ᠦᠪᠦᠷ ᠮᠤᠩᠭᠤᠯ ᠰᠤᠷᠭᠠᠭᠤᠯᠢ᠎ᠶᠢᠨ ᠮᠠᠰᠢᠨ ᠲᠡᠷᠭᠡ᠎ᠶᠢᠨ ᠠᠮᠤᠷ ᠲᠦᠪᠰᠢᠨ ᠡᠵᠡᠩᠨᠡᠯᠲᠡ᠎ᠳᠤ ᠲᠤᠰᠬᠠᠢ ᠪᠠᠢᠴᠠᠭᠠᠨ ᠴᠡᠭᠴᠡᠯᠡᠯᠲᠡ ᠬᠢᠨ᠎ᠠ
2026-06-12 10:54:38
ᠵᠣᠬᠢᠶᠠᠭ᠍ᠴᠢ᠄
​ᠨᠠᠪᠴᠢ
ᠣᠩᠱᠢᠭ᠍ᠰᠠᠨ ᠣᠳᠠᠭ᠎ᠠ᠄
★★★☆☆

6  ᠰᠠᠷ᠎ᠠ᠎ᠶᠢᠨ 2᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠪᠥᠬᠥ ᠣᠷᠣᠨ᠎ᠤ ᠰᠤᠷᠭᠠᠭᠤᠯᠢ᠎ᠶᠢᠨ ᠮᠠᠰᠢᠨ ᠲᠡᠷᠭᠡ᠎ᠶᠢᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠵᠢᠯ᠎ᠤᠨ ᠬᠤᠷᠠᠯ ᠬᠤᠷᠠᠯᠳᠤᠭᠤᠯᠵᠤ᠂  ᠰᠤᠷᠭᠠᠭᠤᠯᠢ᠎ᠶᠢᠨ ᠮᠠᠰᠢᠨ ᠲᠡᠷᠭᠡ᠎ᠶᠢᠨ ᠠᠮᠤᠷ  ᠲᠦᠪᠰᠢᠨ ᠡᠵᠡᠩᠨᠡᠯᠲᠡ ᠵᠢᠨ ᠠᠵᠢᠯ᠎ᠢ  ᠠᠬᠢᠭᠤᠯᠤᠬᠰᠠᠨ ᠪᠠᠢᠨ᠎ᠠ᠃

ᠬᠤᠷᠠᠯ᠎ᠠᠴᠠ᠂ 《ᠣᠷᠣᠨ ᠨᠤᠲᠤᠭ᠎ᠤᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠶᠡᠷᠦᠩᠬᠡᠢ ᠬᠠᠷᠢᠭᠤᠴᠠᠯᠭ᠎ᠠ᠎ᠶᠢ ᠡᠭᠦᠷᠭᠡᠯᠡᠵᠦ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠲᠣᠰ ᠲᠣᠰ᠎ᠤᠨ ᠬᠠᠷᠢᠭᠤᠴᠠᠯᠭ᠎ᠠ᠎ᠶᠢ ᠡᠭᠦᠷᠭᠡᠯᠡᠵᠦ᠂ ᠰᠤᠷᠭᠠᠭᠤᠯᠢ᠎ᠶᠢᠨ ᠮᠠᠰᠢᠨ ᠲᠡᠷᠭᠡ᠎ᠶᠢᠨ ᠡᠵᠡᠩᠨᠡᠯᠲᠡ᠎ᠶᠢᠨ ᠨᠢᠭᠡᠴᠡ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠡᠭᠦᠷᠭᠡᠯᠡᠬᠦ》 ᠬᠠᠷᠢᠭᠤᠴᠠᠯᠭ᠎ᠠ᠎ᠶᠢᠨ ᠰᠢᠰᠲᠧᠮ᠎ᠢ ᠴᠢᠩᠭᠠᠳᠬᠠᠵᠤ᠂ ᠬᠣᠰᠢᠭᠤ ᠰᠢᠶᠠᠨ᠎ᠤ ᠨᠠᠮ ᠵᠠᠰᠠᠭ᠂ ᠡᠯ᠎ᠡ ᠰᠠᠯᠠᠭ᠎ᠠ ᠮᠥᠴᠢᠷ᠂ ᠰᠤᠷᠭᠠᠭᠤᠯᠢ(ᠬᠡᠦᠬᠡᠳ᠎ᠦᠨ ᠴᠡᠴᠡᠷᠯᠢᠭ)᠂ ᠰᠤᠷᠭᠠᠭᠤᠯᠢ᠎ᠶᠢᠨ ᠮᠠᠰᠢᠨ ᠲᠡᠷᠭᠡ᠎ᠶᠢᠨ ᠡᠵᠡᠩᠨᠡᠯᠲᠡ᠎ᠶᠢᠨ ᠨᠢᠭᠡᠴᠢ  ᠪᠣᠯᠣᠨ  ᠵᠢᠯᠣᠭᠣᠴᠢ ᠵᠡᠷᠭᠡ ᠲᠠᠪᠤᠨ ᠱᠠᠲᠤᠨ᠎ᠤ ᠠᠮᠤᠷ ᠲᠦᠪᠰᠢᠨ᠎ᠦ ᠠᠵᠢᠯ᠎ᠤᠨ ᠳᠤᠤᠷᠵᠢᠯ᠎ᠢ  ᠪᠦᠷᠢᠨᠰᠢᠭᠦᠯᠵᠦ᠂ ᠬᠠᠮᠳᠦ ᠪᠡᠷ ᠠᠳᠬᠤᠵᠤ ᠬᠠᠮᠲᠤ ᠪᠠᠷ ᠬᠠᠮᠢᠶᠠᠷᠬᠤ ᠠᠵᠢᠯ᠎ᠤᠨ ᠬᠠᠮᠳᠤᠷᠠᠯ ᠬᠦᠴᠦᠨ᠎ᠢ ᠨᠢᠭ᠍ᠲᠠᠷᠠᠭᠤᠯᠬᠤ ᠬᠡᠷᠡᠭᠲᠡᠢ᠃ ᠰᠤᠷᠤᠭ᠍ᠴᠢ ᠵᠥᠭᠡᠭᠡᠪᠦᠷᠢᠯᠡᠬᠦ ᠮᠠᠰᠢᠨ ᠲᠡᠷᠭᠡ ᠎ᠶᠢᠨ ᠵᠥᠪᠰᠢᠶᠡᠷᠡᠯ ᠪᠣᠯᠣᠨ ᠬᠢᠨᠠᠨ ᠵᠥᠪᠰᠢᠶᠡᠷᠡᠵᠦ ᠳᠠᠩᠰᠠᠯᠠᠭᠤᠯᠬᠤ ᠳᠦᠷᠢᠮ ᠎ᠢ ᠴᠢᠩᠭ᠎ᠠ ᠪᠠᠢᠭᠤᠯᠵᠤ᠂ ᠰᠤᠷᠤᠭ᠍ᠴᠢ ᠵᠥᠭᠡᠭᠡᠪᠦᠷᠢᠯᠡᠬᠦ ᠮᠠᠰᠢᠨ ᠲᠡᠷᠭᠡ᠎ᠶᠢᠨ ᠡᠵᠡᠩᠨᠡᠯᠲᠡ ᠎ᠶᠢᠨ ᠵᠠᠭᠪᠤᠷ᠎ᠢ ᠵᠢᠷᠤᠮᠵᠢᠭᠤᠯᠤᠨ᠂ ᠵᠠᠰᠠᠭ ᠎ᠤᠨ ᠣᠷᠳᠣᠨ᠎ᠡᠴᠠ ᠰᠤᠷᠤᠭ᠍ᠴᠢ ᠵᠥᠭᠡᠭᠡᠪᠦᠷᠢᠯᠡᠬᠦ ᠮᠠᠰᠢᠨ ᠲᠡᠷᠭᠡ᠎ᠶᠢᠨ ᠦᠢᠯᠡᠴᠢᠯᠡᠭᠡ ᠬᠠᠩᠭᠠᠬᠤ᠂ ᠺᠣᠮᠫᠠᠨᠢᠴᠢᠯᠠᠭᠰᠠᠨ ᠲᠤᠰᠬᠠᠢ ᠡᠵᠡᠩᠨᠡᠯᠲᠡ᠂ ᠰᠤᠷᠭᠠᠭᠤᠯᠢ᠎ᠶᠢᠨ ᠥᠪᠡᠰᠦᠪᠠᠨ ᠪᠡᠯᠡᠳᠬᠡᠭᠰᠡᠨ ᠰᠤᠷᠤᠭ᠍ᠴᠢ ᠵᠥᠭᠡᠭᠡᠪᠦᠷᠢᠯᠡᠬᠦ ᠮᠠᠰᠢᠨ ᠲᠡᠷᠭᠡ ᠵᠡᠷᠭᠡ ᠵᠠᠭᠪᠤᠷ᠎ᠢ ᠲᠤᠬᠠᠢ ᠎ᠶᠢᠨ ᠭᠠᠵᠠᠷ ᠣᠷᠣᠨ ᠎ᠤ ᠪᠠᠢᠳᠠᠯ ᠳ᠋ᠠᠭᠠᠨ ᠳᠤᠬᠢᠷᠠᠭᠤᠯᠤᠨ ᠡᠵᠡᠩᠨᠡᠬᠦ  ᠬᠡᠷᠡᠭᠳᠡᠢ  ᠬᠡᠵᠦ  ᠱᠠᠭᠠᠷᠳᠠᠪᠠ᠃

ᠬᠤᠷᠠᠯ  ᠠ᠋ᠴᠠ᠂ ᠰᠤᠷᠭᠠᠨ ᠬᠥᠮᠦᠵᠢᠯ᠂ ᠳᠣᠲᠣᠭᠠᠳᠤ  ᠶ᠋ᠢ ᠬᠠᠮᠠᠭᠠᠯᠠᠬᠤ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ᠎ᠦᠳ ᠬᠠᠮᠲᠤᠷᠠᠨ ᠲᠤᠰ ᠭᠠᠵᠠᠷ᠎ᠤᠨ ᠰᠤᠷᠭᠠᠭᠤᠯᠢ  ᠶ᠋ᠢᠨ ᠮᠠᠰᠢᠨ ᠲᠡᠷᠭᠡ  ᠶ᠋ᠢᠨ ᠠᠮᠤᠷ ᠲᠦᠪᠰᠢᠨ  ᠢ᠋ᠶ᠋ᠡᠷ  ᠡᠵᠡᠩᠨᠡᠵᠦ ᠪᠠᠢᠭ᠎ᠠ ᠪᠠᠢᠳᠠᠯ᠎ᠳᠤ ᠲᠤᠰᠬᠠᠢ ᠪᠠᠢᠴᠠᠭᠠᠠ  ᠴᠡᠭᠴᠡᠯᠡᠯᠲᠡ ᠬᠢᠵᠦ᠂ ᠵᠠᠮ ᠳᠡᠭᠡᠷᠡᠬᠢ ᠬᠠᠤᠯᠢ ᠬᠡᠷᠡᠭᠵᠢᠭᠦᠯᠦᠯᠲᠡ ᠪᠠ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠶ᠋ᠢ ᠴᠢᠩᠭᠠᠳᠬᠠᠵᠤ᠂ ᠰᠤᠷᠭᠠᠭᠤᠯᠢ  ᠶ᠋ᠢᠨ ᠮᠠᠰᠢᠨ ᠲᠡᠷᠭᠡ  ᠶ᠋ᠢᠨ ᠬᠥᠮᠥᠨ᠎ᠦ ᠲᠣᠭ᠎ᠠ ᠠ᠋ᠴᠠ ᠬᠡᠲᠦᠷᠡᠬᠦᠯᠦᠨ ᠵᠦᠬᠡᠬᠡᠪᠦᠷᠢᠯᠡᠭᠰᠡᠨ᠂ ᠬᠤᠷᠳᠤᠴᠠ ᠬᠡᠲᠦᠷᠡᠭᠰᠡᠨ᠂ ᠶᠠᠳᠠᠷᠠᠯ ᠳᠠᠢ ᠪᠡᠷ ᠲᠡᠷᠭᠡ ᠵᠢᠯᠣᠭᠣᠳᠤᠭᠰᠠᠨ ᠵᠡᠷᠭᠡ ᠬᠠᠤᠯᠢ ᠪᠤᠰᠤ ᠲᠡᠭᠡᠭᠡᠪᠦᠷᠢ  ᠶ᠋ᠢᠨ ᠮᠠᠰᠢᠨ ᠲᠡᠷᠭᠡ᠎ᠪᠡᠷ ᠰᠤᠷᠤᠭ᠍ᠴᠢᠳ ᠢ᠋ ᠲᠤᠰᠴᠤ ᠬᠦᠷᠭᠡᠬᠦ ᠵᠡᠷᠭᠡ ᠬᠠᠤᠯᠢ ᠠ᠋ᠴᠠ ᠵᠥᠷᠢᠴᠡᠭᠰᠡᠨ ᠠᠵᠢᠯᠯᠠᠭ᠎ᠠ  ᠶ᠋ᠢ ᠭᠣᠣᠯᠳᠠᠯᠭ᠎ᠠ᠎ᠲᠠᠢ᠎ᠪᠠᠢᠴᠠᠭᠠᠨ ᠰᠢᠢᠳᠪᠦᠷᠢᠯᠡᠬᠦ ᠬᠡᠷᠡᠭᠲᠡᠢ᠃ ᠰᠣᠷᠣᠭ᠍ᠴᠢ᠂ ᠵᠢᠯᠣᠭᠣᠴᠢ᠂ ᠮᠠᠰᠢᠨ ᠲᠡᠷᠭᠡ ᠵᠢᠨ ᠬᠠᠮᠢᠶᠠᠷᠤᠯᠲᠠ᠎ᠶᠢᠨ ᠠᠵᠢᠯᠲᠠᠨ᠂ ᠭᠡᠷ᠎ᠦᠨ ᠠᠬᠠᠮᠠᠳ᠎ᠲᠤ ᠬᠠᠨᠳᠤᠭᠤᠯᠤᠨ ᠰᠤᠷᠭᠠᠭᠤᠯᠢ᠎ᠶᠢᠨ ᠮᠠᠰᠢᠨ ᠲᠡᠷᠭᠡ᠎ᠶᠢᠨ ᠠᠮᠤᠷ ᠲᠦᠪᠰᠢᠨ᠎ᠦ ᠮᠡᠳᠡᠯᠭᠡ᠂ ᠡᠨᠳᠡᠯ᠎ᠦᠨ ᠬᠡᠷᠡᠭ᠎ᠦᠨ ᠵᠢᠱ᠌ᠢᠶ᠎ᠡ ᠪᠠ ᠪᠠᠴᠢᠮ ᠪᠠᠢᠳᠠᠯ᠎ᠢ ᠠᠷᠭᠠᠴᠠᠭᠠᠬᠤ ᠶᠡᠷᠦ᠎ᠶᠢᠨ ᠮᠡᠳᠡᠯᠭᠡ᠎ᠶᠢ ᠲᠦᠭᠡᠮᠡᠯᠵᠢᠭᠦᠯᠬᠦ ᠬᠡᠷᠡᠭᠲᠡᠢ᠃ ᠪᠠᠴᠢᠮ ᠪᠠᠢᠳᠠᠯ᠎ᠢ ᠠᠷᠭᠠᠴᠠᠭᠠᠨ ᠰᠡᠷᠭᠡᠢᠯᠡᠬᠦ ᠪᠠ ᠵᠢᠵᠢᠭᠦᠷᠯᠡᠨ ᠰᠠᠬᠢᠬᠤ᠎ᠶᠢ ᠴᠢᠩᠭᠠᠷᠠᠭᠤᠯᠤᠨ᠂ ᠰᠤᠷᠭᠠᠭᠤᠯᠢ᠎ᠶᠢᠨ ᠮᠠᠰᠢᠨ ᠲᠡᠷᠭᠡ᠎ᠶᠢᠨ ᠵᠢᠷᠤᠮᠵᠢᠯ᠎ᠲᠠᠢ ᠠᠮᠤᠷ ᠲᠦᠪᠰᠢᠨ᠎ᠢᠶᠡᠷ ᠠᠵᠢᠯᠯᠠᠬᠤ᠎ᠶᠢ  ᠦᠨᠡᠨ᠎ᠬᠦ  ᠪᠠᠲᠤᠯᠠᠬᠤ  ᠬᠡᠷᠡᠭᠲᠡᠢ  ᠬᠡᠵᠦ  ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号