ᠦᠪᠦᠷ ᠮᠤᠡᠭᠭᠤᠯ ᠦᠶᠡᠷ ᠤᠰᠤᠲᠤᠯ ᠭᠠᠩ ᠬᠠᠭ᠍ᠰᠠᠷᠠᠭᠠᠨ ᠤ᠋ ᠭᠠᠮᠱᠢᠭ ᠢ᠋ ᠰᠡᠷᠭᠡᠢᠯᠡᠬᠦ᠌ ᠲᠤᠬᠠᠢᠯᠠᠭ᠍ᠰᠠᠨ ᠠᠵᠢᠯ ᠤ᠋ᠨ ᠪᠣᠯᠪᠠᠰᠤᠷᠠᠯ ᠰᠣᠷᠢᠯᠲᠠ ᠬᠢᠪᠡ
2026-06-01 09:39:41
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤᠨ ᠠᠱᠢᠭ᠍ᠯᠠᠯᠲᠠ ᠢ᠋ᠢᠨ ᠲᠢᠩᠬᠢᠮ ᠤᠢᠷ᠎ᠠ ᠳ᠋ᠤ ᠪᠥᠬᠥ᠌ ᠣᠷᠣᠨ ᠤ᠋ ᠦᠶᠡᠷ ᠤᠰᠤᠲᠤᠯ ᠭᠠᠩ ᠬᠠᠭ᠍ᠰᠠᠷᠠᠭᠠᠨ ᠤ᠋ ᠭᠠᠮᠱᠢᠭ ᠢ᠋ ᠰᠡᠷᠭᠡᠢᠯᠡᠬᠦ᠌ ᠲᠤᠬᠠᠢᠯᠠᠭ᠍ᠰᠠᠨ ᠠᠵᠢᠯ ᠤ᠋ᠨ ᠲᠤᠰᠭᠠᠶ ᠰᠡᠳᠦᠪᠲᠦ ᠪᠣᠯᠪᠠᠰᠤᠷᠠᠯ ᠵᠢᠴᠢ ᠠᠭᠤᠯᠠᠨ ᠦᠶᠡᠷ ᠢ᠋ ᠰᠡᠷᠭᠡᠢᠯᠡᠬᠦ᠌ ᠪᠠ ᠪᠦᠳᠦᠬᠡᠨ ᠪᠠᠢᠭᠤᠯᠵᠤ ᠪᠠᠢᠭ᠎ᠠ ᠤᠰᠤᠨ ᠠᠱᠢᠭ᠍ᠯᠠᠯᠲᠠ ᠢ᠋ᠢᠨ ᠪᠠᠷᠢᠯᠭ᠎ᠠ ᠢ᠋ᠢᠨ ᠦᠶᠡᠷ ᠤ᠋ᠨ ᠬᠤᠭᠤᠴᠠᠭ᠎ᠠ ᠶ᠋ᠢ ᠠᠮᠤᠷ ᠲᠦᠪᠱᠢᠨ ᠵᠢᠡᠷ ᠥᠩᠭᠡᠷᠡᠭᠦᠯᠬᠦ᠌ ᠰᠣᠷᠢᠯᠲᠠ ᠬᠢᠪᠡ᠃

ᠲᠣᠰ ᠤᠳᠠᠭ᠎ᠠ ᠵᠢᠨ ᠪᠣᠯᠪᠠᠰᠤᠷᠠᠯ ᠳ᠋ᠤ ᠲᠤᠰᠭᠠᠶ ᠮᠡᠷᠭᠡᠵᠢᠯᠲᠡᠨ ᠡᠴᠡ ᠤᠮᠠᠷᠠᠲᠤ ᠣᠷᠣᠨ ᠤ᠋ ᠱᠢᠷᠦᠭᠦᠨ ᠪᠣᠷᠣᠭᠠᠨ ᠦᠶᠡᠷ ᠤᠰᠤᠲᠤᠯ ᠤ᠋ᠨ ᠭᠠᠮᠱᠢᠭ ᠤ᠋ᠨ ᠲᠦᠭ᠌ᠰᠢᠭᠦᠷᠢ ᠢ᠋ᠢᠨ ᠣᠨᠴᠠᠯᠢᠭ ᠪᠠ ᠬᠡᠮ ᠰᠤᠭᠤᠭ ᠢ᠋ ᠢᠯᠭᠠᠨ ᠲᠠᠨᠢᠵᠤ ᠱᠢᠶ᠋ᠳᠪᠦᠷᠢᠯᠡᠬᠦ᠌᠂ 2026 ᠣᠨ ᠤ᠋ ᠦᠶᠡᠷ ᠤ᠋ᠨ ᠬᠤᠭᠤᠴᠠᠭᠠᠨ ᠤ᠋ ᠠᠭᠤᠷ ᠠᠮᠢᠰᠭᠤᠯ ᠤ᠋ᠨ ᠬᠠᠨᠳᠤᠰᠢ ᠢ᠋ᠢᠨ ᠵᠠᠳᠠᠯᠤᠯᠲᠠ ᠵᠢᠴᠢ ᠠᠷᠭᠠᠴᠠᠭᠠᠬᠤ ᠪᠣᠳᠣᠯᠭ᠎ᠠ ᠢ᠋ᠢᠨ ᠰᠠᠨᠠᠭᠤᠯᠭ᠎ᠠ᠂ ᠦᠶᠡᠷ ᠢ᠋ ᠰᠡᠷᠭᠡᠢᠯᠡᠵᠦ᠍ ᠪᠠᠴᠢᠮ ᠪᠠᠢᠳᠠᠯ ᠢ᠋ ᠠᠷᠭᠠᠴᠠᠭᠠᠵᠤ ᠠᠶᠤᠯ ᠡᠴᠡ ᠠᠪᠤᠷᠬᠠᠸ᠋ ᠮᠡᠷᠭᠡᠵᠢᠯ ᠵᠡᠷᠭᠡ ᠠᠭᠤᠯᠭ᠎ᠠ ᠢ᠋ᠢᠨ ᠲᠣᠭᠣᠷᠢᠨ ᠳ᠋ᠤ ᠲᠠᠢᠯᠤᠮᠵᠢ ᠬᠢᠵᠡᠢ᠃ ᠰᠣᠷᠢᠯᠲᠠ ᠢ᠋ᠢᠨ ᠭᠣᠭ᠍ᠴᠣᠭᠠᠨ ᠳ᠋ᠤ ᠬᠣᠲᠠ᠂ ᠪᠠᠯᠭᠠᠰᠤ᠂ ᠲᠣᠰᠭᠣᠨ ᠭᠤᠷᠪᠠᠨ ᠱᠠᠲᠤᠨ ᠤ᠋ ᠤᠷᠢᠳᠴᠢᠯᠠᠨ ᠰᠡᠷᠡᠮᠵᠢᠯᠡᠭᠦᠯᠵᠦ᠍ ᠬᠦᠯᠢᠶᠡᠨ ᠠᠪᠬᠤ᠂ ᠤᠷᠢᠳᠴᠢᠯᠠᠨ ᠪᠠᠢᠷᠢᠯᠠᠭᠤᠯᠤᠯᠳᠠ ᠬᠢᠬᠦ᠂ ᠵᠥᠪᠳᠡᠯᠴᠡᠵᠦ᠍ ᠰᠤᠳᠤᠯᠤᠨ ᠮᠠᠭᠠᠳᠯᠠᠬᠤ᠂ ᠱᠢᠯᠵᠢᠭᠦᠯᠬᠦ᠌ ᠪᠡᠷ ᠪᠡᠯᠡᠳᠭᠡᠬᠦ᠌᠂ ᠳᠠᠷᠤᠢᠬᠠᠨ ᠱᠢᠯᠵᠢᠭᠦᠯᠬᠦ᠌᠂ ᠣᠨᠴᠠᠭᠠᠢ ᠬᠥᠮᠦᠰ ᠢ᠋ ᠬᠠᠪᠰᠤᠷᠤᠨ ᠲᠡᠳᠬᠦᠬᠦ᠌᠂ ᠪᠠᠷᠢᠯᠭ᠎ᠠ ᠢ᠋ᠢᠨ ᠠᠵᠢᠯᠲᠠᠳ ᠬᠣᠯᠪᠣᠭᠠᠯᠠᠨ ᠬᠥᠳᠡᠯᠦᠯᠴᠡᠵᠦ᠍ ᠤᠬᠤᠷᠢᠬᠤ᠂ ᠡᠮ ᠡᠮᠨᠡᠯᠭᠡ ᠢ᠋ᠢᠨ ᠠᠪᠤᠷᠠᠨ ᠲᠤᠰᠠᠯᠠᠯᠲᠠ᠂ ᠲᠥᠪᠬᠢᠨᠡᠭᠦᠯᠬᠦ᠌ ᠬᠠᠮᠢᠶᠠᠷᠤᠯᠲᠠ᠂ ᠠᠶᠤᠯ ᠲᠦᠭ᠌ᠰᠢᠭᠦᠷᠢ ᠶ᠋ᠢ ᠠᠷᠢᠯᠭᠠᠭ᠍ᠰᠠᠨ ᠤ᠋ ᠳᠠᠷᠠᠭ᠎ᠠ ᠡᠮᠬᠢ ᠵᠢᠷᠤᠮ ᠲᠠᠶ ᠪᠡᠷ ᠪᠤᠴᠠᠵᠤ ᠢᠷᠡᠬᠦ᠌ ᠪᠦᠬᠦ᠌ ᠬᠡᠯᠬᠢᠶᠡᠨ ᠤ᠋ ᠪᠠᠴᠢᠮ ᠪᠠᠢᠳᠠᠯ ᠢ᠋ ᠠᠷᠭᠠᠴᠠᠭᠠᠨ ᠱᠢᠢᠳᠪᠦᠷᠢᠯᠡᠬᠦ᠌ ᠶᠠᠪᠤᠴᠠ ᠶ᠋ᠢ ᠭᠣᠣᠯᠳᠠᠯᠭ᠎ᠠ ᠲᠠᠶ ᠰᠤᠷᠢᠵᠡᠢ᠃ ᠰᠣᠷᠢᠯᠲᠠ ᠪᠡᠷ ᠳᠠᠮᠵᠢᠨ ᠦᠨᠳᠦᠰᠦᠨ ᠱᠠᠲᠤᠨ ᠤ᠋ ᠠᠭᠤᠯᠠᠨ ᠦᠶᠡᠷ ᠤ᠋ᠨ ᠭᠠᠮᠱᠢᠭ ᠤ᠋ᠨ ᠪᠡᠯᠡᠳᠭᠡᠯ ᠲᠥᠰᠦᠯ ᠤ᠋ᠨ ᠬᠡᠷᠡᠭ᠌ᠯᠡᠭᠡᠨ ᠤ᠋ ᠴᠢᠨᠠᠷ ᠪᠠ ᠬᠡᠷᠡᠭ᠌ᠵᠢᠭᠦᠯᠵᠦ᠍ ᠪᠣᠯᠬᠤᠢᠴᠠ ᠴᠢᠨᠠᠷ ᠢ᠋ ᠱᠢᠯᠭᠠᠨ ᠪᠠᠢᠴᠠᠭᠠᠵᠤ᠂ ᠭᠡᠨᠡᠳᠲᠡ ᠢ᠋ᠢᠨ ᠬᠡᠷᠡᠭ ᠢ᠋ ᠠᠷᠭᠠᠴᠠᠭᠠᠬᠤ᠂ ᠵᠢᠯᠣᠭᠣᠳᠤᠨ ᠵᠣᠬᠢᠴᠠᠭᠤᠯᠬᠤ᠂ ᠲᠤᠬᠠᠶ ᠢ᠋ᠢᠨ ᠲᠠᠯᠠᠪᠤᠷ ᠲᠤ᠌ ᠱᠢᠶ᠋ᠳᠪᠦᠷᠢᠯᠡᠬᠦ᠌᠂ ᠡᠳ᠋ ᠪᠣᠳᠠᠰ ᠢ᠋ ᠪᠠᠲᠤᠯᠠᠬᠤ ᠵᠡᠷᠭᠡ ᠪᠠᠴᠢᠮ ᠪᠠᠢᠳᠠᠯ ᠢ᠋ ᠠᠷᠭᠠᠴᠠᠭᠠᠬᠤ ᠴᠢᠳᠠᠪᠤᠷᠢ ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号