ᠸᠠᠩ ᠸᠧᠢ ᠵᠦᠩ ᠪᠦᠦ ᠭᠠᠩ ᠯᠢᠦᠢ ᠵᠢᠶᠦ᠋ᠨ ᠯᠢ ᠱᠢᠶᠠᠩ ᠯᠢᠶᠠᠩ᠎ᠲᠠᠶ ᠠᠭᠤᠯᠵᠠᠭ᠍ᠰᠠᠨ ᠪᠥᠭᠡᠳ ᠭᠠᠷ᠎ᠤᠨ ᠦᠰᠦᠭ ᠵᠢᠷᠤᠬᠤ᠎ᠶ᠋ᠢ ᠬᠠᠮᠲᠤ᠎ᠪᠠᠷ ᠭᠡᠷᠡᠴᠢᠯᠡᠪᠡ
2026-06-12 09:22:25
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

 6 ᠰᠠᠷ᠎ᠠ᠎ᠶ᠋ᠢᠨ 11 ᠎ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠬᠣᠲᠠ᠎ᠳᠤ ᠳᠤᠮᠳᠠᠳᠤ ᠤᠯᠤᠰ᠎ᠤᠨ ᠳ᠋ᠠ ᠲᠠᠩ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠯᠢᠦᠶ ᠵᠢᠶᠦ᠋ᠨ᠂ ᠶᠡᠷᠦᠩᠬᠡᠶ ᠳᠠᠭᠠᠭᠠᠮᠠᠯ ᠯᠢ ᠱᠢᠶᠠᠩ ᠯᠢᠶᠠᠩ᠎ᠨᠠᠷ᠎ᠲᠠᠶ ᠠᠭᠤᠯᠵᠠᠭ᠍ᠰᠠᠨ ᠪᠥᠭᠡᠳ ᠬᠣᠶᠠᠷ ᠲᠠᠯ᠎ᠠ᠎ᠶ᠋ᠢᠨ ᠭᠠᠷ᠎ᠤᠨ ᠥᠰᠥᠭ ᠵᠢᠷᠤᠬᠤ᠎ᠶ᠋ᠢ ᠬᠠᠮᠲᠤ᠎ᠪᠠᠷ ᠭᠡᠷᠡᠴᠢᠯᠡᠪᠡ᠃


QQ20260612-092126.png


 6 ᠰᠠᠷ᠎ᠠ᠎ᠶ᠋ᠢᠨ 11 ᠎ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠬᠣᠲᠠ᠎ᠳᠤ ᠳᠤᠮᠳᠠᠳᠤ ᠤᠯᠤᠰ᠎ᠤᠨ ᠳ᠋ᠠ ᠲᠠᠩ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠯᠢᠦᠶ ᠵᠢᠶᠦ᠋ᠨ᠂ ᠶᠡᠷᠦᠩᠬᠡᠶ ᠳᠠᠭᠠᠭᠠᠮᠠᠯ ᠯᠢ ᠱᠢᠶᠠᠩ ᠯᠢᠶᠠᠩ᠎ᠨᠠᠷ᠎ᠲᠠᠶ ᠠᠭᠤᠯᠵᠠᠭ᠍ᠰᠠᠨ ᠪᠥᠭᠡᠳ ᠬᠣᠶᠠᠷ ᠲᠠᠯ᠎ᠠ᠎ᠶ᠋ᠢᠨ ᠭᠠᠷ᠎ᠤᠨ ᠥᠰᠥᠭ ᠵᠢᠷᠤᠬᠤ ᠶ᠋ᠢ ᠬᠠᠮᠲᠤ᠎ᠪᠠᠷ ᠭᠡᠷᠡᠴᠢᠯᠡᠪᠡ᠃

ᠲᠤᠰ ᠰᠤᠨᠢᠨ᠎ᠤ ᠰᠤᠷᠪᠤᠯᠵᠢᠯᠠᠭᠴᠢ  ᠮᠠ ᠵᠢᠶᠡᠨ ᠪᠢᠩ  ᠰᠡᠭᠦᠳᠡᠷᠯᠡᠪᠡ


ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠬᠤᠸᠠᠩ ᡁᠢ ᠴᠢᠶᠠᠩ᠂ ᠳᠤᠮᠳᠠᠳᠤ ᠤᠯᠤᠰ᠎ᠤᠨ ᠳ᠋ᠠ ᠲᠠᠩ ᠪᠦᠯᠦᠭᠯᠡᠯ᠎ᠤᠨ ᠳᠡᠳ᠋ ᠶᠡᠷᠦᠩᠬᠡᠢ ᠳᠠᠭᠠᠭᠠᠮᠠᠯ ᠯᠢ ᠵᠢᠶᠠᠨ ᠸᠧᠢ ᠬᠣᠶᠠᠷ ᠲᠠᠯ᠎ᠠ᠎ᠶ᠋ᠢ ᠲᠥᠯᠥᠭᠡᠯᠡᠨ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭᠠᠨ᠎ᠤ ᠵᠥᠪᠯᠡᠯᠴᠡᠭᠡᠷ᠎ᠲᠦ ᠭᠠᠷ᠎ᠤᠨ ᠦᠰᠦᠭ ᠵᠢᠷᠤᠪᠠ᠃

ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠯᠢᠦᠢ ᠵᠢᠶᠦ᠋ᠨ᠂ ᠯᠢ ᠱᠢᠶᠠᠩ ᠯᠢᠶᠠᠩ᠎ᠨᠠᠷ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠵᠦ᠍᠂ ᠳᠤᠮᠳᠠᠳᠤ ᠤᠯᠤᠰ᠎ᠤᠨ ᠳ᠋ᠠ ᠲᠠᠩ᠎ᠪᠦᠯᠦᠭᠯᠡᠯ᠎ᠤᠨ ᠤᠷᠳᠤ ᠬᠤᠭᠤᠴᠠᠭᠠᠨ᠎ᠤ ᠲᠤᠷᠰᠢ ᠥᠪᠥᠷ ᠮᠣᠩᠭᠣᠯ᠎ᠤᠨ ᠬᠥᠭ᠌ᠵᠢᠯᠲᠡ᠎ᠳᠦ ᠦᠵᠡᠭᠦᠯᠦᠭ᠌ᠰᠡᠨ ᠳᠡᠮᠵᠢᠯᠭᠡ᠎ᠳᠦ ᠲᠠᠯᠠᠷᠬᠠᠬᠤ᠎ᠶ᠋ᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠠᠢᠳᠠᠯ ᠎ᠢ ᠲᠠᠨᠢᠯᠴᠠᠭᠤᠯᠪᠠ᠃ ᠲᠡᠷᠡ᠂ ᠣᠳᠣᠬᠠᠨ᠎ᠳᠤ ᠣᠷᠣᠨ ᠳᠠᠶᠠᠭᠠᠷ᠎ᠢᠶᠡᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠦ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ《1571》ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠨᠡᠭᠦᠷᠡᠰᠦ ᠴᠠᠬᠢᠯᠭᠠᠨ ᠴᠢᠯᠠᠭᠤᠨ ᠲᠣᠰᠣ ᠪᠠᠢᠭᠠᠯᠢ ᠵᠢᠨ ᠰᠢᠲᠠᠮᠠᠬᠠᠢ ᠬᠡᠶ ᠰᠠᠯᠬᠢᠨ ᠬᠦᠴᠦᠨ ᠬᠡᠷᠡᠯᠴᠢ ᠴᠡᠨᠡᠭ ᠎ᠢ ᠵᠡᠷᠭᠡ᠎ᠪᠡᠷ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠤᠯᠠᠮᠵᠢᠯᠠᠯᠲᠤ ᠡᠨᠧᠷᠭᠢ᠎ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠱᠢᠭ᠍ᠯᠠᠬᠤ᠎ᠶ᠋ᠢ ᠲᠦᠷᠭᠡᠳᠭᠡᠨ ᠠᠬᠢᠭᠤᠯᠵᠤ᠂ ᠱᠢᠨ᠎ᠡ ᠡᠨᠧᠷᠭᠢ᠎ᠶ᠋ᠢ ᠨᠡᠭᠡᠭᠡᠨ ᠠᠱᠢᠭ᠍ᠯᠠᠬᠤ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠵᠦ᠍᠂ ᠤᠰᠤᠲᠥ᠋ᠷᠥᠭ᠌ᠴᠢ ᠡᠨᠧᠷᠭᠢ᠂ ᠨᠦᠬᠡᠴᠡ ᠡᠨᠧᠷᠭᠢ  ᠵᠡᠷᠭᠡ ᠠᠵᠤ ᠦᠶ᠋ᠯᠡᠰ᠎ᠢ ᠶᠡᠬᠡ᠎ᠪᠡᠷ ᠬᠥᠭ᠌ᠵᠢᠭᠦᠯᠵᠦ᠍᠂ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍ ᠪᠤᠢ᠃ ᠳᠤᠮᠳᠠᠳᠤ ᠤᠯᠤᠰ᠎ᠤᠨ ᠳ᠋ᠠ ᠲᠠᠩ ᠪᠦᠯᠦᠭᠯᠡᠯ᠎ᠤᠨ ᠨᠡᠭᠦᠷᠡᠰᠦ᠂ ᠨᠡᠭᠦᠷᠡᠰᠦ ᠴᠠᠬᠢᠯᠭᠠᠨ᠂ ᠤᠳᠤ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠂ ᠱᠢᠨ᠎ᠡ ᠡᠨᠧᠷᠭᠢ ᠵᠡᠷᠭᠡ ᠬᠦᠷᠢᠶᠡᠨ᠎ᠳᠡᠬᠢ ᠪᠣᠳᠠᠲᠤ ᠬᠦᠴᠦᠨ ᠨᠢ ᠡᠷᠴᠢᠮᠳᠠᠢ᠂ ᠮᠡᠷᠭᠡᠵᠢᠯ ᠨᠢ ᠲᠡᠷᠢᠭᠦᠨ᠎ᠤ ᠬᠢ ᠪᠠᠢᠵᠤ᠂ ᠥᠪᠥᠷ ᠮᠣᠩᠭᠣᠯ᠎ᠯᠤᠭ᠎ᠠ᠎ᠶ᠋ᠢᠨ ᠬᠠᠮᠲᠤᠷᠠᠯᠴᠠᠭᠠᠨ᠎ᠤ ᠰᠠᠭᠤᠷᠢ ᠭᠦᠨ ᠵᠤᠵᠠᠭᠠᠨ᠂ ᠦᠷ᠎ᠡ ᠪᠦᠲᠦᠭᠡᠯ ᠡᠯᠪᠡᠭ ᠪᠠᠶᠠᠯᠢᠭ ᠶᠤᠮ᠃ ᠳᠤᠮᠳᠠᠳᠤ ᠤᠯᠤᠰ᠎ᠤᠨ ᠳᠠ ᠲᠠᠩ ᠪᠦᠯᠦᠭᠯᠡᠯ᠎ᠤᠨ ᠬᠢᠨ ᠥᠪᠥᠷ ᠮᠣᠩᠭᠣᠯ᠎ᠳᠠᠬᠢ ᠪᠡᠯᠡ ᠣᠷᠣᠭᠤᠯᠤᠯᠲᠠ᠎ᠶᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠰᠢᠨ᠎ᠡ ᠨᠢᠭᠡ ᠡᠭᠡᠯᠵᠢ᠎ᠶᠢᠨ ᠵᠥᠪᠯᠡᠯᠴᠡᠭᠡᠷ᠎ᠲᠦ ᠭᠠᠷ᠎ᠤᠨ ᠦᠰᠦᠭ ᠵᠢᠷᠤᠬᠤ ᠎ᠪᠠᠷ ᠠᠵᠠ ᠲᠣᠭᠢᠶᠠᠯ ᠪᠤᠯᠭᠠᠵᠤ᠂ ᠨᠡᠭᠦᠷᠡᠰᠦ᠎ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭ᠍ᠯᠠᠬᠤ᠂ ᠨᠡᠭᠦᠷᠡᠰᠦ ᠴᠠᠭᠢᠯᠭᠠᠨ᠎ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ᠎ᠶᠢ ᠪᠠᠭᠤᠷᠠᠭᠤᠯᠬᠤ ᠥᠭᠡᠷᠡᠴᠢᠯᠡᠯᠲᠡ᠂ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠭᠡᠯᠪᠡᠷᠢ᠎ᠶᠢ ᠬᠤᠪᠢᠷᠠᠭᠤᠯᠬᠤ᠂ ᠰᠠᠯᠬᠢᠨ ᠬᠦᠴᠤᠨ ᠭᠡᠷᠡᠯᠴᠢ ᠴᠡᠨᠡᠭ ᠤᠰᠤᠲᠥ᠋ᠷᠥᠭᠴᠢ ᠡᠨ᠋ᠸᠷᠬᠢ ᠨᠦᠭᠡᠴᠡ ᠡᠨ᠋ᠸᠷᠬᠢ  ᠤᠯᠠᠨ ᠡᠨᠧᠷᠭᠢ᠎ᠶᠢ ᠠᠭᠤᠰᠤᠯᠴᠠᠭᠤᠯᠬᠤ ᠵᠡᠷᠭᠡ ᠬᠦᠷᠢᠶᠡᠨ ᠳ᠋ᠤ ᠠᠩᠬᠠᠷᠤᠯ᠎ᠢᠶᠠᠨ ᠲᠥᠪᠯᠡᠷᠡᠭᠦᠯᠵᠦ᠂ ᠲᠦᠷᠦᠯ ᠵᠦᠢᠯ᠎ᠦᠨ ᠨᠠᠢᠳᠠᠪᠤᠷᠢᠵᠢᠭᠤᠯᠤᠯᠲᠠ᠎ᠶᠢ ᠲᠦᠷᠭᠡᠳᠬᠡᠵᠦ᠂ ᠮᠡᠷᠭᠡᠵᠢᠯ ᠎ᠦᠨ ᠰᠢᠨ᠎ᠡ᠎ᠶᠢ ᠡᠭᠦᠳᠬᠦ᠎ᠶᠢ ᠴᠢᠩᠭᠠᠳᠬᠠᠵᠤ᠂ ᠠᠵᠤ ᠦᠢᠯᠡᠰ᠎ᠦᠨ ᠬᠡᠯᠬᠢᠶ᠎ᠡ ᠎ᠶᠢ ᠤᠷᠲᠤᠳᠬᠠᠵᠤ᠂ ᠬᠣᠶᠠᠷ ᠲᠠᠯ᠎ᠠ᠎ᠶᠢᠨ ᠬᠠᠮᠲᠤᠷᠠᠯᠴᠠᠭ᠎ᠠ᠎ᠶᠢᠨ ᠨᠡᠩ ᠭᠦᠨ ᠳᠠᠪᠬᠤᠷᠭ᠎ᠠ᠂ ᠨᠡᠩ ᠥᠷᠭᠡᠨ ᠬᠦᠷᠢᠶ᠎ᠡ ᠲᠡᠢᠰᠢ ᠥᠷᠭᠡᠳᠬᠦ᠎ᠶᠢ ᠠᠬᠢᠭᠤᠯᠬᠤ᠎ᠶᠢ ᠬᠦᠰᠡᠵᠦ ᠪᠠᠢᠨ᠎ᠠ᠃ ᠡᠭᠦᠨ᠎ᠦ ᠬᠠᠮᠲᠤ᠂ ᠠᠵᠤ ᠠᠬᠤᠢᠯᠠᠯ᠎ᠤᠨ ᠭᠢᠨ ᠠᠮᠤᠷ ᠲᠦᠪᠰᠢᠨ ᠬᠥᠭᠵᠢᠯᠲᠡ᠎ᠶᠢᠨ ᠣᠢᠯᠠᠭᠠᠭᠳᠠᠬᠤᠨ᠎ᠢ ᠦᠷᠭᠦᠯᠵᠢᠯᠡᠨ ᠪᠠᠲᠤᠳᠬᠠᠵᠤ᠂ ᠠᠶᠤᠯᠭᠦᠢ ᠦᠢᠯᠡᠳᠪᠦᠷᠢᠯᠡᠯ᠎ᠢᠶᠡᠷ ᠠᠵᠤ ᠠᠬᠤᠢᠯᠠᠯ ᠪᠣᠯᠣᠨ ᠣᠷᠣᠨ ᠨᠤᠲᠤᠭ᠎ᠤᠨ ᠴᠢᠨᠠᠷ ᠰᠠᠢᠲᠠᠢ ᠬᠥᠭᠵᠢᠯᠲᠡ᠎ᠶᠢ ᠬᠠᠮᠠᠭᠠᠯᠠᠬᠤ᠎ᠶᠢ ᠬᠦᠰᠡᠵᠦ ᠪᠠᠢᠨ᠎ᠠ᠃ ᠪᠢᠳᠠ ᠬᠤᠳᠠᠯᠳᠤᠭ᠎ᠠ ᠡᠷᠭᠢᠯᠡᠭᠦ ᠣᠷᠴᠢᠨ ᠨᠦᠬᠦᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠡᠯᠧᠮᠧᠨ᠋ᠲ᠎ᠦᠨ ᠪᠠᠲᠤᠯᠠᠭ᠎ᠠ᠎ᠶᠢ ᠴᠢᠩᠭᠠᠳᠬᠠᠵᠤ᠂ ᠠᠵᠤ ᠠᠬᠤᠢᠯᠠᠯ᠎ᠤᠨ ᠥᠪᠥᠷ ᠮᠣᠩᠭᠣᠯ᠎ᠳᠤ ᠨᠡᠩ ᠰᠠᠢᠨ ᠬᠥᠭᠵᠢᠯᠲᠡ᠎ᠶᠢ ᠪᠡᠶᠡᠯᠡᠭᠦᠯᠬᠦ᠎ᠶᠢ ᠪᠦᠭᠦ ᠬᠦᠴᠦᠨ᠎ᠢᠶᠡᠷ᠎ᠢᠶᠡᠨ ᠲᠡᠮᠵᠢᠨ᠎ᠠ ᠭᠡᠪᠡ᠃

ᠯᠢᠦᠢ ᠵᠢᠶᠦ᠋ᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠣᠷᠳᠣ᠌ ᠬᠤᠭᠤᠴᠠᠭᠠᠨ᠎ᠤ ᠲᠤᠷᠰᠢ ᠳᠤᠮᠳᠠᠳᠤ ᠤᠯᠤᠰ᠎ᠤᠨ ᠳᠠ ᠲᠠᠩ ᠪᠦᠯᠦᠭᠯᠡᠯ᠎ᠳᠤ ᠦᠵᠡᠭᠦᠯᠦᠭᠰᠡᠨ ᠳᠡᠮᠵᠢᠯᠭᠡ ᠪᠠ ᠬᠠᠪᠰᠤᠷᠤᠯᠭ᠎ᠠ ᠎ᠳᠤ ᠲᠠᠯᠠᠷᠬᠠᠪᠠ᠃ ᠲᠡᠷᠡ᠂ ᠥᠪᠥᠷ ᠮᠣᠩᠭᠣᠯ᠎ᠤᠨ ᠡᠬᠢ ᠪᠠᠶᠠᠯᠢᠭ᠋ ᠡᠯᠪᠡᠭ ᠳᠡᠯᠪᠡᠭ᠂ ᠬᠥᠭᠵᠢᠯᠲᠡ ᠎ᠶᠢᠨ ᠬᠥᠳᠡᠯᠭᠡᠬᠦ ᠬᠦᠴᠦᠨ ᠲᠡᠭᠦᠯᠳᠡᠷ᠂ ᠠᠯᠤᠰ ᠢᠷᠡᠭᠡᠳᠦᠢ ᠭᠡᠭᠡᠨ ᠰᠠᠷᠠᠭᠤᠯ ᠶᠤᠮ᠃ ᠣᠢᠷ᠎ᠠ᠎ᠶᠢᠨ ᠵᠢᠯ᠎ᠡᠴᠡ᠂ ᠥᠪᠥᠷ ᠮᠣᠩᠭᠣᠯ ᠠᠵᠤ ᠦᠢᠯᠡᠰ᠎ᠦᠨ ᠰᠢᠰᠲᠧᠮ ᠎ᠢ ᠰᠢᠯᠢᠳᠡᠭᠵᠢᠭᠦᠯᠦᠨ ᠲᠡᠰ ᠳᠡᠪᠰᠢᠭᠦᠯᠬᠦ ᠎ᠶᠢ ᠬᠦᠴᠦᠯᠡᠨ ᠠᠬᠢᠭᠤᠯᠵᠤ᠂ ᠡᠨᠧᠷᠭᠢ᠎ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠤ ᠲᠡᠢᠰᠢ ᠭᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠨ ᠠᠬᠢᠭᠤᠯᠵᠤ᠂ ᠬᠤᠳᠠᠯᠳᠤᠭ᠎ᠠ ᠡᠷᠭᠢᠯᠡᠭᠦ ᠣᠷᠴᠢᠨ ᠨᠦᠬᠦᠴᠡᠯ ᠤᠯᠠᠮ᠎ᠠᠴᠠ ᠤᠯᠠᠮ ᠰᠠᠢᠵᠢᠷᠠᠵᠤ᠂ ᠠᠵᠤ ᠠᠬᠤᠢᠯᠠᠯ᠎ᠤᠨ ᠦᠨᠳᠦᠰᠦᠯᠡᠨ ᠴᠡᠴᠡᠭᠯᠡᠨ ᠬᠦᠭᠵᠢᠵᠦ᠂ ᠪᠡᠯᠡ ᠣᠷᠣᠭᠤᠯᠵᠤ ᠦᠢᠯᠡᠰ ᠪᠣᠰᠬᠠᠬᠤ ᠬᠠᠯᠠᠭᠤᠨ ᠬᠥᠷᠥᠰᠥ ᠪᠣᠯᠵᠠᠢ᠃ ᠢᠷᠡᠭᠡᠳᠦᠢ᠎ᠳᠦ ᠬᠠᠨᠳᠤᠵᠤ᠂ ᠳᠤᠮᠳᠠᠳᠤ ᠤᠯᠤᠰ᠎ᠤᠨ ᠳ᠋ᠠ ᠲᠠᠩ ᠪᠦᠯᠦᠭᠯᠡᠯ᠎ᠤᠨ ᠬᠢᠨ ᠡᠨᠧᠷᠭᠢ᠎ᠶᠢᠨ ᠭᠣᠣᠯ ᠦᠢᠯᠡᠰ᠎ᠲᠦ ᠰᠠᠭᠤᠷᠢᠯᠠᠵᠤ᠂ ᠰᠢᠨ᠎ᠡ ᠨᠢᠭᠡ ᠡᠭᠡᠯᠵᠢ᠎ᠶᠢᠨ ᠡᠨᠧᠷᠭᠢ᠎ᠶᠢᠨ ᠬᠤᠪᠢᠰᠬᠠᠯ᠎ᠤᠨ ᠠᠵᠠ ᠲᠣᠭᠢᠶᠠᠯ᠎ᠢ ᠠᠮᠵᠢᠵᠤ᠂ ᠰᠢᠨ᠎ᠡ ᠡᠨᠧᠷᠭᠢ᠎ᠶᠢᠨ ᠨᠡᠭᠡᠭᠡᠨ ᠬᠥᠭᠵᠢᠭᠦᠯᠦᠯᠲᠡ᠂ ᠴᠠᠭᠢᠯᠭᠠᠨ ᠬᠦᠴᠦᠨ᠎ᠦ ᠠᠮᠤᠷ ᠲᠦᠪᠰᠢᠨ ᠎ᠦ ᠬᠠᠩᠭᠠᠯᠭ᠎ᠠ᠎ᠶᠢ ᠪᠠᠲᠤᠯᠠᠬᠤ᠂ ᠠᠵᠤ ᠦᠢᠯᠡᠰ ᠎ᠦᠨ ᠬᠡᠯᠬᠢᠶ᠎ᠡ᠎ᠬᠠᠩᠭᠠᠯᠭ᠎ᠠ᠎ᠶᠢᠨ ᠬᠡᠯᠬᠢᠶ᠎ᠡ ᠎ᠶᠢᠨ ᠬᠠᠮᠵᠢᠯᠴᠠᠨ ᠬᠥᠭᠵᠢᠬᠦ ᠵᠡᠷᠭᠡ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠥᠪᠥᠷ ᠮᠣᠩᠭᠣᠯ ᠎ᠳᠤ ᠭᠦᠨᠵᠡᠭᠡᠢᠷᠡᠵᠦ᠂ ᠪᠠᠲᠤᠳᠠᠢ ᠨᠠᠢᠳᠠᠪᠤᠷᠢᠲᠠᠢ ᠡᠨᠧᠷᠭᠢ᠎ᠶᠢᠨ ᠪᠠᠲᠤᠯᠠᠭ᠎ᠠ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠤ ᠬᠥᠭᠵᠢᠯᠲᠡ᠎ᠶᠢᠨ ᠵᠠᠭᠪᠤᠷ᠎ᠢᠶᠠᠷ᠂ ᠬᠠᠮᠵᠢᠯᠴᠠᠭᠰᠠᠨ ᠥᠨᠳᠥᠷ ᠪᠦᠲᠦᠮᠵᠢᠲᠡᠢ ᠠᠵᠤ ᠦᠢᠯᠡᠰ᠎ᠦᠨ ᠪᠠᠢᠷᠢᠰᠢᠭᠤᠯᠤᠯᠲᠠ᠎ᠪᠡᠷ᠂ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠢ ᠨᠡᠩ ᠰᠠᠢᠲᠤᠷ ᠬᠠᠮᠠᠭᠠᠯᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠨ᠎ᠡ ᠭᠡᠵᠦ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号