2026 ᠤᠨ᠎ᠤ ᠵᠡᠭᠦᠨ ᠬᠣᠢᠲᠤ ᠣᠷᠣᠨ᠎ᠤ ᠬᠤᠳᠠ᠎ᠶ᠋ᠢᠨ ᠬᠦᠯ ᠪᠥᠮᠪᠥᠭᠡ᠎ᠶ᠋ᠢᠨ ᠬᠡᠳᠦ ᠲᠡᠰ᠎ᠤᠨ ᠬᠣᠯᠪᠣᠭᠠᠲᠤ ᠤᠷᠤᠯᠳᠤᠭᠠᠨ᠎ᠤ ᠬᠥᠬᠡᠬᠣᠲᠠ᠎ᠳᠡᠬᠢ ᠤᠷᠤᠯᠳᠤᠭᠠᠨ᠎ᠤ ᠲᠣᠭᠣᠷᠢᠭ᠎ᠤᠨ ᠡᠬᠢᠯᠡᠯᠲᠡ᠎ᠶ᠋ᠢᠨ ᠶᠣᠰᠣᠯᠠᠯ ᠶᠠᠪᠤᠭᠳᠠᠵᠡᠢ
2026-06-01 09:42:03
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 23 ᠎ᠤ᠋ ᠣᠷᠣᠶ᠂ 2026 ᠤᠨ᠎ᠤ ᠵᠡᠭᠦᠨ ᠬᠣᠢᠲᠤ ᠣᠷᠣᠨ᠎ᠤ ᠬᠣᠲᠠ᠎ᠶ᠋ᠢᠨ ᠬᠥᠯ ᠪᠥᠮᠪᠥᠭᠡ᠎ᠶ᠋ᠢᠨ ᠬᠡᠳᠦ ᠲᠡᠰ᠎ᠤᠨ ᠬᠣᠯᠪᠣᠭᠠᠲᠤ ᠤᠷᠤᠯᠳᠤᠭᠠᠨ᠎ᠤ ᠬᠥᠬᠡᠬᠣᠲᠠ᠎ᠳᠡᠬᠢ ᠤᠷᠤᠯᠳᠤᠭᠠᠨ᠎ᠤ ᠲᠣᠭᠣᠷᠢᠭ᠎ᠤᠨ ᠡᠬᠢᠯᠡᠯᠲᠡ᠎ᠶ᠋ᠢᠨ ᠶᠣᠰᠣᠯᠠᠯ ᠤᠮᠠᠷᠠᠲᠤ᠎ᠶ᠋ᠢᠨ ᠬᠥᠯ ᠪᠥᠮᠪᠥᠭᠡ᠎ᠶ᠋ᠢᠨ ᠪᠣᠯᠪᠠᠰᠤᠷᠠᠯ᠎ᠤᠨ ᠰᠠᠭᠤᠷᠢᠨ᠎ᠳᠦ ᠦᠪᠡᠳᠡᠭ᠌ᠰᠢ ᠶᠡᠬᠡ᠎ᠪᠡᠷ ᠶᠠᠪᠤᠭ᠍ᠳᠠᠪᠠ᠃

ᠦᠪᠡᠳᠡᠭ᠌ᠰᠢ ᠴᠤᠭ᠍ᠯᠠᠭᠠᠨ ᠨᠢ ᠲᠠᠯ᠎ᠠ ᠨᠤᠲᠤᠭ᠎ᠤᠨ ᠵᠠᠩ ᠦᠶ᠋ᠯᠡ᠂ ᠰᠦ᠎ᠶᠢᠨ ᠬᠣᠲᠠ᠎ᠶ᠋ᠢᠨ ᠰᠣᠶᠣᠯ ᠢᠷᠭᠡᠨᠱᠢᠯ ᠬᠢᠭᠡᠳ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠠᠭᠤᠰᠤᠯᠴᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠠᠮᠢᠳᠤᠯᠢᠭ᠎ᠢᠶᠠᠷ ᠲᠠᠢᠯᠪᠤᠷᠢᠯᠠᠵᠤ᠂ ᠴᠣᠭ ᠪᠠᠳᠠᠷᠠᠩᠭᠤᠶ ᠬᠣᠲᠠ᠎ᠶ᠋ᠢᠨ ᠬᠦᠭᠵᠢᠯᠲᠡ᠎ᠶᠢᠨ ᠳᠦᠷᠰᠦ ᠪᠠᠢᠳᠠᠯ᠎ᠢ ᠢᠯᠡᠷᠡᠭᠦᠯᠪᠡ᠃ ᠲᠣᠰ ᠤᠳᠠᠭᠠᠨ᠎ᠤ ᠡᠬᠢᠯᠡᠯᠲᠡ᠎ᠶ᠋ᠢᠨ ᠶᠣᠰᠣᠯᠠᠯ᠎ᠨᠢ ᠭᠤᠴᠦ ᠰᠠᠢᠬᠠᠨ ᠲᠣᠭ᠍ᠯᠠᠯᠲᠠ ᠪᠡᠷ ᠬᠦᠰᠢᠭᠡ ᠰᠡᠭᠦᠵᠦ᠂ ᠤᠯᠠᠮᠵᠢᠯᠠᠯ ᠪᠠ ᠣᠲᠣ ᠦᠶ᠎ᠡ᠂ ᠰᠣᠶᠣᠯ ᠪᠠ ᠪᠡᠶ᠎ᠡ᠎ᠶ᠋ᠢᠨ ᠲᠠᠮᠢᠷ᠎ᠢ ᠬᠣᠯᠪᠣᠵᠤ᠂ ᠲᠤᠬᠠᠶ᠎ᠶ᠋ᠢᠨ ᠲᠠᠯᠠᠪᠠᠶ᠎ᠶ᠋ᠢᠨ ᠦᠵᠡᠭ᠌ᠴᠢᠳ᠎ᠲᠦ ᠨᠢᠭᠡ ᠤᠳᠠᠭᠠᠨ᠎ᠤ ᠦᠨᠳᠦᠰᠦᠲᠡᠨ᠎ᠦ ᠣᠨᠴᠠᠯᠢᠭ ᠪᠠ ᠴᠠᠭ ᠦᠶ᠎ᠡ᠎ᠶ᠋ᠢᠨ ᠠᠮᠢᠵᠢᠷᠠᠯ᠎ᠤᠨ ᠬᠦᠴᠦᠨ ᠪᠥᠬᠥᠶ ᠰᠣᠶᠣᠯ ᠲᠠᠮᠢᠷ᠎ᠤᠨ ᠦᠪᠡᠳᠡᠭ᠌ᠰᠢ ᠨᠠᠢᠷ᠎ᠢ ᠬᠦᠷᠭᠡᠪᠡ᠃ ᠲᠣᠰ ᠤᠳᠠᠭᠠᠨ᠎ᠤ ᠡᠬᠢᠯᠡᠯᠲᠡ᠎ᠶ᠋ᠢᠨ ᠶᠣᠰᠣᠯᠠᠯ᠎ᠨᠢ ᠰᠣᠶᠣᠯ᠎ᠢᠶᠠᠷ ᠰᠦᠭ ᠰᠦᠨᠡᠰᠦ ᠪᠣᠯᠭᠠᠵᠤ᠂ ᠪᠡᠶ᠎ᠡ᠎ᠶ᠋ᠢᠨ ᠲᠠᠮᠢᠷ᠎ᠢᠶᠠᠷ ᠬᠥᠭᠥᠷᠭᠡ ᠪᠣᠯᠭᠠᠨ᠂ ᠰᠣᠶᠣᠯ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠥᠷᠨᠢᠭᠦᠨ ᠪᠠᠳᠠᠷᠠᠩᠭᠤᠶ ᠠᠮᠢᠵᠢᠷᠠᠯ᠎ᠤᠨ ᠬᠦᠴᠦᠨ᠎ᠢ ᠪᠥᠬᠥ᠌ ᠲᠠᠯ᠎ᠠ᠎ᠪᠠᠷ ᠢᠯᠡᠷᠡᠭᠦᠯᠵᠦ᠂ ᠰᠣᠶᠣᠯ ᠪᠡᠶ᠎ᠡ᠎ᠶ᠋ᠢᠨ ᠲᠠᠮᠢᠷ᠎ᠤᠨ ᠰᠣᠯᠢᠯᠴᠠᠭ᠎ᠠ᠎ᠶᠢᠨ ᠴᠢᠬᠤᠯᠠ ᠲᠠᠪᠴᠠᠩ᠎ᠢ ᠪᠠᠢᠭᠤᠯᠵᠤ᠂ ᠪᠦᠯᠬᠦᠮᠳᠡᠨ ᠲᠡᠮᠡᠴᠡᠬᠦ᠌᠂ ᠤᠷᠤᠭ᠍ᠰᠢᠯᠠᠨ ᠳᠠᠪᠱᠢᠬᠤ ᠢᠳᠡᠪᠬᠢ ᠬᠦᠴᠦᠨ᠎ᠢ ᠳᠠᠮᠵᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号