— ᠪᠥᠬᠥ᠌ ᠣᠷᠣᠨ᠎ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤ᠋ᠨ ᠬᠢᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍ ᠪᠣᠶ
ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠥᠪᠥᠷ ᠮᠣᠩᠭᠣᠯ᠎ᠤᠨ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠦᠨ᠎ᠬᠢᠨ ᠦᠳᠲᠡᠷ ᠲᠦᠷᠭᠡᠨ ᠬᠥᠳᠡᠯᠦᠯᠴᠡᠵᠦ᠍᠂ ᠪᠥᠬᠥ᠌ ᠲᠠᠯ᠎ᠠ᠎ᠪᠠᠷ ᠪᠠᠢᠷᠢᠯᠠᠭᠤᠯᠵᠤ᠂ ᠲᠤᠰᠭᠠᠶ ᠰᠡᠳᠦᠪᠲᠦ ᠰᠤᠷᠤᠯᠴᠠᠯᠭ᠎ᠠ᠂ ᠰᠤᠳᠤᠯᠤᠨ ᠶᠠᠷᠢᠯᠴᠠᠵᠤ ᠰᠣᠯᠢᠯᠴᠠᠬᠤ ᠪᠠ ᠥᠪᠡᠷ᠎ᠢ ᠪᠠᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠠᠵᠢᠯ᠎ᠢ ᠲᠠᠰ ᠳᠠᠪᠬᠤᠷᠭ᠎ᠠ ᠲᠥᠷᠥᠯ ᠬᠤᠪᠢᠶᠠᠨ ᠥᠷᠨᠢᠭᠦᠯᠪᠡ᠃ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠬᠣᠯᠪᠣᠭ᠍ᠳᠠᠯ ᠪᠦᠬᠦᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ 《ᠠᠷᠠᠳ ᠲᠦᠮᠡᠨ᠎ᠳᠦ ᠪᠤᠶᠠᠨ ᠦᠢᠯᠡᠳᠬᠦ᠌ ᠪᠣᠯ ᠬᠠᠮᠤᠭ᠎ᠤᠨ ᠶᠡᠬᠡ ᠵᠠᠰᠠᠭ ᠤ᠋ᠨ ᠠᠵᠢᠯ᠎ᠤᠨ ᠪᠦᠲᠦᠮᠵᠢ ᠮᠥᠨ》 ᠭᠡᠬᠦ᠌ ᠭᠣᠣᠯ ᠠᠭᠤᠯᠤᠭ᠍ᠳᠠᠬᠤᠨ᠎ᠢ ᠭᠦᠨᠵᠡᠭᠡᠢ ᠣᠢᠯᠠᠭᠠᠵᠤ᠂ ᠰᠠᠨᠠᠭᠠᠴᠢᠯᠠᠭ᠎ᠠ᠎ᠡᠴᠡ᠎ᠪᠠᠨ ᠠᠵᠢᠯ ᠬᠢᠵᠦ᠍ ᠦᠢᠯᠡᠰ ᠪᠤᠰᠭᠠᠬᠤ ᠣᠷᠣᠨ ᠪᠠᠢᠷᠢ᠎ᠪᠠᠨ ᠤᠨᠤᠪᠴᠢᠯᠠᠵᠦ᠂ ᠡᠯ᠎ᠡ ᠵᠦᠢᠯ᠎ᠦᠨ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠵᠤ᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠪᠡᠷ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠦᠨ ᠳᠠᠭᠠᠭᠤᠯᠵᠤ ᠲᠣᠭ᠍ᠲᠠᠭᠤᠨ᠎ᠢᠶᠠᠷ ᠬᠤᠯᠠ ᠠᠶᠠᠯᠠᠪᠠ᠃
ᠥᠪᠥᠷ ᠮᠣᠩᠭᠣᠯ᠎ᠤᠨ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ 《ᠨᠡᠢᠲᠡ᠎ᠶ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠳᠦ ᠪᠤᠶᠠᠨ ᠦᠶ᠋ᠯᠡᠳᠬᠦ᠌᠂ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠦᠨᠡᠨ ᠬᠦ᠌ ᠠᠳᠭᠤᠨ ᠪᠣᠳᠠᠲᠠᠶ ᠠᠵᠢᠯᠯᠠᠬᠤ》 ᠶᠡᠷᠦᠩᠬᠡᠶ ᠱᠠᠭᠠᠷᠳᠠᠯᠭ᠎ᠠ᠎ᠲᠠᠶ ᠨᠢᠭ᠍ᠲᠠ ᠤᠶᠠᠯᠳᠤᠭᠤᠯᠤᠨ᠂ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠦᠨᠡᠨ ᠬᠦ᠌ ᠪᠣᠳᠠᠲᠠᠢᠵᠢᠭᠤᠯᠵᠤ᠂ ᠠᠵᠢᠯ᠎ᠤᠨ ᠡᠭᠦᠷᠭᠡ᠎ᠶ᠋ᠢᠨ ᠬᠤᠪᠢᠶᠠᠷᠢᠯᠠᠯ᠎ᠤᠨ ᠬᠦᠰᠦᠨᠦᠭ᠌ᠲᠦ᠍᠎ᠶ᠋ᠢ ᠦᠳᠲᠡᠷ ᠲᠦᠷᠭᠡᠨ ᠲᠣᠭ᠍ᠲᠠᠭᠠᠵᠤ᠂ ᠰᠤᠷᠤᠯᠴᠠᠯᠭ᠎ᠠ ᠬᠥᠮᠦᠵᠢᠯ᠎ᠢ ᠭᠤᠤᠯ ᠠᠵᠢᠯ᠎ᠲᠠᠶ ᠭᠦᠨᠵᠡᠭᠡᠶ ᠠᠭᠤᠰᠤᠯᠴᠠᠭᠤᠯᠪᠠ᠃ 《ᠳᠥᠷᠪᠡ᠎ᠶ᠋ᠢ ᠭᠦᠨᠵᠡᠭᠡᠶ ᠰᠤᠷᠤᠯᠴᠠᠬᠤ》 ᠶ᠋ᠢ ᠯᠠᠪᠳᠠᠭᠤᠨ ᠪᠠᠲᠤᠲᠠᠶ ᠠᠬᠢᠭᠤᠯᠵᠤ᠂ ᠲᠤᠰᠭᠠᠶ ᠰᠡᠳᠦᠪᠲᠦ ᠨᠣᠮ ᠤᠩᠱᠢᠬᠤ ᠠᠩᠭᠢ ᠵᠢ ᠡᠷᠬᠢᠯᠡᠵᠦ᠍᠂ ᠲᠥᠪᠯᠡᠷᠡᠭᠦᠯᠦᠨ ᠰᠤᠳᠤᠯᠤᠨ ᠶᠠᠷᠢᠯᠴᠠᠬᠤ ᠪᠠ ᠬᠤᠪᠢ ᠬᠥᠮᠦᠨ ᠥᠪᠡᠷ ᠲᠡᠬᠡᠨ ᠰᠤᠷᠬᠤ᠎ᠶ᠋ᠢ ᠤᠶᠠᠯᠳᠤᠭᠤᠯᠬᠤ᠂ ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠭᠤ ᠪᠠ ᠰᠡᠷᠡᠮᠵᠢᠯᠡᠭᠦᠯᠬᠦ᠌ ᠬᠥᠮᠦᠵᠢᠯ᠎ᠢ ᠤᠶᠠᠯᠳᠤᠭᠤᠯᠬᠤ ᠵᠡᠷᠭᠡ ᠠᠷᠭ᠎ᠠ ᠮᠠᠶᠢᠭ᠎ᠢ ᠠᠪᠴᠤ᠌᠂ ᠨᠠᠮ᠎ᠤᠨ ᠭᠡᠱᠢᠭᠦᠨ ᠺᠠᠳ᠋ᠷᠴᠤᠳ᠎ᠢ ᠬᠥᠲᠥᠯᠥᠨ ᠵᠢᠯᠣᠭᠣᠳᠴᠤ᠌ ᠦᠵᠡᠯ ᠰᠠᠨᠠᠭᠠᠨ᠎ᠤ ᠲᠠᠯ᠎ᠠ᠎ᠡᠴᠡ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠦᠪ ᠦᠵᠡᠯᠲᠡ᠎ᠵᠢ ᠪᠤᠢ ᠪᠤᠯᠭᠠᠪᠠ᠃ ᠰᠠᠨᠠᠯ ᠬᠤᠷᠢᠶᠠᠬᠤ᠂ ᠦᠨᠳᠦᠰᠦᠨ ᠱᠠᠲᠤᠨ᠎ᠳᠤ ᠪᠠᠢᠴᠠᠭᠠᠨ ᠰᠤᠳᠤᠯᠤᠯᠲᠠ ᠬᠢᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠨ᠂ ᠦᠶ᠋ᠯᠡᠴᠢᠯᠡᠬᠦ᠌ ᠡᠲᠡᠭᠡᠳ᠂ ᠦᠨᠳᠦᠰᠦᠨ ᠱᠠᠲᠤᠨ᠎ᠤ ᠨᠢᠭᠡᠴᠢ᠎ᠶ᠋ᠢᠨ ᠰᠠᠨᠠᠯ ᠰᠠᠨᠠᠭᠤᠯᠭ᠎ᠠ᠎ᠶ᠋ᠢ ᠥᠷᠭᠡᠨ᠎ᠢᠶᠡᠷ ᠰᠣᠨᠣᠰᠴᠤ᠌᠂ 《ᠭᠤᠷᠪᠠ ᠵᠢ ᠬᠠᠷᠢᠴᠠᠭᠤᠯᠤᠨ ᠬᠠᠷᠭᠤᠭᠤᠯᠵᠤ》 ᠠᠰᠠᠭᠤᠳᠠᠯ᠎ᠢ ᠴᠢᠩᠭ᠎ᠠ ᠪᠠᠢᠴᠠᠭᠠᠨ ᠳᠡᠯᠭᠡᠬᠦ᠌᠎ᠶ᠋ᠢ ᠰᠠᠢᠲᠤᠷ ᠬᠢᠵᠦ᠍᠂ ᠠᠰᠠᠭᠤᠳᠠᠯ᠎ᠤᠨ ᠨᠠᠷᠢᠨ ᠲᠠᠩᠰᠠ᠎ᠶ᠋ᠢ ᠪᠦᠷᠢᠯᠳᠦᠭᠦᠯᠪᠡ᠃ ᠴᠡᠭ᠌ᠴᠡᠯᠡᠨ ᠰᠠᠢᠵᠢᠷᠠᠭᠤᠯᠬᠤ ᠨᠢᠭᠡ ᠰᠢᠵᠢᠮ᠎ᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠲᠤᠮᠳᠠ ᠠᠰᠠᠭᠤᠳᠠᠯ᠎ᠢ ᠪᠠᠢᠴᠠᠭᠠᠨ ᠳᠡᠯᠭᠡᠵᠦ᠍ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠲᠥᠪ᠎ᠦᠨ ᠲᠣᠭᠣᠷᠢᠨ ᠪᠠᠢᠴᠠᠭᠠᠯᠲᠠ᠂ ᠲᠥᠪ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠯᠲᠠ ᠵᠡᠷᠭᠡ ᠳ᠋ᠤ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠲᠠᠶ ᠤᠶᠠᠯᠳᠤᠭᠤᠯᠵᠤ᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠡᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠵᠦ᠍᠂ ᠣᠯᠠᠨ ᠲᠦᠮᠡᠨ᠎ᠦ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠪᠡ᠃ ᠰᠤᠷᠤᠯᠴᠠᠬᠤ᠎ᠪᠠᠷ ᠠᠵᠢᠯ ᠵᠢᠡᠨ ᠠᠬᠢᠭᠤᠯᠵᠤ᠂ ᠠᠵᠢᠯᠯᠠᠬᠤ᠎ᠪᠠᠷ ᠰᠤᠷᠤᠯᠴᠠᠯᠭ᠎ᠠ᠎ᠶ᠋ᠢ ᠦᠢᠯᠡᠳᠦᠯᠭᠡᠵᠢᠭᠦᠯᠵᠦ᠂ ᠬᠣᠲᠠ ᠪᠠᠯᠭᠠᠰᠤ᠎ᠶ᠋ᠢᠨ ᠣᠷᠣᠨ ᠰᠠᠭᠤᠴᠠ᠎ᠶ᠋ᠢᠨ ᠪᠠᠲᠤᠯᠠᠭ᠎ᠠ᠎ᠶ᠋ᠢᠨ ᠬᠡᠷ ᠪᠦᠯᠢᠳ᠋ᠤ ᠲᠦᠷᠢᠶᠡᠰᠦᠯᠡᠬᠦ ᠨᠥᠬᠥᠪᠥᠷᠢ ᠣᠯᠭᠣᠬᠤ᠂ ᠠᠳᠠᠯ ᠠᠬᠤᠶ᠎ᠶ᠋ᠢᠨ ᠦᠶ᠋ᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠦᠴᠦᠯᠡᠨ ᠠᠬᠢᠭᠤᠯᠵᠤ᠂ ᠣᠷᠣᠨ ᠰᠠᠭᠤᠴᠠ ᠳ᠋ᠤ ᠴᠠᠬᠢᠯᠭᠠᠨ ᠱᠠᠲᠤ ᠨᠡᠮᠡᠵᠦ᠍ ᠤᠭ᠍ᠰᠠᠷᠠᠵᠤ ᠱᠢᠨᠡᠳᠭᠡᠬᠦ᠌ ᠵᠡᠷᠭᠡ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠪᠣᠳᠠᠲᠠᠶ ᠨᠠᠷᠢᠯᠢᠭ ᠨᠠᠢᠳᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠵᠡᠷᠭᠡ ᠵᠢᠷᠭᠤᠭᠠᠨ ᠰᠠᠯᠠᠭ᠎ᠠ ᠮᠥᠴᠢᠷ᠎ᠲᠡᠶ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠰᠠᠢᠨ ᠬᠡᠷ ᠪᠠᠢᠱᠢᠩ〉 ᠤ᠋ᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠠᠵᠢᠯᠯᠠᠭᠠᠨ᠎ᠤ ᠲᠥᠰᠦᠯ》 ᠢ᠋ ᠳᠠᠷᠤᠮᠠᠯᠯᠠᠨ ᠲᠠᠷᠬᠠᠭᠠᠵᠤ ᠬᠡᠷᠡᠭ᠌ᠵᠢᠭᠦᠯᠦᠨ᠂ 7 ᠲᠠᠯ᠎ᠠ᠎ᠡᠴᠡ 19 ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠵᠤ ᠪᠥᠬᠥ᠌ ᠬᠡᠯᠬᠢᠶ᠎ᠡ᠎ᠪᠡᠷ 《ᠰᠠᠢᠨ ᠬᠡᠷ ᠪᠠᠢᠱᠢᠩ》 ᠤ᠋ᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠪᠣᠳᠠᠲᠠᠶ ᠠᠵᠢᠯᠯᠠᠵᠤ ᠪᠣᠳᠠᠲᠤ ᠠᠮᠵᠢᠯᠲᠠ ᠪᠦᠲᠦᠮᠵᠢ ᠭᠠᠷᠭᠠᠵᠤ ᠠᠷᠠᠳ ᠲᠦᠮᠡᠨ ᠳ᠋ᠤ ᠪᠤᠶᠠᠨ ᠦᠶ᠋ᠯᠡᠳᠪᠡ᠃
ᠤᠢ᠍ᠢᠷ᠎ᠠ᠎ᠶ᠋ᠢᠨ ᠡᠳᠦᠷ᠎ᠦᠳ᠎ᠲᠦ᠂ ᠪᠤᠭᠤᠲᠤ ᠬᠤᠳᠠ᠎ᠶ᠋ᠢᠨ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠥᠷᠭᠡᠨ ᠤᠯᠠᠨ ᠺᠠᠳ᠋ᠷ᠎ᠢ ᠬᠦᠳᠦᠯᠥᠨ ᠳᠠᠭᠠᠭᠤᠯᠵᠤ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢᠨ ᠪᠠᠶᠠᠯᠢᠭ ᠠᠭᠤᠯᠤᠭ᠍ᠳᠠᠬᠤᠨ ᠪᠣᠯᠤᠨ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠤᠢ᠍ᠢᠯᠠᠭᠠᠭᠤᠯᠵᠤ᠂ ᠦᠯᠢᠭᠡᠷ ᠳᠠᠭᠤᠷᠢᠶᠠᠯ᠎ᠲᠠᠶ ᠬᠠᠷᠭᠤᠭᠤᠯᠤᠨ ᠤᠬ ᠰᠠᠨᠠᠭ᠎ᠠ᠎ᠪᠠᠨ ᠰᠢᠯᠭᠠᠨ ᠪᠠᠢᠴᠠᠭᠠᠵᠤ᠂ 《ᠬᠡᠨ᠎ᠦ ᠲᠥᠯᠥᠭᠡ ᠵᠠᠰᠠᠭ᠎ᠤᠨ ᠠᠵᠢᠯ᠎ᠤᠨ ᠪᠦᠲᠦᠮᠵᠢ᠎ᠶ᠋ᠢ ᠡᠬᠦᠳᠬᠦ》 ᠵᠢᠨ ᠲᠣᠭᠣᠷᠢᠨ᠎ᠳᠤ ᠭᠦᠨᠵᠡᠭᠡᠢ ᠵᠠᠳᠠᠯᠤᠯᠲᠠ ᠬᠢᠪᠡ᠃ ᠥᠷᠭᠡᠨ ᠤᠯᠠᠨ ᠺᠠᠳ᠋ᠷ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠰᠠᠭᠤᠷᠢ ᠵᠢ ᠲᠠᠯᠪᠢᠬᠤ᠂ ᠠᠯᠤᠰ ᠬᠡᠳᠤ᠎ᠳᠦ ᠠᠱᠢᠭ᠍ᠲᠠᠢ ᠪᠣᠳᠠᠲᠤ ᠶᠠᠪᠤᠳᠠᠯ᠎ᠢ ᠢᠯᠡᠭᠦᠬᠡᠨ ᠬᠢᠵᠦ᠍᠂ ᠪᠣᠳᠠᠲᠠᠢ ᠠᠵᠢᠯᠯᠠᠵᠤ ᠪᠣᠳᠠᠲᠤ ᠦᠷ᠎ᠡ ᠪᠦᠲᠦᠮᠵᠢ᠎ᠪᠡᠷ ᠲᠡᠦᠬᠡ ᠪᠣᠯᠤᠨ ᠠᠷᠠᠳ ᠲᠦᠮᠡᠨ᠎ᠦ ᠱᠢᠯᠭᠠᠯᠲᠠ᠎ᠶ᠋ᠢ ᠳᠠᠭᠠᠭᠠᠵᠤ ᠳᠡᠢᠯᠬᠦ᠌ ᠬᠠᠷᠢᠭᠤᠯᠲᠠ᠎ᠶ᠋ᠢᠨ ᠬᠠᠭᠤᠳᠠᠰᠤ᠎ᠶ᠋ᠢ ᠲᠤᠱᠢᠶᠠᠨ᠎ᠠ ᠭᠡᠵᠦ᠍ ᠢᠯᠡᠳᠭᠡᠵᠡᠭᠡᠪᠡ᠃ ᠬᠥᠨᠳᠡᠯᠡᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠵᠢ ᠪᠠᠲᠤ ᠪᠣᠶ ᠪᠣᠯᠭᠠᠨ ᠦᠢᠯᠡᠳᠦᠯᠭᠡᠵᠢᠭᠦᠯᠵᠦ᠂ ᠠᠷᠠᠳ ᠲᠦᠮᠡᠨ᠎ᠳᠦ ᠪᠤᠶᠠᠨ ᠦᠶ᠋ᠯᠡᠳᠬᠦ᠌᠎ᠪᠡᠷ ᠭᠤᠤᠯ ᠤᠳᠤᠷᠢᠳᠤᠮᠵᠢ ᠪᠣᠯᠭᠠᠨ᠂ ᠬᠠᠷᠢᠶ᠎ᠠ ᠣᠷᠣᠨ᠎ᠤ ᠨᠠᠰᠤᠳᠠᠢᠴᠤᠳ᠎ᠤᠨ ᠬᠦᠮᠦᠨ ᠡᠠᠮᠠ ᠵᠢᠨ ᠡᠵᠡᠯᠡᠬᠦ ᠬᠠᠷᠢᠴᠠᠯ ᠦᠨᠳᠦᠷ᠂ ᠦᠨᠳᠦᠷ ᠨᠠᠰᠤᠳᠠᠢ ᠬᠡᠷ ᠲᠡᠬᠡᠨ ᠬᠤᠴᠤᠷᠤᠬᠰᠠᠨ ᠨᠠᠰᠤᠲᠠᠢᠴᠤᠳ ᠠᠮᠢᠳᠦᠷᠠᠯ᠎ᠤᠨ ᠪᠠᠶ᠎ᠠ ᠪᠠᠨ ᠲᠠᠭᠠᠭᠠᠬᠤ ᠴᠢᠳᠡᠪᠦᠷᠢ ᠪᠠᠨ ᠠᠯᠳᠠᠬᠰᠠᠨ ᠨᠠᠰᠤᠳᠠᠢᠴᠤᠳ ᠲᠦᠪᠯᠡᠷᠡᠭᠰᠡᠨ᠂ ᠬᠡᠷ ᠲᠡᠬᠡᠨ ᠨᠠᠰᠤᠵᠢᠯ᠎ᠤᠨ ᠠᠰᠠᠷᠠᠮᠵᠢᠬᠦᠷᠳᠡᠬᠦ ᠬᠦᠮᠦᠰ ᠲᠤ᠌ ᠬᠠᠩᠭᠠᠬᠤ ᠬᠣᠭᠣᠯᠠ ᠪᠤᠳᠠᠭᠠᠨ᠎ᠤ ᠬᠠᠩᠭᠠᠯᠭ᠎ᠠ ᠬᠦᠷᠦᠯᠴᠡᠬᠦ᠌ ᠦᠭᠡᠢ ᠵᠡᠷᠭᠡ ᠪᠣᠳᠠᠲᠤ ᠪᠠᠢᠳᠠᠯ᠎ᠳᠤ ᠴᠢᠭᠯᠡᠭᠦᠯᠦᠨ᠂ ᠲᠤᠭᠤᠷᠢᠭ᠎ᠤᠨ ᠬᠠᠷᠢᠶ᠎ᠠ ᠤᠯᠤᠰ᠎ᠤᠨ ᠥᠮᠴᠢᠯᠡᠯ᠎ᠦᠨ ᠣᠶᠤᠨᠴᠢ ᠡᠷᠡᠭᠦᠯᠵᠢᠯ᠎ᠦᠨ ᠺᠣᠮᠫᠠᠨᠢ᠎ᠪᠠᠷ ᠭᠠᠷᠳᠠᠴᠠ ᠪᠣᠯᠭᠠᠨ᠂ 《1 ᠲᠥᠪᠯᠡᠷᠡᠭᠦᠯᠦᠨ ᠬᠦᠷᠭᠡᠬᠦ᠌ ᠲᠥᠪ + N ᠨᠡᠢᠭᠡᠮ ᠲᠣᠭᠣᠷᠢᠭ᠎ᠤᠨ ᠬᠣᠭᠣᠯᠠ ᠬᠦᠷᠬᠡᠬᠦ ᠦᠢᠯᠡᠴᠢᠯᠡᠭᠡ᠎ᠵᠢᠨ ᠴᠡᠭ》᠎ᠤ᠋ᠨ ᠨᠠᠰᠤᠵᠢᠯ᠎ᠤᠨ ᠠᠰᠠᠷᠠᠮᠵᠢ᠎ᠶ᠋ᠢᠨ ᠬᠣᠭᠣᠯᠠ ᠬᠦᠷᠬᠡᠬᠦ ᠦᠢᠯᠡᠴᠢᠯᠡᠭᠡᠨ᠎ᠦ ᠱᠢᠰᠲ᠋ᠧᠮ᠎ᠢ ᠱᠢᠨ᠎ᠡ᠎ᠪᠡᠷ ᠡᠭᠦᠳᠦᠨ ᠪᠠᠢᠭᠤᠯᠵᠤ᠂ ᠬᠣᠭᠣᠯᠠ ᠬᠦᠷᠬᠡᠬᠦ ᠦᠢᠯᠡᠴᠢᠯᠡᠭᠡ᠎ᠵᠢᠨ ᠬᠦᠶ᠋ᠰᠦ᠎ᠶ᠋ᠢ ᠪᠠᠢᠭᠤᠯᠵᠤ᠂ ᠦᠢᠯᠡᠴᠢᠯᠡᠭᠡᠨ᠎ᠦ ᠲᠣᠣᠷ᠎ᠢ ᠨᠢᠭᠲᠠ ᠰᠦᠯᠵᠢᠵᠦ᠂ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠴᠢᠩᠭ᠎ᠠ ᠰᠠᠬᠢᠨ᠂ ᠲᠦᠭᠡᠮᠡᠯ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ 《ᠬᠣᠭᠣᠯᠠ ᠬᠦᠷᠬᠡᠬᠦ ᠦᠢᠯᠡᠴᠢᠯᠡᠭᠡ + 》 ᠶᠡᠷᠦᠩᠬᠡᠢᠯᠡᠭ᠌ᠰᠡᠨ ᠦᠶ᠋ᠯᠡᠴᠢᠯᠡᠭᠡ᠎ᠶ᠋ᠢ ᠤᠷᠲᠤᠳᠭᠠᠬᠤ᠎ᠶ᠋ᠢᠨ ᠬᠠᠮᠲᠤ ᠣᠷᠳᠣ ᠬᠤᠭᠤᠴᠠᠭᠠᠨ᠎ᠤ ᠪᠦᠲᠦᠮᠵᠢᠲᠡᠶ ᠪᠢᠲᠡᠬᠦᠦ ᠴᠠᠭᠠᠷᠢᠭ ᠤ᠋ᠨ ᠲᠣᠭ᠍ᠲᠠᠴᠠ᠎ᠶ᠋ᠢ ᠪᠠᠢᠭᠤᠯᠵᠤ᠂ ᠨᠠᠰᠤᠲᠠᠢᠴᠤᠳ᠎ᠤᠨ 《ᠬᠣᠭᠣᠯᠠ ᠬᠢᠬᠦ᠌᠎ᠳᠦ ᠬᠦᠴᠢᠷ᠂ ᠬᠤᠭᠤᠯᠠ ᠢᠳᠡᠬᠦ᠎ᠳᠤ ᠬᠦᠴᠢᠷ》 ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠪᠡ᠃
5 ᠰᠠᠷ᠎ᠠ᠎ᠶ᠋ᠢᠨ 25᠎ᠤ᠋ ᠡᠳᠦᠷ᠂ ᠣᠷᠳᠣᠰ ᠬᠣᠲᠠ᠎ᠶ᠋ᠢᠨ ᠦᠦᠱᠢᠨ ᠬᠣᠱᠢᠭᠤ ᠪᠠᠢᠴᠠᠭᠠᠨ ᠰᠤᠳᠤᠯᠬᠤ ᠳᠤᠭᠤᠢᠯᠠᠩ᠎ᠢ ᠵᠣᠬᠢᠶᠠᠨ ᠪᠠᠢᠭᠤᠯᠤᠨ ᠲᠣᠭ ᠪᠠᠯᠭᠠᠰᠤᠨ᠎ᠳᠤ ᠭᠦᠨᠵᠡᠭᠡᠢᠷᠡᠵᠦ᠍᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ ᠵᠡᠷᠭᠡ ᠭᠤᠤᠯᠳᠠᠯᠭ᠎ᠠ᠎ᠲᠠᠶ ᠠᠵᠢᠯ᠎ᠤᠨ ᠲᠣᠭᠣᠷᠢᠨ᠎ᠳᠤ ᠲᠤᠬᠠᠶ᠎ᠶ᠋ᠢᠨ ᠭᠠᠵᠠᠷ᠎ᠲᠤᠨᠢ ᠪᠠᠢᠴᠠᠭᠠᠨ ᠰᠤᠳᠤᠯᠵᠦ᠍ ᠱᠠᠯᠠᠪᠳᠠᠭᠤᠯᠤᠨ ᠵᠢᠯᠣᠭᠣᠳᠴᠤ᠌᠂ ᠦᠨᠳᠦᠰᠦᠨ ᠱᠠᠲᠤᠨ᠎ᠳᠤ ᠭᠦᠨᠵᠡᠭᠡᠢᠷᠡᠨ ᠪᠣᠳᠠᠲᠤ ᠪᠠᠢᠳᠠᠯ᠎ᠢ ᠪᠠᠢᠴᠠᠭᠠᠨ ᠦᠵᠡᠵᠦ᠍᠂ ᠠᠷᠠᠳ᠎ᠤᠨ ᠵᠣᠪᠠᠨᠢᠯ᠎ᠢ ᠠᠷᠢᠯᠭᠠᠨ᠂ ᠴᠡᠭ᠌ᠴᠡᠯᠡᠨ ᠰᠠᠢᠵᠢᠷᠠᠭᠤᠯᠬᠤ᠎ᠶ᠋ᠢ ᠠᠳᠭᠤᠵᠤ᠂ ᠠᠷᠠᠳ ᠲᠦᠮᠡᠨ᠎ᠳᠦ ᠪᠤᠶᠠᠨ ᠦᠶ᠋ᠯᠡᠳᠬᠦ᠌᠎ᠪᠡᠷ ᠬᠠᠮᠤᠭ᠎ᠤᠨ ᠶᠡᠬᠡ ᠵᠠᠰᠠᠭ᠎ᠤᠨ ᠠᠵᠢᠯ᠎ᠤᠨ ᠪᠦᠲᠦᠮᠵᠢ ᠪᠣᠯᠭᠠᠬᠤ᠎ᠶ᠋ᠢ ᠪᠠᠷᠢᠮᠲᠠᠯᠠᠵᠤ᠂ ᠡᠮᠦᠨ᠎ᠡ ᠹᠷᠣᠨᠲ᠎ᠲᠤ ᠪᠠᠢᠴᠠᠭᠠᠨ ᠰᠤᠳᠤᠯᠤᠯᠲᠠ ᠬᠢᠵᠦ᠍ ᠱᠠᠯᠠᠪᠳᠠᠭᠤᠯᠤᠨ ᠵᠢᠯᠣᠭᠣᠳᠭᠤ᠎ᠪᠠᠷ ᠳᠡᠮᠵᠢᠨ ᠰᠤᠷᠤᠯᠴᠠᠯᠭ᠎ᠠ ᠬᠥᠮᠦᠵᠢᠯ᠎ᠢ ᠪᠣᠳᠠᠲᠠᠶ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠂ ᠭᠤᠤᠯᠳᠠᠯᠭ᠎ᠠ᠎ᠲᠠᠶ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠪᠦᠲᠦᠮᠵᠢ᠎ᠶ᠋ᠢ ᠨᠡᠮᠡᠭ᠌ᠳᠡᠭᠦᠯᠬᠦ᠌᠎ᠶ᠋ᠢ ᠠᠬᠢᠭᠤᠯᠪᠠ᠃ ᠪᠠᠢᠴᠠᠭᠠᠨ ᠰᠤᠳᠤᠯᠬᠤ ᠳᠤᠭᠤᠢᠯᠠᠩ᠎ᠤᠨ ᠬᠢᠨ ᠲᠤᠭ ᠪᠠᠯᠭᠠᠰᠤᠨ᠎ᠤ ᠶᠡᠷᠦᠩᠬᠡᠢᠯᠡᠨ ᠵᠠᠰᠠᠬᠤ ᠲᠥᠪ᠎ᠲᠦ ᠬᠦᠷᠴᠦ᠍᠂ ᠵᠠᠬᠢᠳᠠᠯ ᠰᠤᠷᠪᠤᠯᠵᠢᠯᠠᠯ ᠬᠢᠬᠦ ᠪᠡᠷ ᠢᠷᠡᠭ᠌ᠰᠡᠨ ᠤᠯᠠᠨ ᠲᠦᠮᠡᠨ᠎ᠢ ᠲᠤᠬᠠᠢ᠎ᠶ᠋ᠢᠨ ᠲᠠᠯᠠᠪᠠᠢ᠎ᠳᠤ ᠵᠢᠵᠢᠭᠦᠷᠯᠡᠨ ᠬᠦᠯᠢᠶᠠᠨ ᠠᠪᠴᠤ᠌᠂ ᠤᠯᠠᠨ ᠲᠦᠮᠡᠨ᠎ᠦ ᠪᠠᠴᠢᠮᠳᠡᠵᠦ ᠬᠦᠴᠢᠷᠳᠡᠵᠦ ᠵᠤᠪᠠᠨᠢᠵᠤ ᠬᠦᠰᠡᠵᠦ ᠪᠠᠢᠭ᠎ᠠ ᠬᠦᠰᠡᠯ ᠱᠠᠭᠠᠷᠳᠠᠯᠭ᠎ᠠ᠎ᠶ᠋ᠢ ᠨᠢᠭᠤᠷᠳᠠᠨ ᠰᠣᠨᠣᠰᠴᠤ᠌᠂ ᠬᠣᠱᠢᠭᠤ᠂ ᠪᠠᠯᠭᠠᠰᠤᠨ᠎ᠤ ᠬᠣᠯᠪᠣᠭ᠍ᠳᠠᠯ ᠪᠦᠬᠦᠢ ᠡᠭᠦᠷᠭᠡ ᠲᠤᠰᠢᠶᠠᠯ᠎ᠳᠤ ᠰᠠᠯᠠᠭ᠎ᠠ ᠮᠥᠴᠢᠷ ᠲᠠᠢ ᠬᠤᠯᠪᠤᠭᠠᠯᠠᠨ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠲᠤᠬᠠᠢ᠎ᠶ᠋ᠢᠨ ᠭᠠᠵᠠᠷ᠎ᠲᠤᠨᠢ ᠵᠥᠪᠳᠡᠯᠴᠡᠨ ᠰᠤᠳᠤᠯᠤᠨ ᠮᠠᠭᠠᠳᠯᠠᠵᠤ᠂ ᠠᠰᠠᠭᠤᠳᠠᠯ᠎ᠢ ᠱᠢᠢᠳᠪᠦᠷᠢᠯᠡᠬᠦ᠌ ᠠᠷᠭ᠎ᠠ ᠵᠠᠮ᠎ᠢ ᠨᠠᠷᠢᠯᠢᠬ᠍ᠵᠢᠭᠤᠯᠵᠦ᠍᠂ ᠱᠢᠢᠳᠪᠦᠷᠢᠯᠡᠬᠦ᠌ ᠴᠠᠭ᠎ᠤᠨ ᠬᠢᠵᠠᠭᠠᠷ᠎ᠢ ᠲᠣᠳᠣᠷᠬᠠᠢᠯᠠᠵᠤ᠂ ᠬᠠᠷᠢᠶ᠎ᠠ ᠭᠠᠵᠠᠷ ᠪᠣᠯᠤᠨ ᠠᠵᠢᠯ ᠲᠦᠷᠦᠯ᠎ᠦᠨ ᠭᠣᠣᠯᠯᠠᠨ ᠬᠠᠮᠢᠶᠠᠷᠬᠤ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠵᠥᠷᠢᠴᠡᠯ ᠵᠠᠭᠤᠷᠠᠯᠳᠤᠭᠠᠨ᠎ᠢ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠱᠢᠢᠳᠪᠦᠷᠢᠯᠡᠵᠦ᠍᠂ ᠴᠤᠬᠤᠢᠵᠤ ᠪᠠᠢᠬᠤ ᠦᠶ᠎ᠡ᠎ᠳᠦᠨᠢ ᠱᠢᠢᠳᠪᠦᠷᠢᠯᠡᠵᠦ᠍᠂ ᠡᠭᠦᠳᠡ᠎ᠪᠡᠨ ᠨᠡᠭᠡᠭᠡᠵᠦ᠍ ᠰᠤᠷᠪᠤᠯᠵᠢᠯᠠᠯ ᠬᠦᠯᠢᠶᠡᠬᠦ᠌᠎ᠪᠡᠷ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠢᠯᠡᠳᠦᠯᠭᠡᠵᠢᠭᠦᠯᠵᠦ᠍᠂ ᠵᠠᠰᠠᠭ᠎ᠤᠨ ᠠᠵᠢᠯ᠎ᠤᠨ ᠪᠦᠲᠦᠮᠵᠢ᠎ᠵᠢ ᠤᠯᠠᠨ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ᠎ᠢ ᠳᠡᠭᠡᠭ᠌ᠰᠢᠯᠡᠭᠦᠯᠬᠦ᠌ ᠳᠡᠭᠡᠷ᠎ᠡ ᠦᠨᠡᠨ ᠬᠦ᠌ ᠨᠠᠢᠳᠠᠪᠤᠷᠢᠵᠢᠭᠤᠯᠪᠠ᠃