5 ᠰᠠᠷ᠎ᠠ᠎ᠶ᠋ᠢᠨ 30᠎ᠤ᠋ ᠡᠳᠦᠷ᠂ ᠬᠠᠯᠠᠭᠤᠨ ᠨᠠᠷᠨ ᠤᠯᠠᠭᠠᠨᠪᠤᠬ᠎ᠠ ᠵᠢᠨ ᠡᠯᠡᠰᠦ ᠵᠢ ᠲᠦᠭᠡᠨᠡᠨᠡ᠃ ᠨᠥᠬᠥᠵᠦ ᠲᠠᠷᠢᠬᠤ ᠠᠵᠢᠯᠴᠢᠳ ᠪᠠᠶᠠᠨᠨᠠᠭᠤᠷ ᠬᠣᠲᠠ᠎ᠶ᠋ᠢᠨ ᠳ᠋ᠸᠩᠺᠸᠤ ᠰᠢᠶᠠᠨ᠎ᠤ᠋︽ᠤᠮᠠᠷᠠᠲᠤ ᠵᠢᠨ ᠭᠤᠷᠪᠠᠨ ᠤᠷᠤᠨ︾᠎ᠤ᠋ ᠢᠨᠵᠸᠨ᠋ᠸᠷᠢᠩᠦ᠋ᠨ ᠣᠢ ᠮᠤᠳᠤ ᠡᠪᠡᠰᠦ ᠨᠤᠭᠤ ᠭᠠᠵᠠᠷ ᠡᠯᠡᠰᠦ ᠮᠠᠩᠬ᠎ᠠ ᠵᠢ ᠨᠢᠭᠡ ᠴᠤᠭᠴᠠᠵᠢᠭᠤᠯᠤᠨ ᠬᠠᠮᠠᠭᠠᠯᠠᠵᠤ ᠵᠠᠰᠠᠨ ᠰᠡᠷᠭᠦᠭᠡᠬᠦ ᠲᠥᠷᠥᠯ ᠵᠦᠢᠯ᠎ᠦ᠋ᠨ ᠬᠠᠯᠴᠠᠭᠠᠢᠷᠠᠭᠰᠠᠨ ᠣᠢ ᠳᠤ ᠴᠢᠬᠢ ᠮᠤᠳᠤ ᠨᠦᠬᠦᠵᠦ ᠲᠠᠷᠢᠭᠠᠳ ᠶᠠᠭᠠᠷᠠᠯᠳᠤᠨ᠎ᠠ᠃ᠲᠡᠳᠡ ᠭᠤᠷᠪᠠᠨ ᠬᠦᠮᠦᠨ ᠨᠢᠭᠡ ᠳᠤᠭᠤᠢᠯᠠᠩ ᠪᠣᠯᠵᠣ᠂ ᠨᠢᠭᠡ ᠬᠥᠮᠦᠨ ᠨᠢ ᠬᠠᠲᠠᠭᠤ ᠤᠰᠤᠨ ᠭᠤᠤᠷᠰᠦ᠎ᠪᠡᠷ ᠡᠯᠡᠰᠦᠨ ᠲᠤᠮᠳᠠ ᠣᠨᠣᠴᠢᠲᠠᠢ 《ᠨᠦᠭᠡ ᠴᠤᠭᠤᠯᠵᠤ》᠂ ᠨᠦᠭᠦᠭᠡ ᠨᠢᠭᠡ ᠬᠥᠮᠦᠨ ᠨᠢ ᠵᠠᠭ᠎ᠤ᠋ᠨ ᠴᠢᠬᠢ᠎ᠶ᠋ᠢ ᠪᠤᠰᠢᠭᠤ ᠱᠠᠯᠠᠮᠠᠭᠠᠢ ᠵᠠᠢᠯᠠᠬᠤ᠎ᠳᠤ ᠭᠤᠷᠪᠠᠳᠡᠬᠢ ᠬᠥᠮᠦᠨ ᠨᠢ ᠤᠷᠲᠤ ᠵᠥᠭᠡᠯᠡᠨ ᠤᠰᠤᠨ ᠭᠤᠤᠷᠰᠦ᠎ᠶ᠋ᠢ ᠴᠢᠷᠦᠭᠡᠳ ᠠᠷᠤ᠎ᠡᠴᠡ ᠨᠢ ᠰᠠᠯᠤᠯ ᠦᠭᠡᠢ ᠲᠠᠭᠠᠵᠤ᠂ ᠵᠠᠢᠯᠠᠭᠰᠠᠨ ᠴᠢᠬᠢ ᠮᠤᠳᠤ ᠵᠢ ᠤᠰᠤᠯᠠᠨ᠎ᠠ᠃ ᠡᠨᠡ ᠮᠡᠲᠦ ᠪᠡᠷ ᠬᠠᠮᠵᠢᠯᠴᠠᠨ ᠠᠵᠢᠯᠯᠠᠵᠤ᠂ 6 ᠰᠠᠷ᠎ᠠ᠎ᠶ᠋ᠢᠨ ᠰᠡᠭᠦᠯᠴᠢ ᠪᠤᠯᠲᠠᠯ᠎ᠠ ᠡᠨᠳᠡᠬᠢ 8 ᠲᠦᠮᠡᠨ ᠮᠦ᠍ ᠬᠠᠯᠴᠠᠭᠠᠢᠷᠠᠭᠰᠠᠨ ᠣᠢ ᠵᠢᠨ ᠨᠦᠬᠦᠵᠦ ᠲᠠᠷᠢᠬᠤ ᠠᠵᠢᠯ᠎ᠢ ᠳᠠᠭᠤᠰᠬᠠᠨ᠎ᠠ᠃
ᠳ᠋ᠸᠩᠺᠸᠤ ᠰᠢᠶᠠᠨ ᠤ᠋ ᠡᠯᠡᠰᠦᠷᠬᠡᠭᠵᠢᠯ ᠢᠰᠡᠷᠭᠡᠢᠯᠡᠵᠦ ᠡᠯᠡᠰᠦ᠎ᠶ᠋ᠢ ᠵᠠᠰᠠᠬᠤ ᠲᠣᠪᠴᠢᠶ᠎ᠠ᠎ᠶ᠋ᠢᠨ ᠲᠤᠬᠠᠢᠯᠠᠭᠰᠠᠨ ᠠᠵᠢᠯ᠎ᠤ᠋ᠨ ᠲᠠᠰᠤᠭ᠎ᠤ᠋ᠨ ᠳᠠᠷᠤᠭ᠎ᠠ ᠵᠠᠩ ᠵᠢᠩ᠄ 《ᠨᠢᠭᠡ ᠵᠢᠯᠤᠷᠭᠤᠭᠰᠠᠨᠴᠢᠬᠢ ᠮᠤᠳᠤ᠎ᠶ᠋ᠢ ᠰᠣᠩᠭᠣᠵᠤ᠂ ᠮᠦ᠍ ᠪᠦᠷᠢ᠎ᠳᠤ 10 ᠡᠴᠡ 15 ᠨᠦᠬᠡ ᠲᠠᠷᠢᠨ᠎ᠠ᠂ ᠶᠠᠭ ᠬᠤᠸᠠᠷ ᠬᠠᠳᠬᠤᠬᠤ ᠰᠢᠭ᠋ ᠨᠠᠷᠢᠨ ᠨᠢᠮᠪᠠᠢ ᠬᠢᠪᠡᠯ ᠰᠠᠶᠢ ᠡᠳᠡᠭᠡᠷᠡᠯᠲᠡ᠎ᠶ᠋ᠢᠨ ᠨᠣᠷᠮ᠎ᠠ᠎ᠶ᠋ᠢ ᠪᠠᠲᠤᠯᠠᠵᠤ ᠴᠢᠳᠠᠨ᠎ᠠ᠃ ᠬᠠᠯᠴᠠᠭᠠᠢᠷᠠᠭᠰᠠᠨ ᠣᠢ᠎ᠶ᠋ᠢ ᠰᠡᠷᠭᠦᠭᠡᠬᠦ ᠪᠠ ᠨᠥᠬᠥᠵᠦ ᠲᠠᠷᠢᠵᠤ ᠪᠣᠢᠵᠢᠭᠤᠯᠬᠤ᠎ᠪᠠᠷ ᠳᠠᠮᠵᠢᠨ᠂ ᠣᠢ ᠰᠢᠭᠤᠢ᠎ᠶ᠋ᠢᠨ ᠪᠦᠷᠬᠦᠴᠡ᠎ᠶ᠋ᠢᠨ ᠳᠤᠲᠠᠭᠤᠳᠠᠯᠢ᠋ ᠪᠦᠲᠦᠮᠵᠢᠲᠡᠢ ᠨᠥᠬᠥᠪᠥᠷᠢᠯᠡᠵᠦ᠂ ᠣᠢ ᠰᠢᠭᠤᠢ᠎ᠶ᠋ᠢᠨ ᠪᠦᠷᠬᠦᠴᠡ᠎ᠶ᠋ᠢᠨ ᠨᠣᠷᠮ᠎ᠠ᠎ᠶ᠋ᠢ ᠳᠡᠭᠡᠭᠰᠢᠯᠡᠭᠦᠯᠵᠦ᠂ ᠬᠦᠷᠦᠰᠦ ᠰᠢᠷᠣᠢ ᠡᠯᠡᠰᠦᠷᠬᠡᠭᠵᠢᠬᠦ᠂ ᠬᠥᠷᠥᠰᠥ ᠰᠢᠷᠣᠢ ᠢᠳᠡᠭᠳᠡᠬᠦ᠂ ᠡᠯᠡᠰᠦᠨ ᠰᠢᠭᠤᠷᠭᠠᠨᠦ᠌ ᠬᠤᠤᠷ ᠬᠥᠨᠥᠭᠡᠯ ᠵᠡᠷᠭᠡ ᠠᠮᠢ ᠠᠬᠤᠢ ᠶ᠋ᠢᠨ ᠠᠰᠠᠭᠤᠳᠠᠯ᠎ᠢ᠋ ᠰᠢᠰᠲ᠋ᠸᠮᠲᠡᠢᠬᠣᠷᠢᠭᠯᠠᠵᠤ᠂ ᠣᠷᠣᠨ ᠪᠦᠰᠡ᠎ᠶ᠋ᠢᠨ ᠤᠰᠤᠨ ᠰᠤᠷᠪᠤᠯᠵᠢ ᠶᠢ ᠬᠠᠳᠠᠭᠠᠯᠠᠬᠤ᠂ ᠰᠠᠯᠬᠢ᠎ᠶ᠋ᠢ ᠰᠡᠷᠭᠡᠢᠯᠡᠵᠦ ᠡᠯᠡᠰᠦ᠎ᠶ᠋ᠢ ᠲᠣᠭᠲᠠᠪᠤᠷᠢᠵᠢᠭᠤᠯᠬᠤ᠂ ᠬᠥᠷᠥᠰᠥ ᠰᠢᠷᠣᠢ ᠶ᠋ᠢᠨ ᠢᠳᠡᠭᠳᠡᠯ᠎ᠢ ᠰᠡᠷᠭᠡᠢᠯᠡᠨ ᠵᠠᠰᠠᠬᠤ ᠵᠡᠷᠭᠡ ᠭᠣᠣᠯ ᠴᠣᠭᠴᠠ᠎ᠶ᠋ᠢᠨ ᠠᠮᠢ ᠠᠬᠤᠢ᠎ᠶ᠋ᠢᠨ ᠴᠢᠳᠠᠮᠵᠢ᠎ᠶ᠋ᠢ ᠦᠷᠭᠦᠯᠵᠢᠯᠡᠨ ᠳᠡᠭᠡᠭᠰᠢᠯᠡᠭᠦᠯᠵᠦ ᠳᠡᠢᠯᠦᠨ᠎ᠡ》 ᠭᠡᠵᠦ ᠰᠤᠷᠪᠤᠯᠵᠢᠯᠠᠭᠴᠢ᠎ᠳᠤ ᠲᠠᠨᠢᠯᠴᠠᠭᠤᠯᠤᠯ᠎ᠠ᠃
ᠣᠯᠠᠨ ᠵᠢᠯ᠎ᠦ᠋ᠨ ᠲᠤᠷᠰᠢ᠂ ᠪᠠᠶᠠᠨᠨᠠᠭᠤᠷ ᠤᠨ ᠡᠯᠡᠰᠦ᠎ᠶ᠋ᠢ ᠵᠠᠰᠠᠭᠴᠢᠳ ᠴᠢᠬᠢ ᠮᠤᠳᠤ᠎ᠪᠠᠨ ᠡᠭᠦᠷᠦᠭᠡᠳ᠂ ᠶᠠᠪᠠᠭᠠᠨ᠎ᠢᠶᠡᠷ ᠡᠯᠡᠰᠦᠨ ᠴᠦᠯ ᠳ᠋ᠦ᠍ ᠣᠷᠣᠵᠤ ᠮᠣᠳᠣ ᠲᠠᠷᠢᠬᠤ ᠡᠴᠡ ᠮᠠᠰᠢᠨ ᠮᠧᠬᠠᠨᠢᠭ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯᠢ᠋ᠶ᠋ᠡᠷ ᠶᠡᠬᠡ ᠬᠡᠮᠵᠢᠶ᠎ᠡ᠎ᠪᠡᠷ ᠮᠣᠳᠣ ᠲᠠᠷᠢᠵᠤ ᠣᠢᠵᠢᠭᠤᠯᠬᠤ ᠪᠤᠯᠲᠠᠯ᠎ᠠ᠂ ᠲᠠᠬᠢᠨ ᠡᠯᠡᠰᠦᠨ ᠳ᠋ᠦ᠍ ᠠᠷᠢᠬᠢ ᠨᠡᠷᠡᠬᠦ ᠦᠵᠦᠮᠦ᠋ᠨ ᠰᠠᠭᠤᠷᠢᠨ᠂ ᠭᠡᠷᠡᠯᠴᠢ ᠴᠡᠨᠡᠭᠢ᠋ᠶ᠋ᠡᠷ ᠡᠯᠡᠰᠦᠷᠬᠡᠭᠵᠢᠯᠢ᠋ ᠵᠠᠰᠠᠬᠤ ᠰᠠᠭᠤᠷᠢᠨ᠂ ᠴᠠᠭᠠᠨ ᠭᠣᠶᠣᠣ᠎ᠶ᠋ᠢᠨ ᠰᠠᠭᠤᠷᠢᠨ ᠵᠡᠷᠭᠡ᠎ᠶ᠋ᠢ ᠪᠦᠲᠦᠭᠡᠨ ᠪᠠᠢᠭᠤᠯᠬᠤ ᠬᠦᠷᠲᠡᠯ᠎ᠡ᠂ ᠠᠮᠢ ᠠᠬᠤᠢ᠎ᠵᠢ ᠠᠵᠤ ᠦᠢᠯᠡᠰᠵᠢᠭᠦᠯᠬᠦ ᠵᠠᠮ᠎ᠢ ᠠᠯᠬᠤᠮ ᠠᠯᠬᠤᠮ᠎ᠢᠶᠡᠷ ᠰᠦᠪᠡᠭᠴᠢᠯᠡᠭᠰᠡᠭᠡᠷ ᠢᠷᠡᠵᠦ᠂ ᠪᠠᠶᠠᠨᠨᠠᠭᠤᠷ ᠬᠣᠲᠠᠬᠠᠲᠤᠨ ᠭᠣᠣᠯᠢ᠋ ᠰᠠᠬᠢᠨ ᠬᠠᠮᠠᠭᠠᠯᠠᠬᠤ 《ᠲᠡᠮᠦᠷ ᠬᠠᠨ᠎ᠠ》 ᠵᠢ ᠴᠤᠭᠴᠠᠯᠠᠵᠠᠢ᠃ ᠣᠳᠣᠬᠠᠨ᠎ᠳᠤ ᠤᠯᠠᠭᠠᠨᠪᠤᠬ᠎ᠠ ᠵᠢᠨ ᠡᠯᠡᠰᠦᠨ᠎ᠳᠤ 200 ᠭᠠᠷᠤᠢ ᠲᠦᠮᠡᠨ ᠮᠦ᠍ ᠵᠢᠨ ᠠᠮᠢ ᠠᠬᠤᠢ᠎ᠶᠢᠨ ᠵᠠᠰᠠᠯᠲᠠ᠎ᠵᠢ ᠪᠡᠶᠡᠯᠡᠭᠦᠯᠵᠦ᠂ ᠡᠯᠡᠰᠦᠨ ᠤ ᠵᠡᠭᠦᠨ ᠵᠠᠬ᠎ᠠ᠎ᠶ᠋ᠢᠨ 400 ᠭᠠᠵᠠᠷ᠎ᠤ᠋ᠨ ᠣᠢ᠎ᠶ᠋ᠢᠨ ᠪᠦᠰᠡ ᠨᠢ ᠪᠦᠬᠦ ᠱᠤᠭᠤᠮ᠎ᠢᠶᠡᠷ ᠤᠢᠵᠢᠵᠤ᠂ ᠤᠤᠯ᠎ᠤᠨ ᠬᠠᠳᠤᠨ ᠭᠤᠤᠯ᠎ᠳᠤ ᠤᠷᠤᠳᠠᠭ ᠨᠡᠭᠦᠳᠡᠯ ᠡᠯᠡᠰᠦ ᠨᠢ 2022 ᠣᠨ᠎ᠳᠤ 370 ᠲᠦᠮᠡᠨ ᠲᠤᠨ ᠪᠠᠢᠭᠰᠠᠨᠠ᠋ᠴᠠᠪᠠᠨ ᠤᠳᠤ 150 ᠲᠦᠮᠡᠨ ᠲᠤᠨ ᠪᠤᠯᠵᠤ ᠪᠠᠭᠠᠰᠴᠠᠢ᠃
ᠬᠠᠲᠤᠨ ᠭᠣᠣᠯ᠎ᠤᠨ ᠡᠨᠡ ᠬᠦ᠌ ᠨᠤᠳᠤᠭ ᠲᠡᠭᠡᠷ᠎ᠡ 333.5 ᠺᠢᠯᠣᠮᠧᠲ᠋ᠷ ᠳᠤᠬᠤᠢᠯᠠᠨ ᠤᠷᠤᠰᠬᠤ ᠳ᠋ᠠᠭᠠᠨ ᠮᠢᠩᠭᠠᠨ ᠭᠠᠵᠠᠷ᠎ᠤᠨ ᠦᠩᠭᠡ ᠰᠢᠮᠡᠯᠢᠭ ᠪᠤᠷᠤᠳᠤᠬᠤᠢ᠎ᠶᠢᠨ ᠲᠠᠯ᠎ᠠ ᠭᠠᠵᠠᠷ᠎ᠢ᠋ ᠤᠮᠳᠠᠯᠠᠨ ᠪᠤᠢ ᠪᠤᠯᠭᠠᠵᠠᠢ᠃ ᠭᠡᠪᠡᠴᠦ ᠥᠩᠭᠡᠷᠡᠭᠰᠡᠨ᠎ᠳ᠋ᠦ᠍ ᠤᠰᠤᠨ ᠰᠤᠪᠠᠭ ᠵᠢᠡᠷ ᠡᠮᠬᠢ ᠲᠢᠭᠯᠢᠮ ᠦᠭᠡᠢ ᠤᠰᠤ ᠲᠠᠲᠠᠭᠰᠠᠨᠠ᠋ᠴᠠ 《ᠭᠠᠩ ᠬᠠᠬᠰᠠᠷᠠᠭᠠᠨ ᠪᠤᠯᠪᠡᠯ ᠤᠰᠤ ᠵᠠᠯᠠᠬᠤᠳ᠋ᠤ᠌ ᠪᠡᠷᠬᠡ᠂ ᠤᠰᠤ ᠶᠡᠬᠡ ᠦᠶ᠎ᠡ᠎ᠳᠤ ᠲᠠᠯᠠᠩ ᠨᠢ ᠰᠡᠲᠡᠷᠡᠭᠡᠳ ᠭᠠᠮᠰᠢᠭ ᠪᠤᠯᠵᠤ᠂ ᠲᠠᠷᠢᠶᠠᠨ ᠭᠠᠵᠠᠷ ᠵᠢᠯ ᠳᠠᠷᠠᠭᠠᠯᠠᠨ ᠬᠤᠪᠢᠷᠠᠵᠤ᠂ ᠡᠪᠡᠰᠦ ᠤᠷᠭᠤᠮᠠᠯ ᠲᠠᠷᠢᠶᠠᠨ ᠭᠠᠵᠠᠷ᠎ᠢ ᠪᠦᠷᠬᠦᠨ ᠤᠷᠭᠤᠳᠠᠭ》 ᠪᠤᠯᠪᠠ᠃
1957 ᠣᠨ᠎ᠳ᠋ᠤ᠌ ᠤᠯᠤᠰ᠎ᠤ᠋ᠨ ᠳᠡᠮᠵᠢᠯᠭᠡ ᠪᠡᠷ ᠪᠣᠷᠣᠲᠣᠬᠣᠶ᠎ᠶᠢᠨ ᠠᠷᠠᠳ ᠲᠦᠮᠡᠨ ᠰᠠᠨ ᠱᠧᠩ ᠬᠦᠩ ᠤᠰᠤᠨ ᠠᠰᠢᠭᠯᠠᠯᠲᠠ᠎ᠶ᠋ᠢᠨ ᠬᠦᠢᠰᠦ ᠪᠠᠷᠢᠯᠭ᠎ᠠ᠎ᠶ᠋ᠢ ᠪᠦᠲᠦᠭᠡᠨ ᠪᠠᠢᠭᠤᠯᠵᠦ ᠡᠬᠢᠯᠡᠭᠰᠡᠨ ᠪᠥᠭᠡᠳ ᠶᠡᠷᠦᠩᠬᠡᠢ ᠤᠰᠤᠨ ᠰᠤᠪᠠᠭ ᠮᠠᠯᠲᠠᠵᠤ ᠡᠬᠢᠯᠡᠵᠡᠢ᠃ ᠲᠡᠭᠡᠭᠡᠳ 4 ᠵᠢᠯ ᠵᠠᠷᠤᠴᠠᠭᠤᠯᠤᠨ᠂ ᠰᠠᠨ ᠱᠧᠩ ᠬᠦᠩ ᠤᠰᠤᠨ ᠠᠰᠢᠭᠯᠠᠯᠲᠠ᠎ᠶ᠋ᠢᠨ ᠬᠦᠢᠰᠦ ᠪᠠᠷᠢᠯᠭ᠎ᠠ᠎ᠵᠢ ᠪᠠᠷᠢᠵᠦ ᠳᠠᠭᠤᠰᠬᠠᠨ᠂ 10 ᠵᠢᠯ ᠵᠠᠷᠤᠴᠠᠭᠤᠯᠤᠨ ᠶᠡᠷᠦᠩᠬᠡᠢ ᠤᠰᠤᠨ ᠰᠤᠪᠠᠭ᠎ᠲᠦ ᠤᠰᠤ ᠨᠡᠪᠲᠡᠷᠡᠭᠦᠯᠪᠡ᠃ 1975 ᠣᠨ᠎ᠳ᠋ᠤ᠌ ᠪᠠᠰᠠ 248 ᠺᠢᠯᠣᠮᠧᠲ᠋ᠷᠦ᠋ᠨ ᠤᠰᠤ ᠲᠠᠲᠠᠷᠠᠭᠤᠯᠬᠤ ᠰᠤᠪᠠᠭ᠎ᠢ ᠮᠠᠯᠲᠠᠨ ᠨᠡᠪᠲᠡᠷᠡᠭᠦᠯᠵᠦ᠂ ᠬᠠᠲᠤᠨ ᠭᠣᠣᠯ᠎ᠤ᠋ᠨ ᠤᠰᠤ᠎ᠵᠢ ᠪᠤᠷᠤᠳᠤᠬᠤᠢ᠎ᠶ᠋ᠢᠨ ᠤᠰᠤᠯᠠᠯᠲᠠ᠎ᠶ᠋ᠢᠨ ᠣᠷᠣᠨ᠎ᠳ᠋ᠤ᠌ ᠪᠦᠬᠦ ᠱᠤᠭᠤᠮ᠎ᠢᠶᠡᠷ ᠲᠣᠬᠢᠷᠠᠭᠤᠯᠵᠦ ᠳᠡᠢᠯᠬᠦ ᠪᠤᠯᠵᠤ᠂ 10.36 ᠲᠦᠮᠡᠨ 7 ᠳᠡᠰ ᠤᠨ ᠵᠠᠯᠠᠵᠤ ᠲᠠᠲᠠᠷᠠᠭᠤᠯᠬᠤ ᠰᠤᠪᠠᠭ ᠵᠢᠡᠷ ᠤᠰᠤ ᠳᠠᠮᠵᠢᠭᠤᠯᠬᠤ᠎ᠪᠠᠷ ᠳᠠᠮᠵᠢᠨ᠂ ᠵᠢᠯ ᠲᠤᠷᠰᠢ ᠪᠤᠷᠤᠳᠤᠬᠤᠢ᠎ᠶ᠋ᠢᠨ ᠡᠬᠡ ᠭᠠᠵᠠᠷ᠎ᠢ᠋ ᠤᠮᠳᠠᠯᠠᠬᠤ ᠪᠤᠯᠵᠠᠢ᠃
ᠯᠢᠨ ᠾᠧ ᠲᠤᠭᠤᠷᠢᠭ᠎ᠤᠨ ᠬᠤᠶᠠᠷ ᠪᠤᠭᠳᠠ ᠠᠭᠤᠯᠠ ᠪᠠᠯᠭᠠᠰᠤᠨ᠎ᠳᠡᠬᠢ ᠪᠠᠶᠠᠨᠨᠠᠭᠤᠷ᠎ᠤᠨ ᠤᠯᠤᠰ᠎ᠤ᠋ᠨ ᠲᠠᠷᠢᠶᠠᠯᠠᠩ᠎ᠤᠨ ᠲᠡᠭᠡᠳᠦ ᠰᠢᠨ᠎ᠡ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠲᠤᠭᠤᠷᠢᠭ᠎ᠤᠨ ᠲᠦᠮᠡᠨ ᠮᠦ᠍᠎ᠶᠢᠨ ᠬᠠᠲᠠᠭᠤ ᠪᠤᠭᠤᠳᠠᠢ᠎ᠶ᠋ᠢᠨ ᠵᠢᠱ᠌ᠢᠶ᠎ᠡ ᠦᠵᠡᠭᠦᠯᠬᠦ ᠲᠠᠷᠢᠶᠠᠨ᠎ᠳᠤ ᠰᠠᠶᠢᠬᠠᠨ ᠬᠠᠲᠤᠨ ᠭᠤᠤᠯ᠎ᠤ᠋ᠨ ᠤᠰᠤ᠎ᠵᠢ ᠵᠠᠯᠠᠭᠠᠳ ᠳᠤᠰᠤᠯᠭᠠᠨ ᠤᠰᠤᠯᠠᠭᠰᠠᠨ ᠪᠤᠭᠤᠳᠠᠢ᠎ᠶ᠋ᠢᠨ ᠲᠠᠷᠢᠶ᠎ᠠ ᠲᠡᠭᠷᠢ ᠵᠢᠨ ᠬᠢᠵᠠᠭᠠᠷ ᠲᠡᠬᠢ ᠨᠤᠭᠤᠭᠠᠨ ᠦᠩᠭᠡ ᠲᠠᠢ ᠳᠠᠯᠠᠢ ᠰᠢᠬ ᠬᠠᠷᠠᠭᠳᠠᠨ᠎ᠠ᠃ ᠰᠠᠯᠬᠢᠨ᠎ᠤ ᠠᠶ᠎ᠠ ᠪᠡᠷ ᠪᠤᠭᠤᠳᠠᠢ᠎ᠶ᠋ᠢᠨ ᠴᠢᠬᠢ ᠨᠣᠮᠢᠨ ᠳᠠᠪᠠᠯᠭᠠᠨ ᠬᠠᠶᠠᠯᠠᠨ᠂ ᠡᠪᠡᠰᠦᠨ ᠦᠨᠦᠷ ᠴᠡᠭᠡᠵᠢ ᠤᠩᠭᠤᠢᠯᠭᠠᠨᠠ᠃
︽ᠬᠠᠲᠤᠨ ᠭᠣᠣᠯ᠎ᠤ᠋ᠨ ᠤᠰᠤᠨ᠎ᠤ᠋ ᠰᠢᠮ᠎ᠡ᠎ᠵᠢ ᠬᠦᠷᠲᠡᠭᠦ ᠵᠢᠨ ᠲᠠᠭᠠᠦ ᠥᠪᠥᠷ ᠮᠣᠩᠭᠣᠯ᠎ᠤ᠋ᠨ ᠾᠧᠩ ᠹᠧᠩ ᠪᠦᠯᠦᠭᠯᠡᠯ᠎ᠦ᠋ᠨ ᠬᠠᠩᠭᠠᠭᠰᠠᠨ ᠴᠢᠨᠠᠷ ᠰᠠᠢᠲᠠᠢ ᠦᠷ᠎ᠡ ᠪᠣᠯᠤᠨ ᠬᠤᠳᠠᠯᠳᠤᠨ ᠠᠪᠬᠤ ᠵᠠᠬᠢᠶᠠᠯᠠᠭ᠎ᠠ᠎ᠶ᠋ᠢ ᠨᠡᠮᠡᠪᠡᠯ᠂ ᠪᠤᠭᠤᠳᠠᠢ᠎ᠶ᠋ᠢᠨ ᠬᠤᠷᠢᠶᠠᠯᠲᠠ ᠪᠠ ᠪᠣᠷᠣᠯᠠᠭᠤᠯᠭ᠎ᠠ᠎ᠶ᠋ᠢᠨ ᠵᠠᠮ᠎ᠤᠨ ᠲᠦᠯᠦᠭᠡ ᠪᠦᠷ ᠵᠣᠪᠠᠬᠤ ᠦᠭᠡᠢ ᠪᠣᠯᠵᠠᠢ᠂ ᠤᠳᠤ᠎ᠶᠢᠨ ᠪᠤᠭᠤᠳᠠᠢ᠎ᠶ᠋ᠢᠨ ᠤᠷᠭᠤᠯᠲᠠ᠎ᠡᠴᠡ ᠦᠵᠡᠪᠡᠯ ᠡᠨᠡ ᠵᠢᠯ ᠪᠠᠰᠠ ᠡᠯᠪᠡᠭ ᠬᠤᠷᠢᠶᠠᠯᠲᠠ ᠤᠯᠤᠨ᠎ᠠ》 ᠭᠡᠮᠡᠨ ᠬᠤᠶᠠᠷ ᠪᠤᠭᠳᠠ ᠠᠭᠤᠯᠠ ᠪᠠᠯᠭᠠᠰᠤᠨ᠎ᠤ᠋ ᠭᠤᠸᠠᠩ ᠮᠢᠩ ᠲᠣᠰᠬᠣᠨ᠎ᠤ᠋ ᠠᠮᠤ ᠪᠤᠳᠠᠭᠠᠨ᠎ᠤ ᠲᠠᠷᠢᠮᠠᠯ᠎ᠤᠨ ᠲᠣᠮᠣ ᠡᠷᠦᠬᠡ ᠭᠦᠸᠧ ᠴᠧᠩ ᠭᠠᠩ ᠬᠡᠯᠡᠪᠠ᠃
ᠪᠠᠶᠠᠨᠨᠠᠭᠤᠷ ᠬᠣᠲᠠ᠎ᠶ᠋ᠢᠨ ᠪᠦᠲᠦᠭᠡᠭᠳᠡᠭᠦᠨᠦ᠌ ᠶᠠᠰᠤ ᠴᠢᠨᠠᠷᠬᠡᠮᠵᠢᠯᠳᠡ ᠵᠢ ᠰᠢᠯᠭᠠᠨ ᠬᠡᠮᠵᠢᠬᠦ ᠲᠦᠪ᠎ᠤᠨ ᠲᠤᠷᠰᠢᠯᠲᠠ᠎ᠶ᠋ᠢᠨ ᠲᠠᠰᠤᠭ᠎ᠲᠤ ᠮᠡᠷᠭᠡᠵᠢᠯ᠎ᠦ᠋ᠨ ᠠᠵᠢᠯᠲᠠᠳ ᠶᠠᠭ ᠥᠪᠥᠷ ᠮᠣᠩᠭᠣᠯ᠎ᠤ᠋ᠨ ᠾᠧᠩ ᠹᠧᠩ ᠪᠦᠯᠦᠭᠯᠡᠯ᠎ᠦ᠋ᠨ ᠰᠢᠯᠭᠠᠨ ᠬᠡᠮᠵᠢᠬᠦᠯᠭᠦ ᠪᠡᠷ ᠬᠦᠷᠭᠡᠵᠦ ᠢᠷᠡᠭᠰᠡᠨ ᠪᠤᠭᠤᠳᠠᠢ᠎ᠶ᠋ᠢᠨ ᠦᠯᠢᠭᠡᠷ᠎ᠤᠨ ᠭᠦᠢᠴᠡᠳᠬᠡᠬᠦ ᠲᠣᠭ᠎ᠠ ᠶ᠋ᠢ ᠰᠢᠯᠭᠠᠨ ᠬᠡᠮᠵᠢᠨ᠎ᠡ᠃
ᠡᠨᠡ ᠵᠢᠯ ᠲᠤᠰ ᠬᠣᠲᠠ ᠪᠤᠭᠤᠳᠠᠢ᠎ᠶ᠋ᠢᠨ ᠬᠦᠷᠢᠶ᠎ᠡ ᠴᠠᠷᠠᠭᠠᠨᠳ᠋ᠡᠬᠢ 25 ᠲᠥᠷᠥᠯ᠎ᠦ᠋ᠨ ᠵᠠᠩᠭᠢᠯᠠᠭ᠎ᠠ᠎ᠶ᠋ᠢᠨ ᠰᠢᠯᠭᠠᠨ ᠪᠠᠢᠴᠠᠭᠠᠬᠤ ᠪᠣᠯᠵᠣᠯᠲᠤ ᠲᠣᠭ᠎ᠠ᠎ᠶ᠋ᠢ ᠲᠥᠷᠥᠯ ᠵᠦᠢᠯ ᠪᠣᠯᠭᠠᠨ ᠥᠷᠭᠡᠳᠬᠡᠵᠦ᠂ 4 ᠵᠦᠢᠯ᠎ᠦ᠋ᠨ ᠣᠷᠣᠨ ᠨᠤᠲᠤᠭ᠎ᠤ᠋ᠨ ᠬᠠᠷᠭᠤᠭᠤᠯᠤᠨ ᠤᠨᠤᠪᠴᠢᠲᠠᠢ ᠪᠤᠯᠭᠠᠬᠤ ᠵᠢᠷᠤᠮᠵᠢᠯᠢ᠋ ᠬᠠᠮᠲᠤᠳ᠋ᠤᠨᠢ ᠨᠡᠢᠲᠡᠯᠡᠵᠦ᠂ ᠲᠤᠰ ᠬᠣᠲᠠ᠎ᠶ᠋ᠢᠨ ᠪᠤᠭᠤᠳᠠᠢ᠂ ᠭᠤᠯᠢᠷ᠎ᠤ᠋ᠨ ᠵᠠᠩᠭᠢᠯᠠᠭ᠎ᠠ᠎ᠶ᠋ᠢᠨ ᠪᠣᠯᠵᠣᠯᠲᠤ ᠲᠣᠭ᠎ᠠ᠎ᠶ᠋ᠢᠨ ᠰᠢᠯᠭᠠᠨ ᠪᠠᠢᠴᠠᠭᠠᠯᠲᠠ ᠵᠢ 《ᠲᠤᠰ ᠭᠠᠵᠠᠷ ᠲᠤᠨᠢ ᠭᠦᠢᠴᠡᠳᠭᠡᠵᠦ ᠳᠠᠭᠤᠰᠬᠠᠬᠤ》 ᠶ᠋ᠢ ᠪᠡᠶᠡᠯᠡᠭᠦᠯᠵᠦ᠂ ᠪᠥᠬᠥ ᠬᠣᠲᠠ᠎ᠶ᠋ᠢᠨ ᠭᠤᠯᠢᠷ᠎ᠤ᠋ᠨ ᠠᠵᠤ ᠦᠢᠯᠡᠰ᠎ᠦ᠋ᠨ ᠴᠢᠨᠠᠷ ᠰᠠᠢᠲᠠᠢ ᠬᠥᠭᠵᠢᠯᠲᠡ᠎ᠳ᠋ᠦ᠍ ᠵᠠᠩᠭᠢᠯᠠᠭ᠎ᠠ᠎ᠶ᠋ᠢᠨ ᠮᠡᠷᠭᠡᠵᠢᠯ᠎ᠦ᠋ᠨ ᠲᠤᠯᠭᠠᠭᠤᠷᠢᠯᠠᠯ ᠬᠠᠩᠭᠠᠪᠠ᠃
︽ᠮᠠᠨ᠎ᠤ᠋ ᠬᠣᠲᠠ ᠪᠤᠭᠤᠳᠠᠢ᠎ᠶ᠋ᠢᠨ ᠪᠦᠬᠦ ᠠᠵᠤ ᠦᠢᠯᠡᠰ᠎ᠦ᠋ᠨ ᠬᠡᠯᠬᠢᠶ᠎ᠡ᠂ ᠡᠬᠢ ᠡᠭᠦᠰᠦᠯ᠎ᠢ ᠨᠢ ᠬᠠᠢᠬᠤ ᠬᠡᠯᠬᠢᠶ᠎ᠡ ᠵᠡᠷᠭᠡ᠎ᠶ᠋ᠢᠨ ᠲᠣᠭᠣᠷᠢᠨᠳ᠋ᠤ᠌ ᠤᠷᠢᠳ ᠬᠤᠵᠢᠳ ᠤᠨᠠᠯᠲᠠ᠎ᠡᠴᠡ ᠡᠮᠦᠨᠡᠬᠢ ᠪᠠ ᠤᠨᠠᠯᠲᠠ᠎ᠶᠢᠨ ᠲᠠᠷᠠᠭᠠᠬᠢ ᠪᠦᠬᠦᠨ᠎ᠢ ᠪᠦᠷᠭᠦᠬᠦᠯᠦᠭᠰᠡᠨ 20 ᠵᠦᠢᠯ᠎ᠦ᠋ᠨ ᠪᠠᠷᠢᠮᠵᠢᠶ᠎ᠠ᠎ᠶ᠋ᠢ ᠲᠣᠭᠲᠠᠭᠠᠵᠠᠢ᠃ ᠪᠢᠳᠡ ᠬᠠᠮᠤᠭ᠎ᠤᠨ ᠴᠢᠩᠭ᠎ᠠ ᠬᠡᠮᠵᠢᠭᠦᠷ ᠵᠢᠡᠷ ᠪᠤᠷᠤᠲᠤᠬᠤᠢ᠎ᠶ᠋ᠢᠨ ᠠᠮᠤ ᠵᠢᠨ ᠰᠠᠩ᠎ᠤᠨ ᠦᠨ᠎ᠡ ᠦᠷᠲᠡᠭ᠎ᠢ ᠬᠡᠮᠵᠢᠨ ᠭᠠᠷᠭᠠᠵᠤ ᠳᠡᠢᠯᠦᠨ᠎ᠡ︾ ᠭᠡᠵᠦ ᠪᠠᠶᠠᠨᠨᠠᠭᠤᠷ ᠬᠣᠲᠠ᠎ᠶ᠋ᠢᠨ ᠪᠦᠲᠦᠭᠡᠭᠳᠡᠭᠦᠨᠦ᠌ ᠶᠠᠰᠤ ᠴᠢᠨᠠᠷᠬᠡᠮᠵᠢᠭᠦᠷᠢ ᠰᠢᠯᠭᠠᠨ ᠬᠡᠮᠵᠢᠬᠦ ᠲᠥᠪ᠎ᠦ᠋ᠨ ᠳᠡᠳ᠋ ᠡᠷᠬᠢᠯᠡᠭᠴᠢ ᠯᠢ ᠵᠢᠩ ᠴᠢᠤᠸᠠᠨ ᠶᠠᠷᠢᠬᠰᠠᠨ ᠪᠠᠢᠨ᠎ᠠ᠃
ᠮᠠᠩᠬᠠᠨ ᠲᠡᠭᠡᠷᠡᠬᠢ ᠰᠠᠭᠤᠷᠢ ᠰᠠᠭᠤᠷᠢ ᠵᠠᠭᠤᠨ ᠮᠤᠳᠤ ᠡᠴᠡ ᠲᠠᠷᠢᠶᠠᠨ ᠭᠠᠵᠠᠷ ᠲᠡᠬᠢ ᠢᠳᠡᠷᠡᠭᠦᠨ ᠤᠷᠭᠤᠬᠤ ᠪᠤᠭᠤᠳᠠᠢᠬᠦᠷᠲᠡᠯᠡ᠂ ᠳᠠᠬᠢᠨ ᠲᠤᠷᠰᠢᠯᠲᠠ᠎ᠶ᠋ᠢᠨ ᠲᠠᠰᠤᠭ᠎ᠤ᠋ᠨ ᠨᠢᠭᠡ ᠤᠭᠤᠲᠠ ᠭᠤᠯᠢᠷ ᠬᠦᠷᠲᠡᠯ᠎ᠡ᠂ ᠡᠨᠡ ᠬᠦ᠌ 300 ᠭᠠᠷᠤᠢ ᠺᠢᠯᠣᠮᠧᠲ᠋ᠷ ᠤᠷᠲᠤ ᠬᠠᠲᠤᠨ ᠭᠣᠣᠯ᠎ᠤ᠋ᠨ ᠡᠷᠭᠢᠨ ᠳᠡᠭᠡᠷ᠎ᠡ ᠠᠮᠢ ᠠᠬᠤᠢ᠎ᠶ᠋ᠢ ᠬᠠᠮᠠᠭᠠᠯᠠᠬᠤ ᠪᠣᠯᠤᠨ ᠴᠢᠨᠠᠷ ᠰᠠᠢᠲᠠᠢ ᠬᠥᠭᠵᠢᠯᠲᠠ ᠵᠢ ᠠᠬᠢᠭᠤᠯᠬᠤ ᠨᠢ ᠪᠣᠷᠣᠲᠣᠬᠣᠢ᠎ᠶ᠋ᠢᠨ ᠠᠷᠠᠳ ᠲᠦᠮᠡᠨ᠎ᠦ᠌ ᠭᠡᠷ ᠣᠷᠣᠨᠢ᠋ᠶ᠋ᠠᠨ ᠰᠠᠬᠢᠨ ᠬᠠᠮᠠᠭᠠᠯᠠᠵᠤ᠂ ᠢᠷᠡᠭᠡᠳᠦᠢ᠎ᠶ᠋ᠢᠨ ᠠᠮᠢᠳᠤᠷᠠᠯᠢ᠋ᠶ᠋ᠠᠨ ᠴᠤᠭᠴᠠᠯᠠᠬᠤ ᠡᠳᠦᠷ ᠲᠤᠳᠤᠮ᠎ᠤᠨ ᠠᠵᠢᠯ ᠪᠤᠯᠵᠠᠢ᠃
ᠰᠤᠷᠪᠤᠯᠵᠢᠯᠠᠭᠴᠢ᠎ᠶᠢᠨ ᠡᠪᠦᠷ ᠲᠡᠮᠳᠡᠭᠯᠡᠯ᠄
ᠤᠯᠠᠭᠠᠨᠪᠤᠬ᠎ᠠ᠎ᠵᠢᠨ ᠡᠯᠡᠰᠦᠨ ᠴᠦᠯ ᠦ᠋ᠨ ᠡᠯᠡᠰᠦ᠎ᠵᠢ ᠲᠤᠭᠲᠠᠪᠤᠷᠢᠵᠢᠭᠤᠯᠬᠤ ᠣᠢ ᠶ᠋ᠢᠨ ᠪᠦᠰᠡ᠎ᠶ᠋ᠢᠨ ᠳᠡᠷᠭᠡᠳᠡ ᠵᠤᠭᠰᠤᠬᠤ᠎ᠳᠤ᠂ ᠰᠠᠯᠬᠢᠨ᠎ᠤ ᠠᠶᠠᠰ ᠵᠢᠡᠷ ᠵᠠᠭᠤᠨ ᠨᠠᠪᠴᠢ ᠬᠢᠭᠡᠳ ᠠᠯᠤᠰ ᠲᠦ᠍ᠬᠠᠯᠢᠭᠤᠷᠠᠬᠤ ᠪᠤᠭᠤᠳᠠᠢ᠎ᠶ᠋ᠢᠨ ᠲᠠᠷᠢᠶᠠᠨᠤ᠋ ᠦᠨᠦᠷ ᠦᠨᠦᠷᠲᠦᠭᠳᠡᠨ᠎ᠡ᠃
ᠡᠯᠡᠰᠦᠨ ᠲᠤᠳᠤᠷ᠎ᠠ ᠴᠢᠬᠢ ᠰᠠᠭᠤᠯᠭᠠᠬᠤ ᠬᠦᠳᠡᠯᠮᠦᠷᠢᠴᠢ ᠭᠠᠷᠠ᠋ᠴᠠ ᠶᠡᠷᠦᠩᠬᠡᠢ ᠤᠰᠤᠨ ᠰᠤᠪᠠᠭᠵᠢᠡᠷ ᠤᠷᠤᠰᠬᠤ ᠤᠰᠤ ᠬᠦᠷᠲᠡᠯ᠎ᠡ᠂ ᠳᠠᠬᠢᠨ ᠲᠤᠷᠰᠢᠯᠲᠠ᠎ᠶ᠋ᠢᠨ ᠲᠠᠰᠤᠭᠠ᠋ᠴᠠ ᠭᠡᠷᠡᠯᠲᠦᠭᠰᠡᠨ ᠳ᠋ᠧᠩ ᠬᠦᠷᠲᠡᠯ᠎ᠡ᠂ ᠪᠢᠳᠡ ᠳᠠᠩᠳᠠ《ᠬᠥᠮᠦᠨ ᠪᠠᠢᠭᠠᠯᠢ ᠬᠠᠮᠲᠤ ᠤᠷᠤᠰᠢᠨ᠎ᠠ》 ᠭᠡᠵᠦ ᠶᠠᠷᠢᠳᠠᠭ᠂ ᠤᠤᠯ ᠨᠢ ᠬᠠᠮᠤᠭ᠎ᠤ᠋ᠨ ᠠᠮᠢᠳᠤᠯᠢᠭ ᠬᠠᠷᠢᠭᠤᠯᠲᠠ ᠨᠢ ᠬᠠᠷᠢᠨ ᠪᠤᠷᠤᠳᠤᠬᠤᠢ ᠬᠥᠮᠦᠨ᠎ᠤ ᠵᠢᠵᠢᠭ ᠶᠠᠪᠤᠳᠠᠯ ᠨᠢᠭᠡᠪᠦᠷᠢ ᠵᠢᠨᠠᠷᠢᠯᠢᠬ ᠰᠡᠳᠬᠢᠵᠦ ᠨᠢᠮᠪᠠᠢ ᠬᠢᠳᠡᠭ ᠡᠳᠦᠷ ᠲᠤᠲᠤᠮ᠎ᠤ᠋ᠨ ᠠᠮᠢᠳᠤᠷᠠᠯ᠎ᠳᠤ ᠨᠢᠭᠤᠭᠲᠠᠵᠤ ᠪᠠᠢᠭ᠎ᠠ ᠠᠵᠢ᠃ ᠡᠯᠡᠰᠦ ᠤᠬᠤᠷᠢᠵᠤ ᠪᠤᠭᠤᠳᠠᠢ ᠪᠣᠯᠪᠠᠰᠤᠷᠠᠬᠤ᠎ᠳᠤ ᠠᠮᠢᠳᠤᠷᠠᠯᠴᠤ ᠰᠠᠢᠵᠢᠷᠠᠴᠢᠬᠠᠨᠠ᠃