ᠪᠦᠬᠦ᠌ ᠣᠷᠣᠨ᠎ᠤ ᠵᠠᠰᠠᠭ᠎ᠤᠨ ᠣᠷᠳᠣᠨ᠎ᠤ ᠲᠤᠰᠭᠠᠶ ᠲᠤᠱᠢᠶᠠᠯᠲᠤ ᠭᠠᠯ ᠰᠡᠷᠬᠡᠢᠯᠡᠵᠦ ᠭᠠᠯ ᠤᠨᠲᠠᠷᠠᠭᠠᠬᠤ ᠡᠩᠨᠡᠭᠡ᠎ᠶ᠋ᠢᠨ ᠪᠣᠯᠪᠠᠰᠤᠷᠠᠯ᠎ᠶᠠᠪᠤᠬᠳᠠᠪᠠ
2026-06-11 17:04:56
ᠵᠣᠬᠢᠶᠠᠭ᠍ᠴᠢ᠄
​ ᠰᠠᠴᠤᠷᠠᠯ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠶ ᠠᠩᠭᠢ ᠪᠥᠬᠥ᠌ ᠣᠷᠣᠨ᠎ᠤ ᠵᠠᠰᠠᠭ᠎ᠤᠨ ᠣᠷᠳᠣᠨ᠎ᠤ ᠲᠤᠰᠭᠠᠶ ᠲᠤᠱᠢᠶᠠᠯᠲᠤ ᠭᠠᠯ ᠰᠡᠷᠭᠡᠢᠯᠡᠵᠦ᠍ ᠭᠠᠯ ᠤᠨᠲᠠᠷᠠᠭᠠᠬᠤ ᠡᠩᠨᠡᠭᠡ᠎ᠶ᠋ᠢᠨ ᠭᠤᠤᠯᠯᠠᠭ᠍ᠴᠢ ᠬᠦᠴᠦᠨ᠎ᠤ ᠪᠣᠯᠪᠠᠰᠤᠷᠠᠯ᠎ᠤᠨ ᠠᠩᠭᠢ ᠡᠷᠭᠢᠯᠡᠵᠦ᠍᠂ ᠪᠣᠯᠪᠠᠰᠤᠷᠠᠯ᠎ᠳᠤ ᠣᠷᠣᠯᠴᠠᠭ᠍ᠰᠠᠨ 100 ᠰᠤᠷᠤᠯᠭᠠᠲᠠᠨ ᠡᠯ᠎ᠡ ᠵᠦᠶ᠋ᠯ᠎ᠦᠨ ᠪᠣᠯᠪᠠᠰᠤᠷᠠᠯ᠎ᠤᠨ ᠡᠭᠦᠷᠭᠡ᠎ᠪᠡᠨ ᠲᠡᠭᠦᠰ ᠠᠮᠵᠢᠯᠲᠠ᠎ᠲᠠᠶ ᠪᠡᠶᠡᠯᠡᠭᠦᠯᠵᠦ᠂ ᠪᠤᠳᠠᠳᠦ ᠠᠵᠢᠯᠯᠠᠭᠠᠨ᠎ᠤ ᠴᠢᠳᠠᠪᠤᠷᠢ ᠪᠠᠨ ᠳᠡᠭᠡᠭᠰᠢᠯᠡᠬᠦᠯᠪᠡ᠃

ᠪᠤᠯᠪᠠᠰᠤᠷᠠᠯ᠎ᠤᠨ ᠬᠤᠭᠤᠴᠠᠭᠠᠨ᠎ᠳᠤ᠂ ᠠᠮᠤᠷ ᠲᠦᠪᠱᠢᠨ᠎ᠦ ᠬᠠᠮᠢᠶᠠᠷᠤᠯᠲᠠ᠂ ᠭᠠᠶ ᠭᠠᠮᠱᠢᠭ᠎ᠢ ᠱᠢᠶ᠋ᠳᠪᠦᠷᠢᠯᠡᠬᠦ᠌᠂ ᠲᠦᠭᠦᠭᠡᠷᠦᠮᠵᠢ᠎ᠶ᠋ᠢᠨ ᠠᠵᠢᠯᠯᠠᠭᠠᠨ᠂ ᠱᠢᠷᠬᠠᠲᠤᠵᠤ ᠡᠪᠡᠳᠴᠢᠯᠡᠬᠦ᠌᠎ᠶ᠋ᠢ ᠰᠡᠷᠭᠡᠢᠯᠡᠬᠦ᠌ ᠵᠡᠷᠭᠡ ᠭᠤᠤᠯ ᠠᠭᠤᠯᠭ᠎ᠠ᠎ᠶ᠋ᠢᠨ ᠲᠣᠭᠣᠷᠢᠨ᠎ᠳᠤ ᠣᠯᠠᠨ ᠲᠠᠯᠠᠪᠠᠶ ᠲᠤᠰᠭᠠᠶ ᠰᠡᠳᠦᠪᠲᠦ ᠬᠢᠴᠢᠶᠡᠯ ᠲᠤᠬᠢᠷᠠᠭᠤᠯᠪᠠ᠃ ᠡᠬᠦᠨ᠎ᠳᠤ᠂ ᠪᠣᠳᠠᠲᠤ ᠠᠵᠢᠯᠯᠠᠭᠠᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠣᠯᠪᠠᠰᠤᠷᠠᠯ᠎ᠤᠨ ᠭᠣᠣᠯᠳᠠᠯᠭ᠎ᠠ᠂ ᠱᠢᠢᠳᠪᠦᠷᠢᠯᠡᠬᠦ᠌ ᠤᠷ᠎ᠠ ᠮᠡᠷᠭᠡᠵᠢᠯ ᠪᠠ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠭᠣᠣᠯᠳᠠᠯᠭ᠎ᠠ᠎ᠶ᠋ᠢ ᠲᠣᠳᠣᠷᠬᠠᠢᠯᠠᠵᠤ᠂ ᠪᠣᠳᠠᠲᠤ ᠠᠵᠢᠯᠯᠠᠭᠠᠨ᠎ᠤ ᠠᠮᠤᠷ ᠲᠦᠪᠱᠢᠨ᠎ᠢ  ᠪᠠᠲᠤᠯᠠᠪᠠ; ᠪᠣᠳᠠᠲᠤ ᠪᠣᠯᠪᠠᠰᠤᠷᠠᠯ ᠪᠠ ᠰᠤᠷᠢᠯᠲᠠ᠎ᠵᠢ ᠵᠡᠷᠭᠡ᠎ᠪᠡᠷ ᠶᠠᠪᠤᠭ᠍ᠳᠠᠭᠤᠯᠵᠦ᠂ ᠭᠠᠯ ᠰᠡᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠦᠬᠦ᠌ ᠬᠡᠯᠬᠢᠶᠡᠨ᠎ᠦ ᠵᠠᠩᠭᠢᠯᠠᠭ᠎ᠠ᠎ᠶ᠋ᠢᠨ ᠤᠷ᠎ᠠ ᠴᠢᠳᠠᠪᠤᠷᠢ᠎ᠶ᠋ᠢ ᠬᠠᠮᠤᠷᠪᠠ; ᠪᠣᠯᠪᠠᠰᠤᠷᠠᠯ᠎ᠨᠢ ᠳᠦᠷᠢᠮ ᠲᠤᠬᠲᠠᠭᠠᠯ᠎ᠢ ᠴᠢᠩᠭ᠎ᠠ ᠨᠠᠢᠳᠠᠪᠤᠷᠢᠵᠢᠭᠤᠯᠵᠤ᠂  ᠵᠢᠩᠬᠢᠨᠢᠴᠢᠯᠡᠬᠦ᠌ ᠪᠠᠢᠭᠤᠯᠤᠯᠲᠠ᠂ ᠵᠢᠵᠢᠭᠦᠷᠯᠡᠬᠦ᠌ ᠪᠡᠯᠡᠳᠭᠡᠯ᠂ ᠳᠣᠲᠣᠭᠠᠳᠤ ᠶᠠᠪᠤᠳᠠᠯ᠎ᠤᠨ ᠬᠠᠮᠢᠶᠠᠷᠤᠯᠲᠠ᠂ ᠲᠡᠷᠢᠭᠦᠨ᠎ᠦ ᠲᠤᠷᠱᠢᠯᠭ᠎ᠠ᠎ᠶ᠋ᠢ ᠤᠯᠠᠮᠵᠢᠯᠠᠪᠠ; ᠪᠤᠯᠪᠠᠰᠤᠷᠠᠯ᠎ᠤᠨ ᠦᠷ᠎ᠡ ᠪᠦᠲᠦᠭᠡᠯ᠎ᠢ ᠪᠦᠬᠦ ᠲᠠᠯ᠎ᠠ ᠪᠡᠷ ᠰᠢᠯᠭᠠᠨ ᠪᠠᠢᠴᠠᠭᠠᠵᠦ᠂ ᠤᠨᠤᠯ᠎ᠤᠨ ᠰᠢᠯᠭᠠᠯᠲᠠ᠎ᠵᠢ ᠵᠤᠬᠢᠶᠠᠨ ᠪᠠᠢᠭᠤᠯᠤᠨ ᠦᠷᠨᠢᠬᠦᠯᠵᠦ᠂ ᠰᠢᠯᠢᠳᠡᠭ  ᠰᠤᠷᠤᠯᠭᠠᠲᠠᠳ᠎ᠲᠤ ᠢᠷᠠᠭᠤ  ᠠᠯᠳᠠᠷ᠎ᠤᠨ ᠦᠨᠡᠮᠯᠡᠯ  ᠬᠦᠷᠳᠡᠭᠡᠪᠡ᠃

ᠪᠣᠯᠪᠠᠰᠤᠷᠠᠯ᠎ᠢᠶᠠᠷ ᠳᠠᠮᠵᠢᠨ᠂ ᠪᠥᠬᠥ᠌ ᠣᠷᠣᠨ᠎ᠤ ᠵᠠᠰᠠᠭ᠎ᠤᠨ ᠣᠷᠳᠣᠨ᠎ᠤ ᠲᠤᠰᠭᠠᠶ ᠲᠤᠱᠢᠶᠠᠯᠲᠤ ᠭᠠᠯ ᠰᠡᠷᠬᠡᠢᠯᠡᠵᠦ ᠭᠠᠯ ᠤᠨᠲᠠᠷᠠᠭᠠᠬᠤ ᠡᠩᠨᠡᠭᠡ᠎ᠶ᠋ᠢᠨ ᠭᠤᠤᠯᠯᠠᠭ᠍ᠴᠢ ᠬᠦᠴᠦᠨ᠎ᠦ ᠲᠤᠬᠠᠢᠯᠠᠭ᠍ᠰᠠᠨ ᠠᠵᠢᠯ᠎ᠤᠨ ᠬᠡᠪ ᠪᠣᠯᠪᠠᠰᠤᠷᠠᠯ᠂ ᠵᠢᠯᠣᠭᠣᠳᠭᠤ ᠴᠢᠳᠠᠪᠤᠷᠢ ᠪᠠ ᠪᠣᠳᠠᠲᠤ ᠠᠵᠢᠯᠯᠠᠭᠠᠨ᠎ᠤ ᠬᠢᠷᠢ ᠲᠦᠪᠰᠢᠨ᠎ᠢ ᠪᠦᠲᠦᠮᠵᠢᠲᠡᠶ ᠳᠡᠭᠡᠭ᠌ᠰᠢᠯᠡᠭᠦᠯᠵᠦ᠍᠂ ᠲᠤᠰᠭᠠᠶ ᠲᠤᠱᠢᠶᠠᠯᠲᠤ ᠭᠠᠯ ᠰᠡᠷᠬᠡᠢᠯᠡᠵᠦ ᠭᠠᠯ ᠤᠨᠲᠠᠷᠠᠭᠠᠬᠤ ᠡᠩᠨᠡᠭᠡ᠎ᠶ᠋ᠢ ᠤᠯᠠᠮ ᠨᠢᠭᠡ ᠠᠯᠬᠤᠮ ᠬᠦᠴᠦᠷᠬᠡᠭ᠌ᠵᠢᠭᠦᠯᠵᠦ᠍᠂ ᠭᠠᠯ ᠰᠡᠷᠬᠡᠢᠯᠡᠵᠦ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠤᠳᠠᠲᠦ ᠠᠵᠢᠯᠯᠠᠭᠠᠨ᠎ᠤ ᠰᠠᠭᠤᠷᠢ᠎ᠶ᠋ᠢ ᠪᠡᠬᠢᠵᠢᠭᠦᠯᠬᠦ᠌᠎ᠳᠦ  ᠴᠢᠳᠠᠪᠤᠷᠢᠲᠠᠨ᠎ᠤ ᠲᠤᠯᠭᠠᠭᠤᠷᠢᠯᠠᠯ  ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号