ᠦᠪᠦᠷ ᠮᠤᠩᠭᠤᠯ ᠰᠢᠯᠭᠠᠭᠤᠯᠤᠭᠰᠠᠳ ᠤ᠋ᠨ ᠠᠮᠦᠷ ᠲᠦᠪᠰᠢᠨ ᠶ᠋ᠢᠡᠷ ᠡᠮ ᠬᠡᠷᠡᠭᠯᠡᠬᠦ ᠳ᠋ᠤ ᠡᠷᠴᠢᠮᠳᠠᠢ ᠪᠠᠳᠤᠯᠠᠭ᠎ᠠ ᠬᠠᠩᠭᠠᠪᠠ
2026-06-10 14:51:21
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠡᠨᠡ ᠵᠢᠯ ᠤ᠋ᠨ ᠡᠩ ᠤ᠋ᠨ ᠶᠡᠬᠡ ᠳᠡᠭᠡᠳᠦ ᠰᠤᠷᠭᠠᠭᠤᠯᠢ ᠳ᠋ᠤ ᠰᠤᠷᠤᠭᠴᠢ ᠡᠯᠰᠡᠬᠦ ᠤᠯᠤᠰ ᠤ᠋ᠨ ᠨᠢᠭᠡᠳᠦᠯᠳᠠᠢ ᠰᠢᠯᠭᠠᠯᠳᠠ ᠳ᠋ᠤ ᠵᠤᠷᠢᠭᠤᠯᠵᠤ᠂ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠡᠯ᠎ᠠ ᠱᠠᠳᠤᠨ ᠤ᠋ ᠬᠢᠨᠠᠯᠳᠠ ᠬᠠᠮᠢᠶᠠᠷᠤᠯᠳᠠ ᠶ᠋ᠢᠨ ᠬᠦᠴᠦᠨ ᠶ᠋ᠢᠡᠨ ᠨᠢᠭᠡᠳᠦᠯᠳᠠᠢ ᠲᠦᠯᠤᠪᠵᠢᠭᠦᠯᠤᠨ᠂ ᠤᠯᠠᠨ ᠠᠷᠭ᠎ᠠ ᠬᠡᠮᠵᠢᠶ᠎ᠠ ᠶ᠋ᠢ ᠵᠡᠷᠭᠡ ᠪᠡᠷ ᠬᠡᠷᠡᠭᠵᠢᠭᠦᠯᠵᠤ᠂ ᠦᠷᠭᠡᠨ ᠤᠯᠠᠨ ᠰᠢᠯᠭᠠᠭᠤᠯᠤᠭᠰᠠᠳ ᠤ᠋ᠨ ᠠᠮᠦᠷ ᠲᠦᠪᠰᠢᠨ ᠶ᠋ᠢᠡᠷ ᠡᠮ ᠬᠡᠷᠡᠭᠯᠡᠬᠦ ᠳ᠋ᠤ ᠡᠷᠴᠢᠮᠳᠠᠢ ᠪᠠᠳᠤᠯᠠᠭ᠎ᠠ ᠬᠠᠩᠭᠠᠪᠠ᠃

ᠡᠨᠡ ᠵᠢᠯ ᠦᠪᠡᠷᠲᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠰᠢᠯᠭᠠᠯᠳᠠ ᠶ᠋ᠢᠨ ᠴᠡᠭ ᠤ᠋ᠨ ᠤᠢᠷ᠎ᠠ ᠬᠠᠪᠢ ᠶ᠋ᠢᠨ ᠡᠮ ᠤ᠋ᠨ ᠵᠦᠢᠯᠡᠰ ᠢ᠋ ᠵᠢᠵᠢᠭᠯᠡᠨ ᠪᠤᠷᠤᠯᠠᠭᠤᠯᠬᠤ ᠳᠡᠯᠭᠡᠭᠦᠷ᠂ ᠡᠮᠴᠢᠯᠡᠭᠡᠨ ᠤ᠋ ᠪᠠᠢᠭᠤᠯᠤᠮᠵᠢ᠂ ᠰᠤᠷᠭᠠᠭᠤᠯᠢ ᠶ᠋ᠢᠨ ᠬᠦᠷᠢᠶᠡᠨ ᠤ᠋ ᠡᠮᠨᠡᠯᠭᠡ ᠶ᠋ᠢᠨ ᠲᠠᠰᠤᠭ ᠶ᠋ᠢᠡᠷ ᠭᠤᠤᠯ ᠡᠳᠡᠭᠡᠳ ᠪᠤᠯᠭᠠᠨ᠂ ᠨᠠᠷᠠᠰᠢᠬᠤ ᠡᠴᠡ ᠰᠡᠷᠭᠡᠢᠯᠡᠨ ᠬᠠᠯᠠᠭᠤᠨ ᠢ᠋ ᠪᠠᠭᠤᠷᠠᠭᠤᠯᠬᠤ᠂ ᠲᠠᠭᠰᠢᠭᠤᠷ ᠢ᠋ ᠡᠰᠡᠷᠭᠦᠴᠡᠨ ᠦᠷᠪᠢᠰᠦᠯ ᠢ᠋ ᠳᠠᠷᠤᠬᠤ᠂ ᠰᠡᠳᠬᠢᠯ ᠢ᠋ ᠠᠮᠤᠷᠵᠢᠭᠤᠯᠤᠨ ᠤᠨᠳᠠᠬᠤ ᠳ᠋ᠤ ᠲᠤᠰᠠᠯᠠᠬᠤ᠂ ᠬᠤᠳᠤᠭᠤᠳᠤ ᠭᠡᠳᠡᠰᠦ ᠶ᠋ᠢ ᠵᠤᠬᠢᠴᠠᠭᠤᠯᠬᠤ ᠵᠢᠴᠢ ᠪᠠᠴᠢᠮ ᠠᠪᠤᠷᠠᠯᠳᠠ ᠬᠢᠬᠦ ᠡᠮ ᠵᠡᠷᠭᠡ ᠰᠢᠯᠭᠠᠭᠤᠯᠤᠭᠰᠠᠳ ᠤ᠋ᠨ ᠪᠠᠢᠩᠭᠤ ᠬᠡᠷᠡᠭᠯᠡᠬᠦ ᠡᠮ ᠶ᠋ᠢᠡᠷ ᠭᠤᠤᠯᠳᠠᠯᠭ᠎ᠠ ᠪᠤᠯᠭᠠᠨ᠂ ᠦᠪᠡᠷᠳᠡᠭᠡᠨ ᠵᠠᠰᠠᠬᠤ ᠤᠷᠤᠨ᠂ ᠡᠯ᠎ᠠ ᠠᠢᠮᠠᠭ ᠬᠤᠳᠠ ᠪᠠ ᠬᠤᠰᠢᠭᠤ ᠰᠢᠶᠠᠨ ᠲᠤᠭᠤᠷᠢᠭ ᠭᠤᠷᠪᠠᠨ ᠱᠠᠳᠤ ᠪᠡᠷ ᠬᠤᠯᠪᠤᠭᠠᠯᠠᠨ ᠬᠦᠳᠡᠯᠦᠯᠴᠡᠭᠰᠡᠨ ᠰᠢᠯᠭᠠᠯᠳᠠ ᠡᠴᠡ ᠡᠮᠦᠨᠡᠬᠢ ᠡᠮ ᠤ᠋ᠨ ᠵᠦᠢᠯᠡᠰ ᠤ᠋ᠨ ᠠᠮᠦᠷ ᠲᠦᠪᠰᠢᠨ ᠤ᠋ ᠲᠤᠰᠬᠠᠢ ᠪᠠᠢᠴᠠᠭᠠᠯᠳᠠ ᠦᠷᠨᠢᠭᠦᠯᠪᠠ᠃ ᠡᠭᠦᠨ ᠳ᠋ᠤ ᠰᠡᠷᠢᠭᠦᠨ ᠤᠷᠴᠢᠨ ᠳ᠋ᠤ ᠬᠠᠳᠠᠭᠠᠯᠠᠬᠤ ᠴᠢᠬᠤᠯᠠᠳᠠᠢ ᠡᠮ ᠢ᠋ ᠳᠤᠭᠳᠠᠭᠠᠯ ᠶᠤᠰᠤᠭᠠᠷ ᠬᠠᠳᠠᠭᠠᠯᠠᠭᠰᠠᠨ ᠦᠭᠡᠢ᠂ ᠲᠤᠬᠠᠢᠯᠠᠭᠰᠠᠨ ᠠᠵᠢᠯ ᠤ᠋ᠨ ᠡᠮ ᠪᠠᠷᠢᠭᠴᠢ ᠠᠵᠢᠯ ᠤ᠋ᠨ ᠪᠠᠢᠷᠢᠨ ᠳ᠋ᠤ ᠦᠭᠡᠢ᠂ ᠵᠤᠷ ᠤ᠋ᠨ ᠡᠮ ᠢ᠋ ᠳᠤᠭᠳᠠᠭᠠᠯ ᠡᠴᠡ ᠵᠦᠷᠢᠴᠡᠨ ᠪᠤᠷᠤᠯᠠᠭᠤᠯᠤᠭᠰᠠᠨ ᠵᠡᠷᠭᠡ ᠳᠤᠭᠳᠠᠭᠠᠯ ᠡᠴᠡ ᠵᠦᠷᠢᠴᠡᠭᠰᠡᠨ ᠡᠵᠡᠩᠨᠡᠯᠳᠡ ᠶ᠋ᠢᠨ ᠠᠵᠢᠯᠯᠠᠭ᠎ᠠ ᠶ᠋ᠢ ᠴᠢᠩᠭ᠎ᠠ ᠪᠠᠢᠴᠠᠭᠠᠵᠤ᠂ ᠲᠦᠭᠰᠢᠭᠦᠷᠢ ᠶ᠋ᠢᠨ ᠭᠡᠮ ᠰᠤᠭᠤᠭ ᠢ᠋ ᠴᠠᠭ ᠲᠤᠬᠠᠢ ᠳ᠋ᠤᠨᠢ ᠠᠷᠢᠯᠭᠠᠨ᠂ ᠡᠯ᠎ᠠ ᠪᠠᠢᠭᠤᠯᠤᠮᠵᠢ ᠶ᠋ᠢᠨ ᠬᠢᠨ ᠳᠤᠭᠳᠠᠭᠠᠯ ᠶᠤᠰᠤᠭᠠᠷ ᠡᠵᠡᠩᠨᠡᠵᠤ᠂ ᠡᠮ ᠤ᠋ᠨ ᠵᠦᠢᠯᠡᠰ ᠤ᠋ᠨ ᠬᠠᠩᠭᠠᠯᠭ᠎ᠠ ᠭᠦᠢᠴᠡᠳ ᠪᠠᠢᠬᠤ ᠶ᠋ᠢ ᠪᠠᠳᠤᠯᠠᠪᠠ᠃

ᠡᠭᠦᠨ ᠤ᠋ ᠬᠠᠮᠳᠤ ᠪᠦᠬᠦ ᠬᠡᠯᠬᠢᠶᠡᠨ ᠤ᠋ ᠬᠠᠮᠢᠶᠠᠷᠤᠯᠳᠠ ᠡᠵᠡᠮᠳᠡᠯ ᠢ᠋ ᠴᠢᠩᠭᠠᠳᠬᠠᠵᠤ᠂ ᠰᠢᠯᠭᠠᠭᠤᠯᠤᠭᠰᠠᠳ ᠤ᠋ᠨ ᠪᠠᠢᠩᠭᠤ ᠬᠡᠷᠡᠭᠯᠡᠬᠦ ᠡᠮ ᠤ᠋ᠨ ᠵᠦᠢᠯᠡᠰ ᠢ᠋ ᠦᠢᠯᠡᠳᠪᠤᠷᠢᠯᠡᠬᠦ ᠠᠵᠤ ᠠᠬᠤᠢᠯᠠᠯ ᠳ᠋ᠤ ᠬᠢᠨᠠᠯᠳᠠ ᠬᠠᠮᠢᠶᠠᠷᠤᠯᠳᠠ ᠶ᠋ᠢᠨ ᠪᠠᠢᠴᠠᠭᠠᠯᠳᠠ ᠦᠷᠨᠢᠭᠦᠯᠵᠦ᠂ ᠳᠤᠭᠳᠠᠭᠠᠯ ᠶᠤᠰᠤᠭᠠᠷ ᠦᠢᠯᠡᠳᠪᠤᠷᠢᠯᠡᠬᠦ ᠶ᠋ᠢ ᠨᠢ ᠪᠠᠳᠤᠯᠠᠪᠠ᠃ ᠵᠠᠯᠠᠭᠤᠴᠤᠳ ᠪᠠᠭᠠᠴᠤᠳ ᠡᠮ ᠤ᠋ᠨ ᠵᠦᠢᠯᠡᠰ ᠢ᠋ ᠳᠤᠷ᠎ᠠ ᠪᠡᠷ ᠬᠡᠷᠡᠭᠯᠡᠬᠦ ᠲᠦᠭᠰᠢᠭᠦᠷᠢ ᠶ᠋ᠢᠨ ᠲᠤᠭᠤᠷᠢᠨ ᠳ᠋ᠤ ᠤᠨᠴᠠᠭᠠᠢ ᠡᠮ ᠤ᠋ᠨ ᠵᠦᠢᠯᠡᠰ ᠦᠢᠯᠡᠳᠪᠤᠷᠢᠯᠡᠬᠦ ᠠᠵᠤ ᠠᠬᠤᠢᠯᠠᠯ ᠤ᠋ᠨ ᠬᠠᠮᠢᠶᠠᠷᠤᠯᠳᠠ ᠶ᠋ᠢᠨ ᠵᠦᠭᠯᠡᠭᠦᠷ ᠶᠤᠰᠤᠭᠠᠷ ᠦᠪᠡᠰᠦᠪᠡᠨ ᠴᠡᠭᠴᠡᠯᠡᠨ ᠵᠠᠰᠠᠬᠤ ᠶ᠋ᠢ ᠱᠠᠯᠠᠪᠳᠠᠭᠤᠯᠵᠤ᠂ ᠤᠨᠴᠠᠭᠠᠢ ᠡᠮ ᠤ᠋ᠨ ᠵᠦᠢᠯᠡᠰ ᠤ᠋ᠨ ᠠᠮᠦᠷ ᠲᠦᠪᠰᠢᠨ ᠤ᠋ ᠬᠤᠷᠢᠭ᠎ᠠ ᠱᠤᠭᠤᠮ ᠢ᠋ ᠪᠠᠳᠤ ᠰᠠᠬᠢᠵᠠᠢ᠃ ᠭᠦᠢᠯᠭᠡᠭᠡᠨ ᠤ᠋ ᠭᠤᠭᠴᠤᠭ᠎ᠠ ᠳ᠋ᠤ ᠬᠠᠩᠭᠠᠯᠭ᠎ᠠ ᠶ᠋ᠢᠨ ᠬᠤᠳᠠᠯᠳᠤᠭᠠᠴᠢᠳ ᠤ᠋ᠨ ᠬᠢᠷᠢ ᠭᠡᠮ ᠢ᠋ ᠭᠤᠤᠯᠳᠠᠯᠭ᠎ᠠ ᠲᠠᠢ ᠬᠢᠨᠠᠨ ᠪᠠᠢᠴᠠᠭᠠᠵᠤ᠂ ᠡᠮ ᠤ᠋ᠨ ᠵᠦᠢᠯᠡᠰ ᠤ᠋ᠨ ᠢᠷᠡᠯᠳᠡ ᠶ᠋ᠢ ᠮᠦᠷᠳᠡᠵᠦ ᠪᠤᠯᠬᠤ ᠶ᠋ᠢ ᠪᠠᠳᠤᠯᠠᠨ᠂ ᠬᠢᠷᠢ ᠲᠡᠩᠴᠡᠬᠦ ᠦᠭᠡᠢ ᠡᠮ ᠤ᠋ᠨ ᠵᠦᠢᠯᠡᠰ ᠤ᠋ᠨ ᠵᠠᠬ᠎ᠠ ᠳᠡᠯᠭᠡᠭᠦᠷ ᠲᠤ᠌ ᠤᠷᠤᠬᠤ ᠶ᠋ᠢ ᠴᠠᠭᠠᠵᠠᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号