ᠥᠪᠥᠷ ᠮᠣᠩᠭᠣᠯ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠪᠣᠯᠤᠭᠰᠠᠨ ᠤ᠋ ᠬᠤᠪᠢ ᠳ᠋ᠤ᠌᠂ ᠠᠮᠢ ᠠᠬᠤᠢ ᠵᠢᠨ ᠵᠠᠰᠠᠯᠳᠠ ᠵᠢᠨ ᠦᠢᠯᠡᠳᠦᠯᠭᠡ ᠨᠢ ᠨᠠᠷᠢᠯᠢᠭᠵᠢᠭᠤᠯᠬᠤ᠂ ᠰᠢᠨᠵᠢᠯᠡᠬᠦ ᠤᠬᠠᠭᠠᠨᠴᠢᠯᠠᠬᠤ ᠪᠠ ᠰᠢᠰᠲ᠋ᠧᠮᠵᠢᠭᠦᠯᠬᠦ ᠲᠡᠢᠰᠢ ᠬᠦᠭᠵᠢᠵᠤ ᠪᠤᠢ᠃ ᠡᠨᠡ ᠵᠢᠯ᠂ ᠬᠥᠬᠡᠬᠣᠲᠠ ᠳ᠋ᠤ ᠤᠳᠠ ᠵᠢᠨ ᠤᠩᠭᠠᠷᠢᠯ ᠨᠢᠰᠴᠦ ᠬᠠᠢᠯᠠᠰᠤᠨ ᠵᠣᠭᠠ ᠳᠡᠭᠳᠡᠵᠦ ᠪᠠᠢᠭ᠎ᠠ ᠵᠢᠴᠢ ᠰᠢᠷᠠᠯᠵᠢ ᠵᠢᠨ ᠲᠣᠭᠣᠰᠣᠨ ᠳ᠋ᠤ᠌ ᠬᠠᠷᠰᠢᠮᠠᠲᠠᠭᠠᠢ ᠭᠡᠮ ᠡᠭᠦᠰᠬᠡᠬᠦ ᠠᠰᠠᠭᠤᠳᠠᠯ ᠳ᠋ᠤ᠌ ᠴᠢᠭᠯᠡᠭᠦᠯᠦᠨ ᠠᠭᠠᠷ ᠮᠠᠨᠳᠠᠯ ᠢ᠋ ᠪᠣᠬᠢᠷᠳᠤᠭᠤᠯᠬᠤ ᠪᠣᠳᠠᠰ ᠢ᠋ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ ᠬᠢᠭᠡᠳ ᠬᠣᠲᠠ ᠵᠢᠨ ᠣᠯᠠᠨ ᠨᠡᠢᠲᠡ ᠵᠢᠨ ᠡᠷᠡᠭᠦᠯ ᠮᠡᠨᠳᠦ ᠵᠢᠨ ᠪᠠᠲᠤᠯᠠᠭ᠎ᠠ ᠵᠢ ᠬᠠᠷᠢᠯᠴᠠᠨ ᠤᠶᠠᠯᠳᠤᠭᠤᠯᠤᠭᠰᠠᠨ ᠨᠡᠢᠲᠡᠯᠢᠭ ᠵᠢᠱ᠌ᠢᠶ᠎ᠡ ᠪᠣᠯᠵᠤ ᠪᠢᠯᠡ᠃
ᠰᠠᠭᠤᠭᠠᠯᠢ ᠠᠷᠠᠳ ᠤ᠋ᠨ ᠤᠷᠴᠢᠨ ᠨᠦᠭᠦᠴᠡᠯ ᠢ᠋ ᠴᠡᠭᠴᠡᠯᠡᠨ ᠰᠠᠢᠵᠢᠷᠠᠭᠤᠯᠵᠤ᠂ ᠤᠢᠵᠢᠭᠤᠯᠤᠯᠳᠠ ᠨᠤᠭᠤᠭᠠᠷᠠᠭᠤᠯᠤᠯᠳᠠ ᠬᠢᠭᠦ ᠳ᠋ᠡᠭᠡᠨ ᠠᠷᠠᠳ ᠤᠯᠠᠨ ᠤ᠋ ᠡᠷᠡᠭᠦᠯ ᠮᠡᠨᠳᠤ ᠵᠢ ᠰᠦᠷᠳᠡᠭᠦᠯᠬᠦ ᠬᠠᠷᠰᠢᠮᠠᠳᠠᠭᠠᠢ ᠬᠡᠮ ᠡᠭᠦᠰᠭᠡᠭᠦ ᠠᠰᠠᠭᠤᠳᠠᠯ ᠢ᠋ ᠠᠯᠢ ᠪᠤᠯᠬᠤ ᠪᠡᠷ ᠠᠩᠬᠠᠷᠬᠤ ᠴᠢᠬᠤᠯᠠᠳᠠᠢ᠃ ᠬᠦᠬᠡᠬᠤᠳᠠ ᠪᠡᠷ ᠵᠢᠱ᠌ᠢᠶᠡᠯᠡᠭᠦ ᠳ᠋ᠤ᠂ ᠬᠠᠪᠤᠷ ᠨᠠᠮᠤᠷ ᠤ᠋ᠨ ᠤᠯᠠᠷᠢᠯ ᠤ᠋ᠨ ᠴᠡᠴᠡᠭ ᠤ᠋ᠨ ᠲᠣᠭᠣᠰᠣᠨ ᠳ᠋ᠤ᠌ ᠬᠠᠷᠰᠢᠮᠠᠲᠠᠭᠠᠢ ᠭᠡᠮ ᠡᠭᠦᠰᠬᠦ ᠠᠰᠠᠭᠤᠳᠠᠯ ᠳ᠋ᠤ᠌ ᠴᠢᠭᠯᠡᠭᠦᠯᠦᠨ 《ᠡᠬᠢ ᠡᠭᠦᠰᠦᠯᠡᠴᠡ ᠨᠢ ᠬᠠᠮᠢᠶᠠᠷᠤᠨ ᠡᠵᠡᠮᠳᠡᠬᠦ + ᠬᠥᠳᠡᠯᠦᠩᠭᠦᠢᠪᠡᠷ ᠵᠠᠰᠠᠬᠤ + ᠤᠷᠲᠤ ᠬᠤᠭᠤᠴᠠᠭᠠᠪᠠᠷ ᠪᠦᠲᠦᠮᠵᠢᠲᠡᠢ ᠰᠡᠷᠭᠡᠢᠯᠡᠨ ᠡᠵᠡᠮᠳᠡᠬᠦ》 ᠪᠦᠷᠢᠨ ᠪᠦᠲᠦᠨ ᠰᠢᠰᠲ᠋ᠧᠮ ᠢ᠋ ᠪᠠᠢᠭᠤᠯᠪᠠ᠃ ᠣᠷᠴᠢᠨ ᠲᠣᠭᠣᠷᠢᠨ ᠤ᠋ ᠡᠷᠡᠭᠦᠯ ᠬᠠᠮᠠᠭᠠᠯᠠᠯ ᠤ᠋ᠨ ᠰᠠᠯᠠᠭ᠎ᠠ ᠮᠥᠴᠢᠷ 《ᠤᠬᠢᠶᠠᠵᠤ ᠱᠦᠭᠦᠷᠳᠡᠭᠦ + ᠤᠰᠤ ᠰᠦᠷᠴᠢᠬᠦ》 ᠶ᠋ᠢ ᠨᠢᠭᠡ ᠴᠤᠭᠴᠠᠵᠢᠭᠤᠯᠤᠭᠰᠠᠨ ᠠᠵᠢᠯ ᠵᠢᠡᠷ ᠳᠠᠮᠵᠢᠨ ᠨᠢᠰᠬᠦ ᠤᠩᠭᠠᠷᠢᠯ ᠢ᠋ ᠳᠠᠷᠤᠨ ᠴᠡᠴᠡᠭ ᠤ᠋ᠨ ᠲᠣᠭᠣᠰᠣᠨ ᠤ᠋ ᠲᠠᠷᠬᠠᠯᠲᠠ ᠵᠢ ᠬᠣᠷᠢᠭᠯᠠᠪᠠ; ᠪᠠᠷᠢᠯᠭ᠎ᠠ ᠵᠢᠨ ᠭᠠᠵᠠᠷ ᠵᠡᠷᠭᠡ ᠭᠣᠣᠯᠳᠠᠯᠭ᠎ᠠ ᠲᠠᠢ ᠣᠷᠣᠨ ᠪᠦᠰᠡ ᠳ᠋ᠦ᠍ ᠴᠢᠭᠯᠡᠭᠦᠯᠦᠨ᠂ ᠪᠠᠷᠢᠯᠭ᠎ᠠ ᠵᠢᠨ ᠨᠢᠭᠡᠴᠢ ᠲᠡᠢ ᠬᠠᠮᠳᠤᠷᠠᠨ ᠰᠢᠷᠠᠯᠵᠢ ᠡᠪᠡᠰᠦ ᠵᠢ ᠲᠤᠰᠬᠠᠢ ᠠᠷᠢᠯᠭᠠᠬᠤ ᠠᠵᠢᠯᠯᠠᠭ᠎ᠠ ᠦᠷᠨᠢᠭᠦᠯᠪᠡ᠃ ᠪᠠᠰᠠ᠂ ᠴᠠᠭ ᠠᠭᠤᠷ ᠤ᠋ᠨ ᠰᠠᠯᠠᠭ᠎ᠠ ᠮᠥᠴᠢᠷ ᠯᠦ᠍ᠭᠡ ᠤᠷᠢᠳᠴᠢᠯᠠᠨ ᠰᠡᠷᠡᠮᠵᠢᠯᠡᠭᠦᠯᠬᠦ ᠬᠠᠮᠲᠤᠷᠠᠨ ᠬᠦᠳᠡᠯᠦᠯᠴᠡᠭᠦ ᠲᠣᠭᠲᠠᠴᠠ ᠵᠢ ᠪᠠᠢᠭᠤᠯᠵᠤ᠂ ᠴᠡᠴᠡᠭ ᠤ᠋ᠨ ᠲᠣᠭᠣᠰᠣ ᠵᠢᠨ ᠥᠳᠬᠡᠴᠡ᠂ ᠴᠠᠭ ᠠᠭᠤᠷ ᠤ᠋ᠨ ᠬᠤᠪᠢᠷᠠᠯᠲᠠ ᠵᠢ ᠦᠨᠳᠦᠰᠦᠯᠡᠨ ᠠᠵᠢᠯ ᠤ᠋ᠨ ᠲᠦᠰᠦᠯ ᠵᠢᠡᠨ ᠬᠥᠳᠡᠯᠦᠩᠭᠦᠢ ᠲᠣᠬᠢᠷᠠᠭᠤᠯᠵᠤ᠂ ᠵᠠᠰᠠᠯᠲᠠ ᠵᠢ ᠰᠢᠨᠵᠢᠯᠡᠬᠦ ᠤᠬᠠᠭᠠᠨᠴᠢᠯᠠᠬᠤ᠂ ᠨᠠᠷᠢᠯᠢᠭᠵᠢᠭᠤᠯᠬᠤ ᠵᠢ ᠪᠡᠶᠡᠯᠡᠭᠦᠯᠵᠡᠢ᠃
ᠠᠩᠬᠠᠷᠤᠭᠤᠰᠢᠲᠠᠢ ᠨᠢ᠂ ᠬᠦᠬᠡᠬᠤᠳᠠ ᠵᠢᠨ ᠡᠨᠡ ᠬᠦ᠌ ᠵᠠᠰᠠᠯᠲᠠ ᠨᠢ ᠠᠨᠠᠭᠠᠬᠤ ᠤᠬᠠᠭᠠᠨ ᠤ᠋ ᠰᠡᠷᠭᠡᠢᠯᠡᠨ ᠡᠵᠡᠮᠳᠡᠬᠦ ᠰᠢᠰᠲ᠋ᠸᠮ ᠲᠡᠢ ᠭᠦᠨᠵᠡᠭᠡᠢ ᠬᠠᠮᠵᠢᠯᠴᠠᠪᠠ᠃ ᠪᠡᠭᠡᠵᠢᠩ ᠤ᠋ᠨ ᠱᠢ ᠵᠢᠢ ᠲᠠᠨ ᠡᠮᠨᠡᠯᠭᠡ ᠵᠢᠨ ᠬᠣᠷᠢᠶ᠎ᠠ ᠵᠢᠨ ᠴᠡᠴᠡᠭ ᠤ᠋ᠨ ᠲᠣᠭᠣᠰᠣ ᠵᠢ ᠬᠢᠨᠠᠨ ᠬᠡᠮᠵᠢᠬᠦ ᠲᠣᠣᠷ ᠨᠢ ᠬᠥᠬᠡᠬᠣᠲᠠ ᠳ᠋ᠤ᠌ ᠲᠦᠭᠡᠭᠡᠵᠦ᠂ ᠵᠠᠰᠠᠭ ᠤ᠋ᠨ ᠣᠷᠳᠣᠨ ᠤ᠋ ᠠᠮᠢ ᠠᠬᠤᠢ ᠵᠢᠨ ᠵᠠᠰᠠᠯᠲᠠ ᠳ᠋ᠤ᠌ ᠵᠠᠩᠭᠢᠯᠠᠭ᠎ᠠ ᠵᠢᠨ ᠲᠣᠭ᠎ᠠ ᠪᠠᠷᠢᠮᠲᠠ ᠵᠢᠨ ᠳᠡᠮᠵᠢᠯᠭᠡ ᠬᠠᠩᠭᠠᠵᠤ᠂ 《ᠵᠠᠰᠠᠭ ᠤ᠋ᠨ ᠣᠷᠳᠣᠨ ᠵᠢᠠᠷ ᠭᠣᠣᠯᠯᠠᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠢᠡᠷ ᠲᠤᠯᠭᠠᠭᠤᠷᠢᠯᠠᠬᠤ᠂ ᠨᠡᠢᠲᠡ ᠣᠯᠠᠨ ᠵᠢᠠᠷ ᠵᠢᠠᠨ ᠣᠷᠣᠯᠴᠠᠬᠤ》 ᠬᠠᠮᠵᠢᠯᠴᠠᠭᠠᠨ ᠤ᠋ ᠵᠠᠭᠪᠤᠷ ᠢ᠋ ᠪᠦᠷᠢᠯᠳᠦᠭᠦᠯᠵᠤ᠂ ᠠᠮᠢ ᠠᠬᠤᠢ ᠵᠢᠨ ᠵᠠᠰᠠᠯᠳᠠ ᠬᠢᠭᠡᠳ ᠣᠯᠠᠨ ᠨᠡᠢᠲᠡ ᠵᠢᠨ ᠡᠷᠡᠭᠦᠯ ᠮᠡᠨᠳᠦ ᠵᠢᠨ ᠪᠠᠲᠤᠯᠠᠭ᠎ᠠ ᠵᠢ ᠨᠢᠭᠲᠠ ᠤᠶᠠᠯᠳᠤᠭᠤᠯᠵᠠᠢ᠃
ᠠᠮᠢ ᠠᠬᠤᠢ ᠵᠢᠨ ᠪᠦᠳᠦᠭᠡᠨ ᠪᠠᠢᠭᠤᠯᠤᠯᠳᠠ ᠳ᠋ᠤ ᠤᠢᠵᠢᠭᠤᠯᠤᠯᠳᠠ ᠨᠤᠭᠤᠭᠠᠷᠠᠭᠤᠯᠤᠯᠳᠠ ᠵᠢ ᠴᠢᠡᠭᠭ᠎ᠠ ᠠᠳᠬᠤᠬᠤᠵᠢᠨ ᠬᠠᠮᠳᠤ ᠠᠷᠠᠳ ᠤ᠋ᠨ ᠠᠮᠢᠳᠤᠷᠠᠯ ᠳ᠋ᠤ ᠠᠩᠬᠠᠷᠤᠯ ᠵᠢᠠᠨ ᠬᠠᠨᠳᠤᠭᠤᠯᠬᠤ ᠴᠢᠬᠤᠯᠠᠳᠠᠢ ᠶᠤᠮ᠃ ᠰᠢᠷᠠᠯᠵᠢ ᠵᠢ ᠠᠷᠢᠯᠭᠠᠬᠤ ᠵᠡᠷᠭᠡ ᠣᠨᠴᠠᠭᠠᠢ ᠠᠮᠢ ᠠᠬᠤᠢ ᠬᠢᠭᠡᠳ ᠡᠷᠡᠭᠦᠯ ᠮᠡᠨᠳᠦ ᠵᠢᠨ ᠥᠷᠢᠰᠥᠯᠳᠦᠭᠡᠨ ᠢ᠋ ᠪᠦᠲᠦᠮᠵᠢᠲᠡᠢ ᠠᠷᠭᠠᠴᠠᠭᠠᠬᠤ ᠵᠢᠨ ᠬᠠᠮᠳᠤ ᠠᠮᠢ ᠠᠬᠤᠢ ᠵᠢᠨ ᠪᠦᠳᠦᠭᠡᠨ ᠪᠠᠢᠭᠤᠯᠤᠯᠳᠠ ᠳ᠋ᠤ ᠠᠷᠠᠳ ᠤ᠋ᠨ ᠠᠮᠢᠳᠤᠷᠠᠯ ᠢ᠋ ᠰᠠᠢᠳᠤᠷ ᠬᠠᠷᠠᠭᠠᠯᠵᠠᠵᠤ᠂ ᠬᠦᠮᠦᠨ ᠪᠠᠢᠭᠠᠯᠢ ᠵᠢᠨ ᠡᠶ᠎ᠡ ᠵᠤᠬᠢᠴᠠᠩᠭᠤᠢ ᠬᠠᠮᠳᠤ ᠤᠷᠤᠰᠢᠬᠤ ᠵᠢ ᠦᠨᠡᠨ ᠬᠦ᠌ ᠪᠡᠳᠤᠯᠠᠪᠠᠯ ᠵᠤᠬᠢᠨ᠎ᠠ᠃