ᠤᠯᠠᠨ ᠲᠦᠮᠡᠨ᠎ᠳᠦ ᠠᠵᠠ ᠪᠤᠶᠠᠨ ᠬᠦᠷᠳᠡᠬᠡᠭᠰᠡᠨ ᠪᠦᠳᠦᠮᠵᠢᠳᠡᠢ ᠵᠠᠰᠠᠯᠳᠠ ᠨᠠᠷᠢᠯᠢᠭ ᠬᠠᠮᠢᠶᠠᠷᠤᠯᠳᠠ
2026-06-12 10:33:05
ᠵᠣᠬᠢᠶᠠᠭ᠍ᠴᠢ᠄
​ ᠼᠠᠢ ᠬᠤᠡᠭ ᠪᠤᠤ ᠴᠢᠡᠭ ᠱᠸᠡᠭ ᠢᠳᠡᠷᠡᠬᠦᠨ ᠨᠠᠢᠷᠠᠭ
ᠣᠩᠱᠢᠭ᠍ᠰᠠᠨ ᠣᠳᠠᠭ᠎ᠠ᠄
★★★☆☆

ᠵᠤᠨ ᠤ᠋ ᠡᠬᠢᠨ ᠰᠠᠷ᠎ᠠ ᠪᠡᠷ ᠪᠢᠳᠡ ᠲᠦᠡᠭᠯᠢᠶᠤᠤ ᠬᠤᠲᠠ ᠶ᠋ᠢᠨ ᠬᠦᠷᠢᠶ᠎ᠡ ᠬᠤᠰᠢᠭᠤᠨ ᠤ᠋ ᠵᠤᠤᠬᠠᠴᠢᠨ ᠨᠡᠢᠭᠡᠮ ᠲᠤᠭᠤᠷᠢᠭ ᠲᠦ᠍ ᠬᠦᠷᠬᠦ ᠳ᠋ᠤ᠂ ᠨᠡᠢᠭᠡᠮ ᠲᠤᠭᠤᠷᠢᠭ ᠤ᠋ᠨ ᠬᠦᠳᠡᠯᠬᠡᠬᠡᠨ ᠤ᠋ ᠠᠰᠠᠷ ᠤ᠋ᠨ ᠨᠢᠭᠡᠳᠦᠭᠡᠷ ᠲᠠᠪᠬᠤᠷᠯᠢᠭ ᠲᠦ᠍ ᠰᠠᠭᠤᠭᠠᠯᠢ ᠠᠷᠠᠳ ᠠᠶ᠎ᠠ ᠳᠠᠭᠠᠵᠤ ᠠᠨᠳᠠᠢ ᠪᠦᠵᠢᠭ ᠶ᠋ᠢᠡᠨ ᠪᠦᠵᠢᠭᠯᠡᠬᠦ ᠳ᠋ᠦ ᠬᠤᠶᠠᠳᠤᠭᠠᠷ ᠲᠠᠪᠬᠤᠷᠯᠢᠭ ᠤ᠋ᠨ ᠵᠤᠭ᠎ᠠ ᠰᠡᠯᠡᠭᠦᠴᠡᠯ ᠤ᠋ᠨ ᠲᠤᠭᠤᠷᠢᠭ ᠲᠦ᠍ ᠨᠠᠰᠤᠲᠠᠢᠴᠤᠳ ᠭᠤᠷᠪᠠ ᠳᠦᠷᠪᠡ ᠪᠡᠷ ᠶ᠋ᠢᠡᠨ ᠰᠢᠷᠡᠭᠡ ᠲᠤᠭᠤᠷᠢᠨ ᠰᠠᠭᠤᠭᠠᠳ ᠬᠦᠵᠦᠷ ᠲᠤᠭᠯᠠᠵᠤ᠂ ᠪᠠᠰᠠ ᠵᠠᠷᠢᠮ ᠨᠢ ᠴᠢᠴᠢᠭᠦᠷ ᠪᠦᠮᠪᠦᠭᠡ᠂ ᠫᠢᠡᠭᠫᠠᠡᠭ ᠪᠦᠮᠪᠦᠭᠡ ᠨᠠᠭᠠᠳᠤᠨ ᠤᠷ᠎ᠠ ᠮᠡᠷᠭᠡᠵᠢᠯ ᠶ᠋ᠢᠡᠨ ᠰᠢᠯᠭᠠᠵᠤ᠂ ᠪᠢᠴᠢᠬᠠᠨ ᠵᠢᠭᠠᠯ ᠤ᠋ᠳ ᠴᠦ᠍ ᠦᠷᠦᠭᠡ ᠳᠦᠭᠦᠷᠡᠡᠭ ᠲᠤᠭᠯᠠᠭᠠᠮ ᠤ᠋ᠨ ᠳᠤᠮᠳᠠᠭᠤᠷ ᠭᠦᠶᠦᠯᠳᠦᠵᠦ᠂ ᠦᠳᠡᠭᠦᠰ ᠨᠢᠯᠬᠠᠰ ᠪᠦᠬᠦᠨ ᠦᠪᠡᠷ ᠦᠪᠡᠷ ᠤ᠋ᠨ ᠨᠠᠭᠠᠳᠤᠮ ᠳᠤᠭᠯᠠᠭᠠᠮ ᠳ᠋ᠠᠭᠠᠨ ᠪᠠᠶᠠᠰᠤᠨ ᠬᠦᠭᠡᠷᠦᠯᠳᠦᠨ᠎ᠡ᠃

ᠵᠡᠷᠭᠡᠯᠡᠳᠡᠭᠡ ᠠᠰᠠᠷ ᠤ᠋ᠨ ᠴᠢᠳᠠᠮᠵᠢᠲᠦ ᠬᠦᠳᠡᠯᠭᠡᠭᠡᠨ ᠤ᠋ ᠲᠦᠪ ᠲᠦ᠍ 20 ᠰᠢᠬᠠᠮ ᠪᠦᠰᠡᠭᠦᠢᠴᠦᠳ ᠰᠢᠷᠡᠭᠡ ᠲᠤᠭᠤᠷᠢᠨ ᠰᠠᠭᠤᠵᠤ᠂ ᠪᠠᠭᠰᠢ ᠶ᠋ᠢᠨ ᠳᠠᠭᠠᠭᠤᠯᠭ᠎ᠠ ᠪᠡᠷ ᠬᠠᠭᠠᠰ ᠦᠢᠯᠡᠳᠪᠦᠷᠢᠯᠡᠭᠰᠡᠨ ᠭᠠᠷ ᠤᠷᠠᠯᠠᠯ ᠤ᠋ᠨ ᠪᠦᠲᠦᠭᠡᠭᠳᠡᠭᠦᠨ ᠤ᠋ ᠭᠠᠳᠠᠭᠤᠷ ᠤᠯᠤᠰᠤᠨ ᠳᠡᠭᠡᠰᠦ ᠤᠷᠢᠶᠠᠵᠤ ᠤᠷᠤᠯᠭ᠎ᠠ ᠪᠠᠨ ᠨᠡᠮᠡᠭᠳᠡᠭᠦᠯᠬᠦ ᠶ᠋ᠢᠨ ᠳᠠᠭᠠᠤ᠂ ᠬᠦᠷᠰᠢ ᠵᠡᠷᠭᠡᠯᠡᠳᠡᠭᠡ ᠲᠠᠢ ᠪᠠᠨ ᠶᠠᠷᠢᠶ᠎ᠠ ᠬᠦᠭᠡᠷᠦᠭᠡ ᠡᠭᠦᠰᠭᠡᠨ ᠨᠠᠷᠬᠢᠯᠳᠦᠨ ᠢᠨᠢᠶᠡᠯᠳᠦᠵᠦ᠂ ᠰᠤᠯᠠ ᠰᠡᠯᠡᠭᠦᠦ ᠴᠠᠭ ᠶ᠋ᠢᠡᠨ ᠰᠡᠳᠬᠢᠯ ᠬᠠᠡᠭᠬᠤᠯᠤᠨ ᠦᠡᠭᠭᠡᠷᠡᠭᠦᠯᠵᠦ ᠪᠠᠢᠨ᠎ᠠ᠃ 《 ᠡᠨᠡ ᠵᠢᠯ  ᠤ᠋ᠨ 3 ᠰᠠᠷ᠎ᠠ ᠡᠴᠡ ᠭᠠᠷ ᠤᠷᠠᠯᠠᠯ ᠤ᠋ᠨ ᠪᠦᠲᠦᠭᠡᠭᠳᠡᠭᠦᠨ ᠬᠢᠵᠦ ᠡᠬᠢᠯᠡᠵᠡᠢ᠂ ᠡᠨᠡ ᠨᠢ   ᠬᠡᠤᠬᠡᠳ ᠶ᠋ᠢᠡᠨ ᠰᠤᠷᠭᠠᠭᠤᠯᠢ ᠳ᠋ᠦ ᠬᠦᠷᠭᠡᠭᠰᠡᠨ ᠤ᠋ ᠳᠠᠷᠠᠭ᠎ᠠ ᠰᠤᠯᠠ ᠰᠡᠯᠡᠭᠦᠦ ᠴᠠᠭ ᠶ᠋ᠢᠡᠷ ᠬᠢᠬᠦ ᠳ᠋ᠦ ᠮᠠᠰᠢ ᠲᠤᠬᠢᠷᠠᠮᠵᠢᠲᠠᠢ᠃ ᠤᠯᠠᠭᠤᠯᠠ ᠪᠠᠨ ᠵᠤᠭᠤᠭ ᠳᠡᠯᠭᠡᠬᠦ ᠶ᠋ᠢᠨ ᠳᠠᠭᠠᠤ ᠪᠠᠰᠠ ᠡᠳᠦᠷ ᠤ᠋ᠨ 200 ᠰᠢᠬᠠᠮ ᠲᠦᠭᠦᠷᠢᠭ ᠤ᠋ᠨ ᠤᠷᠤᠯᠭ᠎ᠠ  ᠲᠠᠢ  ᠶᠤᠮ》 ᠭᠡᠵᠦ ᠰᠠᠭᠤᠭᠠᠯᠢ  ᠠᠷᠠᠳ ᠵᠢᠡᠭ ᠯᠠᠨ ᠬᠡᠯᠡᠨ᠎ᠡ᠃

《ᠮᠠᠨ ᠤ᠋ ᠨᠡᠢᠭᠡᠮ ᠲᠤᠭᠤᠷᠢᠭ ᠨᠢᠭᠡᠨᠲᠡ ᠰᠤᠶᠤᠯ ᠪᠡᠶ᠎ᠡ ᠶ᠋ᠢᠨ ᠲᠠᠮᠢᠷ ᠵᠤᠭ᠎ᠠ ᠴᠡᠡᠭᠭᠡᠯ᠂ ᠭᠠᠷ ᠤᠷᠠᠯᠠᠯ ᠤ᠋ᠨ ᠠᠵᠢᠯ ᠤᠯᠭᠤᠯᠲᠠ᠂ ᠠᠷᠠᠳ ᠲᠦ᠍ ᠳᠦᠭᠦᠮ ᠦᠵᠡᠭᠦᠯᠬᠦ᠂ ᠨᠠᠰᠤᠲᠠᠳ ᠢ᠋ ᠠᠰᠠᠷᠠᠬᠤ᠂ ᠬᠡᠤᠬᠡᠳ ᠪᠠᠭᠠᠴᠤᠳ ᠢ᠋ ᠨᠠᠢᠳᠡᠨ ᠬᠠᠮᠢᠶᠠᠷᠬᠤ ᠵᠡᠷᠭᠡ 14 ᠵᠦᠢᠯ ᠤ᠋ᠨ ᠤᠯᠠᠨ ᠡᠰᠢᠵᠢᠭᠰᠡᠨ ᠦᠢᠯᠡᠴᠢᠯᠡᠭᠡ ᠶ᠋ᠢᠨ ᠰᠢᠰᠲᠸᠮ ᠢ᠋ ᠪᠦᠷᠢᠯᠳᠦᠭᠦᠯᠵᠦ᠂ ᠰᠠᠭᠤᠭᠠᠯᠢ ᠠᠷᠠᠳ ᠲᠠᠭᠠᠨ ᠳᠦᠭᠦᠮ ᠦᠵᠡᠭᠦᠯᠵᠦ ᠪᠠᠢᠨ᠎ᠠ᠃ ᠡᠭᠦᠨ ᠳ᠋ᠦ ᠬᠠᠷᠢᠶ᠎ᠠ ᠤᠷᠤᠨ ᠤ᠋ ᠰᠠᠭᠤᠭᠠᠯᠢ ᠠᠷᠠᠳ ᠤ᠋ᠨ ᠤᠢᠷ᠎ᠡ ᠬᠠᠪᠢ ᠳ᠋ᠠᠭᠠᠨ ᠠᠵᠢᠯ ᠤᠯᠬᠤ᠂ ᠠᠮᠢᠳᠤᠯᠢᠭ ᠶ᠋ᠢᠡᠷ ᠠᠵᠢᠯ ᠤᠯᠬᠤ ᠳ᠋ᠦ ᠠᠡᠭᠬᠠᠷᠤᠯ ᠶ᠋ᠢᠡᠨ ᠲᠦᠪᠯᠡᠷᠡᠭᠦᠯᠦᠭᠰᠡᠨ ᠠᠵᠢᠯ ᠤᠯᠭᠤᠯᠲᠠ ᠶ᠋ᠢᠨ ᠦᠢᠯᠡᠴᠢᠯᠡᠭᠡ ᠨᠢ ᠠᠷᠠᠳ ᠲᠦᠮᠡᠨ ᠤ᠋ ᠬᠠᠯᠠᠭᠤᠨ ᠬᠦᠷᠢᠶᠡᠯᠡᠯ ᠢ᠋ ᠤᠯᠵᠤ ᠪᠤᠢ 》 ᠭᠡᠵᠦ ᠵᠤᠤᠬᠠᠴᠢᠨ ᠨᠡᠢᠭᠡᠮ ᠲᠤᠭᠤᠷᠢᠭ ᠤ᠋ᠨ ᠨᠠᠮ ᠤ᠋ᠨ ᠬᠤᠷᠢᠶ᠎ᠠ ᠶ᠋ᠢᠨ ᠱᠦᠵᠢ ᠯᠢᠦ  ᠼᠠᠢ  ᠷᠦ  ᠶᠠᠷᠢᠵᠤ ᠪᠠᠢᠯ᠎ᠠ᠃

ᠵᠤᠤᠬᠠᠴᠢᠨ ᠨᠡᠢᠭᠡᠮ ᠲᠤᠭᠤᠷᠢᠭ ᠤ᠋ᠨ ᠳᠦᠭᠦᠮ ᠳᠦᠲᠡ ᠦᠢᠯᠡᠴᠢᠯᠡᠭᠡ ᠪᠤᠯ ᠬᠦᠷᠢᠶ᠎ᠡ ᠬᠤᠰᠢᠭᠤᠨ ᠤ᠋ ᠦᠨᠳᠦᠰᠦᠨ ᠱᠠᠲᠤᠨ ᠤ᠋ ᠵᠠᠰᠠᠯᠲᠠ ᠵᠢ ᠭᠦᠨᠵᠡᠭᠡᠢᠷᠡᠭᠦᠯᠦᠨ᠂ 《ᠰᠠᠭᠠᠭ ᠤ᠋ᠨ ᠨᠤᠲᠤᠭ ᠤ᠋ᠨ ᠵᠤᠯ ᠵᠢᠷᠭᠠᠯᠲᠤ ᠵᠢᠵᠢᠭ ᠪᠠᠯᠭᠠᠰᠤ》 ᠶ᠋ᠢᠨ ᠤᠨᠴᠠᠯᠢᠭᠲᠦ ᠲᠦᠷᠦᠯ ᠲᠡᠮᠲᠡᠭ ᠢ᠋ ᠪᠦᠬᠦ ᠬᠦᠴᠦᠨ ᠶ᠋ᠢᠡᠷ ᠶ᠋ᠢᠡᠨ ᠴᠤᠭᠴᠠᠯᠠᠵᠤ ᠪᠠᠢᠬᠤ ᠶ᠋ᠢᠨ ᠬᠤᠷᠢᠶᠠᠡᠭᠭᠤᠢ ᠳᠦᠷᠰᠦ ᠪᠤᠯᠤᠨ᠎ᠠ᠃

2025 ᠤᠨ ᠡᠴᠨ ᠨᠠᠭᠠᠰᠢ᠂ ᠬᠦᠷᠢᠶ᠎ᠡ ᠬᠤᠰᠢᠭᠤ 《ᠳᠤᠮᠳᠠᠳᠤ ᠤᠯᠤᠰ ᠤ᠋ᠨ ᠰᠠᠭᠠᠭ ᠤ᠋ᠨ ᠨᠤᠲᠤᠭ》 ᠤ᠋ᠨ ᠤᠷᠤᠨ ᠪᠦᠰᠡ ᠶ᠋ᠢᠨ ᠤᠨᠴᠠᠯᠢᠭ᠂ ᠤᠯᠠᠨ ᠦᠨᠳᠦᠰᠦᠲᠡᠨ ᠭᠦᠨᠵᠡᠭᠡᠢ ᠠᠭᠤᠰᠤᠯᠴᠠᠭᠰᠠᠨ ᠨᠤᠲᠤᠬᠴᠢ ᠰᠡᠳᠬᠢᠯᠭᠡ ᠳ᠋ᠡᠭᠡᠨ ᠰᠠᠭᠤᠷᠢᠯᠠᠨ 《ᠰᠠᠭᠠᠭ ᠤ᠋ᠨ ᠨᠤᠲᠤᠭ ᠤ᠋ᠨ ᠵᠤᠯ ᠵᠢᠷᠭᠠᠯᠲᠤ ᠵᠢᠵᠢᠭ ᠪᠠᠯᠭᠠᠰᠤ 》 ᠶ᠋ᠢᠨ ᠪᠦᠲᠦᠭᠡᠨ ᠪᠠᠢᠭᠤᠯᠤᠯᠲᠠ ᠪᠠᠷ ᠶᠡᠷᠦᠩᠬᠡᠢ ᠵᠢᠯᠣᠭᠣᠳᠤᠮᠵᠢ ᠪᠣᠯᠭᠠᠵᠤ᠂ ᠬᠣᠲᠠ ᠬᠥᠳᠡᠭᠡ᠎ᠶ᠋ᠢ ᠨᠢᠭᠡᠳᠦᠯᠲᠡᠢ ᠲᠥᠯᠥᠪᠵᠢᠭᠦᠯᠬᠦ᠌᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠬᠦ᠌ ᠶ᠋ᠢ ᠪᠠᠷᠢᠮᠲᠠᠯᠠᠨ᠂ ᠬᠣᠲᠠ ᠪᠠᠯᠭᠠᠰᠤᠨ ᠤ᠋ 《ᠲᠠᠪᠤ ᠵᠢ ᠰᠢᠯᠢᠳᠡᠭᠵᠢᠭᠦᠯᠦᠨ ᠵᠠᠰᠠᠯᠲᠠ ᠵᠢ ᠠᠬᠢᠭᠤᠯᠬᠤ》ᠢᠨᠵᠧᠨᠧᠷᠢᠩ ᠎ᠢᠶᠡᠷ ᠵᠢᠱ᠌ᠢᠶ᠎ᠡ ᠦᠵᠡᠭᠦᠯᠦᠨ ᠱᠢᠪᠲᠤᠯᠤᠯᠲᠠ ᠭᠠᠷᠭᠠᠵᠤ᠂ ᠬᠥᠳᠡᠭᠡ ᠲᠣᠰᠭᠣᠨ ᠤ᠋ 《145》ᠠᠵᠢᠯ ᠤ᠋ᠨ ᠵᠠᠭ᠍ᠪᠤᠷ ᠢ᠋ ᠪᠦᠬᠦ᠌ ᠬᠤᠰᠢᠭᠤᠨ ᠳ᠋ᠦ ᠳᠡᠯᠭᠡᠷᠡᠭᠦᠯᠬᠦ  ᠪᠡᠷ ᠳᠠᠮᠵᠢᠨ ᠬᠣᠲᠠ ᠬᠥᠳᠡᠭᠡ ᠶ᠋ᠢ  ᠨᠢᠭᠡ ᠴᠣᠭ᠍ᠴᠠᠵᠢᠭᠤᠯᠤᠭ᠍ᠰᠠᠨ᠂ ᠪᠦᠬᠦ᠌ ᠣᠷᠣᠨ ᠪᠦᠰᠡ ᠬᠠᠮᠲᠤ ᠪᠠᠷ ᠤᠷᠤᠭ᠍ᠰᠢᠯᠠᠭ᠍ᠰᠠᠨ ᠦᠨᠳᠦᠰᠦᠨ ᠱᠠᠲᠤᠨ ᠤ᠋ ᠵᠠᠰᠠᠯᠲᠠ ᠶ᠋ᠢᠨ ᠱᠢᠨ᠎ᠡ ᠪᠠᠢᠷᠢᠱᠢᠯ ᠢ᠋ ᠪᠠᠢᠭᠤᠯᠵᠤ᠂ ᠨᠠᠷᠢᠯᠢᠬ᠍ᠵᠢᠭᠤᠯᠤᠭ᠍ᠰᠠᠨ ᠵᠠᠰᠠᠯᠲᠠ ᠪᠠᠷ ᠣᠯᠠᠨ ᠲᠦᠮᠡᠨ ᠤ᠋ ᠬᠦᠷᠲᠡᠮᠵᠢ ᠵᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ ᠤ᠋ ᠲᠥᠷᠥᠭ᠌ᠳᠡᠯ ᠢ᠋  ᠨᠡᠮᠡᠭᠳᠡᠬᠦᠯᠵᠤ ᠪᠠᠢᠨ᠎ᠠ᠃

ᠬᠤᠲᠠ ᠪᠠᠯᠭᠠᠰᠤᠨ ᠤ᠋ ᠨᠡᠢᠭᠡᠮ ᠲᠤᠭᠤᠷᠢᠭ ᠤ᠋ᠨ ᠵᠠᠰᠠᠯᠲᠠ ᠶ᠋ᠢᠨ ᠲᠠᠯ᠎ᠠ ᠪᠡᠷ ᠬᠦᠷᠢᠶ᠎ᠡ ᠬᠤᠰᠢᠭᠤ ᠡᠬᠢ ᠪᠠᠶᠠᠯᠢᠭ ᠶ᠋ᠢᠡᠨ ᠡᠮᠬᠢᠯᠡᠨ ᠨᠡᠢᠳᠭᠡᠵᠦ᠂ 《ᠬᠤᠰᠢᠭᠤ — ᠵᠡᠭᠡᠯᠢ ᠭᠤᠲᠤᠮᠵᠢ — ᠨᠡᠢᠭᠡᠮ ᠲᠤᠭᠤᠷᠢᠭ》 ᠭᠤᠷᠪᠠᠨ ᠱᠠᠲᠤ ᠪᠡᠷ ᠬᠤᠯᠪᠤᠭᠠᠯᠠᠨ ᠬᠦᠳᠡᠯᠦᠯᠴᠡᠬᠦ ᠰᠢᠰᠲᠸᠮ ᠢ᠋ ᠭᠦᠨᠵᠡᠭᠡᠢᠷᠡᠭᠦᠯᠤᠨ᠂ ᠬᠤᠰᠢᠭᠤᠨ ᠤ᠋ ᠪᠠᠨ 126 ᠰᠢᠭᠤᠳ ᠬᠠᠷᠢᠶ᠎ᠠ ᠪᠠᠢᠭᠤᠯᠭ᠎ᠠ ᠪᠤᠯᠤᠨ ᠠᠵᠤ ᠠᠬᠤᠢᠯᠠᠯ ᠠᠵᠢᠯ ᠦᠢᠯᠡᠰ ᠤ᠋ᠨ ᠨᠢᠭᠡᠴᠢ ᠲᠠᠢ ᠬᠤᠯᠪᠤᠭᠠᠯᠠᠨ ᠬᠠᠮᠲᠤ ᠪᠡᠷ ᠪᠠᠢᠭᠤᠯᠬᠤ ᠠᠵᠢᠯ ᠢ᠋ ᠦᠷᠨᠢᠭᠦᠯᠵᠦ᠂ ᠨᠡᠢᠭᠡᠮ ᠲᠤᠭᠤᠷᠢᠭ ᠤ᠋ᠨ《ᠬᠤᠶᠠᠷ ᠵᠦᠪᠯᠡᠯ》ᠤ᠋ᠨ ᠤᠳᠤᠷᠢᠳᠬᠤ ᠪᠠᠭ ᠤ᠋ᠨ ᠪᠦᠷᠢᠯᠳᠦᠭᠦᠨ ᠢ᠋ ᠪᠦᠬᠦ ᠲᠠᠯ᠎ᠠ ᠪᠡᠷ ᠰᠢᠯᠢᠳᠡᠭᠵᠢᠭᠦᠯᠤᠨ᠂ ᠡᠡᠭᠨᠡᠭᠡ ᠵᠢ ᠵᠠᠯᠠᠭᠤᠵᠢᠭᠤᠯᠵᠤ ᠬᠡᠪ ᠪᠤᠯᠪᠠᠰᠤᠷᠠᠯ ᠢ᠋ ᠳᠡᠭᠡᠭᠰᠢᠯᠡᠭᠦᠯᠵᠠᠢ᠃ ᠬᠣᠶᠠᠷ ᠱᠠᠲᠤᠨ ᠤ᠋ ᠨᠠᠮ ᠤ᠋ᠨ ᠪᠠᠢᠭᠤᠯᠤᠯᠲᠠ ᠵᠢᠨ ᠬᠠᠮᠲᠤᠷᠠᠭ᠍ᠰᠠᠨ ᠬᠤᠷᠠᠯ ᠤ᠋ᠨ ᠲᠦᠷᠢᠮ ᠶ᠋ᠢᠡᠷ ᠠᠷᠠᠳ ᠤ᠋ᠨ ᠠᠮᠢᠳᠤᠷᠠᠯ ᠤ᠋ᠨ 22 ᠭᠣᠣᠯᠳᠠᠯᠭ᠎ᠠ ᠲᠠᠶ ᠬᠠᠪᠰᠤᠷᠤᠨ ᠭᠦᠢᠴᠡᠳᠭᠡᠬᠦ᠌ ᠲᠦᠷᠦᠯ ᠵᠦᠢᠯ ᠢ᠋ ᠬᠠᠷᠠᠯᠲᠠ ᠲᠠᠶ ᠪᠠᠷ ᠠᠬᠢᠭᠤᠯᠵᠤ᠂ ᠣᠳᠣᠬᠠᠨ ᠳ᠋ᠤ 50% ᠵᠢᠨ ᠲᠦᠷᠦᠯ ᠵᠦᠢᠯ ᠢ᠋ ᠨᠢᠭᠡᠨᠲᠡ ᠪᠣᠳᠠᠲᠠᠢ ᠳ᠋ᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠪᠠ᠃ ᠡᠬᠦᠨ ᠤ᠋ ᠬᠠᠮᠳᠤ ᠪᠠᠰᠠ 《ᠰᠠᠭᠠᠭ ᠤ᠋ᠨ ᠨᠤᠲᠤᠭ ᠤ᠋ᠨ ᠵᠤᠯ ᠵᠢᠷᠭᠠᠯᠲᠤ ᠬᠠᠮᠲᠤᠷᠠᠨ ᠠᠵᠢᠯᠯᠠᠭᠴᠢ》 ᠶ᠋ᠢᠨ ᠲᠣᠭ᠍ᠲᠠᠴᠠ ᠵᠢ ᠰᠢᠨ᠎ᠡ ᠵᠢ ᠡᠭᠦᠳᠦᠨ ᠬᠡᠷᠡᠭ᠌ᠵᠢᠭᠦᠯᠵᠦ᠍᠂ ᠣᠯᠠᠨ ᠲᠦᠮᠡᠨ ᠤ᠋ ᠢᠳᠡᠵᠦ᠍ ᠡᠮᠦᠰᠭᠦ ᠶᠠᠪᠤᠵᠤ ᠰᠠᠭᠤᠬᠤ᠂ ᠠᠵᠢᠯ ᠣᠯᠭᠤᠯᠳᠠ᠂ ᠡᠪᠡᠳᠴᠢᠨ ᠦᠵᠡᠭᠦᠯᠬᠦ᠌ ᠵᠡᠷᠭᠡ ᠬᠦᠷᠢᠶ᠎ᠡ ᠴᠠᠷᠠᠭ᠎ᠠ ᠵᠢᠨ ᠲᠣᠭᠣᠷᠢᠨ ᠳ᠋ᠤ 127 ᠵᠦᠶ᠋ᠯ ᠢ᠋ ᠬᠠᠮᠲᠤ ᠪᠠᠷ ᠪᠠᠢᠭᠤᠯᠬᠤ ᠵᠥᠪᠯᠡᠯᠴᠡᠭᠡᠷ ᠲᠣᠭ᠍ᠲᠠᠵᠤ᠂ 600 ᠭᠠᠷᠤᠶ ᠬᠥᠮᠦᠨ ᠤᠳᠠᠭ᠎ᠠ ᠳ᠋ᠦ ᠠᠷᠠᠳ ᠲᠦ᠍ ᠠᠰᠢᠭ ᠬᠦᠷᠲᠡᠭᠡᠬᠦ ᠦᠢᠯᠡᠴᠢᠯᠡᠭᠡ ᠬᠦᠷᠲᠡᠭᠡᠪᠡ᠃ ᠡᠭᠦᠨ ᠳ᠋ᠤ᠂ ᠪᠥᠬᠥ᠌ ᠬᠣᠱᠢᠭᠤᠨ ᠤ᠋ ᠡᠯ᠎ᠡ ᠨᠡᠢᠭᠡᠮ ᠲᠣᠭᠣᠷᠢᠭ ᠤ᠋ᠨ 2180 ᠭᠠᠷᠤᠶ ᠬᠥᠮᠦᠨ ᠤᠳᠠᠭ᠎ᠠ ᠳ᠋ᠦ ᠵᠢᠷᠦᠬᠡ ᠴᠢᠰᠤᠨ ᠰᠤᠳᠠᠯ ᠤ᠋ᠨ ᠡᠪᠡᠳᠴᠢᠨ ᠢ᠋ ᠰᠦᠶ᠋ᠳᠭᠡᠯ ᠬᠤᠷᠢᠶᠠᠬᠤ ᠥᠬᠡᠶ ᠪᠡᠷ ᠪᠠᠢᠴᠠᠭᠠᠯᠲᠠ ᠬᠢᠵᠦ ᠦᠭᠬᠦᠨ᠂ ᠠᠮᠠᠷᠠᠯᠲᠠ ᠵᠢᠨ ᠬᠤᠭᠤᠴᠠᠭᠠᠨ ᠳ᠋ᠦ ᠨᠡᠢᠲᠡ ᠵᠢᠨ ᠠᠰᠠᠷᠠᠮᠵᠢ ᠵᠢᠨ ᠨᠠᠢᠳᠠᠨ ᠬᠠᠮᠢᠶᠠᠷᠤᠭᠤᠯᠬᠤ ᠠᠩᠭᠢ ᠨᠡᠭᠡᠭᠡᠵᠦ 500 ᠭᠠᠷᠤᠶ ᠵᠠᠯᠠᠭᠤᠴᠤᠳ ᠪᠠᠭᠠᠴᠤᠳ ᠲᠦ᠍ ᠦᠶ᠋ᠯᠡᠴᠢᠯᠡᠪᠠ᠃ ᠵᠤᠤᠬᠠᠴᠢᠨ ᠨᠡᠢᠭᠡᠮ ᠲᠣᠭᠣᠷᠢᠭ ᠤ᠋ᠨ ᠬᠢᠨ ᠯᠢᠶᠣᠤᠨᠢᠩ ᠤ᠋ᠨ ᠡᠪᠡᠰᠦᠨ ᠭᠦᠷᠦᠮᠡᠯ ᠤ᠋ᠨ ᠠᠵᠤ ᠠᠬᠤᠢᠯᠠᠯ ᠯᠤᠭ᠎ᠠ ᠤᠨᠤᠴᠠᠲᠠᠢ ᠵᠤᠯᠭᠠᠯᠴᠠᠭ᠎ᠠ  ᠦᠷᠨᠢᠭᠦᠯᠵᠦ᠂ ᠬᠡᠷ᠎ᠲᠡᠬᠡᠨ ᠰᠠᠭᠤᠵᠤ ᠪᠠᠢᠭ᠎ᠠ 52 ᠪᠦᠰᠡᠭᠦᠢᠴᠤᠳ ᠢ᠋ ᠳᠠᠢᠴᠢᠯᠠᠨ ᠣᠢᠷ᠎ᠠ ᠬᠠᠪᠢ ᠳ᠋ᠤᠨᠢ ᠠᠮᠢᠳᠤᠯᠢᠭ ᠵᠢᠡᠷ ᠠᠵᠢᠯ ᠣᠯᠭᠣᠵᠤ᠂ ᠬᠥᠮᠦᠨ ᠳᠤᠮᠳᠠᠴᠢ ᠵᠢᠨ ᠰᠠᠷ᠎ᠠ ᠵᠢᠨ ᠣᠷᠣᠯᠭ᠎ᠠ ᠵᠢ 1000 ᠭᠠᠷᠤᠢ ᠲᠥᠭᠥᠷᠢᠭ  ᠨᠡᠮᠡᠭᠳᠡᠭᠦᠯᠪᠡ᠃

《 ᠵᠢᠯ ᠤ᠋ᠨ ᠡᠬᠢᠨ ᠡᠴᠡ ᠭᠠᠷ ᠤᠷᠠᠯᠠᠯ ᠤ᠋ᠨ ᠪᠦᠲᠦᠭᠡᠭᠳᠡᠭᠦᠨ ᠬᠢᠬᠦ ᠪᠡᠷ ᠲᠦᠯᠦᠪᠯᠡᠵᠦ᠂ ᠠᠵᠤ ᠠᠬᠤᠢᠯᠠᠯ ᠲᠠᠢ ᠬᠠᠷᠢᠯᠴᠠᠵᠤ ᠵᠠᠬᠢᠶᠠᠯᠠᠭ᠎ᠠ ᠶ᠋ᠢᠨ ᠢᠷᠡᠯᠲᠡ ᠪᠠᠨ ᠪᠠᠲᠤᠯᠠᠭᠰᠠᠨ ᠰᠠᠭᠤᠷᠢᠨ ᠳᠡᠭᠡᠷ᠎ᠡ᠂ ᠤᠢᠷ᠎ᠡ ᠬᠠᠪᠢ ᠶ᠋ᠢᠨ ᠰᠠᠭᠤᠭᠠᠯᠢ  ᠠᠷᠠᠳ ᠲᠠᠭᠠᠨ ᠵᠤᠷᠢᠭᠤᠯᠤᠨ ᠬᠠᠪᠤᠷ ᠤ᠋ᠨ ᠤᠯᠠᠷᠢᠯ ᠤ᠋ᠨ ᠪᠤᠯᠪᠠᠰᠤᠷᠠᠯ ᠤ᠋ᠨ ᠠᠡᠭᠬᠢ ᠡᠷᠬᠢᠯᠡᠪᠡ᠃ ᠤᠳᠤ ᠪᠤᠯᠪᠠᠰᠤᠷᠠᠯ ᠳ᠋ᠦ ᠤᠷᠤᠯᠴᠠᠭᠰᠠᠨ 50 ᠭᠠᠷᠤᠢ ᠪᠦᠰᠡᠭᠦᠢᠴᠤᠳ ᠪᠦᠬᠦᠨ ᠶ᠋ᠢᠡᠷ ᠶ᠋ᠢᠡᠨ ᠰᠤᠯᠠ ᠰᠡᠯᠡᠭᠦᠦ ᠴᠠᠭ ᠶ᠋ᠢᠡᠨ ᠠᠰᠢᠭᠯᠠᠨ ᠨᠡᠢᠭᠡᠮ ᠲᠤᠭᠤᠷᠢᠭ ᠲᠦ᠍ ᠢᠷᠡᠵᠦ ᠭᠠᠷ ᠤᠷᠠᠯᠠᠯ ᠤ᠋ᠨ ᠪᠦᠲᠦᠭᠡᠭᠳᠡᠭᠦᠨ ᠬᠢᠵᠦ ᠪᠠᠢᠨ᠎ᠠ》 ᠭᠡᠵᠦ ᠵᠤᠤᠬᠠᠴᠢᠨ ᠨᠡᠢᠭᠡᠮ ᠲᠤᠭᠤᠷᠢᠭ ᠤ᠋ᠨ ᠭᠠᠷ ᠤᠷᠠᠯᠠᠯ ᠤ᠋ᠨ ᠪᠤᠯᠪᠠᠰᠤᠷᠠᠯ ᠤ᠋ᠨ ᠠᠡᠭᠬᠢ ᠶ᠋ᠢᠨ ᠪᠠᠭᠰᠢ  ᠯᠦ᠍ ᠼᠠᠢ ᠬᠤᠡᠭ  ᠶᠠᠷᠢᠵᠤ ᠪᠠᠢᠯ᠎ᠠ᠃

ᠬᠦᠷᠢᠶ᠎ᠡ ᠬᠤᠰᠢᠭᠤ ᠨᠠᠮ ᠤ᠋ᠨ ᠭᠡᠰᠢᠭᠦᠳ ᠶ᠋ᠢᠡᠨ ᠵᠤᠬᠢᠶᠠᠨ ᠪᠠᠢᠭᠤᠯᠤᠨ ᠨᠡᠢᠭᠡᠮ ᠲᠤᠭᠤᠷᠢᠭ ᠲᠦ᠍ ᠬᠦᠷᠴᠦ ᠲᠦᠷᠦ ᠶ᠋ᠢᠨ ᠪᠤᠳᠤᠯᠭ᠎ᠠ ᠶ᠋ᠢᠨ ᠲᠠᠢᠯᠤᠮᠵᠢ ᠬᠢᠬᠦ᠂ ᠬᠦᠴᠢᠷᠳᠡᠯᠲᠡᠢ ᠠᠷᠠᠳ ᠲᠦᠮᠡᠨ ᠢ᠋ ᠪᠤᠯᠭᠤᠭᠠᠨ ᠲᠤᠬᠤᠨᠢᠭᠤᠯᠬᠤ᠂ ᠰᠠᠭᠤᠭᠠᠯᠢ ᠠᠷᠠᠳ ᠤ᠋ᠨ ᠬᠦᠰᠡᠯ ᠢ᠋ ᠪᠡᠶᠡᠯᠡᠭᠦᠯᠬᠦ ᠵᠡᠷᠭᠡ ᠠᠵᠢᠯ ᠢ᠋ ᠦᠷᠭᠡᠨ ᠶ᠋ᠢᠡᠷ ᠦᠷᠨᠢᠭᠦᠯᠵᠤ ᠪᠠᠢᠨ᠎ᠠ᠃ ᠦᠵᠦᠮᠦᠴᠢᠨ ᠨᠡᠢᠭᠡᠮ ᠲᠤᠭᠤᠷᠢᠭ ᠨᠢ 12 ᠡᠷᠦᠬᠡ ᠬᠠᠮᠲᠤ ᠪᠡᠷ ᠪᠦᠲᠦᠭᠡᠨ ᠪᠠᠢᠭᠤᠯᠬᠤ ᠪᠠᠢᠭᠤᠯᠭ᠎ᠠ ᠨᠢᠭᠡᠴᠢ ᠲᠠᠢ ᠬᠤᠯᠪᠤᠭᠠᠯᠠᠨ ᠬᠦᠳᠡᠯᠦᠯᠴᠡᠵᠦ᠂ 30 ᠲᠦᠮᠡ ᠭᠠᠷᠤᠢ ᠲᠦᠬᠦᠷᠢᠭ ᠴᠤᠭᠯᠠᠭᠤᠯᠤᠨ ᠬᠠᠷᠢᠶ᠎ᠠ ᠤᠷᠤᠨ ᠤ᠋ ᠪᠠᠨ ᠤᠰᠤ ᠭᠠᠳᠠᠭᠰᠢᠯᠠᠭᠤᠯᠬᠤ ᠳ᠋ᠦ ᠬᠦᠴᠢᠷ᠂ ᠵᠠᠮ ᠤ᠋ᠨ ᠭᠠᠳᠠᠷᠭᠤ ᠡᠡᠭᠬᠦᠯ ᠳᠤᠡᠭᠬᠤᠯ ᠠᠰᠠᠭᠤᠳᠠᠯ ᠢ᠋ ᠪᠦᠲᠦᠮᠵᠢᠲᠠᠢ ᠰᠢᠢᠳᠪᠦᠷᠢᠯᠡᠪᠡ᠃ ᠰᠠᠭᠤᠭᠠᠯᠢ ᠲᠤᠭᠤᠷᠢᠭ ᠤ᠋ᠨ ᠵᠠᠰᠠᠯᠲᠠ ᠶ᠋ᠢᠨ ᠬᠦᠴᠢᠷ ᠠᠰᠠᠭᠤᠳᠠᠯ ᠳ᠋ᠦ ᠵᠤᠷᠢᠭᠤᠯᠤᠨ《ᠢᠲᠡᠭᠡᠮᠵᠢᠲᠦ ᠨᠡᠢᠳᠠᠯᠭ᠎ᠠ ᠶ᠋ᠢᠨ ᠳᠦᠷᠢᠮᠲᠦ》ᠠᠳᠠᠯ ᠠᠬᠤᠢ ᠶ᠋ᠢᠨ ᠦᠭᠡᠷᠡᠴᠢᠯᠡᠯᠲᠡ ᠵᠢ ᠰᠢᠨ᠎ᠡ ᠵᠢ ᠡᠭᠦᠳᠦᠨ ᠳᠡᠯᠭᠡᠷᠡᠭᠦᠯᠵᠦ᠂ ᠵᠢᠵᠢᠭ ᠫᠷᠤᠭ᠌ᠷᠠᠮ ᠶ᠋ᠢᠡᠷ ᠳᠠᠮᠵᠢᠨ ᠲᠤᠭᠠᠴᠢᠯᠠᠭᠰᠠᠨ ᠬᠢᠨᠠᠯᠲᠠ ᠬᠠᠮᠢᠶᠠᠷᠤᠯᠲᠠ ᠵᠢ ᠪᠡᠶᠡᠯᠡᠭᠦᠯᠵᠦ᠂ ᠠᠳᠠᠯ ᠠᠬᠤᠢ ᠶ᠋ᠢᠨ ᠵᠢᠭᠤᠷᠠᠯᠳᠤᠭᠠᠨ ᠢ᠋ ᠰᠢᠢᠳᠪᠦᠷᠢᠯᠡᠬᠦ ᠦᠷ᠎ᠡ ᠪᠦᠲᠦᠮᠵᠢ ᠵᠢ ᠶᠡᠬᠡ ᠪᠡᠷ ᠳᠡᠭᠡᠭᠰᠢᠯᠡᠬᠦᠯᠦᠭᠰᠡᠨ ᠡᠴᠡ ᠰᠠᠭᠤᠭᠠᠯᠢ ᠠᠷᠠᠳ ᠤ᠋ᠨ ᠬᠠᠨᠤᠮᠵᠢ ᠶ᠋ᠢᠨ ᠨᠤᠷᠮ᠎ᠠ 92% ᠢ᠋ ᠳᠠᠪᠠᠵᠤ᠂ ᠬᠤᠲᠠ ᠪᠠᠯᠭᠠᠰᠤᠨ ᠤ᠋ ᠦᠨᠳᠦᠰᠤᠨ ᠱᠠᠲᠤᠨ ᠤ᠋ ᠵᠠᠰᠠᠯᠲᠠ ᠶ᠋ᠢᠨ ᠶᠠᠰᠤ ᠴᠢᠨᠠᠷ ᠵᠢᠴᠢ ᠦᠷ᠎ᠡ ᠪᠦᠲᠦᠮᠵᠢ ᠳ᠋ᠤ ᠦᠰᠦᠷᠦᠯᠲᠡ ᠶ᠋ᠢᠨ ᠴᠢᠨᠠᠷᠲᠠᠢ ᠬᠤᠪᠢᠷᠠᠯᠲᠠ ᠭᠠᠷᠴᠠᠢ᠃

《ᠪᠢᠳᠡ ᠬᠤᠲᠠ ᠪᠠᠯᠭᠠᠰᠤᠨ ᠤ᠋ ᠵᠠᠰᠠᠯᠲᠠ ᠶ᠋ᠢᠨ ᠲᠤᠷᠰᠢᠯᠭ᠎ᠠ ᠪᠡᠷ ᠦᠯᠢᠭᠡᠷ ᠳᠠᠭᠤᠷᠢᠶᠠᠯ ᠪᠤᠯᠭᠠᠨ᠂ ᠵᠠᠰᠠᠯᠲᠠ ᠶ᠋ᠢᠨ ᠦᠷ᠎ᠠ ᠪᠦᠲᠦᠮᠵᠢ ᠪᠠᠨ ᠮᠠᠯᠵᠢᠬᠤ ᠲᠠᠷᠢᠶᠠᠯᠠᠬᠤ ᠤᠷᠤᠨ ᠲᠡᠢᠰᠢ ᠳᠡᠯᠭᠡᠷᠡᠭᠦᠯᠦᠨ ᠦᠷᠭᠡᠳᠭᠡᠵᠦ᠂〈145〉 ᠬᠦᠳᠡᠭᠡ ᠲᠤᠰᠬᠤᠨ ᠤ᠋ ᠵᠠᠰᠠᠯᠲᠠ ᠶ᠋ᠢᠨ ᠠᠵᠢᠯ ᠤ᠋ᠨ ᠵᠠᠭᠪᠤᠷ ᠢ᠋ ᠪᠦᠬᠦ ᠲᠠᠯ᠎ᠠ ᠪᠡᠷ ᠭᠦᠨᠵᠡᠭᠡᠢᠷᠡᠭᠦᠯᠤᠨ᠂ 〈ᠬᠤᠰᠢᠭᠤ — ᠪᠠᠯᠭᠠᠰᠤ — ᠲᠤᠰᠬᠤᠨ〉 ᠭᠤᠷᠪᠠᠨ ᠱᠠᠲᠤᠨ ᠤ᠋ ᠨᠠᠮ ᠤ᠋ᠨ ᠪᠠᠢᠭᠤᠯᠤᠯᠲᠠ ᠬᠤᠯᠪᠤᠭᠠᠯᠠᠨ ᠬᠦᠳᠡᠯᠦᠯᠴᠡᠬᠦ ᠳᠦᠷᠢᠮ᠂ ᠭᠤᠷᠪᠠᠨ ᠱᠠᠲᠤ ᠪᠡᠷ ᠳᠠᠭᠠᠭᠠᠴᠢᠯᠠᠨ ᠬᠤᠯᠪᠤᠭᠠᠯᠠᠬᠤ ᠬᠠᠷᠢᠭᠤᠴᠠᠯᠭ᠎ᠠ ᠶ᠋ᠢᠨ ᠰᠢᠰᠲᠸᠮ ᠢ᠋ ᠴᠢᠡᠭᠭᠠᠳᠬᠠᠨ ᠪᠤᠳᠠᠳᠠᠢᠵᠢᠭᠤᠯᠵᠤ᠂ ᠺᠠᠳ᠋ᠷ ᠤ᠋ᠨ ᠬᠦᠴᠦᠨ᠂ ᠱᠢᠯᠢᠳᠡᠭ ᠡᠬᠢ ᠪᠠᠶᠠᠯᠢᠭ᠂ ᠠᠷᠠᠳ ᠲᠦ᠍ ᠲᠥᠬᠥᠮ ᠦᠵᠡᠭᠦᠯᠬᠦ᠌ ᠦᠶ᠋ᠯᠡᠴᠢᠯᠡᠭᠡ ᠶ᠋ᠢ ᠪᠥᠬᠥ᠌ ᠲᠠᠯ᠎ᠠ ᠪᠠᠷ ᠦᠨᠳᠦᠰᠦᠨ ᠱᠠᠲᠤᠨ ᠳ᠋ᠤ ᠪᠠᠭᠤᠯᠭᠠᠵᠤ᠂ ᠠᠷᠠᠳ ᠲᠦᠮᠡᠨ ᠳ᠋ᠦ ᠦᠢᠯᠡᠴᠢᠯᠡᠬᠦ 〈ᠡᠴᠦᠰ ᠤ᠋ᠨ ᠨᠢᠭᠡ ᠺᠢᠯᠣᠮᠧᠲ᠋ᠷ〉 ᠢ᠋ ᠨᠡᠪᠲᠡᠷᠡᠭᠦᠯᠪᠡ 》 ᠭᠡᠵᠦ ᠬᠦᠷᠢᠶ᠎ᠡ ᠬᠤᠰᠢᠭᠤᠨ ᠤ᠋ ᠨᠠᠮ ᠤ᠋ᠨ ᠬᠤᠷᠢᠶ᠎ᠡ ᠶ᠋ᠢᠨ ᠵᠤᠬᠢᠶᠠᠨ ᠪᠠᠢᠭᠤᠯᠬᠤ ᠬᠡᠯᠲᠡᠰ ᠤ᠋ᠨ ᠳᠡᠳ᠋ ᠳᠠᠷᠤᠭ᠎ᠠ ᠲᠠᠡᠭ ᠬᠤᠸᠠ ᠵᠦ᠍ ᠶᠠᠷᠢᠵᠤ ᠪᠠᠢᠯ᠎ᠠ᠃

ᠬᠦᠷᠢᠶ᠎ᠡ ᠬᠤᠰᠢᠭᠤ ᠨᠢ ᠪᠦᠬᠦ ᠬᠤᠰᠢᠭᠤᠨ ᠤ᠋ ᠪᠠᠨ 186 ᠭᠠᠴᠠᠭ᠎ᠠ ᠲᠤᠰᠬᠤᠨ ᠤ᠋ ᠨᠠᠮ ᠤ᠋ᠨ ᠭᠡᠰᠢᠭᠦᠨ ᠪᠠ ᠤᠯᠠᠨ ᠲᠦᠮᠡᠨ ᠤ᠋ ᠦᠢᠯᠡᠴᠢᠯᠡᠭᠡᠨ ᠤ᠋ ᠲᠦᠪ ᠢ᠋ ᠪᠠᠷᠢᠮᠵᠢᠶᠠᠵᠢᠭᠤᠯᠤᠨ ᠳᠡᠰ ᠳᠡᠪᠰᠢᠭᠦᠯᠵᠦ᠂ ᠦᠨᠳᠦᠰᠤᠨ ᠪᠠᠲᠤᠯᠠᠭ᠎ᠠ ᠶ᠋ᠢᠨ ᠬᠡᠯᠪᠡᠷᠢ ᠶ᠋ᠢᠨ ᠵᠢᠭᠰᠠᠭᠠᠯ ᠤ᠋ᠨ ᠭᠠᠵᠠᠷ ᠡᠴᠡ ᠤᠯᠠᠨ ᠴᠢᠳᠠᠪᠬᠢᠲᠦ ᠦᠢᠯᠡᠴᠢᠯᠡᠭᠡᠨ ᠤ᠋  ᠬᠡᠯᠪᠡᠷᠢ ᠶ᠋ᠢᠨ ᠲᠠᠪᠴᠠᠡᠭ ᠪᠤᠯᠭᠠᠨ ᠬᠤᠪᠢᠷᠠᠭᠤᠯᠵᠤ᠂ 《1 + 1 + 9 + N》 ᠬᠤᠯᠪᠤᠭᠠᠯᠠᠨ ᠬᠦᠳᠡᠯᠦᠯᠴᠡᠬᠦ ᠲᠣᠭ᠍ᠲᠠᠴᠠ ᠪᠠ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ᠌ ᠳᠦᠷᠢᠮ ᠳ᠋ᠤ ᠲᠦᠱᠢᠭ᠌ᠯᠡᠨ᠂ ᠮᠠᠯᠴᠢᠨ ᠲᠠᠷᠢᠶᠠᠴᠢᠨ ᠳ᠋ᠤ ᠤᠢᠷ᠎ᠡ ᠬᠠᠪᠢ ᠳ᠋ᠤᠨᠢ ᠳᠥᠭᠥᠮ ᠳᠥᠲᠡ ᠥᠨᠳᠥᠷ  ᠪᠦᠲᠦᠮᠵᠢᠲᠡᠢ  ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡ ᠪᠠ ᠠᠮᠢᠳᠤᠷᠠᠯ ᠤ᠋ᠨ ᠦᠢᠯᠡᠴᠢᠯᠡᠭᠡ ᠬᠠᠡᠭᠭᠠᠵᠤ ᠪᠠᠢᠨ᠎ᠠ᠃ ᠦᠨᠳᠦᠰᠦᠨ ᠱᠠᠲᠤᠨ ᠤ᠋ ᠤᠳᠤᠷᠢᠳᠬᠤ ᠪᠠᠭ ᠤ᠋ᠨ ᠡᠡᠭᠨᠡᠭᠡ ᠶ᠋ᠢᠨ ᠪᠠᠢᠭᠤᠯᠤᠯᠲᠠ ᠵᠢ ᠲᠠᠰᠤᠷᠠᠯᠲᠠ ᠦᠭᠡᠢ ᠳᠡᠰ ᠳᠡᠪᠰᠢᠭᠦᠯᠦᠨ ᠲᠡᠭᠦᠯᠳᠡᠷᠵᠢᠭᠦᠯᠵᠦ᠂ ᠭᠠᠴᠠᠭ᠎ᠠ ᠲᠣᠰᠭᠣᠨ ᠤ᠋ ᠺᠠᠳ᠋ᠷ ᠢ᠋ 《ᠰᠣᠩᠭᠣᠬᠤ᠂ ᠬᠥᠮᠦᠵᠢᠭᠦᠯᠬᠦ᠌᠂ ᠬᠠᠮᠢᠶᠠᠷᠬᠤ᠂ ᠬᠡᠷᠡᠭ᠌ᠯᠡᠬᠦ᠌ 》 ᠪᠥᠬᠥ᠌ ᠬᠡᠯᠬᠢᠶᠡᠨ ᠤ᠋ ᠲᠣᠭ᠍ᠲᠠᠴᠠ ᠶ᠋ᠢ ᠪᠠᠢᠭᠤᠯᠵᠤ᠂ ᠭᠠᠴᠠᠭᠠᠨ ᠤ᠋ ᠨᠠᠮ ᠤ᠋ᠨ ᠡᠭᠦᠷ ᠤ᠋ᠨ ᠱᠦᠵᠢ ᠪᠠ ᠠᠷᠠᠳ ᠤ᠋ᠨ ᠵᠦᠪᠯᠡᠯ ᠤ᠋ᠨ ᠡᠷᠬᠢᠯᠡᠭᠴᠢ ᠶ᠋ᠢᠨ ᠲᠤᠰᠢᠶᠠᠯ ᠢ᠋ ᠨᠢᠭᠡ ᠬᠦᠮᠦᠨ ᠬᠠᠮᠲᠤ ᠳ᠋ᠤᠨᠢ ᠡᠬᠦᠷᠭᠡᠯᠡᠬᠦ ᠵᠢ ᠬᠤᠰᠢᠭᠤᠨ ᠤ᠋ ᠬᠡᠪᠴᠢᠶᠡᠨ ᠳ᠋ᠦ ᠪᠦᠷᠭᠦᠭᠦᠯᠵᠦ᠂ ᠭᠠᠴᠠᠭ᠎ᠠ ᠲᠤᠰᠬᠤᠨ ᠤ᠋ ᠤᠳᠤᠷᠢᠳᠬᠤ ᠪᠠᠭ ᠢ᠋ ᠵᠠᠯᠠᠭᠤᠵᠢᠭᠤᠯᠤᠨ᠂ ᠰᠤᠷᠤᠯᠭ᠎ᠠ ᠶ᠋ᠢᠨ ᠨᠠᠮᠳᠠᠷ ᠪᠠ ᠴᠢᠳᠠᠪᠤᠷᠢ ᠶ᠋ᠢᠨ ᠬᠤᠤᠰ ᠳᠡᠭᠡᠭᠰᠢᠯᠡᠯᠲᠡ ᠵᠢ ᠪᠡᠶᠡᠯᠡᠭᠦᠯᠵᠦ᠂ ᠬᠤᠰᠢᠭᠤᠨ ᠤ᠋ ᠬᠡᠪᠴᠢᠶᠡᠨ ᠳ᠋ᠦ 602 ᠲᠤᠰᠬᠤᠨ ᠤ᠋ ᠳᠡᠰ ᠤ᠋ᠨ ᠪᠡᠯᠡᠳᠭᠡᠯ ᠴᠢᠳᠠᠪᠤᠷᠢᠲᠠᠨ ᠨᠦᠬᠡᠴᠡᠯᠡᠵᠤ᠂ ᠦᠨᠳᠦᠰᠦᠨ ᠱᠠᠲᠤᠨ ᠤ᠋ ᠠᠵᠢᠯ ᠬᠢᠵᠦ ᠦᠢᠯᠡᠰ ᠪᠤᠰᠬᠠᠬᠤ ᠡᠡᠭᠨᠡᠭᠡ ᠶ᠋ᠢᠨ ᠪᠠᠢᠭᠤᠯᠤᠯᠲᠠ ᠵᠢ ᠴᠢᠡᠭᠭᠠᠳᠬᠠᠪᠠ᠃

ᠬᠦᠷᠢᠶ᠎ᠡ ᠬᠤᠰᠢᠭᠤ ᠦᠨᠳᠦᠰᠦᠨ ᠱᠠᠲᠤᠨ ᠤ᠋ ᠠᠷᠠᠳ ᠲᠦᠮᠡᠨ ᠤ᠋ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ ᠢ᠋ ᠴᠠᠭ ᠲᠤᠬᠠᠢ ᠳ᠋ᠤᠨᠢ ᠰᠢᠢᠳᠪᠦᠷᠢᠯᠡᠬᠦ ᠶ᠋ᠢᠨ ᠲᠤᠰᠠᠳᠠ᠂ ᠬᠤᠰᠢᠭᠤᠨ ᠤ᠋ ᠬᠡᠪᠴᠢᠶᠡᠨ ᠳ᠋ᠡᠭᠡᠨ 810 ᠬᠦᠳᠡᠭᠡ ᠲᠤᠰᠬᠤᠨ ᠤ᠋ ᠲᠤᠤᠷᠵᠢᠯ ᠢ᠋ ᠪᠠᠢᠭᠤᠯᠵᠤ᠂ 931 ᠨᠡᠷᠡᠰ ᠲᠤᠤᠷᠵᠢᠭᠤᠯᠤᠯᠲᠠ ᠶ᠋ᠢᠨ ᠠᠵᠢᠯᠲᠠᠨ ᠲᠤᠬᠢᠷᠠᠭᠤᠯᠵᠤ᠂ 《 ᠨᠠᠮ ᠤ᠋ᠨ ᠭᠡᠰᠢᠭᠦᠨ ᠤ᠋ ᠪᠠᠭ᠎ᠠ ᠲᠤᠭᠤᠢᠯᠠᠡᠭ + ᠲᠤᠤᠷᠵᠢᠭᠤᠯᠤᠯᠲᠠ ᠶ᠋ᠢᠨ ᠠᠵᠢᠯᠲᠠᠨ + ᠡᠷᠦᠬᠡ ᠶ᠋ᠢᠨ ᠳᠠᠷᠤᠭ᠎ᠠ》 ᠶ᠋ᠢᠨ  ᠬᠠᠮᠢᠶᠠᠷᠤᠯᠲᠠ ᠶ᠋ᠢᠨ ᠲᠤᠭᠲᠠᠴᠠ ᠵᠢ ᠪᠠᠢᠭᠤᠯᠵᠤ᠂ 《 ᠨᠢᠭᠡ ᠲᠤᠰᠬᠤᠨ ᠳ᠋ᠤ ᠨᠢᠭᠡ ᠬᠠᠤᠯᠢ ᠴᠠᠭᠠᠵᠠ ᠶ᠋ᠢᠨ ᠵᠦᠪᠯᠡᠭᠴᠢ》 ᠵᠢ  ᠪᠦᠬᠦᠨ ᠢ᠋  ᠪᠦᠷᠬᠦᠭᠦᠯᠵᠦ᠂ ᠵᠥᠷᠢᠴᠡᠯ ᠵᠠᠭᠤᠷᠠᠯᠳᠤᠭᠠᠨ ᠢ᠋ ᠨᠠᠮᠳᠠᠭᠠᠭ᠍ᠰᠠᠨ ᠨᠣᠷᠮ᠎ᠠ 95.7% ᠳ᠋ᠦ ᠬᠦᠷᠴᠦ᠂ 103 ᠵᠦᠢᠯ ᠤ᠋ᠨ ᠠᠷᠠᠳ ᠤ᠋ᠨ ᠠᠮᠢᠳᠤᠷᠠᠯ ᠤ᠋ᠨ ᠲᠦᠷᠦᠯ ᠵᠦᠢᠯ ᠢ᠋  ᠨᠠᠢᠳᠠᠪᠤᠷᠢᠵᠢᠭᠤᠯᠵᠤ᠂ ᠤᠯᠠᠨ  ᠡᠰᠢᠵᠢᠭᠰᠡᠨ  ᠬᠠᠮᠲᠤ ᠪᠡᠷ ᠵᠠᠰᠠᠬᠤ ᠦᠨᠳᠦᠰᠦᠨ ᠱᠠᠲᠤᠨ ᠤ᠋ ᠵᠠᠰᠠᠯᠲᠠ ᠶ᠋ᠢᠨ ᠰᠢᠨ᠎ᠡ ᠪᠠᠢᠷᠢᠰᠢᠯ ᠢ᠋ ᠪᠦᠷᠢᠯᠳᠦᠭᠦᠯᠵᠠᠢ᠃ ᠨᠠᠮ ᠤ᠋ᠨ ᠭᠡᠰᠢᠭᠦᠨ ᠤ᠋ ᠬᠦᠲᠦᠯᠦᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠨᠠᠮ ᠤ᠋ᠨ ᠭᠡᠰᠢᠭᠦᠨ ᠤ᠋  ᠪᠠᠶᠠᠵᠢᠯ  ᠤ᠋ᠨ ᠳᠠᠭᠠᠭᠤᠯᠤᠭᠴᠢ ᠵᠢ 17 ᠬᠦᠮᠦᠵᠢᠭᠦᠯᠵᠦ᠂ 《ᠠᠭᠤᠯᠠᠨ ᠳᠡᠭᠡᠷ᠎ᠡ ᠵᠢᠮᠢᠰ ᠲᠠᠢ᠂ ᠫᠸᠡᠭ ᠲᠤᠳᠤᠷ᠎ᠠ  ᠨᠤᠭᠤᠭ᠎ᠠ ᠲᠠᠢ᠂ ᠬᠠᠰᠢᠶ᠎ᠡ ᠳᠤᠲᠤᠷ᠎ᠠ ᠮᠠᠯ ᠲᠠᠢ᠂ ᠤᠢ ᠳᠤᠲᠤᠷ᠎ᠠ ᠲᠠᠬᠢᠶ᠎ᠠ ᠲᠠᠢ᠂ ᠤᠰᠤᠨ ᠳᠤᠲᠤᠷᠭ᠎ᠠ ᠶ᠋ᠢᠨ ᠲᠠᠷᠢᠶᠠᠨ ᠳ᠋ᠦ ᠨᠠᠶ᠋ᠮᠠᠯᠵᠢ ᠲᠠᠶ》 ᠪᠠᠢᠬᠤ 《ᠲᠠᠪᠤ ᠪᠠᠢᠬᠤ》 ᠠᠵᠤ ᠦᠢᠯᠡᠰ ᠤ᠋ᠨ ᠪᠠᠢᠷᠢᠰᠢᠯ ᠢ᠋ ᠪᠦᠷᠢᠯᠳᠦᠭᠦᠯᠵᠦ᠂ 2025 ᠤᠨ ᠳ᠋ᠦ 1677.5 ᠲᠦᠮᠡᠨ ᠲᠥᠭᠥᠷᠢᠭ ᠤ᠋ᠨ ᠪᠡᠯᠡ ᠤᠷᠤᠭᠤᠯᠤᠯᠲᠠ  ᠪᠦᠬᠦᠢ 28 ᠵᠦᠢᠯ ᠤ᠋ᠨ ᠬᠠᠪᠰᠤᠷᠤᠨ ᠳᠡᠳᠬᠦᠬᠦ ᠲᠦᠷᠦᠯ ᠵᠦᠢᠯ ᠢ᠋  ᠪᠤᠳᠠᠳᠠᠢ ᠳ᠋ᠦ ᠨᠠᠢᠳᠠᠪᠤᠷᠢᠵᠢᠭᠤᠯᠪᠠ᠃ ᠲᠡᠷᠡ ᠮᠦᠷᠲᠡᠭᠡᠨ ᠪᠠᠰᠠ ᠬᠥᠳᠡᠭᠡ ᠲᠣᠰᠭᠣᠨ ᠤ᠋ ᠬᠥᠭ᠌ᠵᠢᠯᠲᠡ᠂ ᠣᠷᠴᠢᠨ ᠲᠣᠭᠣᠷᠢᠨ ᠤ᠋ ᠴᠡᠭ᠌ᠴᠡᠯᠡᠨ ᠵᠠᠰᠠᠯᠲᠠ᠂ ᠠᠰᠠᠭᠤᠳᠠᠯ ᠢ᠋ ᠴᠡᠭ᠌ᠴᠡᠯᠡᠨ ᠰᠠᠢᠵᠢᠷᠠᠭᠤᠯᠬᠤ ᠵᠡᠷᠭᠡ ᠭᠣᠣᠯᠳᠠᠯᠭ᠎ᠠ ᠲᠠᠶ ᠠᠵᠢᠯ ᠳ᠋ᠤ ᠠᠩᠬᠠᠷᠤᠯ ᠵᠢᠡᠨ ᠲᠥᠪᠯᠡᠷᠡᠭᠦᠯᠤᠨ᠂ ᠠᠵᠢᠯ  ᠤ᠋ᠨ ᠨᠠᠷᠢᠨ ᠳᠠᠡᠭᠰᠠ ᠭᠠᠷᠭᠠᠵᠤ᠂ 50 ᠲᠦᠮᠡᠨ ᠮᠦ᠍ ᠵᠢᠨ ᠥᠨᠳᠥᠷ ᠪᠠᠷᠢᠮᠵᠢᠶᠠᠲᠤ   ᠲᠠᠷᠢᠶᠠᠨ ᠭᠠᠵᠠᠷ ᠤ᠋ᠨ ᠪᠦᠳᠦᠭᠡᠨ ᠪᠠᠢᠭᠤᠯᠤᠯᠲᠠ ᠵᠢᠨ ᠡᠭᠦᠷᠭᠡ᠎ᠶ᠋ᠢ ᠴᠢᠨᠠᠷ ᠰᠠᠢᠲᠠᠢ ᠪᠡᠶᠡᠯᠡᠭᠦᠯᠵᠦ᠍᠂ ᠲᠥᠪ ᠤ᠋ᠨ ᠲᠣᠭᠣᠷᠢᠨ ᠪᠠᠢᠴᠠᠭᠠᠵᠤ ᠬᠠᠷᠢᠭᠤ ᠲᠤᠰᠭᠠᠭ᠍ᠰᠠᠨ ᠠᠰᠠᠭᠤᠳᠠᠯ ᠢ᠋ ᠪᠦᠬᠦ᠌ ᠲᠠᠯ᠎ᠠ ᠪᠠᠷ ᠴᠡᠭᠴᠡᠯᠡᠨ ᠰᠠᠢᠵᠢᠷᠠᠭᠤᠯᠵᠤ᠂ ᠬᠥᠳᠡᠭᠡ ᠲᠣᠰᠭᠣᠨ ᠤ᠋ ᠠᠮᠢᠳᠤᠷᠠᠯ ᠤ᠋ᠨ ᠬᠣᠭ ᠨᠣᠪᠰᠢ᠂ ᠡᠯᠳᠡᠪ ᠪᠣᠳᠠᠰ ᠢ᠋ ᠨᠡᠢ᠌ᠳᠡ 600 ᠭᠠᠷᠤᠢ ᠲᠣᠨ ᠴᠡᠪᠡᠷᠯᠡᠨ᠂ ᠭᠠᠴᠠᠭ᠎ᠠ ᠲᠤᠰᠬᠤᠨ ᠤ᠋ ᠳᠦᠷᠢ ᠳᠦᠷᠬᠦ ᠵᠢ ᠢᠯᠠᠳᠲᠠ ᠳᠡᠭᠡᠭᠰᠢᠯᠡᠭᠦᠯᠵᠤ᠂ ᠵᠠᠰᠠᠯᠲᠠ ᠶ᠋ᠢᠨ ᠲᠦᠪᠰᠢᠨ ᠢ᠋  ᠴᠢᠨᠠᠭᠰᠢᠲᠠ ᠳᠦᠷᠢᠮᠵᠢᠭᠦᠯᠦᠭᠰᠡᠨ ᠪᠠᠢᠨ᠎ᠠ᠃

ᠬᠦᠷᠢᠶ᠎ᠡ ᠬᠤᠰᠢᠭᠤ ᠬᠤᠲᠠ ᠬᠦᠳᠡᠭᠡ ᠳ᠋ᠦ ᠲᠦᠷᠦᠯ ᠬᠤᠪᠢᠶᠠᠨ ᠠᠷᠭ᠎ᠠ ᠪᠤᠳᠤᠯᠭ᠎ᠠ ᠭᠡᠷᠡᠭᠵᠢᠭᠦᠯᠵᠦ᠂ ᠨᠢᠭᠡ ᠴᠤᠭᠴᠠᠵᠢᠭᠤᠯᠤᠨ ᠠᠬᠢᠭᠤᠯᠬᠤ ᠵᠠᠰᠠᠯᠲᠠ ᠪᠡᠷ ᠳᠠᠮᠵᠢᠨ ᠬᠤᠲᠠ ᠪᠠᠯᠭᠠᠰᠤᠨ ᠤ᠋ ᠦᠢᠯᠡᠴᠢᠯᠡᠭᠡ ᠶ᠋ᠢᠨ ᠶᠠᠰᠤ ᠴᠢᠨᠠᠷ ᠳᠡᠭᠡᠭᠰᠢᠯᠡᠭᠰᠡᠨ᠂ ᠬᠦᠳᠡᠭᠡ ᠲᠤᠰᠬᠤᠨ ᠤ᠋ ᠵᠠᠰᠠᠯᠲᠠ ᠶ᠋ᠢᠨ ᠦᠷ᠎ᠡ ᠪᠦᠲᠦᠮᠵᠢ ᠳᠡᠭᠡᠭᠰᠢᠯᠡᠭᠰᠡᠨ᠂ ᠠᠷᠠᠳ ᠲᠦᠮᠡᠨ ᠤ᠋ ᠵᠢᠷᠭᠠᠯᠳᠤ ᠲᠦᠷᠦᠭᠳᠡᠯ ᠨᠡᠮᠡᠭᠳᠡᠭᠰᠡᠨ ᠭᠤᠷᠮᠤᠰᠤᠨ ᠦᠷ᠎ᠡ ᠠᠰᠢᠭ ᠎ᠢ  ᠪᠠᠶᠡᠯᠡᠭᠦᠯᠪᠡ᠃ 《 ᠪᠢᠳᠡ ᠳᠠᠷᠠᠭᠠᠴᠢ ᠪᠡᠷ ᠪᠢᠲᠡᠭᠦᠤ ᠬᠡᠯᠬᠢᠶᠡᠳᠤ ᠬᠠᠮᠢᠶᠠᠷᠤᠯᠲᠠ ᠵᠢ ᠭᠦᠨᠵᠡᠭᠡᠢᠷᠡᠭᠦᠯᠵᠦ᠂ ᠵᠢᠱ᠌ᠢᠶ᠎ᠡ ᠦᠵᠡᠭᠦᠯᠦᠨ ᠬᠦᠲᠦᠯᠦᠨ ᠳᠠᠭᠠᠭᠤᠯᠬᠤ ᠵᠢ ᠴᠢᠡᠭᠭᠠᠳᠬᠠᠨ ᠡᠡᠭᠨᠡᠭᠡ ᠶ᠋ᠢᠨ ᠪᠠᠢᠭᠤᠯᠤᠯᠲᠠ ᠵᠢ ᠭᠦᠨᠵᠡᠭᠡᠢᠷᠡᠭᠦᠯᠵᠦ᠂ ᠬᠢᠨᠠᠨ ᠪᠠᠢᠴᠠᠭᠠᠵᠤ ᠦᠨᠡᠯᠡᠨ ᠵᠢᠱ᠌ᠢᠬᠦ ᠳᠦᠷᠢᠮ ᠢ᠋ ᠲᠡᠭᠦᠯᠳᠡᠷᠵᠢᠭᠦᠯᠵᠦ᠂ ᠦᠨᠳᠦᠰᠤᠨ ᠱᠠᠲᠤᠨ ᠤ᠋ ᠵᠠᠰᠠᠯᠲᠠ ᠶ᠋ᠢᠨ〈ᠬᠦᠷᠢᠶ᠎ᠡ ᠶ᠋ᠢᠨ ᠵᠠᠭᠪᠤᠷ〉 ᠢ᠋ ᠪᠦᠬᠦ ᠬᠦᠴᠦᠨ ᠶ᠋ᠢᠡᠷ ᠶ᠋ᠢᠡᠨ ᠴᠤᠭᠴᠠᠯᠠᠨ᠎ᠠ 》 ᠭᠡᠵᠦ ᠲᠠᠡᠭ ᠬᠤᠸᠠ ᠵᠦ᠍ ᠶᠠᠷᠢᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号