ᠣᠢᠷ᠎ᠠ᠎ᠳᠦ᠂ ᠲᠥᠪ ᠲᠧᠯᠸᠢᠰ᠎ᠦᠨ ᠰᠣᠨᠢᠨ ᠮᠡᠳᠡᠭᠡ ᠵᠢ ᠦᠨᠳᠦᠰᠦᠯᠡᠪᠡᠯ᠂ ᠰᠤᠷᠭᠠᠨ ᠬᠥᠮᠦᠵᠢᠯ᠎ᠦᠨ ᠶᠠᠮᠤᠨ 《ᠲᠣᠭᠠᠴᠢᠯᠠᠭᠰᠠᠨ ᠴᠠᠭ ᠦᠶ᠎ᠡ᠎ᠳᠡᠬᠢ ᠪᠠᠭ᠎ᠠ ᠨᠠᠰᠤ ᠵᠢ ᠬᠠᠮᠳᠣ ᠪᠡᠷ ᠰᠠᠬᠢᠨ ᠬᠠᠮᠠᠭᠠᠯᠠᠬᠣ》 ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠤᠬᠠᠭᠤᠯᠭ᠎ᠠ᠎ᠶᠢᠨ ᠰᠠᠷ᠎ᠠ᠎ᠶᠢ ᠡᠬᠢᠯᠡᠭᠦᠯᠵᠦ᠂ ᠡᠯ᠎ᠡ ᠭᠠᠵᠠᠷ᠎ᠤᠨ ᠬᠡᠦᠬᠡᠳ᠎ᠦᠨ ᠴᠡᠴᠡᠷᠯᠢᠭ᠎ᠢ 《ᠲᠣᠭᠯᠠᠭᠠᠮ᠎ᠢᠶᠠᠷ ᠦᠨᠳᠦᠰᠦᠨ ᠠᠵᠢᠯᠯᠠᠭ᠎ᠠ ᠪᠠᠨ ᠪᠣᠯᠭᠠᠵᠤ》᠂ ᠬᠡᠦᠬᠡᠳ᠎ᠦᠨ ᠲᠣᠭᠠᠴᠢᠯᠠᠭᠰᠠᠨ ᠦᠢᠯᠡᠳᠬᠦᠨ᠎ᠢᠶᠡᠷ ᠵᠢᠷᠤᠭᠳᠦ ᠨᠣᠮ᠂ ᠲᠣᠭᠯᠠᠭᠠᠮ᠎ᠢ ᠣᠷᠣᠯᠠᠭᠤᠯᠵᠤ ᠪᠣᠯᠬᠤ ᠦᠭᠡᠢ᠃ ᠭᠡᠷ᠎ᠦᠨ ᠠᠬᠠᠮᠠᠳ᠎ᠢ ᠬᠥᠲᠥᠯᠥᠨ ᠵᠢᠯᠤᠭᠣᠳᠴᠤ ᠪᠠᠢᠭᠠᠳ 《ᠢᠯᠡᠭᠦᠬᠡᠨ ᠬᠠᠨᠢ ᠪᠣᠯᠵᠤ᠂ ᠢᠯᠡᠭᠦᠬᠡᠨ ᠲᠣᠭᠯᠠᠭᠠᠮ ᠨᠠᠭᠠᠳᠴᠤ᠂ ᠢᠯᠡᠭᠦᠬᠡᠨ ᠬᠥᠳᠡᠯᠭᠡᠭᠡᠨ ᠬᠢᠵᠦ᠂ ᠪᠠᠢᠭᠠᠯᠢ᠎ᠲᠠᠢ ᠢᠯᠡᠭᠦᠬᠡᠨ ᠣᠢᠷᠠᠳᠬᠤ》 ᠬᠡᠦᠬᠡᠳ ᠪᠣᠢᠵᠢᠭᠤᠯᠬᠤ ᠣᠢᠯᠠᠭᠠᠭᠳᠠᠬᠤᠨ᠎ᠢ ᠪᠣᠶ ᠪᠣᠯᠭᠠᠵᠤ᠂ 《ᠡᠯᠧᠺᠲᠷᠣᠨᠲᠣᠨᠣᠭ ᠲᠦᠬᠦᠬᠡᠷᠦᠮᠵᠢ ᠪᠡᠷ ᠬᠡᠦᠬᠡᠳ ᠰᠠᠭᠠᠳᠠᠭᠣᠯᠬᠣ》 ᠵᠢ ᠰᠡᠷᠭᠡᠢᠯᠡᠬᠦ ᠬᠡᠷᠡᠭᠲᠡᠢ ᠭᠡᠵᠦ ᠤᠷᠢᠶᠠᠯᠠᠪᠠ᠃

ᠴᠥᠭᠡᠨ ᠪᠤᠰᠤ ᠭᠡᠷ᠎ᠦᠨ ᠠᠬᠠᠮᠠᠳ ᠪᠠᠰᠠ ᠲᠣᠭᠠᠴᠢᠯᠠᠭᠰᠠᠨ ᠪᠦᠲᠦᠭᠡᠭᠳᠡᠬᠦᠨ᠎ᠢ ᠬᠡᠦᠬᠡᠳ ᠰᠠᠭᠠᠲᠠᠭᠤᠯᠬᠤ ᠰᠠᠢᠨ 《ᠠᠰᠠᠷᠠᠭ᠍ᠴᠢ》 ᠪᠣᠯᠭᠠᠵᠦ ᠪᠠᠢᠳᠠᠭ᠃ ᠭᠡᠪᠡᠴᠦ ᠬᠡᠳᠦ ᠡᠷᠲᠡ ᠪᠤᠶᠤ ᠬᠡᠳᠦ ᠣᠯᠠᠨ ᠡᠢᠮᠦᠷᠬᠦᠦ ᠲᠣᠭᠠᠴᠢᠯᠠᠬᠰᠠᠨ ᠦᠢᠯᠡᠳᠬᠦᠨ ᠲᠠᠢ ᠣᠢᠷᠠᠳᠬᠤ ᠨᠢ ᠬᠡᠦᠬᠡᠳ᠎ᠦᠨ ᠬᠠᠷᠠᠭ᠎ᠠ᠂ ᠠᠩᠬᠠᠷᠤᠯ ᠵᠡᠷᠭᠡ᠎ᠳᠦ ᠪᠦᠷ ᠠᠰᠢᠭ᠋ ᠦᠭᠡᠢ ᠨᠥᠯᠥᠭᠡ ᠬᠦᠷᠲᠡᠭᠡᠵᠦ ᠮᠡᠳᠡᠨ᠎ᠡ᠃ ᠵᠢᠷᠤᠭᠲᠤ ᠳᠡᠪᠲᠡᠷ ᠤᠩᠰᠢᠬᠤ᠂ ᠲᠣᠭᠯᠠᠭᠠᠮ ᠨᠠᠭᠠᠳᠬᠤ᠂ ᠬᠥᠳᠡᠯᠭᠡᠭᠡᠨ ᠬᠢᠬᠦ ᠵᠡᠷᠭᠡ ᠨᠢ ᠬᠡᠦᠬᠡᠳ᠎ᠦᠨ ᠪᠠᠭ᠎ᠠ ᠨᠠᠰᠤᠨ᠎ᠤ ᠡᠳᠦᠷ ᠲᠤᠲᠤᠮ᠎ᠤᠨ ᠶᠠᠪᠤᠳᠠᠯ ᠪᠠᠢᠵᠤ ᠲᠠᠭᠠᠷᠠᠨ᠎ᠠ᠂ ᠣᠳᠣ ᠬᠠᠷᠢᠨ ᠬᠡᠣᠭᠡᠳᠦᠳ ᠣᠯᠠᠩᠬᠢ ᠴᠠᠭ ᠵᠢᠡᠨ ᠡᠯᠸᠺᠲᠷᠣᠨ ᠲᠣᠨᠣᠭ ᠲᠦᠬᠦᠬᠡᠷᠦᠮᠵᠢ ᠲᠡᠭᠡᠷ᠎ᠡ ᠡᠯᠡᠭᠡᠵᠦ ᠪᠠᠢᠨ᠎ᠠ᠃ ᠡᠢᠮᠦ ᠪᠠᠢᠳᠠᠯ ᠲᠣᠣᠷ᠎ᠠ ᠬᠡᠦᠬᠡᠳ᠎ᠦᠨ ᠴᠡᠴᠡᠷᠯᠢᠭ ᠠᠰᠠᠷᠠᠨ ᠬᠥᠮᠥᠵᠢᠭᠦᠯᠬᠦ ᠤᠭ ᠰᠠᠨᠠᠭ᠎ᠠ᠎ᠳᠠᠭᠠᠨ ᠪᠤᠴᠠᠵᠤ᠂ ᠪᠠᠭ᠍ᠰᠢ ᠵᠢᠨ ᠡᠩᠨᠡᠭᠡ ᠵᠢᠴᠢ ᠴᠡᠴᠡᠷᠯᠢᠭ᠎ᠦᠨ ᠬᠦᠳᠡᠯᠭᠡᠭᠡᠨ ᠠᠵᠢᠯᠯᠠᠭ᠎ᠠ ᠪᠡᠨ ᠰᠢᠯᠢᠳᠡᠭᠵᠢᠭᠦᠯᠬᠦ ᠴᠢᠬᠤᠯᠠᠲᠠᠢ; ᠵᠠᠷᠢᠮ ᠭᠡᠷ᠎ᠦᠨ ᠠᠬᠠᠮᠠᠳ ᠪᠠᠰᠠ ᠢᠯᠡᠬᠦᠬᠡᠨ ᠰᠡᠳᠬᠢᠯ ᠲᠠᠯᠪᠢᠵᠦ ᠬᠡᠣᠭᠡᠳ ᠵᠢᠡᠨ ᠬᠠᠷᠠᠵᠦ ᠬᠠᠮᠢᠶᠠᠷᠬᠣ ᠬᠡᠷᠡᠭᠳᠡᠢ ᠪᠣᠯᠵᠦ ᠪᠠᠢᠨ᠎ᠠ᠃
— 《ᠠᠵᠢᠯᠴᠢᠨ᠎ᠤ ᠡᠳᠦᠷ᠎ᠦᠨ ᠰᠣᠨᠢᠨ》 ᠡᠴᠡ
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号