ᠦᠪᠤᠷ ᠮᠤᠩᠭᠤᠯ᠎ᠤᠨ ᠣᠯᠠᠨ ᠰᠠᠯᠠᠭ᠎ᠠ ᠮᠥᠴᠢᠷ ᠬᠠᠮᠵᠢᠯᠴᠠᠨ ᠤᠯᠤᠰ᠎ᠤᠨ ᠨᠢᠬᠡᠳᠦᠯᠳᠡᠢ ᠰᠢᠯᠭᠠᠯᠳᠠ ᠵᠢᠨ ᠤᠷᠤᠭᠰᠢᠳᠠᠢ ᠶᠠᠪᠤᠭᠳᠠᠬᠤ ᠵᠢ ᠪᠠᠳᠤᠯᠠᠪᠠ
2026-06-10 14:47:57
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 7᠎ᠤ᠋ ᠡᠳᠦᠷ ᠡᠴᠡ 9 ᠤ᠋ ᠡᠳᠦᠷ ᠪᠤᠯᠳᠠᠯ᠎ᠠ᠂ ᠦᠪᠦᠷ ᠮᠤᠩᠭᠤᠯ᠎ᠤᠨ ᠤᠯᠤᠰ᠎ᠤᠨ ᠨᠢᠬᠡᠳᠦᠯᠳᠡᠢ ᠰᠢᠯᠭᠠᠯᠳᠠ ᠵᠢᠨ ᠤᠯᠠᠩᠬᠢ ᠰᠢᠯᠭᠠᠭᠤᠯᠤᠭᠰᠠᠳ ᠰᠢᠯᠭᠠᠯᠳᠠ ᠪᠠᠨ ᠳᠠᠭᠤᠰᠬᠠᠪᠠ᠃ ᠰᠢᠯᠭᠠᠯᠳᠠ ᠵᠢᠨ ᠬᠤᠭᠤᠴᠠᠭᠠᠨ ᠳ᠋ᠤ ᠡᠯ᠎ᠡ ᠱᠠᠲᠤ ᠡᠯ᠎ᠡ ᠰᠠᠯᠠᠭ᠎ᠠ ᠮᠥᠴᠢᠷ᠎ᠦᠨ ᠬᠠᠯᠠᠭᠤᠨ ᠳᠣᠲᠣᠨᠣ᠌ ᠦᠢᠯᠡᠴᠢᠯᠡᠬᠡ ᠳᠤᠤᠷ᠎ᠠ ᠥᠪᠥᠷ ᠮᠣᠩᠭᠣᠯ᠎ᠤᠨ 15.4 ᠲᠦᠮᠡᠨ ᠰᠢᠯᠭᠠᠭᠤᠯᠤᠭ᠍ᠴᠢ ᠠᠮᠤᠷ ᠲᠦᠪᠰᠢᠨ ᠡᠮᠬᠢ ᠵᠢᠷᠤᠮ ᠲᠠᠢ᠎ᠪᠠᠷ ᠰᠢᠯᠭᠠᠯᠲᠠ᠎ᠳᠤ ᠣᠷᠣᠯᠴᠠᠭᠰᠠᠨ ᠪᠠᠢᠨ᠎ᠠ᠃

ᠰᠢᠯᠭᠠᠯᠲᠠ᠎ᠶᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ ᠤ᠋ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ᠎ᠶᠢᠨ ᠬᠤᠷᠢᠶᠠᠨ ᠤ᠋ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠳᠣᠲᠣᠭᠠᠳᠤ᠎ᠶᠢ ᠬᠠᠮᠠᠭᠠᠯᠠᠬᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠂ ᠴᠢᠮᠡᠭᠡ ᠬᠣᠯᠪᠣᠭ᠎ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠵᠢᠴᠢ ᠥᠪᠥᠷ ᠮᠣᠩᠭᠣᠯ᠎ᠤᠨ ᠴᠠᠬᠢᠯᠭᠠᠨ ᠬᠦᠴᠦᠨ᠎ᠤ ᠪᠦᠯᠦᠭᠯᠡᠯ ᠵᠡᠷᠭᠡ ᠰᠠᠯᠠᠭ᠎ᠠ ᠮᠥᠴᠢᠷ (ᠨᠢᠭᠡᠴᠢ) ᠤ᠋ᠨ ᠬᠢᠨ ᠤᠯᠤᠰ᠎ᠤᠨ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠯᠤᠭᠣᠳᠬᠤ ᠲᠥᠪ᠎ᠲᠦ ᠬᠠᠮᠲᠤᠷᠠᠨ ᠵᠢᠵᠢᠭᠦᠷᠯᠡᠵᠦ᠂ ᠲᠦᠷᠭᠡᠨ ᠲᠤᠰᠬᠠᠬᠤ᠂ ᠣᠨᠣᠪᠴᠢᠲᠠᠶ ᠰᠤᠳᠤᠯᠤᠨ ᠮᠠᠭᠠᠳᠯᠠᠬᠤ᠂ ᠵᠥᠪ ᠬᠥᠲᠥᠯᠥᠨ ᠵᠢᠯᠤᠭᠣᠳᠬᠤ᠂ ᠭᠡᠨᠡᠳᠲᠡ᠎ᠶᠢᠨ ᠪᠠᠢᠳᠠᠯ᠎ᠢ ᠲᠣᠬᠢᠲᠠᠢ ᠰᠢᠢᠳᠪᠦᠷᠢᠯᠡᠬᠦ᠎ᠳᠦ ᠲᠥᠬᠥᠮ ᠦᠵᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠨᠢ ᠶᠡᠬᠡ ᠳᠡᠭᠡᠳᠦ ᠰᠤᠷᠭᠠᠭᠤᠯᠢ ᠵᠢᠨ ᠰᠣᠷᠣᠭ᠍ᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠳᠠᠭᠠᠭᠠᠴᠢᠯᠠᠨ ᠬᠣᠯᠪᠣᠭᠠᠯᠠᠬᠤ ᠠᠵᠢᠯ᠎ᠤᠨ ᠲᠣᠭᠲᠠᠴᠠ᠎ᠶᠢ ᠪᠠᠢᠭᠤᠯᠵᠤ᠂ ᠲᠢᠩᠬᠢᠮ᠎ᠦᠨ ᠤᠳᠤᠷᠢᠳᠤᠯᠭ᠎ᠠ ᠪᠦᠯᠬᠦᠮ ᠳᠠᠭᠠᠭᠤᠯᠤᠨ 6 ᠳᠤᠭᠤᠢᠯᠠᠩ ᠬᠤᠪᠢᠶᠠᠨ 12 ᠠᠢᠮᠠᠭ ᠬᠣᠲᠠ᠎ᠳᠤ ᠬᠦᠷᠴᠦ ᠵᠢᠯᠣᠭᠣᠳᠴᠤ᠂ ᠡᠯ᠎ᠡ ᠭᠠᠵᠠᠷ᠎ᠤᠨ ᠶᠡᠬᠡ ᠳᠡᠭᠡᠳᠦ ᠰᠤᠷᠭᠠᠭᠤᠯᠢ ᠵᠢᠨ ᠰᠣᠷᠣᠭ᠍ᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠠᠵᠢᠯ᠎ᠢ ᠱᠠᠯᠠᠪᠳᠠᠭᠤᠯᠤᠨ ᠪᠠᠢᠴᠠᠭᠠᠪᠠ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ᠎ᠡᠴᠡ ᠡᠯ᠎ᠡ ᠠᠢᠮᠠᠭ ᠬᠣᠲᠠ᠎ᠳᠤ 12 ᠲᠣᠭᠣᠷᠢᠨ ᠪᠠᠢᠴᠠᠭᠠᠬᠤ ᠳᠤᠭᠤᠢᠯᠠᠩ ᠲᠣᠮᠢᠯᠠᠵᠤ᠂  ᠰᠢᠯᠭᠠᠯᠲᠠ᠎ᠶᠢᠨ ᠡᠮᠦᠨᠡᠬᠢ᠂ ᠰᠢᠯᠭᠠᠯᠲᠠ᠎ᠶᠢᠨ ᠳᠤᠮᠳᠠᠬᠢ ᠪᠠᠢᠳᠠᠯ᠎ᠢ ᠳᠤᠭᠤᠷᠢᠨ ᠪᠠᠢᠴᠠᠭᠠᠪᠠ᠃

ᠡᠨᠡ ᠵᠢᠯ ᠥᠪᠥᠷ ᠮᠣᠩᠭᠣᠯ᠎ᠤᠨ ᠬᠢᠨ ᠨᠥᠬᠥᠴᠡᠯ᠎ᠳᠦ ᠨᠡᠢᠴᠡᠬᠦ 83 ᠵᠡᠮᠳᠡᠭ ᠰᠢᠯᠭᠠᠭᠤᠯᠤᠭ᠍ᠴᠢ᠎ᠳᠤ ᠵᠦᠢ ᠵᠣᠬᠢᠰᠲᠠᠢ ᠲᠥᠬᠥᠮ ᠨᠥᠬᠥᠴᠡᠯ ᠬᠠᠩᠭᠠᠵᠤ᠂ ᠵᠡᠮᠳᠡᠭᠴᠦᠳ᠎ᠦᠨ ᠤᠯᠤᠰ᠎ᠤᠨ ᠨᠢᠭᠡᠳᠦᠯᠲᠡᠢ ᠰᠢᠯᠭᠠᠯᠲᠠ᠎ᠳᠤ ᠡᠷᠬᠡ ᠲᠡᠭᠰᠢ᠎ᠪᠡᠷ ᠣᠷᠣᠯᠴᠠᠬᠤ᠎ᠶᠢ ᠪᠠᠲᠤᠯᠠᠪᠠ᠃ ᠰᠢᠯᠭᠠᠯᠲᠠ᠎ᠶᠢᠨ ᠬᠤᠭᠤᠴᠠᠭᠠᠨ᠎ᠳᠤ᠂ ᠪᠥᠬᠥ ᠣᠷᠣᠨ᠎ᠤ ᠡᠯ᠎ᠡ ᠱᠠᠲᠤᠨ᠎ᠤ ᠰᠣᠷᠣᠭ᠍ᠴᠢ ᠡᠯᠰᠡᠬᠦ ᠰᠢᠯᠭᠠᠯᠲᠠ᠎ᠶᠢᠨ ᠪᠠᠢᠭᠤᠯᠤᠮᠵᠢ ᠴᠥᠮ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠢᠯᠡᠴᠢᠯᠡᠨ ᠮᠡᠳᠡᠭᠦᠯᠬᠦ ᠪᠠ ᠠᠰᠠᠭᠤᠨ ᠯᠠᠪᠯᠠᠬᠤ ᠤᠲᠠᠰᠤ᠎ᠶᠢ ᠨᠡᠢᠲᠡᠯᠡᠵᠦ᠂ ᠮᠠᠳᠠᠭ᠎ᠲᠠᠢ ᠠᠰᠠᠭᠤᠳᠠᠯ᠎ᠳᠦ ᠬᠠᠷᠢᠭᠤᠯᠳᠠ ᠦᠭᠬᠦ ᠦᠢᠯᠡᠴᠢᠯᠡᠭᠡ᠎ᠶᠢ ᠪᠥᠬᠥ ᠬᠦᠴᠦᠨ᠎ᠢᠶᠡᠷ᠎ᠢᠶᠡᠨ ᠰᠠᠢᠲᠤᠷ ᠬᠢᠪᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠰᠢᠯᠭᠠᠭᠤᠯᠤᠭ᠍ᠴᠢ᠎ᠳᠤ ᠰᠢᠯᠭᠠᠯᠲᠠ᠎ᠶᠢᠨ ᠬᠤᠭᠤᠴᠠᠭᠠᠨ᠎ᠳᠠᠬᠢ ᠶᠠᠪᠤᠵᠤ ᠰᠠᠭᠤᠬᠤ᠂ ᠢᠳᠡᠵᠦ ᠤᠤᠭᠤᠬᠤ ᠬᠣᠨᠣᠵᠤ ᠬᠡᠪᠲᠡᠬᠦ᠂ ᠡᠮ ᠡᠮᠨᠡᠯᠭᠡ ᠡᠷᠡᠭᠦᠯ ᠬᠠᠮᠠᠭᠠᠯᠠᠯ᠂ ᠲᠠᠭᠤ ᠱᠤᠤᠬᠢᠶᠠᠨ᠎ᠢ ᠨᠠᠮᠳᠠᠭᠤᠯᠬᠤ ᠵᠡᠷᠭᠡ ᠣᠯᠠᠨ ᠲᠠᠯ᠎ᠠ᠎ᠶᠢᠨ ᠦᠢᠯᠡᠴᠢᠯᠡᠭᠡᠨ᠎ᠦ ᠪᠠᠲᠤᠯᠠᠭ᠎ᠠ᠎ᠶᠢ ᠢᠳᠡᠪᠬᠢᠲᠡᠢ ᠬᠠᠩᠭᠠᠵᠤ᠂ ᠠᠮᠤᠷ ᠲᠦᠪᠰᠢᠨ ᠤᠯᠤᠰ᠎ᠤᠨ ᠨᠢᠬᠡᠳᠦᠯᠳᠡᠢ ᠰᠢᠯᠭᠠᠯᠲᠠ ᠵᠢ ᠪᠦᠬᠦ ᠬᠦᠴᠦᠨ ᠵᠢᠡᠷ ᠪᠠᠳᠤᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号