5 ᠰᠠᠷ᠎ᠠ ᠶᠢᠨ 28 ᠤ ᠡᠳᠦᠷ᠂ ᠠᠷᠤ ᠬᠣᠷᠴᠢᠨ ᠬᠣᠰᠢᠭᠤᠨ᠎ᠤ ᠬᠠᠨᠰᠦ᠋ᠮ᠎ᠡ ᠪᠠᠭ᠎ᠠ
ᠰᠤᠷᠭᠠᠭᠤᠯᠢ ᠨᠢ ᠰᠤᠷᠭᠠᠭᠤᠯᠢ ᠪᠠᠶ᠋ᠢᠭᠤᠯᠤᠭᠳᠠᠭᠰᠠᠨ 90 ᠵᠢᠯ᠎ᠤᠨ ᠣᠢ ᠪᠠᠨ ᠤᠭᠲᠤᠬᠤ᠎ᠶᠢᠨ ᠬᠠᠮᠲᠤ᠌
ᠵᠢᠷᠭᠤᠭᠠᠨ ᠰᠠᠷ᠎ᠠ᠎ᠶᠢᠨ ᠨᠢᠭᠡᠨ᠎ᠤ ᠳᠡᠯᠡᠬᠡᠢ᠎ᠶᠢᠨ ᠪᠠᠭᠠᠴᠤᠳ᠎ᠤᠨ ᠪᠠᠶᠠᠷ᠎ᠢ ᠪᠡᠯᠭᠡᠯᠡᠬᠦ᠌ ᠲᠠᠮᠢᠷ ᠤᠷᠠᠯᠢᠭ᠎ᠤᠨ
ᠨᠠᠭᠠᠳᠤᠮ ᠨᠠᠶ᠋ᠢᠷ᠎ᠢᠶᠠᠨ ᠡᠷᠬᠢᠯᠡᠨ ᠶᠠᠪᠤᠭᠳᠠᠭᠤᠯᠵᠤ᠂ ᠰᠤᠷᠭᠠᠭᠤᠯᠢ᠎ᠶᠢᠨ ᠪᠦᠬᠦ᠌ ᠪᠠᠭᠰᠢ ᠰᠣᠷᠣᠭᠴᠢᠳ
ᠪᠤᠯᠤᠨ ᠠᠵᠢᠯ᠎ᠠᠴᠠ ᠪᠠᠨ ᠠᠮᠠᠷᠠᠭᠰᠠᠨ ᠪᠠᠭᠰᠢ ᠨᠠᠷ᠂ ᠰᠤᠷᠤᠯᠭ᠎ᠠ᠎ᠶᠢᠨ ᠬᠠᠨᠢᠲᠠᠳ᠂ ᠭᠡᠷ᠎ᠤᠨ ᠠᠬᠠᠮᠠᠳ᠂
ᠡᠯ᠎ᠡ ᠱᠠᠲᠤᠨ᠎ᠤ ᠪᠠᠶ᠋ᠢᠭᠤᠯᠭ᠎ᠠ ᠨᠢᠭᠡᠴᠢ ᠵᠢᠴᠢ ᠪᠤᠰᠤᠳ ᠰᠤᠷᠭᠠᠭᠤᠯᠢ᠎ᠶᠢᠨ ᠬᠦᠨᠳᠦᠲᠦ᠍ ᠵᠣᠴᠢᠳ
ᠰᠤᠷᠭᠠᠭᠤᠯᠢ ᠵᠢᠨ ᠬᠦᠷᠢᠶᠡᠨ᠎ᠳᠤ ᠬᠤᠷᠠᠨ ᠴᠤᠭᠯᠠᠷᠠᠵᠤ᠂ ᠰᠤᠷᠭᠠᠭᠤᠯᠢ ᠡᠷᠬᠢᠯᠡᠭᠰᠡᠨ ᠣᠨ ᠰᠠᠷ᠎ᠠ ᠪᠠᠨ
ᠬᠠᠮᠲᠤ᠌ ᠪᠠᠷ ᠡᠷᠬᠢᠴᠡᠬᠦᠯᠤᠨ᠂ ᠪᠠᠭᠠᠴᠤᠳ᠎ᠤᠨ ᠪᠠᠶᠠᠷ᠎ᠢᠶᠠᠨ ᠬᠠᠮᠲᠤ᠌ ᠪᠠᠷ ᠪᠡᠯᠭᠡᠯᠡᠭᠰᠡᠨ ᠪᠠᠶ᠋ᠢᠨ᠎ᠠ᠃
ᠲᠤᠰ ᠤᠳᠠᠭᠠᠨ᠎ᠤ ᠨᠠᠶ᠋ᠢᠷ ᠬᠣᠶᠠᠷ ᠡᠳᠦᠷ ᠶᠠᠪᠤᠭᠳᠠᠪᠠ᠃
28᠎ᠤ ᠡᠳᠦᠷ᠎ᠤᠨ
ᠦᠳᠡ᠎ᠶᠢᠨ ᠡᠮᠦᠨᠡᠬᠢ 8 ᠴᠠᠭ 30 ᠮᠢᠨᠦ᠋ᠲ ᠲᠦ᠍᠂ ᠰᠦᠷ ᠳᠠᠯᠠᠶ᠋ᠢᠴᠠᠲᠠᠢ ᠲᠠᠯᠠᠪᠠᠢ᠎ᠳᠤ ᠣᠷᠣᠬᠤ ᠶᠣᠰᠣᠯᠠᠯ
ᠡᠬᠢᠯᠡᠨ᠂ ᠨᠠᠭᠠᠳᠤᠮ᠎ᠤᠨ ᠬᠥᠰᠢᠭᠡ᠎ᠶᠢ ᠰᠡᠬᠦᠪᠡ᠃ ᠤᠯᠤᠰ᠎ᠤᠨ ᠲᠤᠭ᠎ᠤᠨ ᠵᠢᠭᠰᠠᠭᠠᠯ᠂ ᠰᠤᠷᠭᠠᠭᠤᠯᠢ᠎ᠶᠢᠨ
ᠲᠤᠭ᠎ᠤᠨ ᠵᠢᠭᠰᠠᠭᠠᠯ ᠬᠠᠮᠤᠭ᠎ᠤᠨ ᠲᠦᠷᠦᠭᠦᠨ ᠳ᠋ᠤ ᠲᠠᠯᠠᠪᠠᠢ᠎ᠳᠤ ᠣᠷᠣᠵᠤ᠂ ᠬᠣᠶ᠋ᠢᠨ᠎ᠠ ᠡᠴᠠ ᠨᠢ
ᠥᠯᠵᠡᠶ᠋ᠢᠲᠦ᠍ ᠬᠠᠳᠠᠭ᠎ᠤᠨ ᠵᠢᠭᠰᠠᠭᠠᠯ᠂ ᠪᠦᠭᠡ᠎ᠶᠢᠨ ᠵᠢᠭᠰᠠᠭᠠᠯ᠂ ᠪᠤᠰᠤᠳ ᠡᠯ᠎ᠡ ᠰᠤᠷᠭᠠᠭᠤᠯᠢ᠎ᠶᠢᠨ
ᠰᠤᠷᠤᠭᠴᠢᠳ᠎ᠤᠨ ᠵᠢᠭᠰᠠᠭᠠᠯ᠂ ᠡᠯ᠎ᠡ ᠲᠥᠯᠥᠭᠡᠯᠡᠭᠴᠢᠳ᠎ᠤᠨ ᠵᠢᠭᠰᠠᠭᠠᠯ ᠠᠯᠬᠤᠭ᠎ᠠ ᠲᠡᠭᠰᠢ᠂ ᠵᠢᠪᠬᠤᠭ᠎ᠠ
ᠪᠠᠳᠠᠷᠠᠩᠭᠤᠢ᠎ᠪᠠᠷ ᠲᠠᠯᠠᠪᠠᠢ᠎ᠳᠤ ᠣᠷᠣᠨ᠂ ᠪᠠᠭᠰᠢ ᠰᠤᠷᠤᠭᠴᠢᠳ᠎ᠤᠨ ᠴᠤᠭ ᠪᠠᠳᠠᠷᠠᠩᠭᠤᠢ ᠪᠠᠷ ᠥᠭᠡᠳᠡᠯᠡᠨ
ᠲᠠᠪᠰᠢᠬᠤ ᠣᠶᠣᠨ ᠰᠠᠨᠠᠭᠠᠨ᠎ᠤ ᠳᠦᠷᠰᠦ ᠪᠠᠶ᠋ᠢᠳᠠᠯ ᠬᠢᠭᠡᠳ ᠦᠨᠳᠦᠰᠦᠲᠡᠨ᠎ᠤ ᠪᠦᠯᠬᠦᠮᠳᠡᠯ᠎ᠤᠨ ᠥᠳᠬᠡᠨ
ᠵᠤᠵᠠᠭᠠᠨ ᠠᠭᠤᠷ ᠠᠮᠢᠰᠬᠤᠯ᠎ᠢ ᠭᠦᠢᠴᠡᠳ ᠢᠯᠡᠷᠡᠭᠦᠯᠪᠡ᠃

9 ᠴᠠᠭ 30 ᠮᠢᠨᠦ᠋ᠲ᠎ᠡᠴᠡ
ᠡᠬᠢᠯᠡᠯᠲᠡ᠎ᠶᠢᠨ ᠶᠣᠰᠣᠯᠠᠯ ᠶᠠᠪᠤᠭᠳᠠᠪᠠ᠃ ᠡᠬᠢᠯᠡᠯᠳᠡ᠎ᠶᠢᠨ ᠶᠣᠰᠣᠯᠠᠯ ᠳᠤ᠂ ᠰᠤᠷᠭᠠᠭᠤᠯᠢ ᠠᠴᠠ
《ᠬᠠᠨᠰᠦ᠋ᠮ᠎ᠡ ᠰᠤᠮᠤ᠎ᠶᠢᠨ ᠰᠤᠷᠭᠠᠨ ᠬᠥᠮᠦᠵᠢᠯ᠎ᠤᠨ ᠣᠶ᠋ᠢᠯᠠᠯᠭ᠎ᠠ》᠎ᠶᠢ ᠨᠡᠶ᠋ᠢᠲᠡᠯᠡᠵᠦ᠍᠂ ᠭᠠᠪᠢᠶᠠᠲᠤ᠌
ᠵᠠᠬᠢᠷᠤᠯ᠂ ᠭᠠᠪᠢᠶᠠᠲᠤ᠌ ᠪᠠᠭᠰᠢ ᠨᠠᠷ ᠲᠤ᠌ ᠴᠠᠴᠤᠭ ᠵᠡᠭᠦᠯᠭᠡᠨ ᠴᠡᠴᠡᠭ ᠬᠦᠷᠭᠡᠬᠦ᠌᠎ᠶᠢᠨ ᠬᠠᠮᠲᠤ᠌
ᠰᠢᠯᠢᠳᠡᠭ ᠪᠠᠭᠰᠢ ᠰᠤᠷᠤᠭᠴᠢ᠎ᠶᠢᠨ ᠲᠥᠯᠥᠭᠡᠯᠡᠭᠴᠢ᠎ᠶᠢ ᠱᠠᠩᠨᠠᠨ ᠬᠥᠬᠢᠭᠦᠯᠵᠡᠢ᠃ ᠳᠠᠷᠠᠭᠠᠯᠠᠨ
ᠦᠨᠳᠦᠰᠦᠲᠡᠨ᠎ᠤ ᠣᠨᠴᠠᠯᠢᠭ ᠪᠦᠬᠦᠢ ᠤᠷᠠᠨ ᠰᠠᠶ᠋ᠢᠬᠠᠨ᠎ᠤ ᠲᠤᠭᠯᠠᠯᠲᠠ᠂ ᠰᠤᠷᠤᠭᠴᠢᠳ᠎ᠤᠨ ᠤᠷᠠᠨ ᠵᠢᠷᠤᠭ᠎ᠤᠨ
ᠪᠦᠲᠦᠭᠡᠯ᠎ᠤᠨ ᠦᠵᠡᠰᠬᠦᠯᠡᠡᠭ᠂ ᠳᠥᠷᠪᠡᠳᠦᠭᠡᠷ ᠬᠤᠭᠤᠴᠠᠭᠠᠨ᠎ᠤ ᠰᠤᠷᠭᠠᠭᠤᠯᠢ᠎ᠶᠢᠨ ᠬᠦᠷᠢᠶᠡᠨ᠎ᠤ ᠪᠦᠬᠡ᠎ᠶᠢᠨ
ᠤᠷᠤᠯᠳᠤᠭᠠᠨ ᠶᠠᠪᠤᠭᠳᠠᠪᠠ᠃ 5 ᠰᠠᠷ᠎ᠠ ᠵᠢᠨ 29 ᠤ ᠡᠳᠦᠷ ᠬᠦᠨᠳᠦ ᠬᠥᠩᠭᠡᠨ ᠪᠡᠶ᠎ᠡ ᠵᠢᠨ ᠲᠠᠮᠢᠷ᠎ᠤᠨ
ᠬᠥᠳᠡᠯᠭᠡᠭᠡᠨ ᠶᠠᠪᠤᠭᠳᠠᠪᠠ᠃

ᠣᠶ᠋ᠢᠯᠠᠭᠠᠭᠰᠠᠨ ᠢᠶᠠᠷ
ᠬᠠᠨᠰᠦ᠋ᠮ᠎ᠡ ᠪᠠᠭ᠎ᠠ ᠰᠤᠷᠭᠠᠭᠤᠯᠢ ᠨᠢ 1936 ᠣᠨ᠎ᠳᠤ ᠠᠩᠬ᠎ᠠ ᠪᠠᠶ᠋ᠢᠭᠤᠯᠤᠭᠳᠠᠵᠤ᠂ 90 ᠵᠢᠯ ᠤᠨ ᠲᠤᠷᠰᠢ
《ᠨᠠᠮ᠎ᠤᠨ᠎ᠢᠶᠠᠨ ᠲᠥᠯᠥᠭᠡ ᠬᠥᠮᠥᠨ ᠬᠥᠮᠥᠵᠢᠭᠦᠯᠵᠦ᠍᠂ ᠤᠯᠤᠰ᠎ᠤᠨ᠎ᠢᠶᠠᠨ ᠲᠥᠯᠥᠭᠡ ᠴᠢᠳᠠᠪᠤᠷᠢᠲᠠᠨ
ᠬᠥᠮᠥᠵᠢᠭᠦᠯᠬᠦ᠌》 ᠤᠭ ᠰᠠᠨᠠᠭ᠎ᠠ ᠪᠠᠨ ᠢᠮᠠᠭᠲᠠ ᠪᠠᠷᠢᠮᠲᠠᠯᠠᠵᠤ᠂ ᠢᠯᠡ ᠲᠣᠳᠣ ᠦᠨᠳᠦᠰᠦᠲᠡᠨ᠎ᠤ ᠰᠤᠷᠭᠠᠭᠤᠯᠢ
ᠡᠷᠬᠢᠯᠡᠬᠦ᠌ ᠣᠨᠴᠠᠯᠢᠭ᠎ᠢ ᠪᠦᠷᠢᠯᠳᠦᠭᠦᠯᠦᠭᠰᠡᠨ ᠪᠠᠶ᠋ᠢᠨ᠎ᠠ᠃ ᠲᠣᠰ ᠤᠳᠠᠭᠠᠨ᠎ᠤ ᠰᠤᠷᠭᠠᠭᠤᠯᠢ᠎ᠶᠢᠨ
ᠨᠠᠭᠠᠳᠤᠮ ᠨᠢ ᠬᠡᠦᠬᠡᠳ ᠪᠠᠭᠠᠴᠤᠳ᠂ ᠪᠠᠭᠰᠢ ᠠᠵᠢᠯᠲᠠᠨ᠂ ᠭᠡᠷ᠎ᠤᠨ ᠠᠬᠠᠮᠠᠳ ᠨᠠᠷ᠎ᠢᠶᠠᠨ ᠪᠠᠶᠠᠰᠬᠠᠨ
ᠨᠠᠶ᠋ᠢᠷᠠᠯᠳᠤᠭᠤᠯᠤᠭᠰᠠᠨᠢᠶᠠᠷ ᠥᠯᠥ᠍ ᠪᠠᠷᠠᠨ ᠪᠠᠰᠠ ᠰᠤᠷᠭᠠᠨ ᠬᠥᠮᠦᠵᠢᠯ᠎ᠤᠨ ᠥᠭᠡᠷᠡᠴᠢᠯᠡᠯᠲᠡ᠎ᠶᠢ
ᠭᠦᠨᠵᠡᠭᠡᠶ᠋ᠢᠷᠡᠭᠦᠯᠦᠨ᠂ ᠰᠢᠯᠢᠳᠡᠭ ᠤᠯᠠᠮᠵᠢᠯᠠᠯ᠎ᠢᠶᠠᠨ ᠵᠠᠯᠭᠠᠮᠵᠢᠯᠠᠵᠤ᠂ ᠦᠨᠳᠦᠰᠦᠲᠡᠨ᠎ᠦ ᠭᠠᠵᠠᠷ
ᠣᠷᠣᠨ᠎ᠤ ᠰᠤᠷᠭᠠᠨ ᠬᠥᠮᠦᠵᠢᠯ᠎ᠤᠨ ᠦᠢᠯᠡᠰ᠎ᠤᠨ ᠴᠢᠨᠠᠷ ᠰᠠᠶ᠋ᠢᠲᠠᠢ ᠬᠥᠭᠵᠢᠯᠲᠡ᠎ᠶᠢᠨ ᠰᠢᠨ᠎ᠡ ᠬᠠᠭᠤᠳᠠᠰᠤ
ᠪᠣᠯᠬᠤ ᠨᠢ ᠯᠠᠪᠲᠠᠢ᠃

ᠢᠷᠡᠯᠲᠡ᠄ ᠠᠷᠤ ᠬᠤᠷᠴᠢᠨ ᠬᠤᠰᠢᠭᠤᠨ᠎ᠤ ᠬᠠᠮ ᠵᠠᠭᠤᠴᠢᠯᠠᠭᠤᠷ᠎ᠤᠨ ᠲᠦᠪ