ᠪᠠᠭᠠᠲᠤᠷᠯᠢᠭ ᠬᠣᠲᠠ ᠨᠠᠨᠴᠠᠩ᠂ 《8·1》᠎ᠤ᠋ ᠴᠡᠷᠢᠭ᠎ᠤᠨ ᠲᠣᠭ᠎ᠢ ᠮᠠᠨᠳᠤᠭᠤᠯᠤᠭ᠍ᠰᠠᠨ ᠭᠠᠵᠠᠷ ᠃
1927 ᠣᠨ᠎ᠤ 8 ᠰᠠᠷ᠎ᠠ᠎ᠶ᠋ᠢᠨ 1 ᠤ᠋ ᠡᠳᠦᠷ᠂ ᠨᠠᠨᠴᠠᠩᠬᠤᠳᠠᠶ᠋ᠢᠨ ᠫᠤᠤ᠎ᠶ᠋ᠢᠨ ᠲᠠᠭᠤᠨ ᠮᠠᠨ᠎ᠤ ᠨᠠᠮ᠎ᠤᠨ ᠵᠡᠪᠰᠡᠭ᠌ᠲᠦ ᠬᠦᠴᠦᠨ᠎ᠢᠶᠡᠷ ᠭᠣᠮᠢᠨᠳᠠᠩ᠎ᠤᠨ ᠲᠡᠷᠰᠯᠡᠭᠦᠴᠦᠳ᠎ᠢ ᠡᠰᠡᠷᠭᠦᠴᠡᠬᠦ᠌ ᠬᠥᠱᠢᠭᠡ᠎ᠶ᠋ᠢ ᠰᠡᠬᠦᠪᠡ᠃
ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ ᠪᠠᠢᠭᠤᠯᠤᠭ᠍ᠳᠠᠭ᠍ᠰᠠᠨ 90 ᠵᠢᠯ᠎ᠦᠨ ᠤᠢ᠎ᠶ᠋ᠢ ᠪᠡᠯᠭᠡᠯᠡᠬᠦ᠌ ᠶᠡᠬᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ 《ᠨᠠᠨᠴᠠᠩ ᠬᠤᠳᠠ᠎ᠶ᠋ᠢᠨ ᠫᠤᠤ᠎ᠶ᠋ᠢᠨ ᠲᠠᠭᠤᠨ》 ᠢ᠋ 《ᠰᠥᠨᠢ᠎ᠶ᠋ᠢᠨ ᠣᠭ᠍ᠲᠠᠷᠭᠤᠢ᠎ᠶ᠋ᠢ ᠵᠦᠰᠦᠭ᠌ᠰᠡᠨ ᠭᠢᠯᠪᠠᠭᠡᠨ》 ᠭᠡᠵᠦ᠍ ᠵᠦᠢᠷᠯᠡᠪᠡ᠃ ᠡᠨᠡ ᠬᠦ᠌ 《ᠭᠢᠯᠪᠠᠭᠡᠨ》 ᠤ᠋ ᠠᠷᠤ᠎ᠳᠤ ᠶᠠᠮᠠᠷᠬᠠᠨ ᠰᠦᠷ ᠳᠠᠯᠠᠢᠴᠠᠲᠠᠢ ᠣᠨ ᠰᠠᠷ᠎ᠠ ᠪᠠᠢᠭᠰᠠᠨ ᠪᠣᠯ?
1927 ᠣᠨ᠎ᠳᠤ᠂ ᠰᠦᠷ ᠳᠠᠯᠠᠢᠴᠠᠲᠠᠢ ᠶᠡᠬᠡ ᠬᠤᠪᠢᠰᠭᠠᠯ ᠢᠯᠠᠭ᠍ᠳᠠᠵᠤ᠂ ᠬᠤᠪᠢᠰᠭᠠᠯ᠎ᠤᠨ ᠪᠠᠢᠳᠠᠯ᠎ᠳᠤ ᠱᠢᠷᠦᠭᠦᠨ ᠬᠤᠪᠢᠷᠠᠯᠲᠠ ᠭᠠᠷᠴᠤ᠌᠂ ᠳᠤᠮᠳᠠᠳᠤ ᠤᠯᠤᠰ᠎ᠤᠨ ᠡᠪ ᠬᠠᠮᠲᠤᠴᠤᠳ ᠪᠣᠯᠤᠨ ᠬᠤᠪᠢᠰᠭᠠᠯᠲᠤ ᠤᠯᠠᠨ ᠲᠦᠮᠡᠨ ᠵᠡᠷᠯᠢᠭ ᠪᠠᠯᠠᠮᠠᠳ ᠬᠢᠳᠤᠯᠭ᠎ᠠ᠎ᠳᠤ ᠤᠴᠠᠷᠠᠪᠠ᠃ 1927 ᠣᠨ᠎ᠤ 11 ᠰᠠᠷ᠎ᠠ᠎ᠶ᠋ᠢᠨ ᠪᠦᠷᠢᠳᠭᠡᠯ᠎ᠢ ᠦᠨᠳᠦᠰᠦᠯᠡᠪᠡᠯ᠂ ᠨᠠᠮ᠎ᠤᠨ ᠭᠡᠱᠢᠭᠦᠨ᠎ᠦ ᠲᠣᠭ᠎ᠠ ᠨᠠᠮ᠎ᠤᠨ ᠲᠠᠪᠤᠳᠤᠭᠠᠷ ᠶᠡᠬᠡ ᠬᠤᠷᠠᠯ᠎ᠢ ᠬᠤᠷᠠᠯᠳᠤᠭᠤᠯᠬᠤ ᠦᠶ᠎ᠡ᠎ᠳᠦ 5.8 ᠲᠦᠮᠡ ᠱᠢᠬᠠᠮ ᠬᠥᠮᠦᠨ ᠪᠠᠢᠭ᠍ᠰᠠᠨ ᠡᠴᠡ ᠲᠦᠮᠡ ᠭᠠᠷᠤᠶ ᠬᠥᠮᠦᠨ ᠪᠣᠯᠵᠤ ᠬᠠᠰᠤᠭ᠍ᠳᠠᠵᠠᠶ᠃
ᠳᠤᠮᠳᠠᠳᠤ ᠤᠯᠤᠰ᠎ᠤᠨ ᠬᠤᠪᠢᠰᠭᠠᠯ ᠨᠢᠭᠡᠨᠲᠡ ᠪᠠᠭᠤᠷᠠᠯᠲᠠ᠎ᠶ᠋ᠢᠨ ᠦᠶ᠎ᠡ᠎ᠳᠦ ᠣᠷᠣᠵᠤ᠂ ᠬᠤᠪᠢᠰᠭᠠᠯ᠎ᠤᠨ ᠡᠰᠡᠷᠭᠦᠦ ᠬᠦᠴᠦᠨ ᠨᠠᠮ᠎ᠤᠨ ᠤᠳᠤᠷᠢᠳᠤᠭ᠍ᠰᠠᠨ ᠬᠤᠪᠢᠰᠭᠠᠯᠲᠤ ᠬᠦᠴᠦᠨ᠎ᠡᠴᠡ ᠬᠤᠯᠠ ᠳᠠᠪᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠳᠠᠢᠰᠤᠨ᠎ᠳᠤ ᠰᠦᠢᠷᠡᠭᠳᠡᠨ ᠤᠰᠠᠳᠭᠠᠭ᠍ᠳᠠᠬᠤ ᠬᠦᠨᠳᠦ ᠰᠦᠷᠡᠬᠡᠢ ᠠᠶᠤᠯ ᠲᠦᠭ᠌ᠰᠢᠭᠦᠷᠢ᠎ᠳᠦ ᠤᠴᠠᠷᠠᠭ᠍ᠰᠠᠨᠢ ᠬᠦᠨᠳᠦ ᠬᠡᠴᠡᠭᠦᠦ ᠪᠣᠳᠠᠲᠤ ᠬᠡᠷᠡᠭ ᠬᠠᠷᠠᠭᠤᠯᠪᠡ ᠃
ᠡᠢᠮᠦ᠍ ᠠᠶᠤᠯᠲᠠᠶ ᠣᠷᠴᠢᠨ ᠨᠦᠬᠦᠴᠡᠯ᠎ᠳᠤ᠂ ᠬᠤᠪᠢᠰᠭᠠᠯ ᠬᠢᠬᠦ᠌ ᠵᠣᠷᠢᠭ ᠪᠠᠢᠨ᠎ᠠ ᠤᠤ? ᠬᠤᠪᠢᠰᠭᠠᠯ᠎ᠢ ᠬᠡᠷᠬᠢᠨ ᠪᠠᠷᠢᠮᠲᠠᠯᠠᠬᠤ ᠪᠤᠢ ? ᠡᠨᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠷᠬᠡᠪᠰᠢ ᠬᠠᠷᠢᠭᠤᠯᠬᠤ ᠦᠨᠳᠦᠰᠦᠨ ᠴᠢᠨᠠᠷᠲᠠᠢ ᠬᠣᠶᠠᠷ ᠠᠰᠠᠭᠤᠳᠠᠯ ᠮᠥᠨ᠃
ᠬᠠᠷᠠᠩᠭᠤᠶ ᠬᠠᠭᠤᠴᠢᠨ ᠳᠤᠮᠳᠠᠳᠤ ᠤᠯᠤᠰ᠎ᠲᠤ᠂ ᠳᠤᠮᠳᠠᠳᠤ ᠤᠯᠤᠰ᠎ᠤᠨ ᠡᠪ ᠬᠠᠮᠲᠤ ᠨᠠᠮ ᠡᠷᠡᠯᠬᠡᠭ ᠪᠠᠭᠠᠲᠤᠷᠯᠢᠭ᠎ᠢᠶᠠᠷ ᠬᠤᠪᠢᠰᠭᠠᠯ᠎ᠤᠨ ᠲᠤᠭ᠎ᠢ ᠥᠨᠳᠥᠷ ᠮᠠᠨᠳᠤᠭᠤᠯᠪᠠ; ᠬᠤᠪᠢᠰᠭᠠᠯ᠎ᠢ ᠬᠡᠷᠬᠢᠨ ᠪᠠᠷᠢᠮᠲᠠᠯᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤᠴᠤᠳ ᠦᠢᠯᠡᠳᠦᠯᠭᠡ᠎ᠶ᠋ᠢᠨ ᠳᠤᠮᠳᠠ ᠤᠷᠳᠤ ᠬᠤᠭᠤᠴᠠᠭᠠᠨ᠎ᠤ ᠬᠠᠲᠠᠭᠤᠵᠢᠯᠲᠠᠢ ᠰᠦᠪᠡᠭ᠌ᠴᠢᠯᠡᠯᠳᠡ ᠬᠢᠭ᠌ᠰᠡᠨ ᠪᠠᠢᠨ᠎ᠠ᠃ ᠶᠠᠭ ᠮᠠᠤ ᠽᠸ ᠳ᠋ᠦᠩ ᠨᠥᠬᠥᠷ᠎ᠦᠨ ᠰᠡᠭᠦᠯᠡᠷ ᠬᠡᠯᠡᠭ᠌ᠰᠡᠨᠴᠢᠯᠡᠨ᠄ 《ᠳᠤᠮᠳᠠᠳᠤ ᠤᠯᠤᠰ᠎ᠤᠨ ᠡᠪ ᠬᠠᠮᠲᠤ ᠨᠠᠮ ᠪᠠ ᠳᠤᠮᠳᠠᠳᠤ ᠤᠯᠤᠰ᠎ᠤᠨ ᠠᠷᠠᠳ ᠲᠦᠮᠡᠨ ᠠᠶᠤᠵᠤ ᠰᠦᠷᠳᠡᠭ᠌ᠰᠡᠨ ᠤᠢ᠍ᠭᠡᠢ᠂ ᠡᠷᠬᠡᠱᠢᠶᠡᠭ᠌ᠳᠡᠭ᠌ᠰᠡᠨ ᠤᠢ᠍ᠭᠡᠢ᠂ ᠤᠰᠠᠳᠬᠠᠭᠰᠠᠨ ᠤᠢ᠍ᠭᠡᠢ ᠶᠤᠮ᠃ ᠲᠡᠳᠡ ᠭᠠᠵᠠᠷ ᠳᠣᠣᠷ᠎ᠠ᠎ᠡᠴᠡ ᠪᠣᠰᠴᠤ᠌᠂ ᠪᠡᠶ᠎ᠡ ᠳᠡᠭᠡᠷᠡᠬᠢ ᠴᠢᠰᠤ᠎ᠪᠠᠨ ᠴᠡᠪᠡᠷᠯᠡᠵᠦ᠍᠂ ᠬᠠᠨᠢ ᠨᠥᠬᠥᠳ᠎ᠦᠨ᠎ᠢᠶᠡᠨ ᠬᠡᠭᠦᠷ ᠪᠡᠶ᠎ᠡ᠎ᠶ᠋ᠢ ᠪᠤᠯᠠᠭᠠᠳ᠂ ᠦᠷᠭᠦᠯᠵᠢᠯᠡᠨ ᠪᠠᠢᠯᠳᠤᠪᠠ》 ᠃
ᠲᠤᠢᠯ᠎ᠤᠨ ᠲᠦᠭ᠌ᠰᠢᠭᠦᠷᠢᠲᠡᠢ ᠪᠠᠢᠳᠠᠯ ᠳᠣᠣᠷ᠎ᠠ᠂ ᠬᠤᠪᠢᠰᠭᠠᠯ᠎ᠢ ᠠᠪᠤᠷᠠᠬᠤ᠎ᠶ᠋ᠢᠨ ᠲᠥᠯᠥᠭᠡ᠂ 1927 ᠣᠨ᠎ᠤ 7 ᠰᠠᠷ᠎ᠠ᠎ᠶ᠋ᠢᠨ ᠳᠤᠮᠳᠠᠴᠢ᠎ᠪᠠᠷ᠂ ᠰᠠᠶᠢᠬᠠᠨ ᠪᠠᠢᠭᠤᠯᠤᠭ᠍ᠳᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠲᠦᠷ ᠴᠠᠭ᠎ᠤᠨ ᠪᠠᠢᠩᠭᠤ᠎ᠶ᠋ᠢᠨ ᠬᠣᠷᠢᠶ᠎ᠠ ᠭᠤᠷᠪᠠᠨ ᠲᠤᠮᠤ ᠤᠴᠢᠷ᠎ᠢ ᠡᠷᠡᠰ ᠲᠤᠭᠲᠠᠭᠠᠪᠠ᠄ ᠨᠠᠮ᠎ᠤᠨ ᠡᠵᠡᠮᠱᠢᠵᠦ᠍ ᠪᠠᠢᠭ᠎ᠠ ᠪᠠ ᠨᠠᠮ ᠳ᠋ᠤ ᠦᠢᠯᠡᠴᠢᠯᠡᠵᠦ ᠪᠠᠢᠭ᠎ᠠ ᠴᠡᠷᠢᠭ ᠠᠨᠭᠭᠢ᠎ᠶ᠋ᠢ ᠨᠠᠨᠴᠠᠩ᠎ᠳᠤ ᠲᠥᠪᠯᠡᠷᠡᠭᠦᠯᠵᠦ᠍᠂ ᠵᠡᠪᠰᠡᠭ᠌ᠲᠦ ᠪᠣᠰᠣᠯᠭ᠎ᠠ ᠭᠠᠷᠭᠠᠬᠤ᠎ᠪᠠᠷ ᠪᠡᠯᠡᠳᠭᠡᠨ᠎ᠡ;ᠠᠵᠢᠯᠴᠢᠨ ᠲᠠᠷᠢᠶᠠᠴᠢᠨ᠎ᠤ ᠬᠥᠳᠡᠯᠭᠡᠭᠡᠨ᠎ᠦ ᠰᠠᠭᠤᠷᠢ᠎ᠪᠠᠷ ᠨᠡᠯᠢᠶᠡᠳ ᠰᠠᠢ᠌ᠨ ᠬᠤᠨᠠᠨ᠂ ᠬᠤᠪᠸᠢ᠂ ᠵᠢᠶᠠᠩᠰᠢ᠂ ᠭᠤᠸᠠᠩᠳᠦ᠋ᠩ ᠲᠦᠷᠪᠡᠨ ᠮᠤᠵᠢ᠎ᠶ᠋ᠢᠨ ᠲᠠᠷᠢᠶᠠᠴᠢᠳ᠎ᠢ ᠵᠣᠬᠢᠶᠠᠨ ᠪᠠᠢᠭᠤᠯᠵᠤ ᠨᠠᠮᠤᠷ᠎ᠤᠨ ᠬᠤᠷᠢᠶᠠᠯᠲᠠ᠎ᠶ᠋ᠢᠨ ᠪᠣᠰᠣᠯᠭ᠎ᠠ ᠭᠠᠷᠭᠠᠨ᠎ᠠ; ᠲᠥᠪ ᠬᠣᠷᠢᠶ᠎ᠠ ᠵᠢᠨ ᠪᠠᠴᠢᠮ ᠬᠤᠷᠠᠯ᠎ᠢ ᠬᠤᠷᠠᠯᠳᠤᠭᠤᠯᠵᠤ᠂ ᠶᠡᠬᠡ ᠬᠤᠪᠢᠰᠭᠠᠯ ᠢᠯᠠᠭ᠍ᠳᠠᠭ᠍ᠰᠠᠨ᠎ᠤ ᠳᠠᠷᠠᠭᠠᠬᠢ ᠱᠢᠨ᠎ᠡ ᠴᠢᠭ᠌ᠯᠡᠯᠲᠡ᠎ᠶ᠋ᠢ ᠶᠠᠷᠢᠯᠴᠠᠨ ᠲᠣᠭ᠍ᠲᠠᠭᠠᠨ᠎ᠠ᠃
8 ᠰᠠᠷ᠎ᠠ᠎ᠶ᠋ᠢᠨ 1 ᠤ᠋ ᠥᠷᠯᠥᠭᠡ᠂ ᠡᠷᠲᠡᠨ᠎ᠦ ᠬᠤᠳᠠ ᠨᠠᠨᠴᠠᠩ᠎ᠳᠤ᠃
ᠫᠠᠩ! ᠫᠠᠩ! ᠫᠠᠩ! — ᠫᠤᠤ᠎ᠵᠢᠨ ᠳᠠᠭᠤᠨ ᠭᠤᠷᠪᠠ ᠲᠤᠤᠭᠠᠷᠴᠤ ᠰᠥᠨᠢ᠎ᠶ᠋ᠢᠨ ᠨᠠᠮ ᠵᠢᠮ᠎ᠢ ᠡᠪᠳᠡᠪᠡ᠃ 4 ᠴᠠᠭ ᠭᠠᠷᠤᠢ ᠱᠢᠷᠦᠭᠦᠨ ᠪᠠᠢᠯᠳᠤᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠪᠣᠰᠣᠯᠭ᠎ᠠ᠎ᠶ᠋ᠢᠨ ᠴᠡᠷᠢᠭ ᠨᠠᠨᠴᠠᠩ ᠬᠤᠳᠠ᠎ᠶ᠋ᠢ ᠡᠵᠡᠯᠡᠪᠡ᠃
ᠨᠠᠨᠴᠠᠩ᠎ᠤᠨ ᠪᠣᠰᠣᠯᠭ᠎ᠠ ᠨᠢ ᠵᠡᠪᠰᠡᠭ᠌ᠲᠦ ᠬᠦᠴᠦᠨ᠎ᠢᠶᠡᠷ ᠭᠣᠮᠢᠨᠳᠠᠩ᠎ᠤᠨ ᠲᠡᠷᠰᠯᠡᠭᠦᠴᠦᠳ᠎ᠢ ᠡᠰᠡᠷᠭᠦᠴᠡᠭᠰᠡᠨ ᠠᠩᠬᠠᠨ᠎ᠤ ᠫᠤᠤ᠎ᠶ᠋ᠢ ᠲᠠᠯᠪᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠲᠤᠰᠠᠭᠠᠷ᠎ᠢᠶᠠᠨ ᠬᠤᠪᠢᠰᠭᠠᠯᠲᠤ ᠲᠠᠢ᠌ᠨ᠎ᠢ ᠤᠳᠤᠷᠢᠳᠴᠤ᠌᠂ ᠠᠷᠠᠳ᠎ᠤᠨ ᠴᠡᠷᠢᠭ ᠠᠩᠭᠢ᠎ᠶ᠋ᠢ ᠡᠭᠦᠰᠭᠡᠨ ᠪᠠᠢᠭᠤᠯᠤᠭ᠍ᠰᠠᠨ ᠪᠠ ᠵᠡᠪᠰᠡᠭ᠌ᠲᠦ ᠬᠦᠴᠦᠨ᠎ᠢᠶᠡᠷ ᠵᠠᠰᠠᠭ᠎ᠤᠨ ᠡᠷᠬᠡ᠎ᠶ᠋ᠢ ᠪᠤᠯᠢᠶᠠᠨ ᠠᠪᠤᠭ᠍ᠰᠠᠨ ᠡᠬᠢᠯᠡᠯᠲᠡ᠎ᠶ᠋ᠢ ᠬᠠᠷᠠᠭᠤᠯ᠎ᠤᠨ ᠂ ᠳᠤᠮᠳᠠᠳᠤ ᠤᠯᠤᠰ᠎ᠤᠨ ᠬᠤᠪᠢᠰᠭᠠᠯ᠎ᠤᠨ ᠱᠢᠨ᠎ᠡ ᠴᠠᠭ ᠦᠶ᠎ᠡ᠎ᠶ᠋ᠢ ᠨᠡᠭᠡᠭᠡᠭ᠌ᠰᠡᠨ ᠪᠠᠢᠨ᠎ᠠ᠃
ᠶᠡᠷᠦᠩᠬᠡᠶ ᠱᠦᠵᠢ ᠰᠢ ᠵᠢᠨ ᠫᠢᠩ ᠭᠤᠷᠪᠠᠨ 《ᠠᠭᠤᠤ ᠶᠡᠬᠡ ᠬᠡᠷᠡᠭ ᠶᠠᠪᠤᠳᠠᠯ》 ᠵᠢᠡᠷ ᠨᠠᠨᠴᠠᠩ᠎ᠤᠨ ᠪᠣᠰᠣᠯᠭ᠎ᠠ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠦᠨᠡᠯᠡᠪᠡ᠄ 《ᠡᠨᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡᠨ ᠳᠡᠭᠡᠷᠡᠬᠢ ᠨᠢᠭᠡᠨ ᠠᠭᠤᠤ ᠶᠡᠬᠡ ᠬᠡᠷᠡᠭ ᠶᠠᠪᠤᠳᠠᠯ ᠮᠥᠨ᠂ ᠳᠤᠮᠳᠠᠳᠤ ᠤᠯᠤᠰ᠎ᠤᠨ ᠬᠤᠪᠢᠰᠭᠠᠯ᠎ᠤᠨ ᠲᠡᠦᠬᠡᠨ ᠳᠡᠭᠡᠷᠡᠬᠢ ᠨᠢᠭᠡᠨ ᠠᠭᠤᠤ ᠶᠡᠬᠡ ᠬᠡᠷᠡᠭ ᠶᠠᠪᠤᠳᠠᠯ ᠮᠥᠨ᠂ ᠮᠦᠨ ᠴᠤ᠌ ᠳᠤᠮᠳᠠᠳᠤ᠎ᠶ᠋ᠢᠨ ᠦᠨᠳᠦᠰᠦᠲᠡᠨ᠎ᠦ ᠬᠥᠭ᠌ᠵᠢᠯᠲᠡ᠎ᠶ᠋ᠢᠨ ᠲᠡᠦᠬᠡᠨ ᠳᠡᠭᠡᠷᠡᠬᠢ ᠨᠢᠭᠡ ᠠᠭᠤᠤ ᠶᠡᠬᠡ ᠬᠡᠷᠡᠭ ᠶᠠᠪᠤᠳᠠᠯ ᠮᠥᠨ》᠃
ᠲᠤᠢᠯ᠎ᠤᠨ ᠪᠡᠷᠬᠡ ᠬᠠᠲᠠᠭᠤᠵᠢᠯᠲᠠᠢ ᠵᠢᠩᠭᠠᠩᠱᠠᠨ᠎ᠤ ᠲᠡᠮᠡᠴᠡᠯ᠎ᠡᠴᠡ ᠲᠦᠮᠡᠨ ᠪᠡᠷᠬᠡ ᠮᠢᠩᠭᠠᠨ ᠪᠠᠷᠲᠠᠭ᠎ᠠ᠎ᠲᠠᠶ ᠤᠷᠳᠤ ᠵᠠᠮ᠎ᠤᠨ ᠠᠶᠠᠨ ᠲᠠᠢ᠌ᠨ ᠬᠦᠷᠲᠡᠯ᠎ᠡ᠂ ᠲᠠᠷᠢ᠎ᠶ᠋ᠢᠨ ᠤᠳᠤᠭ᠎ᠠ ᠲᠤᠨᠤᠷᠠᠭ᠍ᠰᠠᠨ ᠶᠠᠫᠣᠨ᠎ᠢ ᠡᠰᠡᠷᠭᠦᠴᠡᠬᠦ᠌ ᠲᠠᠢ᠌ᠨ᠎ᠡᠴᠡ ᠢᠯᠵᠢᠷᠡᠮᠠᠯ ᠬᠠᠭᠤᠴᠢᠨ᠎ᠢ ᠠᠷᠢᠯᠭᠠᠨ ᠴᠡᠪᠡᠷᠯᠡᠬᠦ ᠴᠢᠯᠥᠭᠡᠯᠡᠬᠦ᠌ ᠲᠠᠢ᠌ᠨ ᠬᠦᠷᠲᠡᠯ᠎ᠡ᠂ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠨᠤᠲᠤᠭ ᠳᠡᠪᠢᠰᠭᠡᠷ᠎ᠦᠨ ᠪᠦᠷᠢᠨ ᠪᠦᠲᠦᠨ᠎ᠢ ᠡᠷᠡᠰ ᠬᠠᠮᠠᠭᠠᠯᠠᠬᠤ ᠪᠠᠭᠠᠲᠤᠷᠯᠢᠭ ᠲᠡᠮᠡᠴᠡᠯ᠎ᠡᠴᠡ ᠠᠶᠤᠯ ᠭᠠᠮᠱᠢᠭ᠎ᠡᠴᠡ ᠠᠪᠤᠷᠠᠬᠤ᠂ ᠠᠷᠠᠳ ᠲᠦᠮᠡᠨ᠎ᠦ ᠠᠮᠢ ᠨᠠᠰᠤ ᠡᠳ᠋ ᠬᠦᠷᠦᠩᠬᠡ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠨᠤᠭᠤᠷᠠᠰᠢ ᠦᠭᠡᠢ ᠲᠡᠮᠡᠴᠡᠯ ᠬᠦᠷᠲᠡᠯ᠎ᠡ ᠁ ᠲᠡᠷᠡ ᠦᠶ᠎ᠡ᠎ᠡᠴᠡ ᠡᠬᠢᠯᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠠᠷᠠᠳ᠎ᠤᠨ ᠴᠡᠷᠢᠭ ᠠᠩᠬᠢ ᠳᠤᠮᠳᠠᠳᠤ ᠤᠯᠤᠰ᠎ᠤᠨ ᠠᠷᠠᠳ ᠲᠦᠮᠡᠨ᠎ᠦ ᠴᠢᠯᠥᠭᠡᠯᠡᠯᠲᠡ᠎ᠶ᠋ᠢ ᠡᠷᠢᠯᠬᠢᠯᠡᠬᠦ᠌᠂ ᠵᠣᠯ ᠵᠢᠷᠭᠠᠯ᠎ᠢ ᠡᠷᠢᠯᠬᠢᠯᠡᠬᠦ᠌᠂ ᠳᠤᠮᠳᠠᠳᠤ᠎ᠶ᠋ᠢᠨ ᠦᠨᠳᠦᠰᠦᠲᠡᠨ᠎ᠦ ᠲᠤᠰᠠᠭᠠᠷ ᠲᠣᠭ᠍ᠲᠠᠨᠢᠯ᠎ᠢ ᠡᠷᠢᠯᠬᠢᠯᠡᠬᠦ᠌᠂ ᠰᠡᠷᠭᠦᠨ ᠮᠠᠨᠳᠤᠯᠲᠠ᠎ᠶ᠋ᠢ ᠡᠷᠢᠯᠬᠢᠯᠡᠬᠦ᠌ ᠲᠡᠦᠬᠡᠨ ᠤᠷᠤᠰᠭᠠᠯ᠎ᠳᠤ ᠣᠷᠣᠯᠴᠠᠵᠤ᠂ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ᠎ᠶ᠋ᠢᠨ ᠦᠨᠳᠦᠰᠦᠲᠡᠨ᠎ᠦ ᠬᠤᠪᠢ ᠵᠠᠶᠠᠭ᠎ᠠ᠎ᠲᠠᠶ ᠨᠢᠭ᠍ᠲᠠ ᠬᠣᠯᠪᠣᠯᠳᠤᠵᠠᠢ ᠃
ᠡᠳᠦᠭᠡ᠂ ᠨᠠᠨᠴᠠᠩ ᠬᠤᠳᠠ᠎ᠶ᠋ᠢᠨ ᠵᠦᠩᠱᠠᠨ ᠵᠠᠮ ᠳᠡᠭᠡᠷ᠎ᠡ ᠪᠠᠢᠷᠢᠯᠠᠭ᠎ᠠ᠂ ᠨᠠᠨᠴᠠᠩ᠎ᠤᠨ ᠪᠣᠰᠣᠯᠭ᠎ᠠ᠎ᠶ᠋ᠢᠨ ᠶᠡᠷᠦᠩᠬᠡᠢ ᠵᠢᠯᠣᠭᠣᠳᠭᠤ ᠭᠠᠵᠠᠷ᠎ᠤᠨ ᠬᠠᠭᠤᠴᠢᠨ ᠪᠠᠭᠤᠷᠢ ᠪᠣᠯᠤᠨ ᠳᠡᠯᠭᠡᠨ ᠦᠵᠡᠭᠦᠯᠬᠦ ᠲᠤᠮᠤ ᠠᠰᠠᠷ ᠵᠡᠷᠭᠡ᠎ᠪᠡᠷ ᠪᠦᠷᠢᠯᠳᠦᠭ᠌ᠰᠡᠨ ᠨᠠᠨᠴᠠᠩ᠎ᠤᠨ 《8·1》᠎ᠤ ᠪᠣᠰᠣᠯᠭ᠎ᠠ᠎ᠶ᠋ᠢᠨ ᠳᠤᠷᠠᠰᠭᠠᠯ᠎ᠤᠨ ᠣᠷᠳᠣᠨ᠎ᠳᠤ᠂ ᠲᠣᠭᠣᠷᠢᠨ ᠦᠵᠡᠭ᠌ᠴᠢᠳ ᠲᠠᠰᠤᠷᠠᠯᠳᠠ ᠦᠭᠡᠢ ᠴᠤᠪᠤᠷᠠᠨ᠎ᠠ᠃ 2008 ᠣᠨ᠎ᠳᠤ ᠰᠦᠢᠳᠭᠡᠯ ᠬᠤᠷᠢᠶᠠᠬᠤ ᠦᠭᠡᠢ ᠪᠡᠷ ᠨᠡᠭᠡᠭᠡᠭ᠌ᠰᠡᠨ᠎ᠡᠴᠡ ᠨᠠᠭᠠᠰᠢ᠂ ᠡᠨᠳᠡᠬᠢ ᠨᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ 3000 ᠭᠠᠷᠤᠢ ᠲᠦᠮᠡᠨ ᠬᠥᠮᠦᠨ ᠤᠳᠠᠭ᠎ᠠ᠎ᠵᠢ ᠲᠠᠲᠠᠵᠤ ᠡᠨᠳᠡ ᠢᠷᠡᠵᠦ᠍ ᠲᠡᠷᠡ ᠬᠦ᠌ ᠭᠠᠢᠬᠠᠮᠱᠢᠭ᠍ᠲᠤ ᠣᠨ ᠰᠠᠷᠠᠶ᠋ᠢ ᠮᠡᠳᠡᠷᠡᠭᠦᠯᠪᠡ᠃
《ᠨᠡᠩ ᠤᠯᠠᠨ ᠲᠣᠭᠣᠷᠢᠨ ᠦᠵᠡᠭ᠌ᠴᠢᠳ ᠲᠤᠰᠭᠠᠢᠯᠠᠨ ᠴᠡᠷᠢᠭ᠎ᠦᠨ ᠲᠤᠭ᠎ᠢ ᠮᠠᠨᠳᠤᠭᠤᠯᠤᠭᠰᠠᠨ ᠭᠠᠵᠠᠷ᠎ᠲᠤ ᠢᠷᠡᠵᠦ᠍᠂ ᠨᠠᠨᠴᠠᠩ᠎ᠤᠨ 〈8·1〉᠎ᠤ᠋ ᠪᠣᠰᠣᠯᠭ᠎ᠠ᠎ᠶ᠋ᠢᠨ ᠳᠤᠷᠠᠰᠭᠠᠯ᠎ᠤᠨ ᠣᠷᠳᠣᠨ᠎ᠳᠤ ᠬᠦᠷᠴᠦ᠍ ᠠᠷᠠᠳ᠎ᠤᠨ ᠴᠡᠷᠢᠭ ᠠᠩᠬᠢ᠎ᠶ᠋ᠢᠨ ᠮᠡᠨᠳᠦᠯᠡᠭ᠌ᠰᠡᠨ ᠦᠯᠢᠭᠡᠷ᠎ᠢ ᠰᠣᠨᠣᠰᠴᠤ᠌᠂ 〈8·1〉 ᠤ᠋ ᠴᠡᠷᠢᠭ᠎ᠦᠨ ᠲᠤᠭ᠎ᠤᠨ ᠳᠣᠣᠷᠠᠬᠢ ᠢᠷᠠᠭᠤ ᠠᠯᠳᠠᠷ ᠪᠣᠯᠤᠨ ᠬᠦᠰᠡᠯ ᠵᠡᠭᠦᠳᠦ᠍᠎ᠶ᠋ᠢ ᠡᠷᠢᠯᠬᠢᠯᠡᠵᠦ᠍ ᠪᠠᠢᠨ᠎ᠠ》᠃ ᠨᠠᠨᠴᠠᠩ᠎ᠤᠨ 《8·1》 ᠤ᠋ ᠪᠣᠰᠣᠯᠭ᠎ᠠ᠎ᠶ᠋ᠢᠨ ᠳᠤᠷᠠᠰᠭᠠᠯ᠎ᠤᠨ ᠣᠷᠳᠣᠨ᠎ᠤ ᠳᠡᠳ᠋ ᠳᠠᠷᠤᠭ᠎ᠠ ᠵᠠᠩ ᠵᠢᠶᠠᠩ᠂ ᠪᠢᠳᠡ ᠬᠤᠪᠢᠰᠭᠠᠯ᠎ᠤᠨ ᠳᠤᠷᠠᠰᠤᠮᠵᠢ᠎ᠶ᠋ᠢ ᠰᠠᠢᠲᠤᠷ ᠰᠠᠬᠢᠨ ᠬᠠᠮᠠᠭᠠᠯᠠᠵᠤ᠂ ᠬᠤᠪᠢᠰᠭᠠᠯ᠎ᠤᠨ ᠤᠳᠤᠮᠰᠢᠯ᠎ᠢ ᠤᠯᠠᠮᠵᠢᠯᠠᠨ ᠵᠠᠯᠭᠠᠮᠵᠢᠯᠠᠵᠤ᠂ ᠬᠤᠪᠢᠰᠭᠠᠯ᠎ᠤᠨ ᠵᠣᠷᠢᠭ ᠰᠠᠨᠠᠭ᠎ᠠ᠎ᠶ᠋ᠢ ᠱᠢᠨ᠎ᠡ ᠴᠠᠭ ᠦᠶ᠎ᠡ᠎ᠳᠦ ᠬᠡᠷᠡᠯ ᠭᠢᠯᠪᠠᠭ᠎ᠠ ᠰᠠᠴᠤᠷᠠᠭᠤᠯᠤᠨ᠎ᠠ ᠭᠡᠪᠡ᠃
ᠨᠠᠮ᠎ᠤᠨ ᠤᠳᠤᠷᠢᠳᠤᠭ᠍ᠰᠠᠨ ᠠᠷᠠᠳ᠎ᠤᠨ ᠴᠡᠷᠢᠭ ᠠᠩᠬᠢ᠎ᠶ᠋ᠢᠨ ᠠᠷᠢᠭᠤᠨ ᠴᠢᠰᠤ ᠪᠣᠯᠤᠨ ᠠᠮᠢ ᠨᠠᠰᠤ᠎ᠪᠠᠷ᠎ᠢᠶᠠᠨ ᠴᠣᠭ᠍ᠴᠠᠯᠠᠭ᠍ᠰᠠᠨ ᠤᠶᠤᠨ ᠰᠠᠨᠠᠭᠠᠨ᠎ᠤ ᠥᠷᠯᠥᠭ ᠬᠥᠱᠢᠢ᠎ᠡ ᠥᠨᠢ ᠡᠭᠦᠷᠢᠳᠡ ᠲᠡᠦᠬᠡ᠎ᠶ᠋ᠢᠨ ᠤᠷᠳᠤ ᠤᠷᠤᠰᠭᠠᠯ᠎ᠳᠤ ᠰᠦᠨᠳᠡᠷᠯᠡᠵᠦ᠍᠂ ᠥᠨᠢ ᠡᠭᠦᠷᠢᠳᠡ ᠲᠦᠭ ᠲᠦᠮᠡᠨ ᠠᠷᠠᠳ ᠢᠷᠭᠡᠳ᠎ᠤᠨ ᠰᠡᠳᠭᠢᠯ᠎ᠳᠦ ᠰᠦᠨᠳᠡᠷᠯᠡᠵᠦ᠍᠂ ᠥᠨᠢ ᠡᠭᠦᠷᠢᠳᠡ ᠪᠢᠳᠡᠨ᠎ᠢ ᠵᠣᠷᠢᠭ᠍ᠵᠢᠭᠤᠯᠤᠨ ᠡᠷᠡᠯᠬᠡᠭ᠌ᠯᠡᠨ ᠤᠷᠤᠭ᠍ᠰᠢᠯᠠᠭᠤᠯᠵᠤ᠂ ᠢᠯᠠᠯᠲᠠ᠎ᠡᠴᠡ ᠢᠯᠠᠯᠲᠠ ᠲᠡᠢᠰᠢ ᠤᠷᠤᠭ᠍ᠰᠢᠯᠠᠭᠤᠯᠤᠨ᠎ᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 6 ᠰᠠᠷ᠎ᠠ᠎ᠶ᠋ᠢᠨ 3 ᠤ᠋ ᠴᠠᠬᠢᠯᠭᠠᠨ ᠮᠡᠳᠡᠭᠡ)