ᠥᠪᠡᠷᠲᠡᠭᠡᠨ ᠵᠠᠰᠠᠬᠤ ᠣᠷᠣᠨ᠎ᠤ ᠨᠠᠮ᠎ᠦᠨ ᠬᠤᠷᠢᠶ᠎ᠠ ᠵᠢᠨ ᠠᠬᠠᠮᠠᠳ ᠺᠠᠳ᠋ᠷᠴᠤᠳ᠎ᠤᠨ ᠲᠣᠪᠴᠢᠶ᠎ᠠ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ ᠭᠡᠱᠢᠭᠦᠳ᠎ᠦᠨ ᠪᠣᠯᠪᠠᠰᠤᠷᠠᠯ᠎ᠡᠷᠭᠢᠯᠡᠪᠡ
2026-06-01 11:16:31
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠬᠠᠮᠠᠳ ᠺᠠᠳ᠋ᠷᠴᠤᠳ᠎ᠤᠨ ᠲᠣᠪᠴᠢᠶ᠎ᠠ᠎ᠡᠴᠠ ᠲᠣᠪᠴᠢᠶ᠎ᠠ᠎ᠶ᠋ᠢᠨ ᠪᠠᠢᠭᠤᠯᠭ᠎ᠠ᠎ᠶ᠋ᠢᠨ ᠠᠵᠢᠯ᠎ᠡᠴᠠ᠎ᠪᠠᠨ ᠳᠠᠷᠬᠠᠯᠠᠭ᠍ᠳᠠᠬᠰᠠᠨ ᠠᠵᠢᠯ᠎ᠡᠴᠨ᠎ᠪᠠᠨ ᠠᠮᠠᠷᠠᠭ᠍ᠰᠠᠨ ᠺᠠᠳ᠋ᠷᠴᠤᠳ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ ᠬᠡᠰᠢᠬᠦᠳ᠎ᠤᠨ ᠪᠣᠯᠪᠠᠰᠤᠷᠠᠯ ᠡᠷᠭᠢᠯᠡᠵᠦ᠍᠂ 3 ᠱᠢᠭᠤᠳ ᠬᠠᠷᠢᠶ᠎ᠠ ᠠᠵᠢᠯ᠎ᠡᠴᠠ᠎ᠪᠠᠨ ᠳᠠᠷᠬᠠᠯᠠᠭ᠍ᠳᠠᠬᠰᠠᠨ ᠠᠵᠢᠯ᠎ᠡᠴᠠ᠎ᠪᠠᠨ ᠠᠮᠠᠷᠠᠭ᠍ᠰᠠᠨ ᠬᠥᠮᠦᠰ᠎ᠦᠨ ᠠᠵᠢᠯ᠎ᠤᠨ ᠭᠠᠵᠠᠷ᠎ᠤᠨ ᠨᠠᠮ᠎ᠤᠨ ᠶᠡᠷᠦᠩᠬᠡᠶ ᠡᠭᠦᠷ ᠪᠠ 10 ᠪᠠᠢᠭᠤᠯᠭ᠎ᠠ᠎ᠶ᠋ᠢᠨ ᠠᠵᠢᠯ᠎ᠡᠴᠠ᠎ᠪᠠᠨ ᠳᠠᠷᠬᠠᠯᠠᠭ᠍ᠳᠠᠬᠰᠠᠨ ᠠᠵᠢᠯ᠎ᠡᠴᠠ᠎ᠪᠠᠨ ᠠᠮᠠᠷᠠᠭ᠍ᠰᠠᠨ ᠺᠠᠳ᠋ᠷᠴᠤᠳ᠎ᠤᠨ ᠨᠠᠮ᠎ᠤᠨ ᠡᠭᠦᠷ᠎ᠦᠨ ᠱᠦᠵᠢ᠂ ᠭᠡᠱᠢᠭᠦᠨ ᠪᠣᠯᠪᠠᠰᠤᠷᠠᠯ᠎ᠳᠤ  ᠣᠷᠣᠯᠴᠠᠪᠠ᠃

ᠪᠣᠯᠪᠠᠰᠤᠷᠠᠯ᠎ᠨᠢ ᠲᠥᠪᠯᠡᠷᠡᠭᠦᠯᠦᠨ ᠬᠢᠴᠢᠶᠡᠯ ᠣᠷᠣᠬᠤ ᠪᠠ ᠲᠤᠬᠠᠶ᠎ᠶ᠋ᠢᠨ ᠲᠠᠯᠠᠪᠠᠶ᠎ᠳᠤ ᠵᠢᠭᠠᠨ ᠰᠤᠷᠭᠠᠬᠤ ᠠᠷᠭ᠎ᠠ ᠬᠡᠯᠪᠡᠷᠢ᠎ᠪᠡᠷ ᠶᠠᠪᠤᠭ᠍ᠳᠠᠵᠤ᠂ ᠲᠥᠪᠯᠡᠷᠡᠭᠦᠯᠦᠨ ᠬᠢᠴᠢᠶᠡᠯ ᠣᠷᠣᠬᠤ ᠭᠣᠭ᠍ᠴᠣᠭ᠎ᠠ᠎ᠳᠤ᠂ ᠥᠪᠥᠷ ᠮᠣᠩᠭᠣᠯ᠎ᠤᠨ ᠨᠠᠮ᠎ᠤᠨ ᠬᠣᠷᠢᠶᠠᠨ᠎ᠤ ᠨᠠᠮ᠎ᠤᠨ ᠲᠡᠦᠬᠡ ᠪᠠ ᠣᠷᠣᠨ ᠨᠤᠲᠤᠭ᠎ᠤᠨ ᠣᠢᠯᠠᠯᠭ᠎ᠠ ᠰᠤᠳᠤᠯᠬᠤ ᠲᠠᠰᠤᠭ᠎ᠤᠨ ᠨᠢᠭᠡᠳᠦᠭᠡᠷ ᠳᠡᠰ᠎ᠤᠨ ᠪᠠᠢᠴᠠᠭᠠᠨ ᠰᠤᠳᠤᠯᠤᠭ᠍ᠴᠢ ᠵᠠᠩ ᠱᠢᠨ ᠨᠥᠬᠥᠷ᠎ᠢ ᠤᠷᠢᠵᠤ᠂ 《ᠵᠠᠭᠤᠨ ᠵᠢᠯ᠎ᠦᠨ ᠨᠠᠮ᠎ᠤᠨ ᠲᠡᠦᠬᠡ᠎ᠡᠴᠡ ᠤᠷᠤᠭ᠍ᠰᠢᠯᠠᠨ ᠳᠠᠪᠱᠢᠬᠤ ᠬᠦᠴᠦᠨ ᠣᠯᠵᠤ᠂ ᠠᠵᠢᠯ᠎ᠠᠴᠠ᠎ᠪᠠᠨ ᠳᠠᠷᠬᠠᠯᠠᠭ᠍ᠳᠠᠭ᠍ᠰᠠᠨ ᠠᠵᠢᠯ᠎ᠡᠴᠠ᠎ᠪᠠᠨ ᠠᠮᠠᠷᠠᠭ᠍ᠰᠠᠨ ᠺᠠᠳ᠋ᠷᠴᠤᠳ᠎ᠤᠨ ᠨᠠᠮ᠎ᠤᠨ ᠡᠭᠦᠷ᠎ᠦᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠶ᠎ᠠ》 ᠭᠡᠬᠦ᠌ ᠲᠤᠰᠭᠠᠶ ᠰᠡᠳᠦᠪᠲᠦ ᠲᠠᠢᠯᠤᠮᠵᠢ ᠬᠢᠯᠭᠡᠪᠡ᠃ ᠵᠠᠩ ᠱᠢᠨ ᠨᠥᠬᠥᠷ ᠵᠠᠭᠤᠨ ᠵᠢᠯ᠎ᠦᠨ ᠨᠠᠮ᠎ᠤᠨ ᠲᠡᠦᠬᠡ᠎ᠶ᠋ᠢ ᠡᠷᠭᠢᠴᠡᠭᠦᠯᠬᠦ᠌᠂ ᠠᠵᠢᠯ᠎ᠠᠴᠠ᠎ᠪᠠᠨ ᠳᠠᠷᠬᠠᠯᠠᠭ᠍ᠳᠠᠭ᠍ᠰᠠᠨ ᠠᠵᠢᠯ᠎ᠠᠴᠠ᠎ᠪᠠᠨ ᠠᠮᠠᠷᠠᠭ᠍ᠰᠠᠨ ᠺᠠᠳ᠋ᠷᠴᠤᠳ᠎ᠤᠨ ᠨᠠᠮ᠎ᠤᠨ ᠡᠭᠦᠷ᠎ᠦᠨ ᠠᠵᠢᠯ᠎ᠤᠨ ᠦᠵᠡᠯ ᠰᠠᠨᠠᠭᠠᠨ᠎ᠤ ᠰᠠᠭᠤᠷᠢ᠎ᠶ᠋ᠢ ᠪᠠᠲᠤ ᠴᠣᠭ᠍ᠴᠠᠯᠠᠬᠤ᠂ ᠨᠠᠮ᠎ᠤᠨ ᠲᠡᠦᠬᠡ᠎ᠶ᠋ᠢᠨ ᠭᠤᠤᠯ ᠴᠢᠮᠥᠭᠡ᠎ᠶ᠋ᠢ ᠣᠢᠯᠠᠭᠠᠬᠤ᠂ ᠠᠵᠢᠯ᠎ᠡᠴᠠ᠎ᠪᠠᠨ ᠳᠠᠷᠬᠠᠯᠠᠭ᠍ᠳᠠᠭ᠍ᠰᠠᠨ ᠠᠵᠢᠯ᠎ᠠᠴᠠ᠎ᠪᠠᠨ ᠠᠮᠠᠷᠠᠭ᠍ᠰᠠᠨ ᠺᠠᠳ᠋ᠷᠴᠤᠳ᠎ᠤᠨ ᠨᠠᠮ᠎ᠤᠨ ᠡᠭᠦᠷ᠎ᠦᠨ ᠠᠵᠢᠯ᠎ᠤᠨ ᠴᠢᠭ᠌ᠯᠡᠯ ᠠᠷᠭ᠎ᠠ ᠵᠠᠮ᠎ᠢ ᠲᠣᠳᠣᠷᠬᠠᠢᠯᠠᠬᠤ᠂ ᠨᠠᠮ᠎ᠤᠨ ᠡᠭᠦᠷ᠎ᠦᠨ ᠪᠣᠳᠠᠲᠤ ᠪᠠᠢᠳᠠᠯ᠎ᠲᠠᠶ ᠤᠶᠠᠯᠳᠤᠭᠤᠯᠬᠤ᠂ ᠳᠤᠲᠠᠭᠤᠳᠠᠯ᠎ᠢ ᠱᠢᠶ᠋ᠳᠪᠦᠷᠢᠯᠡᠵᠦ᠍ ᠪᠠᠭᠤᠷᠠᠶ ᠲᠠᠯ᠎ᠠ᠎ᠶ᠋ᠢ ᠬᠦᠴᠦᠷᠬᠡᠭ᠌ᠵᠢᠭᠦᠯᠬᠦ᠌ ᠵᠡᠷᠭᠡ ᠲᠠᠯ᠎ᠠ᠎ᠠᠴᠠ ᠱᠢᠰᠲ᠋ᠧᠮ ᠲᠡᠶ ᠤᠬᠠᠭᠤᠯᠤᠨ ᠲᠠᠢᠯᠪᠤᠷᠢᠯᠠᠬᠤ ᠪᠠ ᠠᠮᠢᠳᠤᠯᠢᠭ᠎ᠢᠶᠠᠷ ᠲᠣᠳᠣᠷᠬᠠᠢᠯᠠᠨ ᠲᠠᠢᠯᠪᠤᠷᠢᠯᠠᠪᠠ᠃ ᠲᠤᠬᠠᠶ᠎ᠶ᠋ᠢᠨ ᠲᠠᠯᠠᠪᠠᠶ᠎ᠶ᠋ᠢᠨ ᠵᠢᠭᠠᠨ ᠰᠤᠷᠭᠠᠯᠲᠠ᠎ᠶ᠋ᠢᠨ ᠭᠣᠭ᠍ᠴᠣᠭ᠎ᠠ᠎ᠳᠤ᠂ ᠪᠣᠯᠪᠠᠰᠤᠷᠠᠯ᠎ᠳᠤ ᠣᠷᠣᠯᠴᠠᠭ᠍ᠰᠠᠨ ᠪᠥᠬᠥ᠌ ᠬᠥᠮᠦᠰ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠦᠨᠳᠦᠰᠦᠲᠡᠨ᠎ᠦ ᠮᠦᠽᠧᠶ᠎ᠳᠦ ᠬᠦᠷᠴᠦ᠍᠂ ᠲᠣᠭᠣᠷᠢᠨ ᠦᠵᠡᠵᠦ᠍ ᠰᠤᠷᠤᠯᠴᠠᠬᠤ ᠳᠤᠮᠳᠠ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠶᠡᠬᠡ ᠣᠨᠴᠠᠯᠢᠭ ᠱᠢᠨᠵᠢ ᠪᠠ ᠦᠨᠳᠦᠰᠦᠲᠡᠨ᠎ᠨᠦᠭᠦᠳ᠎ᠦᠨ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ ᠠᠮᠢᠳᠤᠯᠢᠭ ᠦᠶ᠋ᠯᠡᠳᠦᠯᠭᠡ᠎ᠶ᠋ᠢ ᠭᠦᠨᠵᠡᠭᠡᠶ ᠣᠢᠯᠠᠭᠠᠵᠠᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号