ᠥᠪᠥᠷ ᠮᠣᠩᠭᠣᠯ ᠤ᠋ᠨ ᠦᠵᠡᠰᠭᠦᠯᠡᠩ ᠤ᠋ᠨ ᠣᠷᠳᠣᠨ ᠤ᠋ ᠬᠢᠨ 《ᠤᠯᠠᠮᠵᠢᠯᠠᠯᠲᠤ ᠭᠠᠷ ᠤᠷᠠᠯᠠᠯ ᠤ᠋ᠨ ᠬᠢᠴᠢᠶᠡᠯ ᠤ᠋ᠨ ᠲᠠᠩᠬᠢᠮ》 ᠤ᠋ᠨ ᠠᠵᠢᠯᠯᠠᠭ᠎ᠠ ᠳ᠋ᠠᠭᠠᠨ ᠮᠠᠨ ᠤ᠋ ᠣᠷᠣᠨ ᠤ᠋ ᠤᠯᠠᠮᠵᠢᠯᠠᠯᠲᠤ ᠭᠠᠷ ᠤᠷᠠᠯᠠᠯ ᠤ᠋ᠨ ᠡᠬᠢ ᠪᠠᠶᠠᠯᠢᠭ ᠢ᠋ ᠭᠦᠨᠵᠡᠭᠡᠶ ᠠᠭᠤᠳᠠᠯᠤᠨ᠂ ᠣᠯᠠᠨ ᠶᠠᠩᠵᠤᠴᠢᠯᠠᠭ᠍ᠰᠠᠨ᠂ ᠭᠦᠨ ᠨᠡᠪᠴᠢᠭ᠌ᠰᠡᠨ᠂ ᠪᠠᠢᠩᠭᠤᠵᠢᠭᠰᠠᠨ ᠬᠡᠯᠪᠡᠷᠢ ᠵᠢᠨ ᠰᠤᠷᠤᠯᠴᠠᠯᠭ᠎ᠠ ᠪᠠ ᠪᠡᠶᠡᠴᠢᠯᠡᠨ ᠣᠢᠯᠠᠭᠠᠬᠤ ᠲᠠᠪᠴᠠᠩ ᠢ᠋ ᠴᠤᠭᠴᠠᠯᠠᠵᠦ᠂ 2026 ᠣᠨ ᠤ᠋ ᠪᠥᠬᠥ᠌ ᠤᠯᠤᠰ ᠤ᠋ᠨ《ᠨᠠᠰᠤᠨ ᠲᠤᠷᠱᠢᠳᠠ ᠰᠤᠷᠤᠯᠴᠠᠬᠤ ᠲᠥᠷᠥᠯ ᠲᠡᠮᠳᠡᠭ᠌ᠲᠦ᠍ ᠲᠥᠷᠥᠯ ᠵᠦᠶ᠋ᠯ》 ᠢ᠋ᠶ᠋ᠠᠷ ᠦᠨᠡᠯᠡᠭ᠌ᠳᠡᠪᠡ᠃
ᠥᠪᠥᠷ ᠮᠣᠩᠭᠣᠯ ᠤ᠋ᠨ ᠦᠵᠡᠰᠭᠦᠯᠡᠩ ᠤ᠋ᠨ ᠣᠷᠳᠣᠨ ᠨᠢ 《ᠤᠯᠠᠮᠵᠢᠯᠠᠯᠲᠤ ᠭᠠᠷ ᠤᠷᠠᠯᠠᠯ ᠤ᠋ᠨ ᠬᠢᠴᠢᠶᠡᠯ ᠤ᠋ᠨ ᠲᠠᠩᠬᠢᠮ》ᠤ᠋ᠨ ᠵᠢᠡᠨ ᠢᠯᠡ ᠲᠣᠳᠣ ᠲᠥᠷᠥᠯ ᠲᠡᠮᠳᠡᠭ ᠤ᠋ᠨ ᠣᠨᠴᠠᠯᠢᠭ ᠪᠠ ᠥᠷᠭᠡᠨ ᠳᠡᠯᠭᠡᠷ ᠨᠡᠢᠭᠡᠮ ᠤ᠋ᠨ ᠨᠥᠯᠥᠭᠡᠯᠡᠬᠦ᠌ ᠬᠦᠴᠦᠨ ᠳ᠋ᠦ ᠲᠦᠱᠢᠭ᠌ᠯᠡᠨ᠂ 《ᠪᠣᠳᠠᠰ ᠤ᠋ᠨ ᠪᠤᠰᠤ ᠰᠣᠶᠣᠯ ᠤ᠋ᠨ ᠥᠪ ᠢ᠋ ᠣᠲᠣ ᠦᠶ᠎ᠡ ᠶ᠋ᠢᠨ ᠠᠮᠢᠳᠤᠷᠠᠯ ᠳ᠋ᠦ ᠠᠭᠤᠰᠤᠯᠴᠠᠭᠤᠯᠵᠤ᠂ ᠤᠯᠠᠮᠵᠢᠯᠠᠨ ᠵᠠᠯᠭᠠᠮᠵᠢᠯᠠᠵᠤ ᠨᠠᠰᠤᠨ ᠲᠤᠷᠱᠢᠳᠠ ᠰᠤᠷᠤᠯᠴᠠᠬᠤ ᠴᠢᠳᠠᠮᠵᠢ ᠲᠠᠶ ᠪᠣᠯᠭᠠᠬᠤ》 ᠪᠠᠷ ᠬᠠᠷᠠᠯᠲᠠ ᠪᠣᠯᠭᠠᠨ᠂ ᠠᠵᠢᠯᠯᠠᠭ᠎ᠠ ᠶ᠋ᠢᠨ ᠬᠡᠯᠪᠡᠷᠢ ᠪᠡᠨ ᠱᠢᠨᠡᠴᠢᠯᠡᠵᠦ᠍᠂ ᠰᠤᠷᠤᠯᠴᠠᠯᠭ᠎ᠠ ᠵᠢᠨ ᠬᠡᠯᠪᠡᠷᠢ ᠵᠢ ᠪᠠᠶᠠᠯᠢᠭ᠍ᠵᠢᠭᠤᠯᠤᠨ᠂ 《ᠪᠡᠶᠡᠴᠢᠯᠡᠨ ᠣᠢᠯᠠᠭᠠᠬᠤ + ᠰᠤᠳᠤᠯᠤᠨ ᠰᠤᠷᠤᠯᠴᠠᠬᠤ + ᠲᠣᠭ᠎ᠠ ᠪᠠᠷᠢᠮᠲᠠ》 ᠶ᠋ᠢ ᠠᠭᠤᠰᠤᠯᠴᠠᠭᠤᠯᠤᠨ ᠰᠤᠷᠤᠯᠴᠠᠬᠤ ᠵᠠᠭ᠍ᠪᠤᠷ ᠢ᠋ ᠪᠠᠢᠭᠤᠯᠵᠤ᠂ ᠤᠯᠠᠮᠵᠢᠯᠠᠯᠲᠤ ᠭᠠᠷ ᠤᠷᠠᠯᠠᠯ ᠢ᠋ ᠣᠲᠣ ᠦᠶ᠎ᠡ ᠶ᠋ᠢᠨ ᠠᠮᠢᠳᠤᠷᠠᠯ ᠳ᠋ᠦ ᠠᠭᠤᠰᠤᠯᠴᠠᠭᠤᠯᠬᠤ ᠵᠢ ᠦᠨᠡᠨ ᠬᠦ᠌ ᠠᠬᠢᠭᠤᠯᠤᠨ᠂ ᠪᠥᠬᠥ᠌ ᠠᠷᠠᠳ ᠤ᠋ᠨ ᠨᠠᠰᠤᠨ ᠲᠤᠷᠱᠢᠳᠠ ᠶ᠋ᠢᠨ ᠰᠤᠷᠤᠯᠴᠠᠯᠭ᠎ᠠ ᠵᠢ ᠭᠦᠨᠵᠡᠭᠡᠢᠷᠡᠭᠦᠯᠦᠨ ᠪᠣᠳᠠᠲᠠᠢᠵᠢᠭᠤᠯᠬᠤ ᠳ᠋ᠦ ᠬᠦᠴᠦᠨ ᠨᠡᠮᠡᠷᠢᠯᠡᠭᠰᠠᠬᠡᠷ ᠢᠷᠠᠵᠠᠢ᠃
ᠥᠪᠥᠷ ᠮᠣᠩᠭᠣᠯ ᠤ᠋ᠨ ᠦᠵᠡᠰᠭᠦᠯᠡᠩ ᠤ᠋ᠨ ᠣᠷᠳᠣᠨ 2020 ᠣᠨ ᠡᠴᠡ ᠡᠬᠢᠯᠡᠨ《ᠤᠯᠠᠮᠵᠢᠯᠠᠯᠲᠤ ᠭᠠᠷ ᠤᠷᠠᠯᠠᠯ ᠤ᠋ᠨ ᠬᠢᠴᠢᠶᠡᠯ ᠤ᠋ᠨ ᠲᠠᠩᠬᠢᠮ》 ᠤ᠋ᠨ ᠲᠥᠷᠥᠯ ᠲᠡᠮᠳᠡᠭ᠌ ᠢ᠋ ᠱᠢᠨ᠎ᠡ ᠵᠢ ᠡᠭᠦᠳᠦᠨ ᠴᠣᠭ᠍ᠴᠠᠯᠠᠵᠤ᠂ 《ᠲᠠᠯᠠᠪᠠᠶ ᠣᠷᠳᠣᠨ ᠢ᠋ᠶ᠋ᠠᠷ ᠭᠤᠤᠯᠯᠠᠭᠤᠯᠬᠤ᠂ ᠨᠡᠢᠭᠡᠮ ᠲᠠᠶᠠᠭᠠᠷ ᠣᠷᠣᠯᠴᠠᠬᠤ᠂ ᠤᠯᠠᠮᠵᠢᠯᠠᠨ ᠵᠠᠯᠭᠠᠮᠵᠢᠯᠠᠬᠤ ᠳ᠋ᠦ ᠬᠦᠴᠦ ᠨᠡᠮᠡᠬᠦ》 ᠦᠷᠭᠦᠯᠵᠢᠯᠡᠭ᠌ᠰᠡᠨ ᠡᠵᠡᠩᠨᠡᠯᠲᠡ ᠶ᠋ᠢᠨ ᠵᠠᠭ᠍ᠪᠤᠷ ᠢ᠋ ᠪᠦᠷᠢᠯᠳᠦᠭᠦᠯᠪᠡ᠃ ᠭᠤᠤᠯ ᠰᠡᠳᠦᠪᠲᠦ ᠦᠵᠡᠭᠦᠯᠭᠡ ᠵᠢᠴᠢ ᠤᠯᠠᠮᠵᠢᠯᠠᠯᠲᠤ ᠪᠠᠶᠠᠷ ᠤ᠋ᠨ ᠡᠳᠦᠷ ᠤ᠋ᠨ ᠲᠣᠭᠣᠷᠢᠨ ᠳ᠋ᠦ 《ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠴᠠᠭᠠᠨ ᠰᠠᠷ᠎ᠠ ᠶ᠋ᠢᠨ ᠪᠠᠶᠠᠷ ᠢ᠋ ᠪᠠᠶᠠᠷᠯᠠᠨ ᠪᠡᠯᠭᠡᠯᠡᠬᠦ᠌》᠂ 《ᠨᠠᠶ᠋ᠮᠠᠳᠤᠭᠠᠷ ᠬᠤᠭᠤᠴᠠᠭᠠᠨ ᠤ᠋ ᠥᠪᠥᠷ ᠮᠣᠩᠭᠣᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠴᠠᠭᠠᠨ ᠰᠠᠷ᠎ᠠ ᠶ᠋ᠢᠨ ᠪᠠᠶᠠᠷ ᠤ᠋ᠨ ᠰᠤᠳᠤᠯᠤᠨ ᠰᠤᠷᠤᠯᠴᠠᠬᠤ ᠠᠵᠢᠯᠯᠠᠭ᠎ᠠ》᠂ 《ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠴᠠᠭᠠᠨ ᠰᠠᠷ᠎ᠠ ᠶ᠋ᠢᠨ ᠮᠣᠷᠢᠨ ᠵᠢᠯ ᠤ᠋ᠨ ᠤᠯᠠᠮᠵᠢᠯᠠᠯᠲᠤ ᠭᠠᠷ ᠤᠷᠠᠯᠠᠯ ᠤ᠋ᠨ ᠬᠢᠴᠢᠶᠡᠯ ᠤ᠋ᠨ ᠲᠠᠩᠬᠢᠮ》 ᠵᠡᠷᠬᠡ ᠱᠢᠷᠢᠰ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠵᠦ᠍᠂ ᠪᠥᠰ ᠨᠠᠭᠠᠮᠠᠯ ᠵᠢᠷᠤᠭ᠂ ᠴᠠᠭᠠᠨ ᠰᠠᠷ᠎ᠠ ᠶ᠋ᠢᠨ ᠬᠣᠣᠰ ᠤᠶᠠᠩᠭ᠎ᠠ ᠶ᠋ᠢᠨ ᠪᠢᠴᠢᠯᠭᠡ᠂ ᠴᠠᠭᠠᠰᠤᠨ ᠬᠠᠢᠴᠢᠯᠠᠮᠠᠯ᠂ ᠭᠤᠯᠢᠷ ᠪᠠᠷᠢᠮᠠᠯ᠂ ᠮᠠᠭᠠᠵᠢᠨ ᠱᠢᠬᠢᠷ ᠬᠢᠬᠦ᠌ ᠤᠷ᠎ᠠ ᠮᠡᠷᠭᠡᠵᠢᠯ ᠵᠡᠷᠭᠡ ᠣᠨᠴᠠᠯᠢᠭ᠍ᠲᠤ ᠲᠥᠷᠥᠯ ᠵᠦᠶ᠋ᠯ ᠢ᠋ ᠬᠠᠮᠤᠷᠴᠤ᠌᠂ ᠣᠯᠠᠨ ᠲᠦᠮᠡᠨ ᠳ᠋ᠦ ᠦᠶ᠋ᠯᠡᠳᠦᠯᠭᠡ ᠶ᠋ᠢᠨ ᠳᠤᠮᠳᠠ ᠤᠯᠠᠮᠵᠢᠯᠠᠯᠲᠤ ᠪᠠᠶᠠᠷ ᠤ᠋ᠨ ᠡᠳᠦᠷ ᠤ᠋ᠨ ᠤᠳᠬ᠎ᠠ ᠠᠭᠤᠯᠬᠤᠨ ᠢ᠋ ᠣᠢᠯᠠᠭᠠᠭᠤᠯᠵᠤ᠂ ᠵᠠᠩ ᠦᠶ᠋ᠯᠡ ᠰᠣᠶᠣᠯ ᠤ᠋ᠨ ᠮᠡᠳᠡᠷᠡᠮᠵᠢ ᠵᠢ ᠨᠢ ᠨᠡᠮᠡᠭ᠌ᠳᠡᠭᠦᠯᠪᠡ᠃ ᠣᠳᠣᠬᠠᠨ ᠪᠣᠯᠲᠠᠯ᠎ᠠ ᠨᠡᠢᠳᠡ 334 ᠬᠤᠭᠤᠴᠠᠭᠠᠨ ᠤ᠋ ᠠᠵᠢᠯᠯᠠᠭ᠎ᠠ ᠥᠷᠨᠢᠭᠦᠯᠵᠦ᠍᠂ ᠣᠷᠣᠯᠴᠠᠭ᠍ᠰᠠᠨ ᠬᠥᠮᠦᠨ ᠤ᠋ ᠲᠣᠭ᠎ᠠ 2 ᠲᠦᠮᠡᠨ ᠬᠥᠮᠦᠨ ᠤᠳᠠᠭ᠎ᠠ ᠵᠢ ᠲᠠᠪᠠᠨ᠂ 40 ᠵᠦᠶ᠋ᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠪᠣᠯᠤᠨ ᠤᠯᠠᠮᠵᠢᠯᠠᠯᠲᠤ ᠭᠠᠷ ᠤᠷᠠᠯᠠᠯ ᠤ᠋ᠨ ᠲᠥᠷᠥᠯ ᠵᠦᠶ᠋ᠯ ᠢ᠋ ᠬᠠᠮᠤᠷᠴᠤ᠌᠂ ᠡᠯ᠎ᠡ ᠲᠥᠷᠥᠯ ᠤ᠋ᠨ ᠣᠨᠴᠠᠯᠢᠭ᠍ᠲᠤ ᠰᠤᠳᠤᠯᠤᠨ ᠰᠤᠷᠤᠯᠴᠠᠬᠤ ᠪᠠ ᠪᠡᠶᠡᠴᠢᠯᠡᠨ ᠣᠢᠯᠠᠭᠠᠬᠤ ᠠᠵᠢᠯᠯᠠᠭ᠎ᠠ ᠵᠢ ᠪᠠᠢᠩᠭᠤ ᠥᠷᠨᠢᠭᠦᠯᠪᠡ᠃ ᠲᠣᠰ ᠢᠷᠠᠭᠤ ᠠᠯᠳᠠᠷ ᠢ᠋ ᠬᠦᠷᠳᠡᠭᠰᠡᠨ ᠨᠢ ᠥᠪᠥᠷ ᠮᠣᠩᠭᠣᠯ ᠤ᠋ᠨ ᠦᠵᠡᠰᠬᠦᠯᠡᠩ ᠤ᠋ᠨ ᠣᠷᠳᠣᠨ ᠤ᠋ ᠪᠣᠳᠠᠰ ᠤ᠋ᠨ ᠪᠤᠰᠤ ᠰᠣᠶᠣᠯ ᠤ᠋ᠨ ᠥᠪ ᠢ᠋ ᠤᠯᠠᠮᠵᠢᠯᠠᠨ ᠵᠠᠯᠭᠠᠮᠵᠢᠯᠠᠵᠤ ᠱᠢᠨ᠎ᠡ ᠵᠢ ᠡᠭᠦᠳᠬᠦ᠌᠂ ᠣᠯᠠᠨ ᠨᠡᠢᠲᠡ ᠶ᠋ᠢᠨ ᠰᠣᠶᠣᠯ ᠤ᠋ᠨ ᠦᠶ᠋ᠯᠡᠴᠢᠯᠡᠭᠡ ᠬᠢᠭᠡᠳ ᠨᠠᠰᠤᠨ ᠲᠤᠷᠱᠢᠳᠠ ᠶ᠋ᠢᠨ ᠰᠤᠷᠭᠠᠨ ᠬᠥᠮᠦᠵᠢᠯ ᠤ᠋ᠨ ᠬᠦᠷᠢᠶᠡᠨ ᠳ᠋ᠡᠬᠢ ᠲᠣᠪᠣᠢᠮ᠎ᠠ ᠦᠨ᠎ᠡ ᠥᠷᠲᠡᠭ ᠢ᠋ ᠭᠦᠶ᠋ᠴᠡᠳ ᠢᠯᠡᠷᠡᠭᠦᠯᠪᠡ᠃