ᠦᠪᠤᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠢ᠋ᠶ᠋ᠡᠷ᠂ ᠣᠯᠠᠨ ᠤᠯᠤᠰ ᠤ᠋ᠨ ᠨᠣᠮ ᠤ᠋ᠨ ᠰᠠᠩ ᠤ᠋ᠨ ᠨᠡᠢᠭᠡᠮᠯᠢᠭ ᠤ᠋ᠨ ᠬᠣᠯᠪᠣᠭᠠᠲᠤ ᠬᠤᠷᠠᠯ(IFLA)ᠲᠦᠷᠦᠭᠦᠬᠡᠨ 2026 ᠣᠨ ᠤ᠋ IFLA ᠣᠯᠠᠨ ᠤᠯᠤᠰ ᠤ᠋ᠨ ᠡᠵᠡᠩᠨᠡᠨ ᠪᠣᠷᠣᠯᠠᠭᠤᠯᠭ᠎ᠠ ᠶ᠋ᠢᠨ ᠱᠠᠩᠨᠠᠯ ᠤ᠋ᠨ ᠱᠢᠯᠭᠠᠷᠠᠭᠤᠯᠤᠯᠲᠠ ᠶ᠋ᠢᠨ ᠦᠷ᠎ᠠ ᠳ᠋ᠦᠩ ᠢ᠋ ᠨᠡᠢᠲᠡᠯᠡᠵᠦ᠍᠂ ᠬᠥᠯᠥᠨ ᠪᠣᠢᠷ ᠬᠣᠲᠠ ᠶ᠋ᠢᠨ ᠨᠣᠮ ᠤ᠋ᠨ ᠰᠠᠩ ᠤ᠋ᠨ 《ᠳᠡᠰᠬᠢᠮᠠ ᠬᠦᠢᠳᠡᠨ ᠳ᠋ᠦ ᠨᠤᠮ ᠤᠩᠰᠢᠬᠤ》 ᠨᠡᠢᠲᠡ ᠶ᠋ᠢᠨ ᠠᠰᠠᠷᠠᠮᠵᠢ ᠶ᠋ᠢᠨ ᠠᠵᠢᠯᠯᠠᠭ᠎ᠠ ᠪᠥᠬᠥ᠌ ᠳᠡᠯᠡᠬᠡᠶ ᠶ᠋ᠢᠨ 100 ᠭᠠᠷᠤᠶ ᠱᠢᠯᠢᠳᠡᠭ ᠵᠢᠱ᠌ᠢᠶ᠎ᠡ ᠡᠴᠡ ᠴᠣᠯᠭᠣᠷᠠᠨ ᠲᠡᠷᠢᠬᠦᠨ ᠳᠡᠰ ᠲᠦ᠍ ᠲᠤᠳᠤᠷᠠᠵᠦ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠡᠴᠡ IFLA ᠵᠢᠨ ᠣᠯᠠᠨ ᠤᠯᠤᠰ ᠤ᠋ᠨ ᠡᠵᠡᠩᠨᠡᠨ ᠪᠣᠷᠣᠯᠠᠭᠤᠯᠭ᠎ᠠ ᠶ᠋ᠢᠨ ᠱᠠᠩᠨᠠᠯ ᠢ᠋ ᠲᠤᠰᠤᠭᠠ ᠦᠬᠡᠢ ᠪᠠᠢᠭᠰᠠᠨ ᠲᠡᠥᠬᠡ ᠵᠢ ᠡᠴᠦᠰᠯᠡᠬᠦᠯᠵᠡᠢ᠃
ᠣᠢᠯᠠᠭᠠᠭ᠍ᠰᠠᠨ ᠢ᠋ᠶ᠋ᠠᠷ᠂ ᠬᠥᠯᠥᠨ ᠪᠣᠢᠷ ᠬᠣᠲᠠ ᠶ᠋ᠢᠨ ᠨᠣᠮ ᠤ᠋ᠨ ᠰᠠᠩ ᠤ᠋ᠨ《ᠳᠡᠰᠬᠢᠮᠠ ᠬᠦᠢᠳᠡᠨ ᠳ᠋ᠦ ᠨᠤᠮ ᠤᠩᠰᠢᠬᠤ》 ᠨᠡᠢᠲᠡ ᠶ᠋ᠢᠨ ᠠᠰᠠᠷᠠᠮᠵᠢ ᠶ᠋ᠢᠨ ᠠᠵᠢᠯᠯᠠᠭ᠎ᠠ ᠨᠢ 2025 ᠣᠨ ᠤ᠋ 12 ᠰᠠᠷ᠎ᠠ ᠳ᠋ᠦ ᠥᠪᠥᠷ ᠮᠣᠩᠭᠣᠯ ᠤ᠋ᠨ ᠮᠥᠰᠥ᠍ ᠴᠠᠰᠤᠨ ᠤ᠋ ᠨᠠᠭᠠᠳᠤᠮ ᠪᠣᠯᠤᠨ ᠲᠠᠯ᠎ᠠ ᠨᠤᠲᠤᠭ ᠤ᠋ᠨ ᠪᠠᠭᠠᠲᠤᠷᠴᠤᠳ ᠤ᠋ᠨ ᠴᠤᠭᠯᠠᠭᠠᠨ ᠢ᠋ ᠡᠷᠭᠢᠯᠡᠬᠦ᠌ ᠬᠤᠭᠤᠴᠠᠭᠠᠨ ᠳ᠋ᠦ ᠢᠳᠡᠪᠬᠢᠳᠡᠢ ᠶᠠᠪᠤᠭᠳᠠᠵᠦ ᠬᠦᠮᠦᠰ ᠤ᠋ᠨ ᠠᠩᠬᠠᠷᠤᠯ ᠢ᠋ ᠳᠠᠳᠠᠵᠤ ᠡᠬᠢᠯᠡᠪᠡ᠃ ᠬᠥᠯᠥᠨ ᠪᠤᠢ᠌ᠷ ᠤ᠋ᠨ ᠡᠪᠦᠯ ᠤ᠋ᠨ ᠤᠯᠠᠷᠢᠯ ᠤᠷᠳᠤ᠂ ᠬᠠᠬᠢᠷ ᠬᠦᠢᠳᠡᠨ ᠪᠠᠢᠵᠤ᠂ ᠵᠢᠯ ᠳᠤᠮᠳᠠᠴᠢ ᠶ᠋ᠢᠨ 0 ᠭᠷᠠᠳᠦ᠋ᠰ ᠡᠴᠡ ᠳᠣᠷᠣᠭ᠍ᠰᠢᠬᠢ ᠡᠳᠦᠷ ᠤ᠋ᠨ ᠲᠣᠭ᠎ᠠ 210 ᠡᠳᠦᠷ ᠢ᠋ ᠳᠠᠪᠠᠨ᠂ ᠡᠪᠦᠯ ᠪᠤᠯᠤᠭᠰᠠᠭᠠᠷᠨᠣᠮ ᠤ᠋ᠨ ᠰᠠᠩ ᠤ᠋ᠨ ᠬᠡᠷᠡᠭ᠌ᠯᠡᠯᠲᠡ ᠶ᠋ᠢᠨ ᠨᠤᠷᠮ᠎ᠠ ᠶᠡᠬᠡ ᠪᠡᠷ ᠪᠠᠭᠤᠷᠠᠳᠠᠭ᠃ ᠡᠭᠦᠨ ᠤ᠋ ᠬᠠᠮᠲᠤ ᠪᠣᠢᠳᠠ ᠪᠦᠭ᠌ᠯᠡᠭᠦᠦ ᠮᠠᠯᠵᠢᠬᠤ ᠲᠠᠷᠢᠶᠠᠯᠠᠬᠤ ᠱᠢᠭᠤᠢᠲᠤ ᠣᠷᠣᠨ ᠤ᠋ ᠰᠤᠷᠭᠠᠭᠤᠯᠢ ᠳ᠋ᠦ ᠨᠣᠮ ᠪᠢᠴᠢᠭ ᠤ᠋ᠨ ᠡᠬᠢ ᠪᠠᠶᠠᠯᠢᠭ ᠬᠦᠷᠦᠯᠴᠡᠬᠦ᠌ ᠥᠬᠡᠶ᠂ ᠱᠢᠨᠡᠳᠭᠡᠯᠲᠡ ᠤᠳᠠᠭᠠᠨ ᠵᠡᠷᠭᠡ ᠠᠰᠠᠭᠤᠳᠠᠯ ᠣᠷᠳᠣ ᠬᠤᠭᠤᠴᠠᠭ᠎ᠠ ᠪᠠᠷ ᠣᠷᠣᠱᠢᠵᠤ᠂ ᠬᠣᠲᠠ ᠬᠥᠳᠡᠭᠡ ᠶ᠋ᠢᠨ ᠨᠤᠮ ᠪᠢᠴᠢᠭ ᠤ᠋ᠨ ᠡᠬᠢ ᠪᠠᠶᠠᠯᠢᠭ ᠵᠥᠷᠢᠶ᠎ᠡ ᠶᠡᠬᠡᠳᠠᠢ ᠶᠤᠮ᠃ 《ᠡᠪᠦᠯ ᠤ᠋ᠨ ᠤᠯᠠᠷᠢᠯ ᠳ᠋ᠤ ᠨᠤᠮ ᠤᠩᠰᠢᠬᠤ ᠨᠢ ᠴᠦᠬᠡᠨ》 ᠪᠠ《ᠡᠬᠢ ᠪᠠᠶᠠᠯᠢᠭ ᠤ᠋ᠨ ᠲᠠᠷᠬᠠᠯᠲᠠ ᠲᠡᠩᠴᠡᠭᠦᠷᠢ ᠥᠬᠡᠶ》 ᠬᠦᠴᠢᠷᠳᠡᠯ ᠢ᠋ ᠰᠢᠢᠳᠪᠦᠷᠢᠯᠡᠬᠦ ᠶ᠋ᠢᠨ ᠲᠥᠯᠥᠭᠡ᠂ ᠬᠥᠯᠥᠨ ᠪᠣᠢᠷ ᠬᠣᠲᠠ ᠶ᠋ᠢᠨ ᠨᠣᠮ ᠤ᠋ᠨ ᠰᠠᠩ ᠨᠢ 《ᠮᠥᠰᠥ᠍ ᠴᠠᠰᠤ + ᠰᠣᠶᠣᠯ + ᠨᠡᠢᠲᠡ ᠶ᠋ᠢᠨ ᠠᠰᠠᠷᠠᠮᠵᠢ》 ᠵᠢᠨ ᠠᠭᠤᠰᠤᠯᠴᠠᠯ ᠤ᠋ᠨ ᠠᠷᠭ᠎ᠠ ᠪᠡᠷ ᠪᠥᠬᠥ᠌ ᠠᠷᠠᠳ ᠢ᠋ᠶ᠋ᠠᠷ ᠢ᠋ᠶ᠋ᠠᠨ ᠣᠷᠣᠯᠴᠠᠵᠤ ᠪᠣᠯᠬᠤ᠂ ᠪᠥᠬᠥ᠌ ᠣᠷᠣᠨ ᠪᠦᠰᠡ ᠵᠢ ᠪᠦᠷᠬᠦᠭᠦᠯᠵᠦ᠍ ᠪᠣᠯᠬᠤ ᠨᠡᠢᠲᠡ ᠶ᠋ᠢᠨ ᠠᠰᠠᠷᠠᠮᠵᠢ ᠶ᠋ᠢᠨ ᠤᠩᠱᠢᠯᠭ᠎ᠠ ᠶ᠋ᠢᠨ ᠠᠵᠢᠯᠯᠠᠭ᠎ᠠ ᠦᠷᠨᠢᠬᠦᠯᠵᠦ᠂ ᠮᠠᠰᠢ ᠰᠠᠢᠨ ᠦᠷ᠎ᠠ ᠪᠦᠳᠦᠮᠵᠢ ᠤᠯᠵᠠᠢ᠃
2025 ᠤᠨ ᠤ᠋ 《ᠳᠡᠰᠬᠢᠮᠠ ᠬᠦᠢᠳᠡᠨ ᠳ᠋ᠦ ᠨᠤᠮ ᠤᠩᠰᠢᠬᠤ》 ᠨᠡᠢᠲᠡ ᠶ᠋ᠢᠨ ᠠᠰᠠᠷᠠᠮᠵᠢ ᠶ᠋ᠢᠨ ᠠᠵᠢᠯᠯᠠᠭ᠎ᠠ ᠵᠢ ᠪᠥᠬᠥ᠌ ᠬᠣᠲᠠ ᠶ᠋ᠢᠨ ᠬᠡᠪᠴᠢᠶᠡᠨ ᠳ᠋ᠦ ᠥᠷᠨᠢᠭᠦᠯᠵᠦ᠍᠂ 14 ᠬᠣᠱᠢᠭᠤ ᠬᠣᠲᠠ ᠲᠣᠭᠣᠷᠢᠭ ᠤ᠋ᠨ ᠣᠯᠠᠨ ᠨᠡᠢᠲᠡ ᠶ᠋ᠢᠨ ᠨᠣᠮ ᠤ᠋ᠨ ᠰᠠᠩ ᠵᠢᠴᠢ ᠮᠥᠰᠥ᠍ ᠴᠠᠰᠤᠨ ᠤ᠋ ᠨᠠᠭᠠᠳᠤᠮ ᠤ᠋ᠨ ᠲᠠᠯᠠᠪᠠᠶ᠂ ᠦᠵᠡᠮᠵᠢ ᠵᠢᠨ ᠤᠷᠤᠨ ᠵᠡᠷᠭᠡ ᠭᠠᠵᠠᠷ ᠢ᠋ ᠬᠠᠮᠤᠷᠪᠠ᠃ ᠠᠵᠢᠯᠯᠠᠭ᠎ᠠ ᠳ᠋ᠤ ᠬᠣᠲᠠ ᠶ᠋ᠢᠨ ᠠᠷᠠᠳ ᠪᠣᠯᠤᠨ ᠵᠢᠭᠤᠯᠴᠢᠯᠠᠭᠰᠠᠳ ᠴᠢᠯᠦᠭᠡᠳᠡᠢ ᠤᠷᠤᠯᠴᠠᠵᠦ᠂ ᠨᠡᠷ᠎ᠡ ᠮᠡᠳᠡᠭᠦᠯᠬᠦ᠌ ᠰᠦᠶ᠋ᠳᠭᠡᠯ ᠬᠤᠷᠢᠶᠠᠬᠤ ᠥᠬᠡᠶ᠂ ᠣᠷᠣᠯᠴᠠᠭ᠍ᠰᠠᠳ ᠲᠡᠭ ᠡᠴᠡ ᠲᠤᠷᠤᠭᠰᠢᠬᠢ 40°C ᠤ᠋ᠨ ᠬᠦᠶ᠋ᠲᠡᠨ ᠳ᠋ᠦ 3 ᠮᠢᠨᠦ᠋ᠲ ᠰᠡᠳᠬᠢᠯ ᠳᠠᠯᠪᠢᠨ ᠨᠤᠮ ᠤᠩᠰᠢᠬᠤ ᠵᠢ ᠪᠡᠶᠡᠯᠡᠭᠦᠯᠪᠡᠯ ᠳᠠᠷᠤᠶ ᠥᠷᠢᠰᠥᠯᠳᠦᠭᠡᠨ ᠳ᠋ᠦ ᠠᠮᠵᠢᠯᠲᠠ ᠣᠯᠤᠭ᠍ᠰᠠᠨ ᠳ᠋ᠦ ᠲᠣᠭᠠᠴᠠᠭ᠍ᠳᠠᠨᠠ᠃ ᠲᠤᠰ ᠠᠵᠢᠯᠯᠠᠭ᠎ᠠ ᠵᠢ ᠥᠷᠨᠢᠭᠦᠯᠦᠭ᠌ᠰᠡᠨ ᠡᠴᠡ ᠨᠠᠭᠠᠰᠢ᠂ ᠵᠢᠯᠣᠭᠣᠴᠢ᠂ ᠮᠥᠰᠥ᠍ ᠴᠠᠰᠤᠨ ᠤ᠋ ᠪᠡᠶ᠎ᠠ ᠵᠢᠨ ᠳᠠᠮᠢᠷᠤᠨ ᠪᠠᠬᠠᠳᠠᠳ᠂ ᠣᠷᠴᠢᠨ ᠲᠣᠭᠣᠷᠢᠨ ᠤ᠋ ᠠᠷᠢᠭᠤᠨ ᠴᠡᠪᠡᠷ ᠤ᠋ᠨ ᠠᠵᠢᠯᠴᠢᠨ᠂ ᠴᠡᠷᠢᠭ ᠴᠠᠭ᠍ᠳᠠᠭᠠ ᠵᠢᠴᠢ ᠭᠠᠳᠠᠭᠠᠳᠤ ᠶ᠋ᠢᠨ ᠨᠥᠬᠥᠷᠰᠡᠭ ᠬᠥᠮᠦᠰ ᠢᠳᠡᠪᠬᠢᠯᠡᠨ ᠣᠷᠣᠯᠴᠠᠵᠤ᠂ ᠨᠤᠮ ᠤᠩᠰᠢᠯᠭ᠎ᠠ ᠵᠢ ᠶᠡᠬᠡᠳᠡ ᠬᠦᠭᠵᠢᠬᠡᠪᠠ᠃ ᠡᠭᠦᠨ ᠤ᠋ ᠬᠠᠮᠲᠤ ᠬᠥᠯᠥᠨ ᠪᠣᠢᠷ ᠤ᠋ᠨ ᠲᠠᠷᠢᠶᠠᠯᠠᠩ ᠤ᠋ᠨ ᠠᠲᠠᠷ ᠬᠠᠭᠠᠯᠪᠤᠷᠢᠯᠠᠯᠲᠠ ᠶ᠋ᠢᠨ ᠪᠦᠯᠦᠭ᠌ᠯᠡᠯ᠂ ᠵᠥᠩ ᠺᠸ ᠲᠣᠭᠠᠴᠢᠯᠠᠭ᠍ᠰᠠᠨ ᠠᠵᠤ ᠦᠶ᠋ᠯᠡᠰ ᠤ᠋ᠨ ᠬᠥᠭ᠌ᠵᠢᠯᠲᠡ ᠶ᠋ᠢᠨ ᠺᠣᠮᠫᠠᠨᠢ᠂ ᠪᠡᠭᠡᠵᠢᠩ ᠤ᠋ᠨ ᠷᠧᠨ ᠲᠢᠶᠠᠨ ᠨᠣᠮ ᠤ᠋ᠨ ᠳᠡᠯᠭᠡᠭᠦᠷ ᠤ᠋ᠨ ᠪᠦᠯᠦᠭ᠌ᠯᠡᠯ ᠵᠡᠷᠭᠡ ᠬᠠᠢᠷ᠎ᠠ ᠬᠠᠯᠠᠮᠵᠢ ᠶ᠋ᠢᠨ ᠠᠵᠤ ᠠᠬᠤᠢᠯᠠᠯ ᠴᠦ᠍ ᠢᠳᠡᠪᠬᠢᠲᠡᠶ ᠴᠤᠤᠷᠢᠶᠠᠲᠤᠨ ᠳᠠᠭᠠᠵᠤ᠂ ᠲᠥᠷᠥᠯ ᠵᠦᠶ᠋ᠯ ᠤ᠋ᠨ ᠳᠡᠮᠵᠢᠯᠭᠡ ᠦᠭᠬᠦᠨ᠂ ᠦᠨ᠎ᠡ ᠲᠥᠯᠥᠪᠦᠷᠢ ᠥᠬᠡᠶ ᠪᠡᠷ ᠨᠣᠮ ᠪᠢᠴᠢᠭ ᠬᠠᠨᠳᠢᠪᠯᠠᠵᠤ᠂ NFC ᠤᠶᠤᠨᠲᠤ ᠢᠯᠡ ᠵᠠᠬᠢᠳᠠᠯ ᠪᠣᠯᠤᠨ ᠮᠡᠷᠭᠡᠵᠢᠯ ᠤ᠋ᠨ ᠲᠠᠪᠴᠠᠩ ᠤ᠋ᠨ ᠳᠡᠮᠵᠢᠯᠭᠡ ᠬᠠᠩᠭᠠᠨ᠂ ᠠᠵᠢᠯᠯᠠᠭᠠᠨ ᠤ᠋ ᠪᠣᠳᠠᠰ ᠪᠣᠯᠤᠨ ᠪᠠᠯᠠ ᠮᠥᠩᠭᠥ ᠶ᠋ᠢᠨ ᠬᠡᠷᠡᠭ᠌ᠴᠡᠭᠡ ᠵᠢ ᠪᠠᠲᠤᠯᠠᠵᠠᠢ᠃ 《ᠳᠡᠰᠬᠢᠮᠠ ᠬᠦᠢᠳᠡᠨ ᠳ᠋ᠦ ᠨᠤᠮ ᠤᠩᠰᠢᠬᠤ》 ᠠᠵᠢᠯᠯᠠᠭ᠎ᠠ ᠳ᠋ᠦ 3592 ᠬᠥᠮᠦᠨ ᠤᠷᠤᠯᠴᠠᠨ᠂ ᠪᠣᠢᠳᠠ ᠪᠦᠭ᠌ᠯᠡᠭᠦᠦ ᠮᠠᠯᠵᠢᠬᠤ ᠲᠠᠷᠢᠶᠠᠯᠠᠬᠤ ᠱᠢᠭᠤᠢᠲᠤ ᠣᠷᠣᠨ ᠤ᠋ ᠰᠤᠷᠭᠠᠭᠤᠯᠢ ᠳ᠋ᠦ 3053 ᠳᠡᠪᠲᠡᠷ ᠨᠣᠮ ᠪᠢᠴᠢᠭ ᠬᠦᠷᠭᠡᠵᠦ᠂ ᠲᠦᠮᠡ ᠭᠠᠷᠤᠶ ᠰᠣᠷᠣᠭ᠍ᠴᠢ ᠳ᠋ᠦ ᠠᠱᠢᠭ ᠬᠦᠷᠲᠡᠭᠡᠪᠡ᠃ ᠠᠵᠢᠯᠯᠠᠭ᠎ᠠ ᠶ᠋ᠢᠨ ᠬᠤᠭᠤᠴᠠᠭᠠᠨ ᠳ᠋ᠦ ᠨᠣᠮ ᠤ᠋ᠨ ᠰᠠᠩ ᠳ᠋ᠦ 25597 ᠤᠩᠰᠢᠭᠴᠢ ᠤᠷᠤᠵᠦ᠂ ᠤᠩᠱᠢᠭ᠍ᠴᠢᠳ ᠤ᠋ᠨ ᠺᠠᠷᠲ ᠱᠢᠨ᠎ᠡ ᠪᠡᠷ 3158 ᠬᠤᠪᠢ ᠨᠡᠮᠡᠭ᠌ᠳᠡᠵᠦ᠍᠂ ᠪᠥᠬᠥ᠌ ᠰᠦᠯᠵᠢᠶ᠎ᠡ ᠪᠡᠷ ᠳᠠᠮᠵᠢᠨ ᠨᠡᠪᠲᠡᠷᠡᠭᠦᠯᠦᠭ᠌ᠰᠡᠨ ᠲᠣᠭ᠎ᠠ 50 ᠲᠦᠮᠡᠨ ᠬᠥᠮᠦᠨ ᠤᠳᠠᠭ᠎ᠠ ᠵᠢ ᠳᠠᠪᠠᠪᠠ᠃
ᠣᠢᠯᠠᠭᠠᠭ᠍ᠰᠠᠨ ᠢ᠋ᠶ᠋ᠠᠷ᠂ IFLA ᠣᠯᠠᠨ ᠤᠯᠤᠰ ᠤ᠋ᠨ ᠡᠵᠡᠩᠨᠡᠨ ᠪᠣᠷᠣᠯᠠᠭᠤᠯᠭ᠎ᠠ ᠶ᠋ᠢᠨ ᠱᠠᠩᠨᠠᠯ ᠪᠣᠯ ᠪᠥᠬᠥ᠌ ᠳᠡᠯᠡᠬᠡᠶ ᠶ᠋ᠢᠨ ᠨᠣᠮ ᠤ᠋ᠨ ᠰᠠᠩ ᠤ᠋ᠨ ᠬᠦᠷᠢᠶᠡᠨ ᠳ᠋ᠡᠬᠢ ᠳᠡᠰ ᠢ᠋ᠶ᠋ᠠᠷ ᠬᠠᠮᠤᠭ ᠤ᠋ᠨ ᠥᠨᠳᠥᠷ᠂ ᠨᠥᠯᠥᠭᠡᠯᠡᠬᠦ᠌ ᠬᠦᠴᠦᠨ ᠢ᠋ᠶ᠋ᠡᠷ ᠬᠠᠮᠤᠭ ᠤ᠋ᠨ ᠥᠷᠭᠡᠨ ᠡᠵᠡᠩᠨᠡᠨ ᠪᠣᠷᠣᠯᠠᠭᠤᠯᠭ᠎ᠠ ᠶ᠋ᠢᠨ ᠲᠥᠷᠥᠯ ᠤ᠋ᠨ ᠱᠠᠩᠨᠠᠯ ᠪᠠᠢᠵᠤ᠂ ᠪᠥᠬᠥ᠌ ᠳᠡᠯᠡᠬᠡᠶ ᠶ᠋ᠢᠨ ᠨᠣᠮ ᠤ᠋ᠨ ᠰᠠᠩ ᠤ᠋ᠨ ᠦᠶ᠋ᠯᠡᠴᠢᠯᠡᠭᠡᠨ ᠤ᠋ ᠱᠢᠨ᠎ᠡ ᠡᠭᠦᠳᠦᠯᠲᠡ ᠪᠠ ᠰᠣᠶᠣᠯ ᠤ᠋ᠨ ᠳᠠᠮᠵᠢᠭᠤᠯᠭ᠎ᠠ ᠶ᠋ᠢᠨ ᠣᠯᠠᠨ ᠤᠯᠤᠰ ᠤ᠋ᠨ ᠲᠦᠪᠱᠢᠨ ᠢ᠋ ᠲᠥᠯᠥᠭᠡᠯᠡᠵᠦ᠍ ᠪᠠᠢᠳᠠᠭ᠃ ᠲᠣᠰ ᠱᠠᠩᠨᠠᠯ ᠨᠢ ᠪᠥᠬᠥ᠌ ᠳᠡᠯᠡᠬᠡᠶ ᠶ᠋ᠢᠨ ᠨᠣᠮ ᠤ᠋ᠨ ᠰᠠᠩ ᠤ᠋ᠨ ᠬᠢᠨ ᠤ᠋ ᠪᠦᠲᠦᠭᠡᠯᠴᠢ ᠰᠡᠳᠬᠢᠮᠵᠢ ᠲᠠᠢ᠂ ᠦᠷ᠎ᠡ ᠪᠦᠲᠦᠮᠵᠢ ᠪᠡᠷ ᠲᠤᠪᠤᠢᠮ᠎ᠠ ᠡᠵᠡᠩᠨᠡᠨ ᠪᠣᠷᠣᠯᠠᠭᠤᠯᠬᠤ ᠲᠥᠷᠥᠯ ᠵᠦᠶ᠋ᠯ ᠢ᠋ ᠬᠥᠬᠢᠭᠦᠯᠦᠨ ᠰᠠᠢᠱᠢᠶᠠᠵᠤ᠂ ᠨᠣᠮ ᠤ᠋ᠨ ᠰᠠᠩ ᠤ᠋ᠨ ᠦᠶ᠋ᠯᠡᠴᠢᠯᠡᠭᠡ ᠬᠢᠭᠡᠳ ᠡᠬᠢ ᠪᠠᠶᠠᠯᠢᠭ ᠤ᠋ᠨ ᠠᠯᠳᠠᠷᠱᠢᠯ ᠵᠢᠴᠢ ᠬᠡᠷᠡᠭ᠌ᠯᠡᠯᠲᠡ ᠶ᠋ᠢᠨ ᠨᠣᠷᠮ᠎ᠠ ᠵᠢ ᠳᠡᠭᠡᠭ᠌ᠰᠢᠯᠡᠭᠦᠯᠦᠨ᠂ ᠪᠥᠬᠥ᠌ ᠳᠡᠯᠡᠬᠡᠶ ᠶ᠋ᠢᠨ ᠨᠣᠮ ᠤ᠋ᠨ ᠰᠠᠩ ᠤ᠋ᠨ ᠡᠵᠡᠩᠨᠡᠨ ᠪᠣᠷᠣᠯᠠᠭᠤᠯᠬᠤ ᠲᠤᠷᠱᠢᠯᠭ᠎ᠠ ᠶ᠋ᠢᠨ ᠰᠣᠯᠢᠯᠴᠠᠭ᠎ᠠ ᠵᠢ ᠠᠬᠢᠭᠤᠯᠬᠤ ᠵᠢ ᠵᠤᠷᠢᠭᠰᠠᠨ ᠪᠠᠢᠨ᠎ᠠ᠃