《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈 ᠠᠷᠪᠠᠨ ᠲᠠᠪᠤᠳᠤᠭᠠᠷ ᠲᠠᠪᠤᠨ ᠵᠢᠯ〉 ᠤ᠋ᠨ ᠱᠢᠨ᠎ᠡ ᠮᠠᠶᠢᠭ᠎ᠤᠨ ᠠᠵᠤ ᠦᠶ᠋ᠯᠡᠳᠪᠦᠷᠢᠵᠢᠯᠲᠡ᠎ᠶ᠋ᠢᠨ ᠬᠥᠭ᠌ᠵᠢᠯᠲᠡ᠎ᠶ᠋ᠢᠨ ᠲᠥᠯᠥᠪᠵᠢᠭᠦᠯᠭᠡ》 ᠶ᠋ᠢᠨ ᠲᠤᠰᠭᠠᠶ ᠮᠡᠷᠭᠡᠵᠢᠯᠲᠡᠨ᠎ᠦ ᠬᠢᠨᠠᠨ ᠲᠣᠭ᠍ᠲᠠᠭᠠᠬᠤ ᠬᠤᠷᠠᠯ ᠶᠠᠪᠤᠭᠳᠠᠪᠠ
2026-06-11 17:01:47
ᠵᠣᠬᠢᠶᠠᠭ᠍ᠴᠢ᠄
​ᠳᠡᠯᠭᠡᠷᠬᠦᠦ
ᠣᠩᠱᠢᠭ᠍ᠰᠠᠨ ᠣᠳᠠᠭ᠎ᠠ᠄
★★★☆☆

 ᠤᠢᠷ᠎ᠠ᠎ᠶᠢᠨ ᠡᠳᠦᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  〈ᠠᠷᠪᠠᠨ ᠲᠠᠪᠤᠳᠤᠭᠠᠷ ᠲᠠᠪᠤᠨ ᠵᠢᠯ〉 ᠤ᠋ᠨ ᠱᠢᠨ᠎ᠡ ᠬᠡᠯᠪᠡᠷᠢ᠎ᠶ᠋ᠢᠨ ᠠᠵᠤ ᠦᠶ᠋ᠯᠡᠳᠪᠦᠷᠢᠵᠢᠯᠲᠡ᠎ᠶ᠋ᠢᠨ ᠬᠥᠭ᠌ᠵᠢᠯᠲᠡ᠎ᠶ᠋ᠢᠨ ᠲᠥᠯᠥᠪᠵᠢᠭᠦᠯᠭᠡ》 (ᠳᠣᠷᠣᠭ᠍ᠰᠢ 《ᠲᠥᠯᠥᠪᠵᠢᠭᠦᠯᠭᠡ》 ᠭᠡᠵᠦ᠍ ᠲᠣᠪᠴᠢᠯᠠᠨ᠎ᠠ) ᠶ᠋ᠢᠨ ᠲᠤᠰᠭᠠᠶ ᠮᠡᠷᠭᠡᠵᠢᠯᠲᠡᠨ᠎ᠦ ᠬᠢᠨᠠᠨ ᠲᠣᠭᠳᠠᠭᠠᠬᠤ ᠬᠤᠷᠠᠯ ᠬᠥᠬᠡᠬᠣᠲᠠ᠎ᠳᠤ ᠶᠠᠪᠤᠭ᠍ᠳᠠᠵᠠᠢ᠃

ᠬᠢᠨᠠᠨ ᠲᠣᠭ᠍ᠲᠠᠭᠠᠬᠤ ᠲᠤᠰᠭᠠᠶ ᠮᠡᠷᠭᠡᠵᠢᠯᠲᠡᠨ᠎ᠦ ᠳᠤᠭᠤᠢᠯᠠᠩ᠎ᠤᠨ ᠡᠩᠨᠡᠭᠡ ᠨᠢ ᠶᠡᠬᠡ ᠳᠡᠭᠡᠳᠦ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠂ ᠠᠵᠢᠯ ᠲᠥᠷᠥᠯ᠎ᠦᠨ ᠢᠨᠵᠧᠨᠧᠷᠢᠩ᠂ ᠠᠵᠤ ᠦᠶ᠋ᠯᠡᠰ᠎ᠦᠨ ᠰᠤᠳᠤᠯᠭᠠᠨ ᠵᠡᠷᠭᠡ ᠣᠯᠠᠨ ᠬᠦᠷᠢᠶᠡᠨ᠎ᠦ ᠨᠡᠷ᠎ᠡ ᠬᠦᠨᠳᠦᠲᠦ ᠲᠤᠰᠭᠠᠶ ᠮᠡᠷᠭᠡᠵᠢᠯᠲᠡᠨ᠎ᠢ ᠬᠠᠮᠤᠷᠴᠠᠢ᠃ ᠬᠤᠷᠠᠯ᠎ᠳᠤ ᠣᠷᠣᠯᠴᠠᠭ᠍ᠰᠠᠨ ᠲᠤᠰᠭᠠᠶ ᠮᠡᠷᠭᠡᠵᠢᠯᠲᠡᠳ ᠤᠯᠤᠰ᠎ᠤᠨ ᠠᠵᠤ ᠦᠶ᠋ᠯᠡᠰ᠎ᠦᠨ ᠲᠥᠷᠥ᠎ᠶ᠋ᠢᠨ ᠪᠣᠳᠣᠯᠭ᠎ᠠ᠎ᠶ᠋ᠢᠨ ᠤᠳᠤᠷᠢᠳᠤᠮᠵᠢ ᠪᠣᠯᠤᠨ ᠥᠪᠥᠷ ᠮᠣᠩᠭᠣᠯ᠎ᠤᠨ ᠡᠬᠢ ᠪᠠᠶᠠᠯᠢᠭ᠎ᠤᠨ ᠰᠤᠷᠪᠤᠯᠵᠢ᠂ ᠠᠵᠤ ᠦᠶ᠋ᠯᠡᠰ᠎ᠦᠨ ᠰᠠᠭᠤᠷᠢ᠎ᠲᠠᠶ ᠤᠶᠠᠯᠳᠤᠭᠤᠯᠤᠨ᠂ 《ᠲᠥᠯᠥᠪᠵᠢᠭᠦᠯᠭᠡ》 ᠶ᠋ᠢᠨ ᠠᠭᠤᠯᠭ᠎ᠠ᠎ᠳᠤ ᠪᠥᠬᠥ᠌ ᠲᠠᠯ᠎ᠠ᠎ᠪᠠᠷ ᠲᠤᠯᠭᠠᠨ ᠠᠰᠠᠭᠤᠬᠤ ᠪᠠ ᠭᠦᠨᠵᠡᠭᠡᠶ ᠰᠤᠳᠤᠯᠤᠨ ᠶᠠᠷᠢᠯᠴᠠᠵᠠᠢ᠃ ᠲᠤᠰᠬᠠᠢ ᠮᠡᠷᠭᠡᠵᠢᠯᠲᠡᠳ ᠡᠴᠡ  《ᠲᠥᠯᠥᠪᠵᠢᠭᠦᠯᠭᠡ》 ᠶ᠋ᠢᠨ ᠰᠡᠳᠭᠢᠮᠵᠢ ᠨᠢ ᠲᠣᠳᠣᠷᠬᠠᠶ᠂ ᠪᠦᠲᠦᠴᠡ ᠨᠢ ᠵᠦᠶ ᠵᠣᠬᠢᠰᠲᠠᠶ᠂ ᠠᠭᠤᠯᠭ᠎ᠠ ᠨᠢ ᠪᠦᠬᠦ᠌ ᠲᠠᠯ᠎ᠠ᠎ᠶ᠋ᠢᠨ ᠪᠠᠢᠵᠤ᠂ ᠤᠯᠤᠰ᠎ᠤᠨ ᠱᠢᠨ᠎ᠡ ᠮᠠᠶᠢᠭ᠎ᠤᠨ ᠠᠵᠤ ᠦᠢᠯᠡᠳᠪᠦᠷᠢᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ ᠪᠠ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠶ ᠨᠡᠢᠴᠡᠵᠦ᠍᠂ ᠨᠡᠯᠢᠶᠡᠳ ᠴᠢᠩᠭ᠎ᠠ ᠵᠢᠯᠣᠭᠣᠳᠭᠤ ᠴᠢᠨᠠᠷ ᠪᠠ ᠬᠡᠷᠡᠭ᠌ᠵᠢᠭᠦᠯᠵᠦ᠍ ᠪᠣᠯᠬᠤᠢᠴᠠ ᠴᠢᠨᠠᠷ᠎ᠲᠠᠶ ᠪᠠᠢᠨ᠎ᠠ ᠬᠡᠵᠦ ᠦᠵᠡᠵᠡᠢ᠃ ᠡᠭᠦᠨ᠎ᠦ ᠬᠠᠮᠲᠤ᠂ ᠲᠤᠰᠭᠠᠶ ᠮᠡᠷᠭᠡᠵᠢᠯᠲᠡᠳ ᠠᠵᠤ ᠦᠶ᠋ᠯᠡᠰ᠎ᠦᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌᠂ ᠪᠣᠬᠢᠷᠲᠤᠯ ᠥᠬᠡᠶ ᠴᠠᠬᠢᠯᠭᠠᠨ᠎ᠢ ᠱᠢᠩᠭᠡᠭᠡᠨ ᠠᠱᠢᠭ᠍ᠯᠠᠬᠤ᠂ ᠪᠣᠬᠢᠷᠲᠤᠯ ᠥᠬᠡᠶ ᠪᠤᠳᠤᠯᠳᠡ᠎ᠶᠢᠨ ᠬᠦᠴᠦᠨ ᠵᠡᠷᠭᠡ ᠲᠠᠯ᠎ᠠ᠎ᠪᠠᠷ ᠬᠠᠨᠳᠤᠯᠭᠠᠲᠤ ᠴᠢᠨᠠᠷᠲᠠᠶ᠂ ᠪᠦᠲᠦᠭᠡᠯᠴᠢ ᠴᠢᠨᠠᠷᠲᠠᠶ ᠵᠠᠰᠠᠪᠤᠷᠢ ᠣᠷᠣᠭᠤᠯᠬᠤ ᠰᠠᠨᠠᠯ ᠰᠠᠨᠠᠭᠤᠯᠭ᠎ᠠ ᠳᠤᠷᠠᠳᠴᠠᠶ᠃

ᠬᠤᠷᠠᠯ ᠡᠴᠡ᠂ ᠨᠠᠢᠷᠠᠭᠤᠯᠤᠨ ᠵᠣᠬᠢᠶᠠᠬᠤ ᠳᠤᠭᠤᠢᠯᠠᠩ᠎ᠤᠨ᠎ᠬᠢᠨ ᠲᠣᠰ ᠤᠳᠠᠭ᠎ᠠ᠎ᠶ᠋ᠢᠨ ᠬᠢᠨᠠᠨ ᠲᠣᠭ᠍ᠲᠠᠭᠠᠯᠲᠠ᠎ᠪᠠᠷ ᠠᠵᠠ ᠲᠣᠬᠢᠶᠠᠯ ᠪᠣᠯᠭᠠᠵᠤ᠂ ᠲᠤᠰᠭᠠᠶ ᠮᠡᠷᠭᠡᠵᠢᠯᠲᠡᠨ᠎ᠦ ᠰᠠᠨᠠᠯ ᠰᠠᠨᠠᠭᠤᠯᠭ᠎ᠠ᠎ᠵᠢ᠎ᠨᠠᠷᠢᠨ ᠬᠢᠨᠠᠮᠠᠭᠠᠶ ᠡᠮᠬᠢᠳᠭᠡᠨ ᠱᠢᠩᠭᠡᠭᠡᠵᠦ᠍᠂  《ᠲᠥᠯᠥᠪᠵᠢᠭᠦᠯᠭᠡ》 ᠶ᠋ᠢᠨ ᠱᠢᠨᠵᠢᠯᠡᠬᠦ᠌ ᠤᠬᠠᠭᠠᠨᠴᠢ ᠴᠢᠨᠠᠷ᠂ ᠠᠯᠤᠰ ᠬᠡᠲᠦ᠍᠎ᠶ᠋ᠢᠨ ᠴᠢᠨᠠᠷ ᠪᠠ ᠪᠣᠳᠠᠲᠠᠶ ᠬᠡᠷᠡᠭ᠌ᠵᠢᠭᠦᠯᠬᠦ᠌ ᠴᠢᠨᠠᠷ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ 《ᠲᠥᠯᠥᠪᠵᠢᠭᠦᠯᠭᠡ》 ᠶ᠋ᠢ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠶ ᠨᠠᠩ ᠨᠡᠢᠴᠡᠭᠦᠯᠵᠦ᠍᠂ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠵᠢᠮ᠎ᠡ ᠶᠣᠰᠣ᠎ᠲᠠᠶ ᠨᠡᠢᠴᠡᠭᠦᠯᠬᠦ᠌ ᠬᠡᠷᠡᠭ᠌ᠲᠡᠶ ᠬᠡᠵᠦ ᠱᠠᠭᠠᠷᠳᠠᠵᠠᠢ᠃

ᠲᠣᠰ ᠤᠳᠠᠭ᠎ᠠ᠎ᠵᠢᠨ ᠲᠤᠰᠭᠠᠶ ᠮᠡᠷᠭᠡᠵᠢᠯᠲᠡᠨ᠎ᠦ ᠬᠢᠨᠠᠨ ᠲᠣᠭᠲᠠᠭᠠᠬᠤ ᠬᠤᠷᠠᠯ᠎ᠤᠨ ᠤᠷᠤᠭ᠍ᠰᠢᠲᠠᠶ ᠶᠠᠪᠤᠭᠳᠠᠭᠰᠠᠨ ᠨᠢ 《ᠲᠥᠯᠥᠪᠵᠢᠭᠦᠯᠭᠡ》 ᠶ᠋ᠢ ᠵᠠᠰᠠᠵᠤ ᠲᠡᠭᠦᠯᠳᠡᠷᠵᠢᠭᠦᠯᠬᠦ᠌᠎ᠳᠦ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠭᠦᠭ᠌ᠰᠡᠨ ᠪᠥᠭᠡᠳ ᠥᠪᠥᠷ ᠮᠣᠩᠭᠣᠯ᠎ᠤᠨ《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠱᠢᠨ᠎ᠡ ᠬᠡᠯᠪᠡᠷᠢ᠎ᠶ᠋ᠢᠨ ᠠᠵᠤ ᠦᠶ᠋ᠯᠡᠳᠪᠦᠷᠢᠵᠢᠯᠲᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠬᠠᠮᠲᠤᠷᠠᠯ ᠬᠦᠴᠦᠨ᠎ᠢ ᠨᠢᠭ᠍ᠲᠠᠷᠠᠭᠤᠯᠵᠠᠢ᠃  ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ ᠨᠢ 《ᠲᠥᠯᠥᠪᠵᠢᠭᠦᠯᠭᠡ》 ᠳ᠋ᠤ ᠵᠠᠰᠠᠪᠤᠷᠢ ᠣᠷᠣᠭᠤᠯᠵᠤ ᠲᠡᠭᠦᠯᠳᠡᠷᠵᠢᠭᠦᠯᠬᠦ᠌ ᠠᠵᠢᠯ᠎ᠢ ᠥᠨᠳᠥᠷ ᠪᠠᠷᠢᠮᠵᠢᠶ᠎ᠠ᠎ᠪᠠᠷ ᠪᠡᠶᠡᠯᠡᠭᠦᠯᠵᠦ᠍᠂ ᠶᠠᠪᠤᠴᠡ᠎ᠶᠢᠨ ᠶᠣᠰᠣᠭᠠᠷ ᠮᠡᠳᠡᠭᠦᠯᠦᠨ ᠵᠥᠪᠱᠢᠶᠡᠷᠡᠭᠦᠯᠦᠭ᠌ᠰᠡᠨ᠎ᠦ ᠳᠠᠷᠠᠭ᠎ᠠ ᠳᠠᠷᠤᠮᠠᠯᠯᠠᠨ ᠲᠠᠷᠬᠠᠭᠠᠵᠤ  ᠬᠡᠷᠡᠭ᠌ᠵᠢᠭᠦᠯᠬᠦ  ᠪᠡᠷ  ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号