ᠭᠠᠵᠠᠷ ᠤ᠋ᠨ ᠬᠢᠨ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠪᠡᠯᠭᠡ ᠲᠡᠮᠳᠡᠭ ᠤ᠋ᠨ ᠴᠢᠨᠠᠷᠲᠠᠶ ᠲᠥᠷᠥᠯ ᠵᠦᠢᠯ ᠢ᠋ ᠢᠳᠡᠪᠬᠢᠳᠠᠢ ᠠᠬᠢᠭᠤᠯᠵᠤ ᠪᠤᠢ᠃ ᠥᠪᠥᠷ ᠮᠣᠩᠭᠣᠯ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠬᠥᠭᠵᠢᠭᠦᠯᠬᠦ ᠵᠢ ᠪᠠᠷᠢᠮᠲᠠᠯᠠᠵᠤ᠂ ᠠᠮᠢ ᠠᠬᠤᠢ ᠵᠢᠨ ᠪᠦᠳᠦᠬᠡᠨ ᠪᠠᠢᠭᠤᠯᠤᠯᠲᠠ ᠵᠢ ᠠᠵᠤ ᠦᠢᠯᠡᠰ ᠤ᠋ᠨ ᠳᠡᠰ ᠳᠡᠪᠰᠢᠬᠦ᠂ ᠠᠷᠠᠳ ᠤ᠋ᠨ ᠠᠮᠢᠳᠤᠷᠠᠯ ᠤ᠋ᠨ ᠰᠠᠢᠵᠢᠷᠠᠯᠲᠠ ᠲᠠᠶ ᠠᠭᠤᠰᠤᠯᠴᠠᠭᠤᠯᠤᠨ ᠵᠠᠰᠠᠯᠲᠠ ᠬᠢᠵᠤ᠂ ᠡᠯᠡᠰᠦ ᠮᠠᠩᠬᠠᠨ ᠳ᠋ᠤ ᠨᠤᠮᠢᠨ ᠨᠤᠭᠤᠭᠠᠨ ᠤᠷᠳᠤ ᠴᠠᠭᠠᠨ ᠬᠡᠷᠡᠮ ᠢ᠋ ᠪᠠᠳᠤ ᠴᠤᠭᠴᠠᠯᠠᠵᠤ᠂ ᠠᠮᠢᠵᠢᠷᠠᠯ ᠪᠢᠯᠬᠠᠭᠰᠠᠨ ᠠᠮᠢ ᠠᠬᠤᠢ ᠵᠢᠨ ᠵᠢᠷᠤᠭ ᠢ᠋ ᠵᠢᠷᠤᠭᠯᠠᠨ᠎ᠠ᠃
1.23 ᠳ᠋ᠦᠩᠰᠢᠭᠤᠷ ᠮᠦ᠍
ᠠᠮᠢ ᠠᠬᠤᠶ ᠵᠢᠨ ᠪᠥᠲᠥᠭᠡᠨ ᠪᠠᠢᠭᠤᠯᠤᠯᠲᠠ ᠵᠢ ᠪᠠᠶᠠᠯᠡᠬᠦᠯᠪᠠ
ᠥᠪᠥᠷ ᠮᠣᠩᠭᠣᠯ ᠪᠣᠯ ᠪᠦᠬᠦ ᠤᠯᠤᠰ ᠤ᠋ᠨ ᠴᠦᠯᠯᠡᠷᠭᠡᠭᠵᠢᠯ ᠢ᠋ ᠰᠡᠷᠭᠡᠢᠯᠡᠨ ᠵᠠᠰᠠᠬᠤ ᠭᠣᠣᠯ ᠣᠷᠣᠨ᠂ ᠪᠦᠬᠦ ᠤᠯᠤᠰ ᠤ᠋ᠨ 60% ᠡᠴᠡ ᠳᠡᠭᠡᠭᠰᠢᠬᠢ ᠡᠯᠡᠰᠦᠷᠬᠡᠭᠵᠢᠭᠰᠡᠨ ᠭᠠᠵᠠᠷ ᠰᠢᠷᠣᠢ ᠵᠢ ᠵᠠᠰᠠᠬᠤ ᠡᠭᠦᠷᠭᠡ ᠵᠢ ᠡᠭᠦᠷᠭᠡᠯᠡᠵᠦ ᠪᠤᠢ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠦᠯᠦᠪᠵᠢᠭᠦᠯᠭᠡ ᠵᠢᠨ ᠬᠤᠭᠤᠴᠠᠭᠠᠨ ᠳ᠋ᠤ ᠥᠪᠥᠷ ᠮᠣᠩᠭᠣᠯ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠠᠮᠢ ᠠᠬᠤᠶ ᠵᠢᠨ ᠪᠥᠲᠥᠭᠡᠨ ᠪᠠᠢᠭᠤᠯᠤᠯᠲᠠ ᠵᠢᠨ ᠡᠭᠦᠷᠭᠡ ᠵᠢ ᠨᠡᠢᠲᠡ 1.23 ᠳ᠋ᠦᠩᠰᠢᠭᠤᠷ ᠮᠦ᠍ ᠪᠡᠶᠡᠯᠡᠭᠦᠯᠵᠦ᠂ ᠡᠭᠦᠨ ᠳ᠋ᠤ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠭᠰᠠᠨ ᠳᠠᠯᠠᠪᠠᠢ 6688 ᠲᠦᠮᠡᠨ ᠮᠦ᠍ ᠳ᠋ᠤ ᠬᠦᠷᠴᠦ᠂ ᠬᠡᠪᠴᠢᠶ᠎ᠡ ᠪᠡᠷ ᠪᠥᠬᠥ ᠤᠯᠤᠰ ᠲᠦ᠍ ᠲᠦᠷᠦᠭᠦᠯᠡᠪᠡ᠃
ᠬᠠᠲᠤᠨ ᠭᠣᠣᠯ ᠤ᠋ᠨ ᠶᠡᠭᠡ ᠳᠤᠬᠠᠢ ᠵᠢᠨ ᠪᠣᠭᠣᠮᠲᠠ ᠰᠢᠪᠲᠤᠯᠬᠤ ᠳᠠᠢᠯᠠᠯᠳᠤᠭᠠᠨ ᠤ᠋ ᠣᠷᠣᠨ ᠳ᠋ᠤ᠂ ᠬᠥᠪᠴᠢ ᠵᠢᠨ ᠡᠯᠡᠰᠦᠨ ᠴᠦᠯ ᠳ᠋ᠤ ᠨᠣᠭᠣᠭᠠᠷᠠᠭᠤᠯᠤᠯᠲᠠ ᠵᠢᠨ ᠪᠦᠰᠡ᠂ ᠨᠦᠯᠦᠮᠡᠯ ᠭᠠᠵᠠᠷ ᠤ᠋ᠨ ᠬᠠᠰᠢᠯᠭ᠎ᠠ᠂ ᠭᠡᠷᠡᠯᠴᠢ ᠴᠡᠨᠡᠭ ᠵᠢᠡᠷ ᠡᠯᠡᠰᠦ ᠵᠢ ᠵᠠᠰᠠᠬᠤ ᠪᠦᠰᠡ᠂ ᠡᠯᠡᠰᠤᠨ ᠤ᠋ ᠬᠦᠪᠡᠭᠡ ᠵᠠᠬ᠎ᠠ ᠵᠢ ᠡᠮᠵᠢᠶᠡᠷᠢᠯᠡᠭᠦ ᠤᠢ ᠵᠢᠨ 《ᠲᠦᠷᠪᠡᠨ ᠰᠡᠷᠭᠡᠢᠯᠡᠯᠲᠡ ᠵᠢᠨ ᠱᠤᠭᠤᠮ》 ᠢ᠋ ᠴᠤᠭᠴᠠᠯᠠᠵᠤ᠂ ᠬᠠᠲᠤᠨ ᠭᠣᠣᠯ ᠳ᠋ᠤ ᠣᠷᠣᠬᠤ ᠡᠯᠡᠰᠦ ᠰᠢᠷᠤᠢ ᠵᠢᠨ ᠬᠡᠮᠵᠢᠢ᠎ᠡ ᠵᠢ 2700 ᠲᠦᠮᠡᠨ ᠲᠣᠨ ᠪᠠᠢᠭᠰᠠᠨ ᠡᠴᠡ ᠪᠠᠭᠤᠷᠠᠭᠤᠯᠤᠭᠠᠳ 400 ᠲᠦᠮᠡᠨ ᠲᠣᠨ ᠪᠣᠯᠭᠠᠪᠠ︔ ᠮᠤᠤᠠᠤᠰᠤ ᠵᠢᠨ ᠡᠯᠡᠰᠦᠷᠬᠡᠭ ᠭᠠᠵᠠᠷ ᠢ᠋ ᠵᠠᠰᠠᠭᠰᠠᠨ ᠨᠤᠷᠮ᠎ᠠ 80% ᠢ᠋ ᠳᠠᠪᠠᠵᠤ᠂ 《ᠡᠯᠡᠰᠦ ᠤᠷᠤᠭᠰᠢᠯᠠᠨ ᠬᠥᠮᠦᠨ ᠤᠬᠤᠷᠢᠵᠤ》 ᠪᠠᠢᠭᠰᠠᠨ ᠡᠴᠡ 《ᠨᠣᠭᠣᠭᠠᠷᠠᠭᠤᠯᠤᠯᠳᠠ ᠤᠷᠤᠭᠰᠢᠯᠠᠵᠤ ᠡᠯᠡᠰᠦ ᠤᠬᠤᠷᠢᠬᠰᠠᠨ》 ᠲᠡᠦᠬᠡᠲᠦ ᠴᠢᠨᠠᠷᠲᠠᠢ ᠬᠤᠪᠢᠷᠠᠯᠲᠠ ᠵᠢ ᠪᠡᠶᠡᠯᠡᠭᠦᠯᠵᠡᠢ᠃ ᠪᠠᠳᠠᠢ ᠵᠢᠨ ᠵᠢᠷᠠᠨ᠂ ᠲᠩᠷᠢ ᠡᠯᠡᠰᠦᠨ ᠴᠦᠯ ᠤ᠋ᠨ ᠬᠤᠷᠢᠬᠯᠠᠯᠳᠠ ᠵᠢᠨ ᠳᠠᠢᠯᠠᠯᠳᠤᠭᠠᠨ ᠤ᠋ ᠲᠣᠭᠣᠷᠢᠭ ᠲᠦ᠍᠂ 336.8 ᠺᠢᠯᠤᠮᠧᠲᠷ ᠤ᠋ᠨ ᠬᠢᠯᠢ ᠵᠢ ᠡᠮᠵᠢᠶᠡᠷᠢᠯᠡᠭᠰᠡᠨ ᠤᠢ ᠡᠪᠡᠰᠤᠨ ᠤ᠋ ᠪᠦᠰᠡ ᠨᠢ ᠬᠣᠶᠠᠷ ᠶᠡᠬᠡ ᠡᠯᠡᠰᠦᠨ ᠴᠦᠯ ᠤ᠋ᠨ ᠨᠡᠢᠯᠡᠭᠦ ᠵᠢ ᠪᠦᠲᠦᠮᠵᠢᠲᠡᠢ ᠬᠣᠷᠢᠭᠯᠠᠭᠰᠠᠨ ᠪᠠᠢᠨ᠎ᠠ᠃
ᠦᠷᠭᠦᠯᠵᠢᠳᠡ ᠵᠠᠰᠠᠯᠳᠠ ᠬᠢᠭᠦ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ᠋ ᠣᠶ ᠰᠢᠭᠤᠶ ᠵᠢᠨ ᠪᠦᠷᠬᠦᠴᠡ 21.98% ᠳ᠋ᠤ ᠬᠦᠷᠴᠦ᠂ 2021 ᠣᠨ ᠤ᠋ ᠬᠢ ᠡᠴᠡ ᠵᠠᠭᠤᠨ ᠤ᠋ ᠬᠠᠷᠢᠴᠠᠯ ᠵᠢᠡᠷ 1.19 ᠬᠤᠪᠢ ᠳᠡᠭᠡᠭᠰᠢᠯᠡᠪᠡ︔ ᠨᠤᠲᠤᠭ ᠪᠡᠯᠴᠢᠭᠡᠷ ᠤ᠋ᠨ ᠶᠡᠷᠦᠩᠬᠡᠢᠯᠡᠭᠰᠡᠨ ᠤᠷᠭᠤᠮᠠᠯ ᠤ᠋ᠨ ᠬᠤᠴᠢᠯᠭ᠎ᠠ ᠵᠢᠨ ᠪᠦᠷᠬᠦᠴᠡ 45.56% ᠳ᠋ᠤ ᠬᠦᠷᠴᠦ᠂ ᠲᠣᠰ ᠵᠠᠭᠤᠨ ᠡᠴᠡ ᠨᠠᠭᠠᠰᠢᠬᠢ ᠬᠠᠮᠤᠭ ᠤ᠋ᠨ ᠰᠠᠢᠨ ᠲᠦᠪᠰᠢᠨ ᠳ᠋ᠤ ᠬᠦᠷᠴᠠᠢ᠃ ᠳᠠᠯᠠᠨ ᠬᠠᠷ᠎ᠠ ᠠᠭᠤᠯᠠ ᠵᠢᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠢ᠋ ᠳᠡᠯᠡᠬᠡᠢ ᠵᠢᠨ ᠠᠮᠢᠳᠤ ᠪᠣᠳᠠᠰ ᠤ᠋ᠨ ᠮᠠᠨᠳᠠᠯ ᠤ᠋ᠨ ᠬᠠᠮᠠᠭᠠᠯᠠᠯᠲᠠ ᠵᠢᠨ ᠣᠷᠣᠨ ᠤ᠋ ᠲᠣᠣᠷ ᠲᠦ᠍ ᠣᠷᠣᠭᠤᠯᠵᠤ᠂ ᠭᠡᠭᠡᠨ ᠭᠣᠣᠯ ᠤ᠋ᠨ ᠡᠬᠢ ᠵᠡᠷᠭᠡ 3 ᠨᠤᠭᠤ ᠭᠠᠵᠠᠷ ᠢ᠋ ᠤᠯᠤᠰ ᠤ᠋ᠨ ᠴᠢᠬᠤᠯᠠ ᠨᠤᠭᠤ ᠭᠠᠵᠠᠷ ᠤ᠋ᠨ ᠨᠡᠷᠡᠰ ᠤ᠋ᠨ ᠵᠢᠭᠰᠠᠭᠠᠯᠲᠠ ᠳ᠋ᠤ ᠣᠷᠣᠭᠤᠯᠪᠠ᠃ ᠣᠶ ᠰᠢᠭᠤᠶ ᠪᠠ ᠨᠤᠳᠤᠭ ᠪᠡᠯᠴᠢᠭᠡᠷ ᠲᠦ᠍ ᠬᠥᠨᠥᠭᠡᠯ ᠲᠡᠶ ᠠᠮᠢᠳᠤ ᠪᠣᠳᠠᠰ ᠢ᠋ ᠰᠡᠷᠭᠡᠢᠯᠡᠨ ᠵᠠᠰᠠᠬᠰᠠᠨ ᠲᠠᠯᠠᠪᠠᠶ 5300 ᠲᠦᠮᠡᠨ ᠮᠦ᠍ ᠳ᠋ᠤ ᠬᠦᠷᠴᠦ᠂ ᠵᠣᠷᠢᠭᠤᠳᠠ ᠵᠢᠨ ᠣᠶ ᠰᠢᠭᠤᠶ ᠪᠠ ᠨᠤᠲᠤᠭ ᠪᠡᠯᠴᠢᠭᠡᠷ ᠤ᠋ᠨ ᠲᠦᠢᠮᠡᠷ ᠤ᠋ᠨ ᠭᠠᠮᠰᠢᠭ ᠢ᠋ 《ᠤᠭᠳᠤᠬᠠᠨ ᠴᠦ᠍ ᠡᠭᠦᠰᠭᠡᠬᠦ ᠥᠬᠡᠶ》 ᠪᠠᠢᠬᠤ ᠵᠢ ᠪᠡᠶᠡᠯᠡᠭᠦᠯᠵᠦ᠂ ᠤᠯᠤᠰ ᠤ᠋ᠨ ᠠᠮᠢ ᠠᠬᠤᠶ ᠵᠢᠨ ᠠᠮᠤᠷ ᠲᠦᠪᠰᠢᠨ ᠤ᠋ ᠬᠠᠯᠬᠠᠪᠴᠢ ᠵᠢ ᠨᠠᠩ ᠪᠡᠬᠢᠵᠢᠭᠦᠯᠵᠠᠢ᠃
248 ᠲᠦᠮᠡᠨ ᠮᠦ᠍
ᠨᠢᠭᠡ ᠴᠤᠭᠴᠠᠵᠢᠭᠤᠯᠤᠭᠰᠠᠨ ᠢᠨᠵᠧᠨᠧᠷᠢᠩ ᠵᠢᠡᠷ ᠡᠯᠡᠰᠦ ᠵᠢ ᠵᠠᠰᠠᠪᠠ
ᠥᠪᠥᠷ ᠮᠣᠩᠭᠣᠯ ᠤᠯᠠᠮᠵᠢᠯᠠᠯ ᠤ᠋ᠨ ᠡᠯᠡᠰᠦ ᠵᠢ ᠵᠠᠰᠠᠬᠤ ᠵᠠᠭᠪᠤᠷ ᠢ᠋ ᠡᠪᠳᠡᠵᠦ᠂ ᠢᠨᠵᠧᠨᠧᠷᠢᠩ ᠤ᠋ᠨ ᠵᠠᠰᠠᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠲᠤᠯᠭᠠᠭᠤᠷᠢᠯᠠᠯ᠂ ᠲᠣᠭᠲᠠᠴᠠ ᠵᠢᠨ ᠰᠢᠨ᠎ᠡ ᠵᠢ ᠡᠭᠦᠳᠬᠦ ᠵᠢ ᠬᠠᠮᠵᠢᠯᠴᠠᠭᠤᠯᠤᠨ ᠬᠦᠴᠦᠯᠡᠬᠦ ᠰᠢᠨ᠎ᠡ ᠠᠷᠭ᠎ᠠ ᠵᠠᠮ ᠢ᠋ ᠨᠡᠭᠡᠭᠡᠵᠡᠢ᠃ 《ᠵᠠᠮ ᠵᠢᠠᠷ ᠡᠯᠡᠰᠦ ᠵᠢ ᠵᠠᠰᠠᠬᠤ》 ᠨᠢ ᠴᠦᠯᠯᠡᠷᠬᠡᠭᠵᠢᠯ ᠢ᠋ ᠰᠡᠷᠭᠡᠢᠯᠡᠨ ᠵᠠᠰᠠᠬᠤ ᠵᠢᠨ ᠪᠡᠯᠭᠡ ᠲᠡᠮᠳᠡᠭ ᠤ᠋ᠨ ᠴᠢᠨᠠᠷᠲᠠᠢ ᠠᠷᠭ᠎ᠠ ᠬᠡᠮᠵᠢᠢ᠎ᠡ ᠪᠣᠯᠵᠠᠢ᠃ ᠥᠪᠡᠷᠲᠡᠭᠡᠨ ᠵᠠᠰᠠᠬᠤ ᠣᠷᠣᠨ ᠤ᠋ ᠣᠶ ᠰᠢᠭᠤᠶ ᠪᠠ ᠡᠪᠡᠰᠦ ᠪᠡᠯᠴᠢᠭᠡᠷ ᠬᠢᠭᠡᠳ ᠵᠠᠮ ᠬᠠᠷᠢᠯᠴᠠᠭᠠᠨ ᠤ᠋ ᠰᠠᠯᠠᠭ᠎ᠠ ᠮᠥᠴᠢᠷ ᠬᠠᠮᠵᠢᠯᠴᠠᠨ ᠬᠦᠴᠦᠯᠡᠵᠦ᠂ ᠭᠤᠷᠪᠠᠨ ᠶᠡᠬᠡ ᠳᠠᠢᠯᠠᠯᠳᠤᠭᠠᠨ ᠵᠠᠯᠭᠠᠯᠳᠤᠭᠰᠠᠨ ᠣᠷᠣᠨ ᠳ᠋ᠤ ᠡᠯᠡᠰᠦ ᠵᠢ ᠳᠤᠭᠤᠯᠤᠭᠰᠠᠨ ᠵᠠᠰᠠᠮᠠᠯ ᠵᠠᠮ ᠢ᠋ ᠪᠥᠲᠥᠭᠡᠨ ᠪᠠᠢᠭᠤᠯᠵᠤ᠂ 《ᠵᠠᠮ ᠵᠢᠡᠷ ᠡᠯᠡᠰᠦᠨ ᠤ᠋ ᠳᠠᠭᠠᠷᠢᠯᠳᠠ ᠵᠢ ᠬᠠᠰᠢᠬᠤ᠂ ᠵᠠᠮ ᠵᠢᠡᠷ ᠡᠯᠡᠰᠦᠨ ᠤ᠋ ᠠᠮᠤᠷ ᠲᠦᠪᠰᠢᠨ ᠢ᠋ ᠪᠠᠳᠤᠯᠠᠬᠤ᠂ ᠵᠠᠮ ᠵᠢᠡᠷ ᠲᠠᠷᠢᠶᠠᠯᠠᠩ ᠢ᠋ ᠬᠠᠮᠠᠭᠠᠯᠠᠬᠤ᠂ ᠵᠠᠮ ᠵᠢᠡᠷ ᠪᠤᠬᠢᠷᠳᠤᠯ ᠦᠭᠡᠢ ᠡᠨᠧᠷᠭᠢ ᠵᠢ ᠬᠥᠭᠵᠢᠭᠦᠯᠬᠦ》 ᠵᠠᠰᠠᠯᠲᠠ ᠵᠢᠨ ᠪᠠᠢᠷᠢᠰᠢᠯ ᠢ᠋ ᠪᠠᠢᠭᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠬᠤᠭᠤᠴᠠᠭᠠᠨ ᠳ᠋ᠤ ᠡᠯᠡᠰᠦ ᠵᠢ ᠳᠤᠭᠤᠯᠤᠭᠰᠠᠨ ᠵᠠᠰᠠᠮᠠᠯ ᠵᠠᠮ ᠢ᠋ ᠨᠡᠢᠳᠡ 2690 ᠺᠢᠯᠣᠮᠧᠲ᠋ᠷ ᠪᠦᠳᠤᠭᠡᠨ ᠪᠠᠢᠭᠤᠯᠵᠤ᠂ 559 ᠲᠦᠮᠡᠨ ᠮᠦ᠍ ᠡᠯᠡᠰᠦ ᠵᠢ ᠵᠠᠰᠠᠬᠰᠠᠨ ᠠᠵᠢᠯ ᠢ᠋ ᠳᠠᠢᠴᠢᠯᠠᠪᠠ; 2030 ᠣᠨ ᠪᠣᠯᠬᠤ ᠳ᠋ᠤ ᠡᠯᠡᠰᠦ ᠵᠢ ᠳᠤᠭᠤᠯᠬᠤ ᠵᠠᠰᠠᠮᠠᠯ ᠵᠠᠮ ᠢ᠋ ᠨᠡᠢᠲᠡ 8593 ᠺᠢᠯᠣᠮᠧᠲ᠋ᠷ ᠪᠦᠳᠦᠭᠡᠨ ᠪᠠᠢᠭᠤᠯᠵᠤ᠂ 1350 ᠲᠦᠮᠡᠨ ᠮᠦ᠍ ᠡᠴᠡ ᠳᠡᠭᠡᠭᠰᠢᠬᠢ ᠡᠯᠡᠰᠦ ᠵᠠᠰᠠᠬᠤ ᠵᠢ ᠳᠠᠢᠴᠢᠯᠠᠵᠤ᠂ ᠵᠠᠰᠠᠮᠠᠯ ᠵᠠᠮ ᠤ᠋ᠨ ᠲᠣᠤᠷ ᠵᠢᠠᠷ ᠠᠮᠢ ᠠᠬᠤᠶ ᠵᠢᠨ ᠬᠠᠮᠠᠭᠠᠯᠠᠯᠲᠠ ᠵᠢᠨ ᠲᠣᠤᠷ ᠢ᠋ ᠨᠢᠭᠲᠠ ᠰᠦᠯᠵᠢᠵᠠᠢ᠃
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠢᠡᠷ ᠡᠯᠡᠰᠦ ᠵᠢ ᠵᠠᠰᠠᠬᠤ ᠲᠠᠯ᠎ᠠ ᠪᠠᠷ ᠵᠠᠰᠠᠯᠲᠠ ᠵᠢᠨ ᠦᠷ᠎ᠡ ᠪᠦᠲᠦᠮᠵᠢ ᠵᠢ ᠶᠡᠬᠡ ᠪᠡᠷ ᠳᠡᠭᠡᠭᠰᠢᠯᠡᠭᠦᠯᠪᠡ᠃ ᠮᠣᠳᠣ ᠲᠠᠷᠢᠬᠤ ᠤᠶᠤᠨᠲᠤ ᠮᠠᠰᠢᠨ ᠬᠥᠮᠦᠨ᠂ ᠡᠯᠡᠰᠦ ᠵᠢ ᠬᠠᠯᠬᠠᠯᠠᠬᠤ ᠡᠪᠡᠰᠤᠨ ᠲᠦᠷᠪᠡᠯᠵᠢ ᠳᠡᠪᠢᠰᠬᠦ ᠮᠠᠰᠢᠨ ᠵᠡᠷᠭᠡ ᠲᠤᠨᠤᠭ ᠲᠥᠬᠥᠭᠡᠷᠦᠮᠵᠢ ᠵᠢ ᠥᠷᠭᠡᠨ ᠵᠢᠡᠷ ᠬᠡᠷᠡᠭᠯᠡᠵᠦ᠂ ᠮᠠᠰᠢᠨ ᠮᠧᠬᠠᠨᠢᠭ ᠵᠢᠠᠷ ᠡᠯᠡᠰᠦ ᠵᠢ ᠵᠠᠰᠠᠭᠰᠠᠨ ᠪᠦᠷᠬᠦᠴᠡ ᠵᠢᠨ ᠨᠤᠷᠮ᠎ᠠ 54% ᠳ᠋ᠤ ᠬᠦᠷᠴᠡᠢ︔ ᠤᠢᠷ᠎ᠠ ᠬᠠᠪᠢ ᠳ᠋ᠠᠭᠠᠨ ᠴᠢᠬᠢ ᠪᠤᠢᠵᠢᠭᠤᠯᠤᠨ᠂ ᠲᠤᠬᠠᠶ ᠵᠢᠨ ᠭᠠᠵᠠᠷ ᠡᠴᠡ ᠪᠠᠨ ᠮᠠᠲ᠋ᠧᠷᠢᠶᠠᠯ ᠠᠪᠴᠤ᠂ ᠬᠡᠰᠡᠭ ᠭᠠᠵᠠᠷ ᠣᠷᠣᠨ ᠤ᠋ ᠡᠯᠡᠰᠦ ᠵᠠᠰᠠᠬᠰᠠᠨ ᠥᠪᠡᠷ ᠤ᠋ᠨ ᠥᠷᠲᠡᠭ ᠢ᠋ ᠮᠥ᠍ ᠪᠦᠷᠢ ᠳ᠋ᠤ 30% ᠡᠴᠡ ᠳᠡᠭᠡᠭᠰᠢ ᠪᠡᠷ ᠪᠠᠭᠤᠷᠠᠭᠤᠯᠪᠠ᠃ ᠤᠯᠤᠰ ᠤ᠋ᠨ ᠣᠶ ᠡᠪᠡᠰᠦᠨ ᠤ᠋ ᠦᠷ᠎ᠡ ᠡᠳ᠋ ᠤ᠋ᠨ ᠡᠬᠢ ᠪᠠᠶᠠᠯᠢᠭ ᠤ᠋ᠨ ᠲᠦᠭᠦᠭᠡᠷᠦᠮᠵᠢ ᠵᠢ ᠬᠠᠳᠠᠭᠠᠯᠠᠬᠤ ᠬᠥᠮᠥᠷᠭᠡ ᠵᠢᠨ ᠥᠪᠥᠷ ᠮᠣᠩᠭᠣᠯ ᠳ᠋ᠡᠬᠢ ᠬᠤᠪᠢᠶᠠᠷᠢ ᠬᠥᠮᠥᠷᠭᠡ ᠵᠢ ᠪᠦᠳᠦᠭᠡᠨ ᠪᠠᠢᠭᠤᠯᠤᠨ ᠳᠠᠭᠤᠰᠬᠠᠵᠤ᠂ 2026 ᠣᠨ ᠳ᠋ᠤ 《ᠨᠣᠭᠣᠭᠠᠨ ᠰᠡᠯᠡᠮ᠎ᠡ 2026》 ᠦᠷ᠎ᠡ ᠴᠢᠬᠢ ᠵᠢᠨ ᠶᠠᠰᠤ ᠴᠢᠨᠠᠷ ᠤ᠋ᠨ ᠬᠢᠨᠠᠯᠲᠠ ᠬᠠᠮᠢᠶᠠᠷᠤᠯᠲᠠ ᠵᠢᠨ ᠠᠵᠢᠯᠯᠠᠭᠠᠨ ᠢ᠋ ᠡᠬᠢᠯᠡᠭᠦᠯᠵᠦ᠂ ᠢᠨᠵᠧᠨᠧᠷᠢᠩ ᠤ᠋ᠨ ᠶᠠᠰᠤ ᠴᠢᠨᠠᠷ ᠢ᠋ ᠡᠬᠢ ᠡᠭᠦᠰᠦᠯ ᠡᠴᠡ ᠨᠢ ᠪᠠᠲᠤᠯᠠᠪᠠ᠃
ᠬᠡᠷᠡᠯᠴᠢ ᠴᠡᠨᠡᠭ ᠵᠢᠡᠷ ᠡᠯᠡᠰᠦ ᠵᠢ ᠵᠠᠰᠠᠬᠤ᠂ ᠣᠶ ᠰᠢᠭᠤᠶ ᠪᠠ ᠨᠤᠳᠤᠭ ᠪᠡᠯᠴᠢᠭᠡᠷ ᠤ᠋ᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠵᠡᠷᠭᠡ ᠰᠢᠨ᠎ᠡ ᠡᠵᠡᠩᠨᠡᠯᠲᠡ ᠵᠢᠨ ᠬᠡᠯᠪᠡᠷᠢ ᠣᠯᠠᠨ ᠲᠠᠯ᠎ᠠ ᠪᠠᠷ ᠰᠢᠪᠲᠤᠯᠤᠯᠲᠠ ᠲᠠᠶ ᠪᠣᠯᠪᠠ᠃ ᠴᠦᠯᠯᠡᠷᠬᠡᠭᠵᠢᠯ ᠢ᠋ ᠰᠡᠷᠭᠡᠢᠯᠡᠨ ᠵᠠᠰᠠᠬᠤ ᠪᠠ ᠰᠠᠯᠬᠢᠨ ᠬᠦᠴᠦᠨ ᠤ᠋ ᠴᠠᠬᠢᠯᠭᠠᠨ ᠬᠡᠷᠡᠯᠴᠢ ᠴᠡᠨᠡᠭ ᠢ᠋ ᠨᠢᠭᠡ ᠴᠤᠭᠴᠠᠵᠢᠭᠤᠯᠤᠭᠰᠠᠨ ᠢᠨᠵᠧᠨᠧᠷᠢᠩ ᠵᠢᠡᠷ 248 ᠲᠦᠮᠡᠨ ᠮᠦ᠍ ᠡᠯᠡᠰᠦ ᠵᠢ ᠵᠠᠰᠠᠵᠤ᠂ 2727 ᠲᠦᠮᠡᠨ ᠺᠢᠯᠣᠸᠠᠲ ᠤ᠋ᠨ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢ ᠳᠣᠭᠢᠷᠠᠭᠤᠯᠤᠨ ᠤᠭᠰᠠᠷᠠᠪᠠ︔ ᠣᠶ ᠰᠢᠭᠤᠶ ᠪᠠ ᠨᠤᠳᠤᠭ ᠪᠡᠯᠴᠢᠭᠡᠷ ᠤ᠋ᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠥᠷᠲᠡᠭ ᠤ᠋ᠨ ᠬᠤᠪᠢᠷᠠᠭᠤᠯᠤᠯᠲᠠ ᠨᠢ 5000 ᠲᠦᠮᠡᠨ ᠲᠥᠭᠥᠷᠢᠭ ᠢ᠋ ᠳᠠᠪᠠᠵᠤ᠂ ᠪᠤᠭᠤᠲᠤ ᠳ᠋ᠤ ᠪᠥᠬᠥ ᠣᠷᠣᠨ ᠤ᠋ ᠠᠩᠬᠠᠳᠠᠭᠴᠢ ᠣᠶ ᠰᠢᠭᠤᠶ ᠪᠠ ᠨᠤᠳᠤᠭ ᠪᠡᠯᠴᠢᠭᠡᠷ ᠤ᠋ᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠷᠠᠯᠵᠢᠶᠠᠨ ᠤ᠋ ᠦᠢᠯᠡᠴᠢᠯᠡᠭᠡᠨ ᠤ᠋ ᠲᠥᠪ ᠢ᠋ ᠪᠠᠢᠭᠤᠯᠵᠤ᠂ 《ᠤᠮᠠᠷᠠᠲᠤ ᠵᠢᠨ ᠪᠤᠬᠢᠷᠳᠤᠯ ᠦᠭᠡᠢ ᠨᠡᠭᠦᠷᠡᠰᠦᠲᠥ᠋ᠷᠥᠭᠴᠢ》 ᠵᠢᠨ ᠲᠥᠷᠥᠯ ᠲᠡᠮᠳᠡᠭ ᠢ᠋ ᠲᠦᠷᠭᠡᠳᠬᠡᠨ ᠪᠤᠢᠵᠢᠭᠤᠯᠵᠤ᠂ ᠠᠮᠢ ᠠᠬᠤᠶ ᠵᠢᠨ ᠥᠷᠲᠡᠭ ᠢ᠋ ᠪᠦᠲᠦᠮᠵᠢᠲᠡᠶ ᠬᠤᠪᠢᠷᠠᠭᠤᠯᠬᠤ ᠵᠢ ᠪᠡᠶᠡᠯᠡᠭᠦᠯᠪᠡ᠃
18.10 ᠳ᠋ᠦᠩᠰᠢᠭᠤᠷ ᠲᠥᠭᠥᠷᠢᠭ
ᠬᠦᠳᠡᠯᠮᠤᠷᠢ ᠦᠢᠯᠡᠴᠢᠯᠡᠭᠡᠨᠤ ᠬᠦᠯᠦᠰᠤ ᠤᠯᠭᠤᠮᠵᠢ ᠤᠯᠭᠤᠪᠠ
ᠥᠪᠥᠷ ᠮᠣᠩᠭᠣᠯ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ ᠢ᠋ ᠠᠷᠠᠳ ᠤ᠋ᠨ ᠠᠮᠢᠳᠤᠷᠠᠯ ᠤ᠋ᠨ ᠢᠨᠵᠧᠨᠧᠷᠢᠩ᠂ ᠠᠷᠠᠳ ᠢ᠋ ᠪᠠᠶᠠᠵᠢᠭᠤᠯᠬᠤ ᠢᠨᠵᠧᠨᠧᠷᠢᠩ ᠪᠣᠯᠭᠠᠨ ᠠᠬᠢᠭᠤᠯᠵᠤ᠂ ᠠᠵᠢᠯ ᠣᠯᠭᠣᠯᠳᠠ ᠪᠠᠷ ᠲᠡᠳᠬᠦᠮᠵᠢ ᠵᠢ ᠣᠷᠣᠯᠠᠭᠤᠯᠬᠤ ᠲᠣᠭᠲᠠᠴᠠ ᠵᠢᠨ ᠰᠢᠨ᠎ᠡ ᠵᠢ ᠡᠭᠦᠳᠴᠦ᠂ ᠮᠠᠯᠴᠢᠨ ᠲᠠᠷᠢᠶᠠᠴᠢᠨ ᠳ᠋ᠤ ᠠᠮᠢ ᠠᠬᠤᠶ ᠵᠢᠨ ᠪᠥᠲᠥᠭᠡᠨ ᠪᠠᠢᠭᠤᠯᠤᠯᠲᠠ ᠵᠢᠨ ᠳᠤᠮᠳᠠ ᠲᠣᠭᠲᠠᠪᠤᠷᠢ ᠲᠠᠶ ᠪᠡᠷ ᠠᠵᠢᠯ ᠣᠯᠭᠣᠵᠤ᠂ ᠣᠷᠣᠯᠭ᠎ᠠ ᠵᠢ ᠨᠢ ᠦᠷᠭᠦᠯᠵᠢᠯᠡᠨ ᠨᠡᠮᠡᠭᠳᠡᠭᠦᠯᠵᠦ ᠪᠠᠢᠨ᠎ᠠ᠃ 2025 ᠣᠨ ᠳ᠋ᠤ᠂ ᠥᠪᠡᠷᠲᠡᠭᠡᠨ ᠵᠠᠰᠠᠬᠤ ᠣᠷᠣᠨ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠠᠵᠢᠯ ᠣᠯᠭᠣᠯᠳᠠ ᠪᠠᠷ ᠲᠡᠳᠬᠦᠮᠵᠢ ᠵᠢ ᠣᠷᠣᠯᠠᠭᠤᠯᠬᠤ ᠬᠠᠮᠢᠶᠠᠷᠤᠯᠲᠠ ᠵᠢᠨ ᠠᠷᠭ᠎ᠠ ᠵᠢ ᠨᠡᠢᠲᠡᠯᠡᠵᠦ᠂ ᠪᠣᠶ ᠪᠥᠬᠥᠶ ᠲᠥᠷᠥᠯ ᠵᠦᠢᠯ ᠢ᠋ ᠠᠵᠢᠯ ᠣᠯᠭᠣᠯᠳᠠ ᠪᠠᠷ ᠲᠡᠳᠬᠦᠮᠵᠢ ᠵᠢ ᠣᠷᠣᠯᠠᠭᠤᠯᠬᠤ ᠨᠠᠷᠢᠨ ᠲᠠᠩᠰᠠᠨ ᠳ᠋ᠤ ᠣᠷᠣᠭᠤᠯᠵᠤ᠂ 《ᠨᠠᠮ ᠤ᠋ᠨ ᠡᠭᠦᠷ + ᠬᠤᠪᠢ ᠣᠷᠣᠭᠤᠯᠤᠭᠰᠠᠨ ᠠᠵᠤ ᠠᠬᠤᠶ ᠵᠢᠨ ᠳᠤᠰᠬᠠᠢ ᠬᠣᠷᠰᠢᠶ᠎ᠠ + ᠮᠠᠯᠴᠢᠨ ᠲᠠᠷᠢᠶᠠᠴᠢᠨ》ᠤ᠋ ᠵᠠᠭᠪᠤᠷ ᠢ᠋ ᠳᠡᠯᠭᠡᠷᠡᠭᠦᠯᠪᠡ᠃
ᠨᠢᠳᠤᠨᠤᠨ ᠪᠥᠬᠥ ᠵᠢᠯ ᠳ᠋ᠤ 12.32 ᠲᠦᠮᠡᠨ ᠮᠠᠯᠴᠢᠨ ᠲᠠᠷᠢᠶᠠᠴᠢᠨᠢ ᠳᠠᠢᠴᠢᠯᠠᠵᠤ᠂ 18.10 ᠳ᠋ᠦᠩᠰᠢᠭᠤᠷ ᠲᠥᠭᠥᠷᠢᠭ ᠤ᠋ᠨ ᠬᠥᠳᠡᠯᠮᠦᠷᠢ ᠦᠢᠯᠡᠴᠢᠯᠡᠭᠡᠨ ᠤ᠋ ᠬᠥᠯᠥᠰᠥ ᠣᠯᠭᠣᠮᠵᠢ ᠣᠯᠭᠣᠵᠤ᠂ ᠬᠥᠮᠦᠨ ᠳᠤᠮᠳᠠᠴᠢ ᠵᠢᠨ ᠣᠷᠣᠯᠭ᠎ᠠ 1.47 ᠲᠦᠮᠡᠨ ᠲᠥᠭᠥᠷᠢᠭ ᠲᠦ᠍ ᠬᠥᠷᠪᠡ᠃ ᠤᠯᠠᠭᠠᠨᠬᠠᠳᠠ ᠵᠡᠷᠭᠡ ᠭᠠᠵᠠᠷ ᠤ᠋ᠨ ᠣᠯᠠᠨ ᠲᠦᠮᠡᠨ ᠤ᠋ ᠡᠯᠡᠰᠦ ᠵᠢ ᠵᠠᠰᠠᠬᠤ ᠳ᠋ᠤ ᠣᠷᠣᠯᠴᠠᠭᠰᠠᠨ ᠡᠳᠦᠷ ᠤ᠋ᠨ ᠣᠷᠣᠯᠭ᠎ᠠ 300 ᠲᠥᠭᠥᠷᠢᠭ ᠲᠦ᠍ ᠬᠦᠷᠴᠦ᠂ ᠥᠩᠭᠡᠷᠡᠭᠰᠡᠨ ᠤ᠋ ᠬᠢ ᠡᠴᠡ 50% ᠭᠠᠷᠤᠢ ᠪᠡᠷ ᠳᠡᠭᠡᠭᠰᠢᠯᠡᠵᠡᠶ᠃ ᠠᠵᠢᠯ ᠤ᠋ᠨ ᠪᠠᠢᠷᠢ ᠵᠢᠨ ᠬᠡᠷᠡᠭᠴᠡᠭᠡ ᠬᠢᠭᠡᠳ ᠬᠦᠳᠡᠯᠮᠦᠷᠢ ᠬᠦᠴᠦᠨ ᠤ᠋ ᠬᠠᠩᠭᠠᠯᠭ᠎ᠠ ᠵᠢᠨ 《ᠬᠣᠶᠠᠷ ᠨᠠᠷᠢᠨ ᠲᠠᠩᠰᠠ》 ᠵᠢ ᠣᠨᠣᠴᠠᠲᠠᠶ ᠪᠠᠷ ᠵᠣᠯᠭᠠᠭᠤᠯᠬᠤ ᠪᠠᠷ ᠳᠠᠮᠵᠢᠨ 2.6 ᠲᠦᠮᠡᠨ ᠮᠠᠯᠴᠢᠨ ᠳᠠᠷᠢᠶᠠᠴᠢᠨ ᠳ᠋ᠤ ᠠᠵᠢᠯ ᠤᠯᠭᠤᠵᠤ᠂ ᠮᠠᠯᠴᠢᠨ ᠲᠠᠷᠢᠶᠠᠴᠢᠨ ᠤ᠋ ᠬᠡᠷ ᠤ᠋ᠨ ᠡᠭᠦᠳᠡᠨ ᠳ᠋ᠡᠭᠡᠨ ᠣᠷᠣᠯᠭ᠎ᠠ ᠪᠠᠨ ᠨᠡᠮᠡᠭᠳᠡᠭᠦᠯᠬᠦ ᠵᠢ ᠪᠠᠲᠤᠯᠠᠪᠠ᠃
ᠠᠮᠢ ᠠᠬᠤᠶ ᠵᠢᠨ ᠣᠶ ᠬᠠᠮᠠᠭᠠᠯᠠᠭᠴᠢ ᠵᠢᠨ ᠲᠥᠷᠥ ᠵᠢᠨ ᠪᠣᠳᠣᠯᠭ᠎ᠠ ᠵᠢ ᠣᠨᠣᠴᠠᠲᠠᠶ ᠪᠠᠷ ᠬᠡᠷᠡᠭᠵᠢᠭᠦᠯᠪᠡ᠃ ᠵᠢᠯ ᠪᠦᠷᠢ ᠶᠠᠳᠠᠭᠤ ᠡᠴᠡ ᠠᠩᠭᠢᠵᠢᠷᠠᠭᠰᠠᠨ ᠬᠥᠮᠦᠨ ᠠᠮᠠ ᠵᠢᠨ ᠠᠮᠢ ᠠᠬᠤᠶ ᠵᠢᠨ ᠣᠶ ᠬᠠᠮᠠᠭᠠᠯᠠᠭᠴᠢ 17348 ᠬᠦᠮᠦᠨ ᠢ᠋ ᠦᠷᠭᠦᠯᠵᠢᠯᠡᠨ ᠤᠷᠢᠨ ᠬᠡᠷᠡᠭᠯᠡᠵᠤ᠂ ᠬᠠᠮᠢᠶᠠᠷᠴᠤ ᠬᠠᠮᠠᠭᠠᠯᠠᠬᠤ ᠲᠠᠯᠠᠪᠠᠶ ᠨᠢ 1500 ᠭᠠᠷᠤᠶ ᠲᠦᠮᠡᠨ ᠮᠥ᠍ ᠳ᠋ᠤ ᠬᠦᠷᠴᠦ᠂ ᠬᠥᠮᠦᠨ ᠪᠦᠷᠢ ᠵᠢᠯ ᠳ᠋ᠤ 1 ᠲᠦᠮᠡᠨ ᠲᠥᠭᠥᠷᠢᠭ ᠤ᠋ᠨ ᠨᠥᠬᠥᠪᠥᠷᠢ ᠣᠯᠭᠣᠪᠠ︔ 2021 ︱ 2025 ᠣᠨ ᠳ᠋ᠤ ᠨᠡᠢᠲᠡ 8.67 ᠲᠦᠮᠡᠨ ᠬᠥᠮᠦᠨ ᠤᠳᠠᠭ᠎ᠠ ᠵᠢ ᠤᠷᠢᠨ ᠬᠡᠷᠡᠭᠯᠡᠵᠤ᠂ 8.67 ᠳ᠋ᠦᠩᠰᠢᠭᠤᠷ ᠲᠥᠭᠥᠷᠢᠭ ᠤ᠋ᠨ ᠨᠥᠬᠥᠪᠥᠷᠢ ᠣᠯᠭᠣᠵᠤ᠂ ᠠᠮᠢ ᠠᠬᠤᠶ ᠵᠢ ᠬᠠᠮᠢᠶᠠᠷᠤᠨ ᠬᠠᠮᠠᠭᠠᠯᠠᠬᠤ ᠪᠠ ᠣᠷᠣᠯᠭ᠎ᠠ ᠵᠢ ᠲᠣᠭᠲᠠᠭᠤᠨ ᠵᠢᠠᠷ ᠨᠡᠮᠡᠭᠳᠡᠭᠦᠯᠬᠦ ᠵᠢᠨ ᠬᠣᠤᠰ ᠠᠮᠵᠢᠯᠲᠠ ᠵᠢ ᠪᠡᠶᠡᠯᠡᠭᠦᠯᠪᠡ᠃ ᠣᠶ ᠡᠪᠡᠰᠤᠨ ᠤ᠋ ᠠᠵᠤ ᠦᠢᠯᠡᠰ ᠤ᠋ᠨ ᠦᠢᠯᠡᠳᠬᠦᠨ ᠤ᠋ ᠶᠡᠷᠦᠩᠬᠡᠶ ᠥᠷᠲᠡᠭ 1120 ᠳ᠋ᠦᠩᠰᠢᠭᠤᠷ ᠲᠥᠭᠥᠷᠢᠭ ᠲᠦ᠍ ᠬᠦᠷᠴᠦ᠂ ᠠᠯᠠᠱᠠ ᠵᠢᠨ ᠴᠠᠭᠠᠨ ᠭᠣᠶᠣᠣ᠂ ᠶᠡᠬᠡ ᠬᠢᠩᠭᠠᠨ ᠳᠠᠪᠠᠭ᠎ᠠ ᠵᠢᠨ ᠢᠳᠡᠭᠡᠨ ᠤ᠋ ᠮᠥᠭᠥ ᠵᠡᠷᠭᠡ ᠤᠨᠴᠠᠯᠢᠭᠳᠤ ᠪᠦᠲᠦᠭᠡᠭᠳᠡᠬᠦᠨ ᠤ᠋ ᠪᠥᠬᠥ ᠤᠯᠤᠰ ᠲᠡᠬᠢ ᠪᠣᠷᠣᠯᠠᠭᠤᠯᠭ᠎ᠠ ᠰᠠᠢᠲᠠᠶ ᠪᠠᠢᠵᠤ᠂ ᠪᠣᠬᠢᠷᠲᠤᠯ ᠥᠬᠡᠶ ᠡᠬᠢ ᠪᠠᠶᠠᠯᠢᠭ ᠨᠢ ᠣᠯᠠᠨ ᠲᠦᠮᠡᠨ ᠤ᠋ 《ᠨᠤᠭᠤᠭᠠᠨ ᠪᠠᠩᠬᠢ》 ᠪᠣᠯᠪᠠ᠃
2230 ᠺᠢᠯᠣᠮᠧᠲ᠋ᠷ
ᠵᠠᠮ ᠲᠠᠪᠢᠰᠴᠤ ᠡᠯᠡᠰᠤᠵᠢ ᠵᠠᠰᠠᠬᠤᠵᠢ ᠲᠠᠢᠴᠢᠯᠠᠨᠠ
ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠢ᠎ᠠ ᠵᠢᠨ 《1571》 ᠠᠵᠢᠯ ᠤ᠋ᠨ ᠪᠠᠢᠷᠢᠯᠠᠭᠤᠯᠤᠯᠲᠠ ᠶᠣᠰᠣᠭᠠᠷ᠂ ᠥᠪᠥᠷ ᠮᠣᠩᠭᠣᠯ ᠤ᠋ᠨ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠪᠦᠲᠦᠭᠡᠨ ᠪᠠᠢᠭᠤᠯᠤᠯᠲᠠ ᠨᠡᠩ ᠴᠢᠨᠠᠷ ᠰᠠᠢᠲᠠᠢ᠂ ᠨᠡᠩ ᠥᠨᠳᠥᠷ ᠦᠷ᠎ᠡ ᠠᠰᠢᠭ ᠲᠠᠶ᠂ ᠨᠡᠩ ᠦᠷᠭᠦᠯᠵᠢᠯᠡᠬᠦ ᠴᠢᠭᠯᠡᠯ ᠵᠢᠡᠷ ᠤᠷᠤᠭᠰᠢᠯᠠᠵᠤ ᠪᠠᠢᠨ᠎ᠠ᠃ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠶᠠᠰᠤ ᠴᠢᠨᠠᠷ ᠤ᠋ᠨ ᠣᠨ ᠤ᠋ ᠠᠵᠢᠯᠯᠠᠭ᠎ᠠ ᠵᠢ ᠥᠷᠨᠢᠭᠦᠯᠵᠦ᠂ ᠲᠦᠷᠢᠮ ᠳᠤᠭᠳᠠᠭᠠᠯ ᠤ᠋ᠨ ᠨᠠᠷᠢᠨ ᠲᠦᠷᠢᠮ ᠢ᠋ ᠲᠡᠭᠦᠯᠳᠡᠷᠵᠢᠭᠦᠯᠦᠨ᠂ ᠪᠥᠬᠥ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢ ᠴᠢᠩᠭᠠᠳᠬᠠᠵᠤ᠂ ᠣᠷᠳᠣ ᠬᠤᠭᠤᠴᠠᠭᠠᠨ ᠤ᠋ ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ ᠵᠢ ᠪᠦᠷᠢᠨᠰᠢᠬᠦᠯᠦᠨ᠂ ᠴᠢᠬᠢ ᠮᠣᠳᠣᠨ ᠤ᠋ ᠡᠳᠡᠭᠡᠷᠡᠯᠲᠡ ᠵᠢᠨ ᠨᠣᠷᠮ᠎ᠠ ᠪᠠ ᠬᠠᠮᠢᠶᠠᠷᠴᠤ ᠬᠠᠮᠠᠭᠠᠯᠠᠬᠤ ᠴᠢᠳᠠᠪᠤᠷᠢ ᠵᠢ ᠳᠡᠭᠡᠭᠰᠢᠯᠡᠭᠦᠯᠵᠤ ᠪᠤᠢ᠃ 2026 ᠣᠨ ᠳ᠋ᠤ ᠠᠵᠢᠯ ᠣᠯᠭᠣᠯᠳᠠ ᠪᠠᠷ ᠲᠡᠳᠬᠦᠮᠵᠢ ᠵᠢ ᠣᠷᠣᠯᠠᠭᠤᠯᠬᠤ ᠳ᠋ᠤ 10 ᠳ᠋ᠦᠩᠰᠢᠭᠤᠷ ᠭᠠᠷᠤᠢ ᠲᠥᠭᠥᠷᠢᠭᠤ᠋ᠨ ᠬᠥᠳᠡᠯᠮᠦᠷᠢ ᠦᠢᠯᠡᠴᠢᠯᠡᠭᠡᠨ ᠤ᠋ ᠬᠥᠯᠥᠰᠥ ᠣᠯᠭᠣᠮᠵᠢ ᠣᠯᠭᠣᠵᠤ᠂ ᠤᠷ᠎ᠠ ᠴᠢᠳᠠᠪᠤᠷᠢ ᠵᠢᠨ ᠪᠣᠯᠪᠠᠰᠤᠷᠠᠯ ᠬᠢᠭᠡᠳ ᠬᠥᠳᠡᠯᠮᠦᠷᠢ ᠦᠢᠯᠡᠴᠢᠯᠡᠭᠡ ᠵᠢᠨ ᠵᠣᠯᠭᠠᠯᠴᠠᠭ᠎ᠠ ᠵᠢ ᠴᠢᠩᠭᠠᠳᠬᠠᠨ᠂ ᠠᠮᠢ ᠠᠬᠤᠶ ᠵᠢᠨ ᠠᠰᠢᠭ ᠲᠤᠰᠠ ᠵᠢ ᠨᠠᠩ ᠣᠯᠠᠨ ᠲᠦᠮᠡᠨ ᠳ᠋ᠤ ᠡᠳ᠋ᠯᠡᠭᠦᠯᠬᠦ ᠪᠡᠷ ᠲᠥᠯᠥᠪᠯᠡᠵᠦ ᠪᠤᠢ᠃
《ᠵᠠᠮ ᠵᠢᠠᠷ ᠡᠯᠡᠰᠦ ᠵᠢ ᠵᠠᠰᠠᠬᠤ》 ᠵᠢ ᠭᠦᠨᠵᠡᠭᠡᠢᠷᠡᠭᠦᠯᠦᠨ ᠠᠬᠢᠭᠤᠯᠵᠤ᠂ ᠬᠥᠳᠡᠭᠡ ᠲᠣᠰᠬᠣᠨ ᠤ᠋ ᠵᠠᠰᠠᠮᠠᠯ ᠵᠠᠮ ᠢ᠋ 2230 ᠺᠢᠯᠣᠮᠧᠲ᠋ᠷ ᠰᠢᠨ᠎ᠡ ᠪᠡᠷ ᠥᠭᠡᠷᠡᠴᠢᠯᠡᠨ ᠵᠠᠰᠠᠵᠤ᠂ 153 ᠲᠦᠮᠡᠨ ᠮᠦ᠍ ᠡᠯᠡᠰᠦ ᠵᠢ ᠵᠠᠰᠠᠬᠤ ᠵᠢ ᠲᠠᠢᠴᠢᠯᠠᠨ᠂ ᠡᠯᠡᠰᠦᠷᠬᠡᠭ ᠣᠷᠣᠨ ᠤ᠋ ᠵᠠᠮ ᠬᠠᠷᠢᠯᠴᠠᠭᠠᠨ ᠤ᠋ ᠠᠮᠢ ᠠᠬᠤᠶ ᠵᠢᠨ ᠰᠡᠷᠭᠡᠢᠯᠡᠯᠲᠡ ᠵᠢᠨ ᠱᠤᠭᠤᠮ ᠢ᠋ ᠴᠢᠨᠠᠭᠰᠢᠳᠠ ᠪᠡᠬᠢᠵᠢᠭᠦᠯᠤᠨᠡ᠃ ᠮᠠᠯ ᠪᠡᠯᠴᠢᠭᠡᠷ ᠢ᠋ ᠲᠡᠩᠴᠡᠭᠦᠷᠢ ᠲᠡᠶ ᠪᠠᠢᠯᠭᠠᠬᠤ ᠪᠠ ᠪᠡᠯᠴᠢᠭᠡᠷᠯᠡᠭᠦᠯᠬᠦ ᠵᠢ ᠴᠠᠭᠠᠵᠠᠯᠠᠬᠤ ᠪᠡᠯᠴᠢᠭᠡᠷᠯᠡᠭᠦᠯᠬᠦ ᠵᠢ ᠵᠣᠭᠰᠣᠭᠠᠬᠤ ᠲᠦᠷᠢᠮ ᠢ᠋ ᠴᠢᠩᠭ᠎ᠠ ᠬᠡᠷᠡᠭᠵᠢᠭᠦᠯᠵᠦ᠂ ᠪᠠᠢᠭᠠᠯᠢ ᠵᠢᠨ ᠨᠤᠲᠤᠭ ᠪᠡᠯᠴᠢᠭᠡᠷ ᠤ᠋ᠨ ᠮᠠᠯ ᠪᠡᠯᠴᠢᠭᠡᠷ ᠢ᠋ ᠲᠡᠩᠴᠡᠭᠦᠷᠢ ᠲᠡᠶ ᠪᠠᠢᠯᠭᠠᠬᠤ ᠬᠦᠢᠴᠡᠳᠭᠡᠯ ᠲᠣᠭ᠎ᠠ ᠵᠢ 10% ᠡᠴᠡ ᠳᠣᠷᠣᠭᠰᠢ ᠪᠠᠢᠯᠭᠠᠨ᠎ᠠ︔ ᠣᠶ ᠰᠢᠭᠤᠶ ᠪᠠ ᠨᠤᠳᠤᠭ ᠪᠡᠯᠴᠢᠭᠡᠷ ᠢ᠋ ᠡᠪᠳᠡᠭᠰᠡᠨ ᠬᠠᠤᠯᠢ ᠡᠴᠡ ᠵᠥᠷᠢᠴᠡᠭᠰᠡᠨ ᠦᠢᠯᠡ ᠠᠵᠢᠯᠯᠠᠭ᠎ᠠ ᠵᠢ ᠦᠷᠭᠦᠯᠵᠢᠯᠡᠨ ᠴᠡᠭᠴᠡᠯᠡᠨ ᠵᠠᠰᠠᠵᠤ᠂ ᠭᠠᠯ ᠲᠦᠢᠮᠡᠷ ᠢ᠋ ᠰᠡᠷᠭᠡᠢᠯᠡᠨ ᠤᠨᠲᠠᠷᠠᠭᠠᠬᠤ ᠪᠠ ᠬᠥᠨᠥᠭᠡᠯᠲᠤ ᠠᠮᠢᠳᠤ ᠪᠣᠳᠠᠰ ᠢ᠋ ᠰᠡᠷᠭᠡᠢᠯᠡᠨ ᠵᠠᠰᠠᠬᠤ ᠵᠢ ᠴᠢᠩᠭᠠᠳᠬᠠᠨ᠂ ᠠᠮᠢ ᠠᠬᠤᠶ ᠵᠢᠨ ᠠᠮᠤᠷ ᠲᠦᠪᠰᠢᠨ ᠤ᠋ ᠬᠣᠷᠢᠭ᠎ᠠ ᠱᠤᠭᠤᠮ ᠢ᠋ ᠪᠠᠲᠤ ᠰᠠᠬᠢᠨ᠎ᠠ᠃
ᠣᠶ ᠡᠪᠡᠰᠦᠨ ᠤ᠋ ᠠᠵᠤ ᠦᠢᠯᠡᠰ ᠬᠢᠭᠡᠳ ᠨᠡᠭᠦᠷᠡᠰᠦᠲᠥ᠋ᠷᠥᠭᠴᠢ ᠬᠤᠷᠠᠮᠳᠤᠭᠤᠯᠬᠤ ᠰᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠤ᠋ ᠬᠥᠭᠵᠢᠯᠲᠡ ᠵᠢ ᠲᠦᠷᠭᠡᠳᠬᠡᠵᠦ᠂ ᠣᠷᠣᠨ ᠪᠦᠰᠡ ᠵᠢᠨ ᠨᠡᠢᠲᠡ ᠵᠢᠨ ᠬᠡᠷᠡᠭᠯᠡᠭᠡᠨ ᠤ᠋ ᠲᠥᠷᠥᠯ ᠲᠡᠮᠳᠡᠭ ᠢ᠋ ᠡᠭᠦᠳᠦᠨ ᠪᠠᠢᠭᠤᠯᠵᠤ᠂ ᠡᠪᠡᠰᠦᠨ ᠦᠷ᠎ᠡ ᠵᠢᠨ ᠦᠢᠯᠡᠰ ᠤ᠋ᠨ 《ᠳᠥᠷᠪᠡᠨ ᠶᠡᠬᠡ ᠢᠨᠵᠧᠨᠧᠷᠢᠩ》 ᠢ᠋ ᠬᠡᠷᠡᠭᠵᠢᠭᠦᠯᠦᠨ᠂ ᠳᠤᠤᠷ᠎ᠠ ᠨᠡᠭᠦᠷᠡᠰᠦᠲᠥ᠋ᠷᠥᠭᠴᠢᠳᠤ ᠵᠢᠨ ᠲᠦᠭᠡᠮᠡᠯ ᠬᠠᠷᠠᠭᠠᠯᠵᠠᠯ ᠤ᠋ᠨ ᠠᠷᠠᠯᠵᠢᠶᠠᠨ ᠤ᠋ ᠲᠠᠪᠴᠠᠩ ᠢ᠋ ᠪᠠᠢᠭᠤᠯᠵᠤ᠂ ᠠᠮᠢ ᠠᠬᠤᠶ ᠵᠢᠨ ᠳᠠᠪᠠᠭᠤᠯᠢᠭ ᠢ᠋ ᠦᠷᠭᠦᠯᠵᠢᠯᠡᠬᠦ ᠬᠥᠭᠵᠢᠯᠲᠡ ᠵᠢᠨ ᠳᠠᠪᠠᠭᠤᠯᠢᠭ ᠪᠣᠯᠭᠠᠨ ᠬᠤᠪᠢᠷᠠᠭᠤᠯᠬᠤ ᠵᠢ ᠠᠬᠢᠭᠤᠯᠤᠨ᠎ᠠ᠃
ᠡᠯᠡᠰᠦᠨ ᠬᠤᠢᠯᠠᠷᠠᠭᠠ ᠪᠤᠰᠴᠦ ᠪᠠᠢᠭᠰᠠᠨ ᠡᠴᠡ ᠪᠠᠨ ᠨᠤᠮᠢᠨ ᠨᠤᠭᠤᠭᠠᠨ ᠠᠮᠢᠵᠢᠷᠠᠯᠤᠨ ᠬᠦᠴᠤᠨ ᠪᠢᠯᠬᠠᠬᠤ ᠬᠦᠷᠳᠡᠯ᠎ᠡ᠂ ᠠᠮᠢ ᠠᠬᠤᠢ ᠵᠢᠨ ᠵᠠᠰᠠᠯᠲᠠ ᠡᠴᠡ ᠠᠵᠤ ᠦᠢᠯᠡᠰ ᠤ᠋ᠨ ᠬᠥᠭᠵᠢᠯ ᠪᠠᠳᠠᠷᠠᠯ ᠬᠦᠷᠲᠡᠯ᠎ᠡ᠂ ᠥᠪᠥᠷ ᠮᠣᠩᠭᠣᠯ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠪᠦᠳᠦᠭᠡᠨ ᠪᠠᠢᠭᠤᠯᠤᠯᠲᠠ ᠵᠢ ᠠᠬᠢᠭᠤᠯᠵᠤ᠂ ᠠᠮᠢ ᠠᠬᠤᠢ᠂ ᠠᠵᠤ ᠠᠬᠤᠢ᠂ ᠠᠷᠠᠳ ᠤ᠋ᠨ ᠠᠮᠢᠳᠤᠷᠠᠯ ᠤ᠋ᠨ ᠦᠷ᠎ᠡ ᠠᠰᠢᠭ ᠢ᠋ ᠵᠡᠷᠭᠡ ᠪᠡᠷ ᠳᠡᠭᠡᠭᠰᠢᠯᠡᠭᠦᠯᠬᠦ ᠵᠢ ᠪᠡᠶᠡᠯᠡᠭᠦᠯᠵᠡᠢ᠃ ᠰᠢᠨ᠎ᠡ ᠭᠠᠷᠤᠭ᠎ᠠ ᠳ᠋ᠤ ᠵᠣᠭᠰᠣᠨ᠂ ᠥᠪᠥᠷ ᠮᠣᠩᠭᠣᠯ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠪᠣᠭᠣᠮᠲᠠ ᠰᠢᠪᠲᠤᠯᠬᠤ ᠳᠠᠢᠯᠠᠯᠳᠤᠭᠠᠨ ᠢ᠋ ᠦᠷᠭᠦᠯᠵᠢᠯᠡᠨ ᠰᠠᠢᠲᠤᠷ ᠬᠢᠵᠦ᠂ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢ ᠪᠡᠬᠢᠵᠢᠭᠦᠯᠵᠦ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ ᠢ᠋ ᠪᠦᠳᠦᠬᠡᠨ ᠪᠠᠢᠭᠤᠯᠬᠤ᠂ ᠬᠠᠳᠤᠨ ᠭᠣᠣᠯ ᠤ᠋ᠨ ᠠᠮᠤᠷ ᠲᠦᠪᠰᠢᠨ ᠢ᠋ ᠬᠠᠮᠠᠭᠠᠯᠠᠬᠤ᠂ ᠬᠠᠮᠲᠤ ᠪᠠᠷ ᠴᠢᠨᠡᠭᠡᠯᠢᠭᠵᠢᠬᠦ ᠵᠢ ᠠᠬᠢᠭᠤᠯᠬᠤ ᠵᠠᠷᠭᠡ ᠲᠠᠯ᠎ᠠ ᠪᠠᠷ ᠨᠡᠩ ᠶᠡᠬᠡ ᠬᠦᠴᠦᠨ ᠴᠢᠳᠠᠯ ᠵᠢᠠᠨ ᠨᠠᠮᠡᠷᠢᠯᠡᠨᠠ᠃