ᠾᠸᠪᠸᠢ ᠮᠤᠵᠢ ᠵᠢᠩ ᠬᠠᠩ ᠶᠡᠬᠡ ᠲᠠᠲᠠᠮᠠᠯ ᠭᠤᠤᠯ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠰᠣᠶᠣᠯ ᠵᠢᠭᠤᠯᠴᠢᠯᠠᠯ᠎ᠤᠨ ᠨᠡᠭᠡᠭᠡᠨ ᠬᠥᠭ᠌ᠵᠢᠭᠦᠯᠦᠯᠲᠡ᠎ᠶ᠋ᠢ ᠠᠬᠢᠭᠤᠯᠪᠠ
2026-06-10 09:58:55
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


7a56d722-0b54-4ca9-adea-47e3e8ee0a61.png


ᠵᠢᠩ ᠬᠠᠩ ᠶᠡᠬᠡ ᠲᠠᠲᠠᠮᠠᠯ ᠭᠣᠣᠯ ᠾᠸᠪᠸᠢ ᠮᠤᠵᠢ᠎ᠶ᠋ᠢᠨ ᠾᠸᠩ ᠱᠦᠶ ᠬᠤᠲᠠ᠎ᠶᠢᠨ ᠬᠥ᠋ ᠴᠧᠩ ᠱᠢᠶᠠᠨ᠎ᠢᠶᠡᠷ ᠤᠷᠤᠰᠤᠨ ᠥᠨᠭᠭᠡᠷᠡᠵᠦ᠂ ᠪᠦᠬᠦ᠌ ᠣᠷᠳᠣ ᠨᠢ ᠪᠠᠷᠤᠭ 75.1 ᠺᠢᠯᠣᠮᠧᠲ᠋ᠷ ᠪᠠᠢᠳᠠᠭ᠃ ᠣᠢᠷ᠎ᠠ᠎ᠶ᠋ᠢᠨ ᠵᠢᠯ᠎ᠦᠳ᠎ᠲᠦ᠂ ᠬᠥ᠋ ᠴᠧᠩ ᠱᠢᠶᠠᠨ ᠵᠢᠩ ᠬᠠᠩ ᠶᠡᠬᠡ ᠲᠠᠲᠠᠮᠠᠯ ᠭᠤᠤᠯ᠎ᠤᠨ ᠬᠥ᠋ ᠴᠧᠩ᠎ᠤᠨ ᠬᠡᠰᠡᠭ᠎ᠦᠨ ᠠᠮᠢ ᠠᠬᠤᠶ᠎ᠶ᠋ᠢᠨ ᠬᠠᠮᠠᠭᠠᠯᠠᠯᠲᠠ ᠪᠠ ᠰᠣᠶᠣᠯ ᠵᠢᠭᠤᠯᠴᠢᠯᠠᠯ᠎ᠤᠨ ᠨᠡᠭᠡᠭᠡᠨ ᠬᠥᠭ᠌ᠵᠢᠭᠦᠯᠦᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠪᠠ᠃ ᠶᠡᠬᠡ ᠲᠠᠲᠠᠮᠠᠯ ᠭᠤᠤᠯ ᠨᠢ ᠤᠰᠤ ᠨᠥᠬᠥᠪᠥᠷᠢᠯᠡᠵᠦ᠂ ᠡᠷᠭᠢ᠎ᠶ᠋ᠢᠨ ᠱᠤᠭᠤᠮ᠎ᠢ ᠴᠡᠭ᠌ᠴᠡᠯᠡᠨ ᠵᠠᠰᠠᠵᠤ᠂ ᠲᠠᠲᠠᠮᠠᠯ ᠭᠤᠤᠯ᠎ᠤᠨ ᠤᠰᠤᠨ᠎ᠤ ᠠᠮᠢ ᠠᠬᠤᠶ᠎ᠣᠷᠴᠢᠨ ᠲᠣᠭᠣᠷᠢᠨ᠎ᠢ ᠦᠷᠭᠦᠯᠵᠢᠯᠡᠨ ᠰᠠᠢᠵᠢᠷᠠᠭᠤᠯᠵᠤ᠂ ᠮᠢᠩᠭᠠᠨ ᠣᠨ᠎ᠤ ᠲᠠᠲᠠᠮᠠᠯ ᠭᠤᠤᠯ᠎ᠤᠨ ᠠᠮᠢᠵᠢᠷᠠᠯ᠎ᠤᠨ ᠬᠦᠴᠦᠨ᠎ᠢ ᠪᠠᠳᠠᠷᠠᠭᠤᠯᠵᠤ᠂ ᠰᠤᠶᠤᠯ᠎ᠤᠨ ᠥᠪ᠎ᠤᠨ ᠬᠠᠮᠠᠭᠠᠯᠠᠯᠲᠠ ᠬᠢᠭᠡᠳ ᠣᠷᠣᠨ ᠨᠤᠲᠤᠭ᠎ᠤᠨ ᠬᠥᠭ᠌ᠵᠢᠯᠲᠡ᠎ᠶ᠋ᠢᠨ ᠬᠤᠤᠰ ᠴᠢᠭ᠌ᠯᠡᠯ᠎ᠢᠶᠡᠷ ᠬᠠᠮᠲᠤ᠎ᠪᠠᠷ ᠠᠱᠢᠭ ᠭᠥᠷᠳᠡᠬᠦ᠌᠎ᠶ᠋ᠢ ᠪᠡᠶᠡᠯᠡᠭᠦᠯᠪᠡ᠃ ᠵᠢᠷᠤᠭ ᠪᠣᠯ ᠾᠸᠪᠸᠢ ᠮᠤᠵᠢ᠎ᠶ᠋ᠢᠨ ᠬᠥ᠋ ᠴᠧᠩ ᠱᠢᠶᠠᠨ᠎ᠢᠶᠠᠷ ᠤᠷᠤᠰᠤᠨ ᠥᠩᠭᠡᠷᠡᠵᠦ᠍ ᠪᠠᠢᠭ᠎ᠠ ᠵᠢᠩ ᠬᠠᠩ ᠶᠡᠬᠡ ᠲᠠᠲᠠᠮᠠᠯ ᠭᠣᠣᠯ᠎ᠤᠨ ᠬᠣᠶᠠᠷ ᠡᠷᠭᠢ᠎ᠶ᠋ᠢᠨ ᠦᠵᠡᠮᠵᠢ ᠪᠣᠯᠤᠨ᠎ᠠ᠃

ᠱᠢᠨᠬᠤᠸᠠ ᠬᠣᠷᠢᠶ᠎ᠠ᠎ᠶᠢᠨ ᠰᠤᠷᠪᠤᠯᠵᠢᠯᠠᠭ᠍ᠴᠢ ᠵᠢᠶᠠᠩ ᠬᠠᠨ ᠰᠡᠭᠦᠳᠡᠷᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号