5 ᠰᠠᠷ᠎ᠠ᠎ᠶᠢᠨ 29᠎ᠤ ᠡᠳᠦᠷ᠂ ᠤᠯᠠᠭᠠᠨᠬᠠᠳᠠ ᠬᠤᠲᠠ ᠵᠢᠨ ᠠᠷᠤ ᠬᠣᠷᠴᠢᠨ ᠬᠣᠰᠢᠭᠤᠨ ᠤ ᠰᠠᠢᠬᠠᠨᠲᠠᠯ᠎ᠠ ᠪᠠᠭ᠎ᠠ
ᠰᠤᠷᠭᠠᠭᠤᠯᠢ ᠶᠢᠨ ᠰᠤᠷᠭᠠᠭᠤᠯᠢ ᠪᠠᠢᠭᠤᠯᠤᠭᠳᠠᠭᠰᠠᠨ ᠶᠡᠷᠡᠨ ᠵᠢᠯ ᠦᠨ ᠣᠢ ᠵᠢᠴᠢ 《6 ·1》 ᠤ ᠳᠡᠯᠡᠬᠡᠢ᠎ᠶᠢᠨ ᠬᠡᠤᠬᠡᠳ᠎ᠤᠨ ᠪᠠᠶᠠᠷ᠎ᠢ ᠪᠡᠯᠭᠡᠯᠡᠬᠦ ᠰᠣᠶᠣᠯ ᠲᠠᠮᠢᠷ ᠤᠨ ᠬᠥᠳᠡᠯᠭᠡᠭᠡᠨ
ᠠᠮᠵᠢᠯᠲᠠ ᠲᠠᠢ ᠶᠠᠪᠤᠭᠳᠠᠪᠠ᠃ ᠬᠥᠳᠡᠯᠭᠡᠭᠡᠨ᠎ᠳᠦ ᠰᠤᠷᠭᠠᠭᠤᠯᠢ ᠶᠢᠨ ᠪᠦᠬᠦ ᠪᠠᠭ᠍ᠰᠢ ᠰᠤᠷᠤᠭ᠍ᠴᠢ ᠣᠷᠣᠯᠴᠠᠭᠰᠠᠨ
ᠪᠠ ᠠᠵᠢᠯ᠎ᠠᠴᠠ᠎ᠪᠠᠨ ᠠᠮᠠᠷᠠᠭᠰᠠᠨ ᠪᠠᠭ᠍ᠰᠢ᠂ ᠭᠡᠷ ᠦᠨ ᠠᠬᠠᠮᠠᠳ ᠵᠡᠷᠭᠡ ᠬᠦᠨᠳᠦᠲᠦ ᠵᠣᠴᠢᠳ ᠢᠶᠠᠨ ᠤᠷᠢᠨ ᠵᠠᠯᠠᠵᠤ
ᠣᠷᠣᠯᠴᠠᠭᠤᠯᠤᠭᠰᠠᠨ ᠪᠠᠢᠨ᠎ᠠ᠃
ᠦᠳᠡ᠎ᠶᠢᠨ ᠡᠮᠦᠨᠡᠬᠢ 8 ᠴᠠᠭ 30 ᠮᠢᠨᠦ᠋ᠲ᠎ᠠᠴᠠ ᠲᠠᠯᠠᠪᠠᠢ᠎ᠳᠤ
ᠣᠷᠣᠬᠤ ᠶᠣᠰᠣᠯᠠᠯ ᠡᠬᠢᠯᠡᠵᠦ᠂ ᠤᠯᠤᠰ᠎ᠤᠨ ᠲᠣᠭ ᠤᠨ ᠵᠢᠭ᠍ᠰᠠᠭᠠᠯ᠂ ᠰᠤᠷᠭᠠᠭᠤᠯᠢ᠎ᠶᠢᠨ ᠲᠣᠭ᠎ᠤᠨ ᠵᠢᠭ᠍ᠰᠠᠭᠠᠯ᠎ᠤᠨ
ᠬᠠᠮᠲᠤ ᠦᠨᠳᠦᠰᠦᠲᠡᠨ ᠦ ᠬᠤᠪᠴᠠᠰᠤ ᠵᠠᠰᠠᠯ᠎ᠤᠨ ᠵᠢᠭ᠍ᠰᠠᠭᠠᠯ᠂ ᠰᠦ ᠴᠠᠭᠠᠨ ᠢᠳᠡᠭᠡᠨ᠎ᠦ ᠵᠢᠭ᠍ᠰᠠᠭᠠᠯ ᠵᠡᠷᠭᠡ
ᠦᠨᠳᠦᠰᠦᠲᠡᠨ ᠦ ᠣᠨᠴᠠᠯᠢᠭ᠋ ᠪᠦᠬᠦᠢ ᠵᠢᠭ᠍ᠰᠠᠭᠠᠯ ᠡᠩᠨᠡᠭᠡ ᠳᠠᠷᠠᠭᠠᠯᠠᠨ ᠲᠠᠯᠠᠪᠠᠢ᠎ᠳᠤ ᠣᠷᠣᠯ᠎ᠠ᠃ ᠲᠠᠯᠠᠪᠠᠢ ᠳᠤ
ᠣᠷᠣᠬᠤ ᠶᠣᠰᠣᠯᠠᠯ ᠤᠨ ᠳᠠᠷᠠᠭ᠎ᠠ ᠡᠬᠢᠯᠡᠯᠲᠡ᠎ᠶᠢᠨ ᠶᠣᠰᠣᠯᠠᠯ ᠶᠠᠪᠤᠭᠳᠠᠵᠤ᠂ ᠭᠠᠪᠢᠶ᠎ᠠ ᠵᠢᠳᠬᠦᠯ ᠦᠵᠡᠭᠦᠯᠦᠭᠰᠡᠨ
ᠠᠬᠠᠮᠠᠳ ᠵᠠᠬᠢᠷᠤᠯ᠂ ᠠᠵᠢᠯ᠎ᠤᠨ ᠠᠮᠠᠷᠠᠯᠲᠠ ᠪᠠᠨ ᠠᠪᠤᠭᠰᠠᠨ ᠠᠬᠠᠮᠠᠳ ᠪᠠᠭ᠍ᠰᠢ ᠨᠠᠷ ᠲᠠᠭᠠᠨ ᠴᠡᠴᠡᠭ ᠬᠦᠷᠭᠡᠵᠦ
ᠲᠠᠯᠠᠷᠬᠠᠯ᠎ᠢᠶᠠᠨ ᠳᠡᠪᠰᠢᠭᠦᠯᠵᠡᠢ᠃ ᠲᠠᠷᠠᠭ᠎ᠠ ᠨᠢ ᠤᠯᠠᠭᠠᠨᠮᠥ᠋ᠴᠢᠷ ᠤᠨ ᠲᠤᠭᠯᠠᠭᠴᠢᠳ ᠬᠢᠭᠡᠳ ᠰᠠᠢᠬᠠᠨᠲᠠᠯ᠎ᠠ
ᠪᠠᠭ᠎ᠠ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ ᠰᠣᠶᠣᠯ ᠤᠷᠠᠯᠢᠭ᠋ ᠤᠨ ᠲᠣᠭᠯᠠᠯᠲᠠ ᠭᠠᠷᠭᠠᠪᠠ᠃
ᠦᠳᠡ᠎ᠶᠢᠨ ᠬᠣᠢᠨ᠎ᠠ᠂ ᠰᠢᠯᠢᠳᠡᠭ ᠰᠤᠷᠤᠭ᠍ᠴᠢᠳ ᠵᠢᠡᠨ
ᠱᠠᠩᠨᠠᠨ ᠬᠥᠬᠢᠭᠦᠯᠵᠦ ᠰᠤᠷᠤᠭ᠍ᠴᠢᠳ᠎ᠤᠨ᠎ᠢᠶᠠᠨ ᠠᠵᠢᠯ ᠰᠤᠷᠤᠯᠭ᠎ᠠ᠎ᠶᠢᠨ ᠬᠢᠨᠢ ᠠᠮᠵᠢᠯᠲᠠ᠎ᠶᠢ ᠲᠡᠮᠳᠡᠭᠯᠡᠭᠰᠡᠨ
ᠤ᠋ ᠬᠠᠮᠲᠤ ᠬᠦᠨᠳᠦ ᠬᠥᠩᠭᠡᠨ ᠪᠡᠶ᠎ᠡ ᠶᠢᠨ ᠲᠠᠮᠢᠷ᠎ᠤᠨ ᠤᠷᠤᠯᠳᠤᠭᠠᠨ ᠪᠣᠯᠣᠨ ᠠᠩᠬᠠᠳᠤᠭᠠᠷ ᠬᠤᠭᠤᠴᠠᠭᠠᠨ᠎ᠤ 《ᠰᠠᠢᠬᠠᠨ
ᠬᠤᠨᠳᠠᠭᠠᠲᠤ》 ᠪᠠᠭᠠᠴᠤᠳ ᠤᠨ ᠮᠣᠩᠭᠣᠯ ᠪᠥᠬᠡ ᠶᠢᠨ ᠤᠷᠤᠯᠳᠤᠭᠠᠨ ᠶᠠᠪᠤᠭᠳᠠᠭᠤᠯᠪᠠ᠃
ᠲᠤᠰ ᠰᠤᠷᠭᠠᠭᠤᠯᠢ 1936 ᠣᠨ᠎ᠳᠤ ᠪᠠᠢᠭᠤᠯᠤᠭᠳᠠᠵᠤ᠂
90 ᠵᠢᠯ᠎ᠦᠨ ᠲᠤᠷᠰᠢ ᠲᠠᠯ᠎ᠠ ᠨᠤᠲᠤᠭ᠎ᠤᠨ ᠰᠤᠷᠭᠠᠨ ᠬᠥᠮᠦᠵᠢᠯ ᠢ ᠴᠢᠬᠤᠯᠠᠴᠢᠯᠠᠨ ᠬᠦᠨᠳᠦᠳᠬᠡᠵᠦ᠂ 《ᠭᠤᠸ᠎ᠠ ᠲᠠᠭᠠᠰᠢᠶᠠᠯ᠎ᠢᠶᠠᠷ
ᠬᠥᠮᠥᠨ ᠢ ᠬᠥᠮᠥᠵᠢᠭᠦᠯᠵᠦ᠂ ᠭᠤᠸ᠎ᠠ ᠰᠠᠢᠬᠠᠨ ᠢ ᠳᠡᠭᠡᠳᠦᠯᠡᠨ ᠬᠥᠭᠡᠭᠡᠴᠡᠯᠳᠦᠬᠦ》 ᠪᠠᠷ ᠰᠤᠷᠭᠠᠭᠤᠯᠢ᠎ᠶᠢᠨ
ᠰᠤᠷᠭᠠᠯ ᠵᠢᠡᠨ ᠪᠣᠯᠭᠠᠵᠤ᠂ ᠪᠥᠬᠥ ᠲᠠᠯ᠎ᠠ᠎ᠶᠢᠨ ᠬᠥᠮᠦᠵᠢᠯ᠎ᠢ ᠴᠢᠩᠭ᠎ᠠ ᠠᠳᠬᠤᠨ᠂ ᠤᠷᠢᠳ ᠬᠣᠵᠢᠳ 《ᠬᠣᠶᠠᠷ ᠢ ᠬᠥᠩᠭᠡᠷᠡᠭᠦᠯᠬᠦ》 ᠠᠵᠢᠯ᠎ᠤᠨ ᠲᠡᠷᠢᠭᠦᠨ᠎ᠦ ᠨᠢᠭᠡᠴᠢ᠂ ᠠᠷᠤ ᠬᠣᠷᠴᠢᠨ ᠬᠣᠰᠢᠭᠤᠨ ᠤ ᠶᠢᠰᠦᠳᠦᠭᠡᠷ ᠬᠤᠭᠤᠴᠠᠭᠠᠨ
ᠤ 《ᠬᠣᠰᠢᠭᠤᠨ ᠳᠠᠷᠤᠭ᠎ᠠ
ᠬᠤᠨᠳᠠᠭᠠᠲᠤ》 ᠬᠥᠯ ᠪᠥᠮᠪᠥᠭᠡ ᠶᠢᠨ ᠤᠷᠤᠯᠳᠤᠭᠠᠨ᠎ᠳᠤ ᠰᠢᠯᠢᠳᠡᠭ ᠬᠢᠷᠢ
ᠪᠦᠲᠦᠮᠵᠢ ᠣᠯᠵᠤ ᠪᠠᠢᠭᠰᠠᠨ ᠠᠵᠠᠢ᠃ ᠬᠣᠢᠰᠢᠳᠠ᠎ᠪᠠᠨ ᠰᠠᠢᠬᠠᠨᠲᠠᠯ᠎ᠠ ᠪᠠᠭ᠎ᠠ ᠰᠤᠷᠭᠠᠭᠤᠯᠢ ᠨᠢ ᠪᠦᠬᠦ ᠲᠠᠯ᠎ᠠ᠎ᠪᠠᠷ
ᠬᠥᠭᠵᠢᠭᠰᠡᠨ ᠰᠢᠯᠢᠳᠡᠭ ᠰᠠᠢᠨ ᠪᠠᠭᠠᠴᠤᠳ᠎ᠢ ᠨᠠᠩ ᠣᠯᠠᠨ ᠬᠥᠮᠥᠵᠢᠭᠦᠯᠵᠦ᠂ ᠤᠯᠤᠰ ᠦᠨᠳᠦᠰᠦᠲᠡᠨ᠂ ᠨᠡᠢᠭᠡᠮ ᠨᠡᠢᠲᠡ᠎ᠳᠡᠭᠡᠨ
ᠬᠤᠪᠢ ᠨᠡᠮᠡᠷᠢ ᠦᠵᠡᠭᠦᠯᠬᠦ ᠨᠢ ᠳᠠᠮᠵᠢᠭ᠋ ᠦᠭᠡᠢ᠃