ᠥᠪᠥᠷ ᠮᠣᠩᠭᠣᠯ᠎ᠦᠨ 2026 ᠣᠨ᠎ᠤ ᠮᠡᠷᠭᠡᠵᠢᠯ᠎ᠦᠨ ᠴᠣᠯᠠ ᠵᠢ ᠬᠢᠨᠠᠨ ᠲᠣᠭ᠍ᠲᠠᠭᠠᠬᠤ ᠠᠵᠢᠯ᠎ᠡᠬᠢᠯᠡᠵᠡᠢ
2026-06-01 11:19:15
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ ᠵᠢᠨ ᠲᠢᠩᠬᠢᠮ 《2026 ᠣᠨ᠎ᠤ ᠪᠦᠬᠦ᠌ ᠣᠷᠣᠨ᠎ᠤ ᠮᠡᠷᠭᠡᠵᠢᠯ᠎ᠦᠨ ᠴᠣᠯᠠ ᠬᠢᠨᠠᠨ ᠲᠣᠭ᠍ᠲᠠᠭᠠᠬᠤ ᠠᠵᠢᠯ᠎ᠢ ᠰᠠᠢᠲᠤᠷ ᠬᠢᠬᠦ᠌ ᠲᠤᠬᠠᠢ ᠮᠡᠳᠡᠭ᠌ᠳᠡᠯ》 ᠢ᠋ ᠳᠠᠷᠤᠮᠠᠯᠯᠠᠨ ᠲᠠᠷᠬᠠᠭᠠᠵᠤ᠂ ᠪᠦᠬᠦ᠌ ᠣᠷᠣᠨ᠎ᠤ ᠮᠡᠷᠭᠡᠵᠢᠯ᠎ᠦᠨ ᠴᠣᠯᠠ ᠵᠢ ᠬᠢᠨᠠᠨ ᠲᠣᠭ᠍ᠲᠠᠭᠠᠬᠤ ᠠᠵᠢᠯ᠎ᠢ ᠲᠤᠬᠢᠷᠠᠭᠤᠯᠤᠨ ᠪᠠᠢᠷᠢᠯᠠᠭᠤᠯᠪᠠ᠃ ᠡᠨᠡ ᠵᠢᠯ ᠥᠪᠥᠷ ᠮᠣᠩᠭᠣᠯ ᠮᠡᠷᠭᠡᠵᠢᠯ᠎ᠦᠨ ᠴᠣᠯᠠ ᠭᠤᠶᠤᠴᠢᠯᠠᠨ ᠮᠡᠳᠡᠭᠦᠯᠵᠦ᠍ ᠬᠢᠨᠠᠨ ᠲᠣᠭ᠍ᠲᠠᠭᠠᠬᠤ ᠱᠢᠰᠲ᠋ᠧᠮ᠎ᠢ ᠭᠤᠤᠯᠳᠠᠯᠭ᠎ᠠ᠎ᠲᠠᠶ ᠱᠢᠯᠢᠳᠡᠭ᠌ᠵᠢᠭᠦᠯᠵᠦ᠍᠂ ᠨᠡᠢᠭᠡᠮᠴᠢᠯᠡᠭ᠌ᠰᠡᠨ ᠳᠡᠭᠡᠳᠦ ᠵᠡᠷᠭᠡ᠎ᠶ᠋ᠢᠨ ᠮᠡᠷᠭᠡᠵᠢᠯ᠎ᠦᠨ ᠴᠣᠯᠠ ᠬᠢᠨᠠᠨ ᠲᠣᠭ᠍ᠲᠠᠭᠠᠬᠤ᠎ᠳᠤ ᠴᠥᠮ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠌ ᠪᠠ 《ᠨᠠᠷ᠎ᠠ ᠪᠢᠴᠢᠬᠦ ᠦᠬᠡᠢ ᠪᠠᠷ ᠬᠢᠨᠠᠨ ᠲᠣᠭ᠍ᠲᠠᠭᠠᠬᠤ》 ᠶ᠋ᠢ ᠪᠡᠶᠡᠯᠡᠭᠦᠯᠵᠦ᠍᠂ ᠮᠡᠷᠭᠡᠵᠢᠯ᠎ᠦᠨ ᠴᠣᠯᠠ ᠬᠢᠨᠠᠨ ᠲᠣᠭ᠍ᠲᠠᠭᠠᠬᠤ ᠪᠥᠬᠥ᠌ ᠶᠠᠪᠤᠴᠠ᠎ᠳᠤ ᠬᠢᠨᠠᠯᠲᠠ ᠲᠠᠯᠪᠢᠵᠤ ᠬᠠᠮᠢᠶᠠᠷᠬᠤ᠎ᠶ᠋ᠢ ᠴᠢᠩᠭᠠᠳᠭᠠᠵᠠᠢ᠃

ᠮᠡᠷᠭᠡᠵᠢᠯ᠎ᠦᠨ ᠴᠣᠯᠠ ᠬᠢᠨᠠᠨ ᠲᠣᠭ᠍ᠲᠠᠭᠠᠬᠤ ᠴᠠᠭ ᠨᠢ 5 ᠰᠠᠷ᠎ᠠ᠎ᠶ᠋ᠢᠨ 11 ᠤ᠋ ᠡᠳᠦᠷ᠎ᠡᠴᠡ ᠡᠬᠢᠯᠡᠨ ᠱᠠᠲᠤ ᠬᠤᠪᠢᠶᠠᠨ ᠮᠡᠳᠡᠭᠦᠯᠵᠦ᠍᠂ 8 ᠰᠠᠷ᠎ᠠ᠎ᠶ᠋ᠢᠨ 10 ᠤ᠋ ᠡᠳᠦᠷ᠎ᠡᠴᠡ ᠡᠮᠦᠨ᠎ᠡ ᠪᠣᠶ ᠪᠥᠬᠥᠶ ᠮᠠᠲ᠋ᠧᠷᠢᠶᠠᠯ᠎ᠢ ᠬᠢᠨᠠᠨ ᠬᠠᠷᠭᠤᠭᠤᠯᠬᠤ ᠪᠠ ᠱᠠᠲᠤ ᠳᠠᠷᠠᠭᠠᠯᠠᠨ ᠲᠠᠨᠢᠯᠴᠠᠭᠤᠯᠵᠤ᠂ 10 ᠰᠠᠷ᠎ᠠ᠎ᠶ᠋ᠢᠨ 30᠎ᠤ᠋ ᠡᠳᠦᠷ᠎ᠡᠴᠡ ᠡᠮᠦᠨ᠎ᠡ ᠬᠢᠨᠠᠨ ᠲᠣᠭ᠍ᠲᠠᠭᠠᠬᠤ ᠪᠠ ᠵᠠᠷᠯᠠᠨ ᠨᠡᠢᠲᠡᠯᠡᠵᠦ᠍᠂ ᠵᠢᠯ᠎ᠦᠨ ᠡᠴᠦᠰ᠎ᠡᠴᠡ ᠡᠮᠦᠨ᠎ᠡ ᠪᠥᠬᠥ᠌ ᠠᠵᠢᠯ᠎ᠢ ᠳᠠᠭᠤᠰᠭᠠᠬᠤ᠎ᠪᠠᠷ ᠲᠥᠯᠥᠪᠯᠡᠵᠦ᠍ ᠪᠠᠢᠨ᠎ᠠ᠃ ᠪᠦᠬᠦ᠌ ᠣᠷᠣᠨ᠎ᠤ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ᠂ ᠨᠡᠢᠭᠡᠮ᠎ᠦᠨ ᠪᠦᠯᠬᠦᠮ ᠵᠢᠴᠢ ᠪᠤᠰᠤᠳ ᠨᠡᠢᠲᠡ᠎ᠶ᠋ᠢᠨ ᠥᠮᠴᠢᠯᠡᠯ᠎ᠦᠨ ᠪᠤᠰᠤ ᠠᠵᠤ ᠠᠬᠤᠶ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠲᠤᠰᠭᠠᠶ ᠮᠡᠷᠭᠡᠵᠢᠯ᠎ᠦᠨ ᠴᠢᠳᠠᠪᠤᠷᠢᠲᠠᠨ᠂ ᠴᠢᠯᠥᠭᠡᠲᠦ ᠠᠵᠢᠯᠲᠠᠨ᠂ ᠳᠡᠭᠡᠳᠦ ᠮᠡᠷᠭᠡᠵᠢᠯ᠎ᠦᠨ ᠴᠢᠳᠠᠪᠤᠷᠢᠲᠠᠨ᠂ ᠮᠠᠯᠵᠢᠬᠤ ᠲᠠᠷᠢᠶᠠᠯᠠᠬᠤ ᠣᠷᠣᠨ᠎ᠤ ᠬᠡᠷᠡᠭ᠌ᠯᠡᠭᠡᠨ᠎ᠦ ᠴᠢᠳᠠᠪᠤᠷᠢᠲᠠᠨ ᠪᠣᠯᠤᠨ ᠥᠪᠡᠷᠲᠡᠭᠡᠨ ᠵᠠᠰᠠᠬᠤ ᠣᠷᠣᠨ᠎ᠳᠤ ᠬᠠᠤᠯᠢ ᠶᠣᠰᠣᠭᠠᠷ ᠲᠤᠰᠭᠠᠶ ᠮᠡᠷᠭᠡᠵᠢᠯ᠎ᠦᠨ ᠠᠵᠢᠯ ᠬᠢᠵᠦ᠍ ᠪᠠᠢᠭ᠎ᠠ ᠱᠢᠶᠠᠩᠭᠠᠩ ᠣᠣᠮᠧᠨ ᠲᠠᠢᠸᠠᠨ ᠵᠢᠴᠢ ᠬᠢᠯᠢ᠎ᠶ᠋ᠢᠨ ᠭᠠᠳᠠᠨᠠᠬᠢ ᠲᠤᠰᠭᠠᠶ ᠮᠡᠷᠭᠡᠵᠢᠯ᠎ᠦᠨ ᠴᠢᠳᠠᠪᠤᠷᠢᠲᠠᠨ ᠴᠥᠮ ᠬᠣᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠲᠤᠱᠢᠶᠠᠯ᠎ᠤᠨ ᠴᠣᠯᠠ ᠬᠢᠨᠠᠨ ᠲᠣᠭ᠍ᠲᠠᠭᠠᠬᠤ᠎ᠪᠠᠷ ᠮᠡᠳᠡᠭᠦᠯᠵᠦ᠍ ᠪᠣᠯᠤᠨ᠎ᠠ᠃

ᠡᠨᠡ ᠵᠢᠯ᠎ᠦᠨ ᠮᠡᠷᠭᠡᠵᠢᠯ᠎ᠦᠨ ᠴᠣᠯᠠ ᠬᠢᠨᠠᠨ ᠲᠣᠭ᠍ᠲᠠᠭᠠᠬᠤ᠎ᠳᠤ ᠬᠣᠪᠣᠷ ᠱᠢᠷᠣᠶ᠂ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ᠌ ᠱᠢᠯᠭᠠᠯᠲᠠ᠎ᠶ᠋ᠢᠨ ᠰᠤᠳᠤᠯᠭᠠᠨ᠎ᠤ ᠮᠡᠷᠭᠡᠵᠢᠯ᠎ᠦᠨ ᠴᠣᠯᠠ᠎ᠶ᠋ᠢᠨ ᠲᠤᠰᠭᠠᠶ ᠮᠡᠷᠭᠡᠵᠢᠯ᠎ᠢ ᠱᠢᠨ᠎ᠡ᠎ᠪᠡᠷ ᠨᠡᠮᠡᠭ᠌ᠳᠡᠭᠦᠯᠵᠦ᠂ ᠬᠢᠨᠠᠨ ᠲᠣᠭ᠍ᠲᠠᠭᠠᠬᠤ ᠨᠥᠬᠥᠴᠡᠯ᠎ᠢ ᠲᠣᠭ᠍ᠲᠠᠭᠠᠵᠤ ᠳᠠᠷᠤᠮᠠᠯᠯᠠᠨ ᠲᠠᠷᠬᠠᠭᠠᠭ᠍ᠰᠠᠨ᠎ᠤ ᠳᠠᠷᠠᠭ᠎ᠠ᠂ ᠭᠤᠶᠤᠴᠢᠯᠠᠨ ᠮᠡᠳᠡᠭᠦᠯᠬᠦ᠌ ᠴᠠᠭ᠎ᠢ ᠠᠰ ᠲᠠᠭᠠᠨ ᠲᠣᠬᠢᠷᠠᠭᠤᠯᠤᠨ᠎ᠠ; ᠨᠡᠢᠲᠡ᠎ᠶ᠋ᠢᠨ ᠥᠮᠴᠢᠯᠡᠯ᠎ᠦᠨ ᠪᠤᠰᠤ ᠬᠦᠷᠢᠶᠡᠨ᠎ᠦ ᠴᠢᠳᠠᠪᠤᠷᠢᠲᠠᠨ᠂ ᠦᠨᠳᠦᠰᠦᠨ ᠱᠠᠲᠤᠨ᠎ᠤ ᠲᠤᠰᠭᠠᠶ ᠮᠡᠷᠭᠡᠵᠢᠯ᠎ᠦᠨ ᠴᠢᠳᠠᠪᠤᠷᠢᠲᠠᠨ ᠵᠡᠷᠭᠡ ᠮᠡᠷᠭᠡᠵᠢᠯ᠎ᠦᠨ ᠴᠣᠯᠠ ᠶ᠋ᠢ ᠬᠡᠯᠪᠡᠢᠯᠬᠡᠬᠦ ᠲᠥᠷᠥ᠎ᠶ᠋ᠢᠨ ᠪᠣᠳᠣᠯᠭ᠎ᠠ ᠪᠠ ᠰᠠᠭᠠᠳ ᠥᠬᠡᠶ ᠨᠡᠪᠲᠡᠷᠡᠬᠦ᠌ ᠵᠠᠮ᠎ᠤᠨ ᠮᠡᠷᠭᠡᠵᠢᠯ᠎ᠦᠨ ᠴᠣᠯᠠ ᠵᠢ ᠬᠢᠨᠠᠨ ᠲᠣᠭ᠍ᠲᠠᠭᠠᠬᠤ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠦᠨ᠎ᠡ; ᠨᠥᠬᠥᠴᠡᠯ᠎ᠲᠡᠶ ᠬᠢᠨᠠᠨ ᠲᠣᠭ᠍ᠲᠠᠭᠠᠬᠤ ᠺᠣᠮᠢᠰ᠎ᠤᠨ ᠠᠵᠢᠯ ᠨᠢᠭᠡᠲᠡᠨ᠎ᠦ ᠦᠨᠡᠯᠡᠯᠲᠡ᠎ᠪᠡᠷ ᠰᠠᠭᠤᠷᠢ ᠪᠣᠯᠭᠠᠭ᠍ᠰᠠᠨ᠂ ᠵᠠᠬ᠎ᠠ ᠳᠡᠯᠭᠡᠭᠦᠷ᠎ᠦᠨ ᠦᠨᠡᠯᠡᠯᠲᠡ᠂ ᠨᠡᠢᠭᠡᠮ᠎ᠦᠨ ᠦᠨᠡᠯᠡᠯᠲᠡ᠎ᠪᠡᠷ ᠨᠥᠬᠥᠪᠥᠷᠢ ᠪᠣᠯᠭᠠᠭ᠍ᠰᠠᠨ ᠣᠯᠠᠨ ᠡᠱᠢᠲᠦ ᠦᠨᠡᠯᠡᠬᠦ᠌ ᠱᠢᠰᠲ᠋ᠧᠮ᠎ᠢ᠋ ᠪᠠᠢᠭᠤᠯᠬᠤ᠎ᠶ᠋ᠢ ᠵᠣᠷᠢᠭ᠍ᠵᠢᠭᠤᠯᠵᠤ᠂ ᠲᠤᠰᠭᠠᠶ ᠮᠡᠷᠭᠡᠵᠢᠯᠲᠡᠨ᠎ᠦ ᠱᠢᠯᠭᠠᠷᠠᠭᠤᠯᠬᠤ᠂ ᠱᠢᠯᠭᠠᠨ ᠦᠨᠡᠯᠡᠵᠦ᠍ ᠨᠤᠮ ᠬᠠᠶᠠᠯᠴᠠᠬᠤ᠂ ᠬᠤᠪᠢ ᠬᠥᠮᠦᠨ᠎ᠦ ᠲᠤᠱᠢᠶᠠᠯ᠎ᠤᠨ ᠮᠡᠳᠡᠭᠦᠯᠦᠯᠲᠡ ᠬᠢᠬᠦ᠌᠂ ᠦᠷ᠎ᠡ ᠪᠦᠲᠦᠭᠡᠯ᠎ᠢ ᠤᠯᠠᠷᠢᠭᠤᠯᠬᠤ ᠦᠷ᠎ᠡ ᠠᠱᠢᠭ᠎ᠢ ᠦᠨᠡᠯᠡᠨ ᠵᠢᠱ᠌ᠢᠬᠦ᠌᠂ ᠦᠶ᠋ᠯᠡᠴᠢᠯᠡᠬᠦ᠌ ᠡᠲᠡᠭᠡᠳ᠎ᠢ ᠦᠨᠡᠯᠡᠨ ᠲᠤᠭᠲᠠᠭᠠᠬᠤ ᠵᠡᠷᠭᠡ ᠠᠷᠭ᠎ᠠ ᠮᠠᠶᠢᠭ᠎ᠢ  ᠶᠡᠷᠦᠩᠬᠡᠢᠯᠡᠨ ᠬᠡᠷᠡᠭ᠌ᠯᠡᠵᠦ᠍ ᠬᠢᠨᠠᠨ ᠲᠤᠭᠲᠠᠭᠠᠨ᠎ᠠ᠃

ᠡᠭᠦᠨ᠎ᠡᠴᠡ ᠭᠠᠳᠠᠨ᠎ᠠ᠂ ᠬᠤᠪᠢ ᠬᠥᠮᠦᠨ᠎ᠦ ᠠᠮᠠᠯᠠᠯᠲᠠ᠂ ᠨᠢᠭᠡᠴᠢ᠎ᠶ᠋ᠢᠨ ᠠᠩᠬᠠᠨ᠎ᠤ ᠬᠢᠨᠠᠯᠲᠠ᠂ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠦᠨ ᠳᠠᠬᠢᠨ ᠬᠢᠨᠠᠯᠲᠠ᠂ ᠬᠢᠨᠠᠨ ᠲᠣᠭ᠍ᠲᠠᠭᠠᠬᠤ ᠺᠣᠮᠢᠰ᠎ᠤᠨ ᠬᠡᠷᠡᠭ ᠡᠷᠭᠢᠯᠡᠬᠦ᠌ ᠪᠠᠢᠭᠤᠯᠤᠮᠵᠢ᠎ᠶ᠋ᠢᠨ ᠳᠠᠬᠢᠨ ᠬᠠᠷᠭᠤᠭᠤᠯᠬᠤ ᠱᠠᠲᠤ ᠳᠠᠷᠠᠭᠠᠯᠠᠨ ᠭᠤᠶᠤᠴᠢᠯᠠᠨ ᠮᠡᠳᠡᠭᠦᠯᠵᠦ᠍ ᠪᠠᠲᠤᠯᠠᠨ ᠲᠠᠨᠢᠯᠴᠠᠭᠤᠯᠵᠤ ᠬᠢᠨᠠᠨ ᠬᠠᠷᠭᠤᠭᠤᠯᠬᠤ ᠲᠣᠭ᠍ᠲᠠᠴᠠ᠎ᠶ᠋ᠢ ᠴᠢᠩᠭ᠎ᠠ ᠨᠠᠢᠳᠠᠪᠤᠷᠢᠵᠢᠭᠤᠯᠤᠨ᠎ᠠ᠃ ᠬᠢᠨᠠᠨ ᠲᠣᠭ᠍ᠲᠠᠭᠠᠬᠤ ᠺᠣᠮᠢᠰ᠎ᠤᠨ ᠵᠣᠬᠢᠶᠠᠨ ᠪᠠᠢᠭᠤᠯᠤᠭ᠍ᠰᠠᠨ ᠨᠢᠭᠡᠴᠢ ᠵᠢᠴᠢ ᠲᠡᠭᠦᠨ᠎ᠦ ᠬᠡᠷᠡᠭ ᠡᠷᠬᠢᠯᠡᠬᠦ ᠪᠠᠢᠭᠤᠯᠤᠮᠵᠢ ᠨᠢ ᠲᠤᠰ ᠬᠢᠨᠠᠨ ᠲᠣᠭ᠍ᠲᠠᠭᠠᠬᠤ ᠺᠣᠮᠢᠰ᠎ᠤᠨ ᠬᠦᠯᠢᠶᠡᠨ ᠠᠪᠤᠭ᠍ᠰᠠᠨ ᠪᠤᠶ ᠪᠦᠬᠦᠢ ᠮᠡᠳᠡᠭᠦᠯᠦᠭ᠌ᠰᠡᠨ ᠮᠠᠲᠧᠷᠢᠶᠠᠯ᠎ᠢ ᠳᠠᠬᠢᠨ ᠬᠠᠷᠭᠤᠭᠤᠯᠵᠦ᠂ ᠨᠢᠭᠡ ᠤᠳᠠᠭ᠎ᠠ᠎ᠶ᠋ᠢᠨ ᠴᠢᠨᠠᠷᠲᠠᠶ ᠮᠡᠳᠡᠭ᠌ᠳᠡᠬᠦ᠌ ᠡᠭᠦᠷᠭᠡ ᠬᠠᠷᠢᠭᠤᠴᠠᠯᠭ᠎ᠠ᠎ᠶ᠋ᠢ ᠭᠦᠢᠴᠡᠳᠭᠡᠨ᠎ᠡ᠃ ᠡᠯ᠎ᠡ ᠱᠠᠲᠤᠨ᠎ᠤ ᠮᠡᠷᠭᠡᠵᠢᠯ᠎ᠦᠨ ᠴᠣᠯᠠ᠎ᠬᠢᠨᠠᠨ ᠲᠣᠭ᠍ᠲᠠᠭᠠᠬᠤ ᠵᠢ ᠬᠢᠨᠠᠨ ᠬᠠᠮᠢᠶᠠᠷᠬᠤ ᠰᠠᠯᠠᠭ᠎ᠠ ᠮᠥᠴᠢᠷ᠎ᠦᠨ ᠬᠢᠨ ᠭᠤᠶᠤᠴᠢᠯᠠᠨ ᠮᠡᠳᠡᠭᠦᠯᠦᠭ᠌ᠴᠢ᠂ ᠬᠢᠨᠠᠨ ᠳᠤᠬᠳᠠᠭᠠᠬᠤ ᠲᠤᠰᠭᠠᠶ ᠮᠡᠷᠭᠡᠵᠢᠯᠲᠡᠨ᠂ ᠮᠡᠷᠭᠡᠵᠢᠯ᠎ᠦᠨ ᠴᠣᠯᠠ᠎ᠬᠢᠨᠠᠨ ᠲᠣᠭ᠍ᠲᠠᠭᠠᠬᠤ ᠬᠠᠮᠢᠶ᠎ᠠ ᠪᠥᠬᠥᠶ ᠠᠵᠢᠯᠲᠠᠨ᠎ᠤ ᠰᠠᠬᠢᠯᠭ᠎ᠠ ᠪᠠᠲᠤ ᠲᠦᠷᠢᠮ ᠲᠣᠭ᠍ᠲᠠᠭᠠᠯ᠎ᠢ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠤᠯᠤᠰ ᠪᠠ ᠥᠪᠥᠷ ᠮᠣᠩᠭᠣᠯ᠎ᠤᠨ ᠮᠡᠷᠭᠡᠵᠢᠯ᠎ᠦᠨ ᠴᠣᠯᠠ ᠬᠢᠨᠠᠨ ᠲᠣᠭ᠍ᠲᠠᠭᠠᠬᠤ ᠬᠠᠮᠢᠶᠠᠷᠤᠯᠲᠠ᠎ᠶ᠋ᠢᠨ ᠲᠣᠭ᠍ᠲᠠᠭᠠᠯ ᠶᠣᠰᠣᠭᠠᠷ ᠴᠢᠩᠭ᠎ᠠ ᠱᠢᠶ᠋ᠳᠪᠦᠷᠢᠯᠡᠨ᠎ᠠ᠃ ᠢᠲᠡᠭᠡᠮᠵᠢ ᠠᠯᠳᠠᠭ᠍ᠰᠠᠨ ᠲᠣᠭ᠍ᠲᠠᠭᠠᠯ᠎ᠢ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠮᠡᠷᠭᠡᠵᠢᠯ᠎ᠦᠨ ᠴᠣᠯᠠ ᠬᠢᠨᠠᠨ ᠲᠣᠭ᠍ᠲᠠᠭᠠᠬᠤ ᠢᠲᠡᠭᠡᠮᠵᠢ᠎ᠶ᠋ᠢᠨ ᠲᠠᠩᠰᠠ ᠡᠪᠬᠡᠮᠡᠯ᠎ᠦᠨ ᠬᠥᠮᠥᠷᠭᠡ᠎ᠳᠦ ᠲᠡᠮᠳᠡᠭ᠌ᠯᠡᠵᠦ᠍᠂ 3 ᠵᠢᠯ᠎ᠦᠨ ᠬᠤᠭᠤᠴᠠᠭ᠎ᠠ᠎ᠲᠠᠶ ᠲᠡᠮᠳᠡᠭ᠌ᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号