ᠵᠢᠩᠭᠠᠩᠱᠠᠨ᠄ 《ᠳᠤᠮᠳᠠᠳᠤ ᠤᠯᠤᠰ᠎ᠤᠨ ᠬᠤᠪᠢᠰᠭᠠᠯ᠎ᠤᠨ ᠥᠯᠥᠭᠡᠢ》 ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠨ᠎ᠠ
2026-06-12 09:15:42
ᠵᠣᠬᠢᠶᠠᠭ᠍ᠴᠢ᠄
ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠰᠦᠨ ᠫᠸᠩ ᠴᠧᠩ ᠮᠢᠨ ᠽᠦᠨ ᠲᠤᠤ ᠱᠢᠶᠦ᠋ᠩ ᠵᠢᠶᠠ ᠯᠢᠨ
ᠣᠩᠱᠢᠭ᠍ᠰᠠᠨ ᠣᠳᠠᠭ᠎ᠠ᠄
★★★☆☆

ᠥᠨᠳᠥᠷ ᠰᠦᠷᠯᠢᠭ ᠵᠢᠩᠭᠠᠩᠱᠠᠨ ᠠᠭᠤᠯᠠᠠ ᠳ᠋ᠤ ᠤᠴᠢ ᠵᠢᠨ ᠭᠠᠯ ᠪᠠᠳᠠᠷᠠᠨ᠎ᠠ᠃ 1927 ᠣᠨ᠎ᠳᠤ᠂ ᠳᠤᠮᠳᠠᠳᠤ ᠤᠯᠤᠰ᠎ᠤᠨ ᠡᠪ ᠬᠠᠮᠲᠤᠴᠤᠳ ᠬᠤᠪᠢᠰᠭᠠᠯ᠎ᠤᠨ ᠤᠴᠢ᠎ᠶ᠋ᠢ ᠵᠢᠩᠭᠠᠩᠱᠠᠨ ᠠᠭᠤᠯᠠᠠ᠎ᠳᠤ ᠠᠪᠴᠢᠷᠠᠪᠠ — ᠲᠠᠪᠤᠨ ᠵᠠᠭᠤᠨ ᠭᠠᠵᠠᠷ᠎ᠤᠨ ᠤᠢ ᠱᠢᠭᠤᠢ᠎ᠳᠤ ᠬᠦᠷᠢᠶᠡᠯᠡᠭ᠌ᠳᠡᠭ᠌ᠰᠡᠨ ᠡᠨᠡ ᠬᠦ᠌ ᠪᠠᠭᠠᠲᠤᠷᠯᠢᠭ ᠠᠭᠤᠯᠠ ᠨᠢ ᠬᠥᠳᠡᠭᠡ ᠲᠣᠰᠭᠣᠨ᠎ᠢᠶᠠᠷ ᠬᠤᠳᠠ᠎ᠶ᠋ᠢ ᠪᠦᠰᠡᠯᠡᠬᠦ᠌᠂ ᠵᠡᠪᠰᠡᠭ᠌ᠲᠦ ᠬᠦᠴᠦᠨ᠎ᠢᠶᠡᠷ ᠵᠠᠰᠠᠭ᠎ᠤᠨ ᠡᠷᠬᠡ᠎ᠶ᠋ᠢ ᠪᠤᠯᠢᠶᠠᠨ ᠠᠪᠬᠤ ᠳᠤᠮᠳᠠᠳᠤ ᠤᠯᠤᠰ᠎ᠤᠨ ᠬᠤᠪᠢᠰᠭᠠᠯ᠎ᠤᠨ ᠱᠢᠨ᠎ᠡ ᠵᠠᠮ᠎ᠤᠨ ᠭᠡᠷᠡᠯ ᠰᠠᠴᠤᠷᠠᠩᠭᠤᠢ ᠡᠬᠢᠯᠡᠯᠳᠡ᠎ᠶ᠋ᠢ ᠭᠡᠷᠡᠴᠢᠯᠡᠪᠡ᠃

ᠶᠡᠷᠦᠩᠬᠡᠢ ᠱᠦᠵᠢ ᠰᠢ ᠵᠢᠨ ᠫᠢᠩ᠄ 《ᠵᠢᠩᠭᠠᠩᠱᠠᠨ ᠪᠣᠯ ᠳᠤᠮᠳᠠᠳᠤ ᠤᠯᠤᠰ᠎ᠤᠨ ᠬᠤᠪᠢᠰᠭᠠᠯ᠎ᠤᠨ ᠥᠯᠥᠭᠡᠢ ᠮᠥᠨ᠃ ᠵᠢᠩᠭᠠᠩᠱᠠᠨ ᠤ᠋ ᠬᠤᠪᠢᠰᠬᠠᠯ ᠤ᠋ᠨ ᠦᠶ᠎ᠡ᠎ᠳᠦ ᠪᠢᠳᠡᠨ᠎ᠳᠦ ᠦᠯᠡᠳᠡᠭᠡᠭ᠌ᠰᠡᠨ ᠬᠠᠮᠤᠭ᠎ᠤᠨ ᠡᠷᠬᠢᠮ ᠨᠠᠨᠳᠢᠨ ᠡᠳ᠋ ᠬᠦᠷᠦᠩᠭᠡ ᠪᠣᠯ ᠳᠠᠷᠤᠢ ᠴᠠᠭ ᠬᠤᠭᠤᠴᠠᠭ᠎ᠠ ᠣᠷᠣᠨ ᠵᠠᠢ᠎ᠶ᠋ᠢ ᠠᠯᠤᠰᠯᠠᠭ᠍ᠰᠠᠨ ᠵᠢᠩᠭᠠᠩᠱᠠᠨ᠎ᠤ ᠵᠣᠷᠢᠭ ᠰᠠᠨᠠᠭ᠎ᠠ ᠪᠣᠯᠤᠨ᠎ᠠ》 ᠭᠡᠵᠤ ᠭᠦᠨᠵᠡᠭᠡᠢ ᠵᠢᠭᠠᠵᠤ ᠭᠠᠷᠭᠠᠪᠠ᠃

ᠣᠴᠢ ᠵᠢᠨ ᠭᠠᠯ ᠤᠨᠲᠠᠷᠠᠰᠢ ᠦᠭᠡᠢ᠂ ᠠᠶᠠᠨ ᠵᠠᠮ ᠬᠡᠵᠢᠶᠡᠳᠡ ᠰᠦᠷ ᠳᠠᠯᠠᠢᠴᠠᠳᠠᠢ᠃ ᠡᠨᠡ ᠬᠦ᠌ ᠬᠤᠪᠢᠰᠭᠠᠯ᠎ᠤᠨ ᠬᠠᠯᠠᠭᠤᠨ ᠬᠥᠷᠥᠰᠥᠨ᠎ᠳᠦ᠂ ᠬᠤᠪᠢᠰᠭᠠᠯ᠎ᠤᠨ ᠥᠯᠥᠭᠡᠢ᠎ᠶ᠋ᠢᠨ ᠺᠠᠳ᠋ᠷ ᠤᠯᠠᠨ ᠲᠦᠮᠡᠨ ᠶᠠᠭ ᠴᠠᠭ ᠬᠤᠭᠤᠴᠠᠭ᠎ᠠ ᠣᠷᠣᠨ ᠵᠠᠢ᠎ᠶ᠋ᠢ ᠠᠯᠤᠰᠯᠠᠭ᠍ᠰᠠᠨ ᠵᠢᠩᠭᠠᠩᠱᠠᠨ᠎ᠤ ᠵᠣᠷᠢᠭ ᠰᠠᠨᠠᠭ᠎ᠠ᠎ᠶ᠋ᠢ ᠠᠵᠢᠯ ᠬᠢᠵᠦ᠍ ᠦᠢᠯᠡᠰ ᠪᠤᠰᠭᠠᠬᠤ ᠬᠥᠳᠡᠯᠭᠡᠬᠦ᠌ ᠬᠦᠴᠦᠨ ᠪᠣᠯᠭᠠᠵᠤ᠂ ᠵᠢᠩᠭᠠᠩᠱᠠᠨ᠎ᠤ ᠴᠢᠨᠠᠷ ᠰᠠᠢᠲᠠᠢ ᠬᠥᠭ᠌ᠵᠢᠯᠲᠡ᠎ᠶ᠋ᠢᠨ ᠢᠷᠠᠭᠤ ᠭᠠᠢᠬᠠᠮᠱᠢᠭ᠍ᠲᠤ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ᠍ ᠪᠠᠢᠨ᠎ᠠ᠃

ᠬᠤᠪᠢᠰᠬᠠᠯ᠎ᠤᠨ ᠵᠤᠷᠢᠭ ᠰᠠᠨᠠᠭ᠎ᠠ ᠴᠠᠭ ᠬᠤᠭᠤᠴᠠᠭ᠎ᠠ ᠣᠷᠣᠨ ᠵᠠᠶ ᠠᠯᠤᠰᠯᠠᠨ ᠲᠠᠮᠵᠢᠭᠳᠠᠨ᠎ᠠ

ᠵᠢᠩᠭᠠᠩᠱᠠᠨ ᠬᠣᠲᠠ᠎ᠶ᠋ᠢᠨ ᠮᠤᠤ ᠫᠢᠩ ᠪᠠᠯᠭᠠᠰᠤᠨ ᠤ᠋ ᠪᠠ ᠵᠢᠶᠤᠤ ᠯᠧᠦ᠍ ᠠᠰᠠᠷ ᠤ᠋ᠨ ᠬᠤᠪᠢᠰᠭᠠᠯ᠎ᠤᠨ ᠬᠠᠭᠤᠴᠢᠨ ᠪᠠᠭᠤᠷᠢ ᠳ᠋ᠤ ᠨᠡᠷᠡᠨ᠎ᠦ ᠭᠡᠷᠡᠯ ᠴᠣᠩᠬᠣ ᠪᠡᠷ ᠳᠤᠰᠴᠤ᠂ ᠨᠢᠭᠡᠨ ᠲᠣᠰᠣᠨ ᠳ᠋ᠧᠩ᠂ ᠬᠣᠶᠠᠷ ᠱᠢᠷᠠᠯᠠᠭ᠍ᠰᠠᠨ ᠵᠢᠵᠢᠭ ᠳᠡᠪᠲᠡᠷ  ᠳᠡᠯᠭᠡᠭᠳᠡᠵᠤ᠂ ᠵᠢᠭᠤᠯᠴᠢᠯᠠᠭᠰᠠᠳ᠎ᠤᠨ ᠠᠩᠬᠠᠷᠤᠯ᠎ᠢ ᠲᠠᠲᠠᠨ᠎ᠠ᠃

90 ᠭᠠᠷᠤᠢ ᠵᠢᠯ᠎ᠦᠨ ᠡᠮᠦᠨ᠎ᠡ᠂ ᠮᠠᠤ ᠽᠸ ᠳ᠋ᠦᠩ ᠨᠥᠬᠥᠷ  ᠤ᠋ᠨ ᠡᠨᠳᠡ ᠪᠢᠴᠢᠭᠰᠡᠨ《ᠳᠤᠮᠳᠠᠳᠤ ᠤᠯᠤᠰ᠎ᠤᠨ ᠬᠤᠪᠢᠰᠬᠠᠯᠳᠤ ᠵᠠᠰᠠᠭ ᠶᠠᠭᠠᠬᠢᠭᠠᠳ ᠲᠣᠭ᠍ᠲᠠᠨᠢᠵᠤ ᠴᠢᠳᠠᠭ᠍ᠰᠠᠨ ᠪᠤᠢ?》᠂ 《ᠵᠢᠩᠭᠠᠩᠱᠠᠨ᠎ᠤ ᠲᠡᠮᠡᠴᠡᠯ》 ᠭᠡᠬᠦ᠌ ᠬᠣᠶᠠᠷ ᠭᠡᠷᠡᠯ ᠰᠠᠴᠤᠷᠠᠩᠭᠤᠢ ᠵᠣᠬᠢᠶᠠᠯ ᠨᠢ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠠᠭᠤᠤ ᠶᠡᠬᠡ ᠡᠬᠢᠯᠡᠯᠲᠡ ᠪᠣᠯᠵᠠᠢ᠃

ᠬᠤᠪᠢᠰᠭᠠᠯ᠎ᠤᠨ ᠤᠴᠢ ᠦᠷᠭᠦᠯᠵᠢᠯᠡᠨ ᠤᠯᠠᠮᠵᠢᠯᠠᠭᠳᠠᠬᠤ ᠳᠤᠮᠳᠠ ᠱᠢᠨ᠎ᠡ ᠭᠡᠷᠡᠯ ᠭᠢᠯᠪᠠᠭ᠎ᠠ᠎ᠪᠠᠨ ᠰᠠᠴᠤᠷᠠᠭᠤᠯᠪᠠ᠃

《ᠶᠠᠭ ᠡᠨᠡ ᠬᠦ᠌ ᠭᠠᠯ ᠨᠢ ᠨᠠᠮᠤᠷ᠎ᠤᠨ ᠬᠤᠷᠢᠶᠠᠯᠲᠠ᠎ᠶ᠋ᠢᠨ ᠪᠣᠰᠣᠯᠭ᠎ᠠ ᠵᠢᠨ ᠤᠴᠢ ᠵᠢ ᠵᠢᠩᠭᠠᠩᠱᠠᠨ ᠠᠭᠤᠯᠠᠨ᠎ᠳᠤ ᠳᠦᠷᠡᠯᠵᠡᠭᠦᠯᠪᠡ》᠂ 5 ᠰᠠᠷ᠎ᠠ᠎ᠶ᠋ᠢᠨ 29 ᠤ᠋ ᠡᠳᠦᠷ᠂ ᠵᠢᠶᠠᠩᠰᠢ᠎ᠶ᠋ᠢᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠶᠣᠰᠣᠯᠠᠯ᠎ᠤᠨ ᠲᠠᠩᠬᠢᠮ᠎ᠳᠤ᠂ ᠲᠠᠢᠰᠠᠨ᠎ᠤ ᠳ᠋ᠧᠩ᠎ᠦᠨ ᠭᠡᠷᠡᠯ ᠪᠦᠳᠡᠭᠢᠷᠡᠬᠦ᠌᠎ᠶ᠋ᠢ ᠳᠠᠭᠠᠯᠳᠤᠨ᠂ ᠭᠠᠯ ᠤ᠋ᠨ ᠤᠴᠢ ᠠᠭᠠᠵᠢᠮᠬᠠᠨ ᠬᠡᠷᠡᠯᠳᠦᠪᠠ᠃

《ᠴᠠᠭ ᠬᠤᠭᠤᠴᠠᠭ᠎ᠠ ᠣᠷᠣᠨ ᠵᠠᠢ᠎ᠶ᠋ᠢ ᠠᠯᠤᠰᠯᠠᠭ᠍ᠰᠠᠨ ᠵᠢᠩᠭᠠᠩᠱᠠᠨ᠎ᠤ ᠵᠣᠷᠢᠭ ᠰᠠᠨᠠᠭ᠎ᠠ》 ᠭᠡᠬᠦ᠌ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠤᠢ᠍ᠢᠷ᠎ᠠ᠎ᠳᠤ ᠵᠠᠯᠭᠠᠭ᠎ᠠ᠎ᠪᠠᠷ ᠵᠢᠶᠠᠩᠰᠢ᠎ᠶ᠋ᠢᠨ ᠪᠠᠭ᠍ᠰᠢ᠎ᠶ᠋ᠢᠨ ᠶᠡᠬᠡ ᠰᠤᠷᠭᠠᠭᠤᠯᠢ ᠵᠡᠷᠭᠡ ᠨᠠᠨᠴᠠᠩ᠎ᠤᠨ 12 ᠶᠡᠬᠡ ᠳᠡᠭᠡᠳᠦ ᠰᠤᠷᠭᠠᠭᠤᠯᠢ᠎ᠳᠤ ᠶᠠᠪᠤᠭ᠍ᠳᠠᠵᠤ᠂ 《ᠤᠴᠢ ᠵᠢᠨ ᠭᠠᠯ ᠠᠭᠤᠯᠠ ᠰᠢᠳᠠᠭᠠᠨ᠎ᠠ》 ᠬᠡᠮᠡᠬᠦ ᠡᠬᠢᠯᠡᠯᠳᠡ ᠨᠢ ᠤᠯᠠᠨ ᠪᠠᠭ᠍ᠰᠢ ᠰᠤᠷᠤᠭ᠍ᠴᠢᠳ᠎ᠤᠨ ᠰᠡᠳᠭᠢᠯ᠎ᠢ ᠳᠣᠭ᠍ᠳᠣᠯᠤᠭᠤᠯᠵᠠᠢ᠃

ᠵᠢᠩᠭᠠᠩᠱᠠᠨ᠎ᠤ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠬᠦ᠌ ᠤᠯᠤᠰ᠎ᠲᠤ ᠲᠣᠭᠣᠷᠢᠨ ᠲᠠᠢᠯᠪᠤᠷᠢᠯᠠᠬᠤ ᠲᠦᠷ ᠴᠠᠭ᠎ᠤᠨ ᠨᠠᠮ᠎ᠤᠨ ᠡᠭᠦᠷ᠎ᠦᠨ ᠱᠦᠵᠢ ᠾᠧ ᠵᠢᠶᠠᠩ ᠬᠤᠸᠠ᠎ᠶ᠋ᠢᠨ ᠲᠠᠨᠢᠯᠴᠠᠭᠤᠯᠤᠭ᠍ᠰᠠᠨ᠎ᠢᠶᠠᠷ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠨᠢ ᠭᠣᠣᠯᠳᠠᠭᠤ ᠬᠤᠪᠢᠰᠭᠠᠯ᠎ᠤᠨ ᠦᠷᠡᠭ᠌ᠳᠡᠭ᠌ᠰᠡᠨ ᠪᠠᠭᠠᠲᠤᠷᠴᠤᠳ᠎ᠤᠨ ᠬᠣᠢᠴᠢᠰ᠂ ᠬᠤᠪᠢᠰᠭᠠᠯ᠎ᠤᠨ ᠬᠠᠭᠤᠴᠢᠨ ᠪᠠᠭᠤᠷᠢ᠎ᠶ᠋ᠢᠨ ᠲᠠᠢᠯᠪᠤᠷᠢᠯᠠᠭ᠍ᠴᠢ᠂ ᠪᠠᠢᠭᠤᠯᠭ᠎ᠠ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶ᠋ᠢᠨ ᠺᠠᠳ᠋ᠷ᠎ᠢᠶᠠᠷ ᠪᠦᠷᠢᠯᠳᠦᠵᠡᠢ᠃ ᠤᠬᠠᠭᠤᠯᠤᠨ ᠲᠠᠢᠯᠪᠤᠷᠢᠯᠠᠬᠤ ᠪᠦᠯᠬᠦᠮ ᠨᠢᠭᠡᠨᠲᠡ ᠪᠦᠬᠦ᠌ ᠤᠯᠤᠰ᠎ᠲᠤ 460 ᠭᠠᠷᠤᠢ ᠲᠠᠯᠠᠪᠤᠷ ᠤᠳᠠᠭ᠎ᠠ ᠤᠬᠠᠭᠤᠯᠤᠨ ᠲᠠᠢᠯᠪᠤᠷᠢᠯᠠᠵᠤ᠂ ᠰᠤᠨᠤᠰᠤᠭᠴᠢᠳ ᠮᠢᠩᠭ᠎ᠠ ᠭᠠᠷᠤᠢ ᠲᠦᠮᠡᠨ ᠬᠥᠮᠦᠨ ᠤᠳᠠᠭ᠎ᠠ ᠳ᠋ᠤ ᠬᠦᠷᠪᠡ ᠭᠡᠵᠤ ᠲᠠᠨᠢᠯᠴᠠᠭᠤᠯᠪᠠ᠃

《ᠲᠠᠩᠭᠠᠷᠢᠭ᠎ᠤᠨ ᠪᠢᠴᠢᠭ᠎ᠲᠡᠬᠢ ᠦᠨᠡᠨᠴᠢ ᠱᠢᠳᠤᠷᠭᠤ᠂ ᠪᠠ ᠵᠢᠶᠤᠤ ᠯᠸᠤ ᠠᠰᠠᠷ᠎ᠤᠨ ᠪᠦᠳᠡᠬᠢ ᠭᠡᠷᠡᠯ ᠨᠢ ᠨᠠᠮᠠᠶ᠋ᠢ ᠡᠨᠡ ᠬᠡᠰᠡᠭ ᠭᠠᠵᠠᠷ ᠱᠢᠷᠣᠢ ᠳ᠋ᠡᠬᠢ ᠵᠣᠷᠢᠭ ᠰᠠᠨᠠᠭᠠᠨ᠎ᠤ ᠡᠬᠢ ᠰᠤᠷᠪᠤᠯᠵᠢ᠎ᠶ᠋ᠢ ᠭᠦᠨᠵᠡᠭᠡᠢ ᠪᠣᠳᠣᠯᠭᠠᠰᠢᠷᠠᠭᠤᠯᠪᠠ᠃ ᠲᠤᠰᠭᠠᠢ ᠮᠡᠷᠭᠡᠵᠢᠯ ᠳ᠋ᠡᠭᠡᠨ ᠦᠨᠳᠦᠰᠦᠯᠡᠵᠦ᠍᠂ ᠪᠣᠳᠠᠲᠠᠢ ᠠᠵᠢᠯᠯᠠᠬᠤ ᠪᠣᠯ ᠮᠠᠨ᠎ᠤ ᠡᠨᠡ ᠦᠶ᠎ᠡ᠎ᠶ᠋ᠢᠨ ᠬᠥᠮᠦᠰ᠎ᠦᠨ ᠵᠢᠩᠭᠠᠩᠱᠠᠨ᠎ᠤ ᠵᠣᠷᠢᠭ ᠰᠠᠨᠠᠭ᠎ᠠ᠎ᠳᠤ ᠥᠭ᠌ᠭᠦ ᠬᠠᠮᠤᠭ᠎ᠤᠨ ᠰᠠᠢ᠌ᠨ ᠬᠠᠷᠢᠭᠤᠯᠲᠠ ᠪᠣᠯᠤᠨ᠎ᠠ》 ᠭᠡᠵᠤ ᠵᠢᠶᠠᠩᠰᠢ᠎ᠶ᠋ᠢᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠰᠤᠷᠤᠭ᠍ᠴᠢ ᠯᠢᠦ ᠢ ᠹᠠᠨ ᠲᠦᠷᠦᠭ᠌ᠳᠡᠯ ᠭᠦᠨ ᠬᠡᠯᠡᠨ᠎ᠠ᠃

ᠤᠢ᠍ᠢᠷ᠎ᠠ᠎ᠶ᠋ᠢᠨ ᠵᠢᠯ᠎ᠡᠴᠡ᠂ ᠵᠢᠩᠭᠠᠩᠱᠠᠨ ᠤ᠋ ᠬᠢᠨ ᠠᠯᠢ ᠤᠯᠠᠨ ᠱᠢᠨ᠎ᠡ᠎ᠶ᠋ᠢ ᠡᠭᠦᠳᠬᠦ᠌ ᠬᠡᠯᠪᠡᠷᠢ᠎ᠪᠡᠷ ᠳᠠᠮᠵᠢᠭᠤᠯᠵᠤ᠂ ᠬᠤᠪᠢᠰᠭᠠᠯ᠎ᠤᠨ ᠲᠡᠦᠬᠡ᠎ᠶ᠋ᠢ 《ᠬᠥᠭ᠌ᠵᠢᠭᠡᠵᠦ᠍》᠂ 《ᠠᠮᠢᠯᠠᠭᠤᠯᠪᠠ》᠃

《ᠮᠢᠨᠦ ᠵᠢᠩᠭᠠᠩᠱᠠᠨ᠎ᠤ ᠠᠶᠠᠯᠠᠯ》 ᠭᠡᠬᠦ ᠦᠵᠡᠯ ᠰᠠᠨᠠᠭ᠎ᠠ ᠤᠯᠤᠰ ᠲᠦᠷᠦ᠍᠎ᠶ᠋ᠢᠨ ᠦᠢᠯᠡᠳᠦᠯᠭᠡ᠎ᠶ᠋ᠢᠨ ᠠᠵᠢᠯᠯᠠᠭ᠎ᠠ ᠨᠢ 8 ᠭᠣᠣᠯ ᠰᠡᠳᠦᠪᠲᠦ ᠰᠤᠳᠤᠯᠤᠨ ᠰᠤᠷᠤᠯᠴᠠᠬᠤ ᠱᠤᠭᠤᠮ᠎ᠢ ᠨᠠᠷᠢᠨ ᠬᠢᠨᠠᠮᠠᠭᠠᠢ ᠴᠤᠭᠴᠠᠯᠠᠵᠤ᠂ ᠬᠢᠴᠢᠶᠡᠯ᠎ᠦᠨ ᠱᠢᠰᠲ᠋ᠧᠮ᠎ᠢ ᠪᠠᠢᠭᠤᠯᠵᠤ᠂ ᠰᠦᠯᠵᠢᠶ᠎ᠠ ᠪᠡᠷ ᠦᠵᠡᠭᠰᠡᠨ ᠬᠡᠮᠵᠢᠶ᠎ᠡ 20 ᠳ᠋ᠦᠩᠱᠢᠭᠤᠷ ᠤᠳᠠᠭ᠎ᠠ᠎ᠶ᠋ᠢ ᠳᠠᠪᠠᠪᠠ; ᠪᠦᠬᠦ᠌ ᠤᠯᠤᠰ᠎ᠤᠨ ᠠᠩᠬᠠᠳᠠᠭ᠍ᠴᠢ ᠪᠦᠬᠦ᠌ ᠴᠠᠭ᠎ᠤᠨ ᠪᠠᠢᠳᠠᠯ᠎ᠤᠨ ᠬᠤᠪᠢᠰᠭᠠᠯᠲᠤ ᠤᠷᠤᠨ ᠵᠠᠢ 《ᠪᠠ ᠵᠢᠶᠤᠤ ᠯᠸᠤ ᠠᠰᠠᠷ·ᠠᠷᠪᠠᠨ ᠬᠣᠶᠠᠷ ᠴᠠᠭ》 ᠨᠢ ᠵᠢᠩᠭᠠᠩᠱᠠᠨ᠎ᠤ ᠬᠤᠪᠢᠰᠭᠠᠯ᠎ᠤᠨ ᠲᠡᠦᠬᠡ᠎ᠶ᠋ᠢᠨ ᠪᠠᠢᠳᠠᠯ᠎ᠢ ᠨᠠᠷᠢᠨ ᠬᠢᠨᠠᠮᠠᠭᠠᠢ ᠬᠠᠷᠠᠭᠤᠯᠵᠤ᠂ ᠵᠢᠭᠤᠯᠴᠢᠯᠠᠭᠰᠠᠳ ᠰᠦᠯᠵᠢᠶᠡᠨ ᠳᠡᠭᠡᠷ᠎ᠡ ᠦᠵᠡᠵᠦ᠍ ᠪᠣᠯᠤᠨ᠎ᠠ; 《ᠪᠢ ᠵᠢᠩᠭᠠᠩᠱᠠᠨ ᠳ᠋ᠤ ᠬᠠᠢᠷᠠᠳᠠᠢ》᠂ 《ᠵᠢᠩᠭᠠᠩᠱᠠᠨ ᠤ᠋ ᠤᠴᠢ ᠵᠢᠨ ᠭᠠᠯ》 ᠵᠡᠷᠭᠡ ᠤᠳᠭ᠎ᠠ ᠤᠷᠠᠯᠢᠭ᠎ᠤᠨ ᠪᠦᠲᠦᠭᠡᠯ᠎ᠢ ᠵᠣᠬᠢᠶᠠᠨ ᠪᠦᠲᠦᠭᠡᠵᠦ᠍ ᠳᠡᠯᠭᠡᠷᠡᠭᠦᠯᠦᠨ᠂ ᠬᠤᠪᠢᠰᠭᠠᠯ ᠤ᠋ᠨ ᠮᠥᠰᠥ᠍ ᠴᠠᠰᠤᠨ᠎ᠤ ᠭᠣᠣᠯ ᠰᠡᠳᠦᠪᠲᠦ ᠶᠡᠷᠦᠩᠬᠡᠢᠯᠡᠭ᠌ᠰᠡᠨ ᠴᠣᠭ᠍ᠴᠠ᠎ᠶ᠋ᠢ ᠪᠠᠢᠭᠤᠯᠪᠠ ᠁ ᠵᠢᠩᠭᠠᠩᠱᠠᠨ ᠶᠠᠭ ᠱᠢᠰᠲ᠋ᠧᠮᠵᠢᠭᠰᠡᠨ᠂ ᠲᠣᠭᠠᠴᠢᠯᠠᠭ᠍ᠰᠠᠨ᠂ ᠲᠦᠷᠦᠯ ᠲᠡᠮᠳᠡᠭ᠌ᠵᠢᠭᠰᠡᠨ ᠴᠣ ᠱᠢᠨ᠎ᠡ ᠬᠡᠯᠪᠡᠷᠢ ᠪᠡᠷ ᠢᠲᠡᠭᠡᠯ ᠪᠢᠱᠢᠷᠡᠯ᠎ᠦᠨ ᠤᠴᠢ᠎ᠶ᠋ᠢ ᠱᠢᠨ᠎ᠡ ᠴᠠᠭ ᠦᠶ᠎ᠡ᠎ᠶ᠋ᠢᠨ ᠵᠠᠯᠠᠭᠤᠴᠤᠳ ᠪᠠᠭᠠᠴᠤᠳ᠎ᠤᠨ ᠰᠡᠳᠭᠢᠯ᠎ᠳᠦ ᠳᠦᠷᠡᠯᠵᠡᠭᠦᠯᠵᠦ᠍ ᠪᠠᠢᠨ᠎ᠠ᠃

ᠠᠷᠠᠳ᠎ᠤᠨ ᠲᠥᠯᠥᠭᠡ ᠱᠢᠯᠭᠠᠯᠲᠠ᠎ᠶ᠋ᠢᠨ ᠬᠠᠭᠤᠳᠠᠰᠤ ᠬᠠᠷᠢᠭᠤᠯᠵᠤ ᠤᠭ ᠰᠠᠨᠠᠭ᠎ᠠ ᠪᠠᠨ ᠬᠠᠷᠠᠭᠤᠯᠤᠨ᠎ᠠ

ᠤᠷᠤᠢ ᠪᠣᠯᠬᠤ ᠦᠶ᠎ᠡ᠎ᠪᠡᠷ᠂ ᠵᠢᠩᠭᠠᠩᠱᠠᠨ ᠬᠤᠳᠠ᠎ᠶ᠋ᠢᠨ ᠱᠸᠨ ᠱᠠᠨ ᠲᠣᠰᠭᠣᠨ᠎ᠤ ᠠᠷᠠᠳ ᠬᠤᠸᠠᠩ ᠵᠢᠨ ᠯᠦᠩ ᠵᠣᠴᠢᠳ᠎ᠲᠤ ᠬᠣᠭᠣᠯᠠ ᠬᠢᠵᠦ᠍ ᠮᠤᠩᠭᠠᠨᠢᠨ᠎ᠠ᠃

ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠪᠡᠷ᠂ ᠬᠠᠷᠢ ᠨᠤᠲᠤᠭ ᠵᠢᠡᠷ ᠠᠵᠢᠯᠯᠠᠵᠤ ᠠᠮᠢᠳᠤᠷᠠᠵᠤ ᠪᠠᠢᠭᠰᠠᠨ ᠲᠡᠷᠡ 4 ᠵᠢᠯ᠎ᠦᠨ ᠡᠮᠦᠨ᠎ᠡ ᠨᠤᠲᠤᠭ ᠲᠠᠭᠠᠨ ᠪᠤᠴᠠᠵᠤ᠂ ᠭᠡᠷ ᠵᠢᠡᠨ ᠤᠯᠠᠮᠵᠢᠯᠠᠯᠳᠤ ᠰᠠᠭᠤᠴᠠ ᠵᠢᠨ ᠪᠠᠭᠤᠳᠠᠯ ᠪᠤᠯᠭᠠᠵᠤ ᠦᠭᠡᠷᠡᠴᠢᠯᠡᠵᠠᠢ᠃ ᠵᠤᠨ᠎ᠤ ᠠᠮᠠᠷᠠᠯᠲᠠ ᠪᠣᠯᠬᠤ ᠪᠦᠷᠢ᠂ ᠲᠡᠭᠦᠨ ᠤ᠋ 10 ᠲᠠᠰᠤᠯᠭ᠎ᠠ ᠵᠣᠴᠢᠨ᠎ᠤ ᠥᠷᠥᠭᠡ ᠨᠢ ᠴᠦᠮ ᠵᠠᠬᠢᠶᠠᠯᠠᠭ᠍ᠳᠠᠨ᠎ᠠ᠃

《ᠬᠣᠶᠠᠷ ᠰᠠᠷ᠎ᠠ ᠶᠠᠭᠠᠷᠠᠪᠠᠯ ᠥᠩᠭᠡᠷᠡᠭ᠌ᠰᠡᠨ᠎ᠤ ᠨᠢᠭᠡ ᠵᠢᠯ᠎ᠤᠨ ᠤᠷᠤᠯᠭ᠎ᠠ᠎ᠶᠢ ᠤᠯᠴᠢᠬᠠᠨ᠎ᠠ᠂ ᠪᠠᠰᠠ ᠨᠠᠰᠤᠲᠠᠨ᠎ᠢᠶᠡᠨ ᠬᠠᠷᠠᠭᠠᠯᠵᠠᠵᠤ ᠴᠢᠳᠠᠨ᠎ᠠ》᠃ ᠬᠤᠸᠠᠩ ᠵᠢᠨ ᠯᠦᠩ᠎ᠤᠨ ᠡᠭᠡᠯ ᠪᠣᠷᠣᠭ᠍ᠵᠢᠭᠤᠨ ᠦᠭᠡ ᠶᠠᠷᠢᠶ᠎ᠠ ᠨᠢ ᠡᠳᠦᠷ᠎ᠡᠴᠡ ᠡᠳᠦᠷ ᠥᠭᠡᠳᠡᠯᠡᠨ ᠳᠠᠪᠰᠢᠵᠤ ᠪᠠᠢᠭ᠎ᠠ ᠠᠮᠢᠳᠤᠷᠠᠯ᠎ᠤᠨ ᠱᠢᠨ᠎ᠡ ᠦᠵᠡᠮᠵᠢ᠎ᠶ᠋ᠢ ᠵᠢᠷᠤᠭ᠍ᠯᠠᠨ᠎ᠠ᠃

ᠱᠸᠨ ᠱᠠᠨ ᠲᠣᠰᠭᠣᠨ᠂ ᠥᠩᠭᠡᠷᠡᠭ᠌ᠰᠡᠨ᠎ᠦ ᠵᠢᠩᠭᠠᠩᠱᠠᠨ᠎ᠤ ᠬᠠᠮᠤᠭ᠎ᠤᠨ ᠪᠤᠢ᠌ᠳᠠ ᠪᠥᠭ᠌ᠯᠡᠭᠦᠦ ᠶᠠᠳᠠᠭᠤ ᠬᠦᠴᠢᠷᠳᠡᠯᠲᠡᠢ ᠲᠣᠰᠭᠣᠨ᠎ᠤ ᠨᠢᠭᠡ ᠪᠣᠯᠤᠨ᠎ᠠ᠃ 2016 ᠣᠨ᠎ᠳᠤ᠂ ᠶᠡᠷᠦᠩᠬᠡᠢ ᠱᠦᠵᠢ ᠰᠢ ᠵᠢᠨ ᠫᠢᠩ ᠱᠸᠨ  ᠱᠠᠨ ᠲᠣᠰᠭᠣᠨ᠎ᠳᠤ ᠲᠤᠰᠬᠤᠨ᠎ᠤ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ ᠪᠣᠯᠤᠨ ᠤᠨᠢᠨ ᠳᠡᠭᠡᠷ᠎ᠡ ᠨᠢ ᠶᠠᠳᠠᠭᠤ᠎ᠶ᠋ᠢ ᠲᠡᠳᠬᠦᠭ᠌ᠰᠡᠨ ᠪᠠᠢᠳᠠᠯ᠎ᠢ ᠣᠢᠯᠠᠭᠠᠬᠤ᠎ᠳᠠᠭᠠᠨ᠄ 《ᠶᠠᠳᠠᠭᠤ᠎ᠶ᠋ᠢ ᠲᠡᠳᠬᠦᠬᠦ᠌ ᠵᠠᠮ ᠳᠡᠭᠡᠷ᠎ᠡ ᠨᠢᠭᠡ ᠶᠠᠳᠠᠭᠤ ᠬᠦᠴᠢᠷᠳᠡᠯᠲᠡᠢ ᠭᠡᠷ ᠪᠦᠯᠢ᠂ ᠨᠢᠭᠡ ᠶᠠᠳᠠᠭᠤ ᠬᠦᠴᠢᠷᠳᠡᠯᠲᠡᠢ ᠤᠯᠠᠨ ᠲᠦᠮᠡᠨ᠎ᠢ ᠴᠦ᠍ ᠣᠷᠬᠢᠭ᠍ᠳᠠᠭᠤᠯᠵᠤ ᠪᠣᠯᠬᠤ ᠦᠭᠡᠢ》 ᠭᠡᠵᠦ ᠴᠢᠬᠤᠯᠠᠴᠢᠯᠠᠪᠠ᠃

2017 ᠣᠨ᠎ᠳᠤ᠂ ᠵᠢᠩᠭᠠᠩᠱᠠᠨ ᠬᠣᠲᠠ ᠪᠥᠬᠥ᠌ ᠤᠯᠤᠰ᠎ᠲᠤ ᠡᠩ ᠲᠡᠷᠢᠭᠦᠨ᠎ᠳᠦ ᠶᠠᠳᠠᠭᠤ᠎ᠡᠴᠡ ᠠᠩᠭᠢᠵᠢᠷᠠᠭ᠍ᠰᠠᠨ᠎ᠢᠶᠠᠨ ᠵᠢᠩᠬᠢᠨᠢ᠎ᠪᠡᠷ ᠵᠠᠷᠯᠠᠪᠠ᠃ ᠥᠨᠥᠳᠦᠷ ᠡᠨᠡ ᠬᠦ᠌ ᠬᠤᠪᠢᠰᠭᠠᠯ᠎ᠤᠨ ᠬᠠᠯᠠᠭᠤᠨ ᠬᠥᠷᠥᠰᠥᠨ᠎ᠳᠦ ᠬᠦᠷᠴᠦ᠍ ᠢᠷᠡᠬᠦ᠌᠎ᠳᠦ᠂ ᠠᠭᠤᠯᠠᠨ ᠲᠣᠰᠭᠣᠨ᠎ᠨᠤᠭᠤᠳ ᠬᠠᠭᠤᠴᠢᠨ ᠪᠠᠢᠳᠠᠯ᠎ᠢᠶᠡᠨ ᠦᠭᠡᠷᠡᠴᠢᠯᠡᠨ ᠬᠤᠪᠢᠷᠠᠯᠲᠠ ᠭᠠᠷᠭᠠᠵᠤ᠂ ᠬᠤᠪᠢᠰᠬᠠᠯ᠎ᠤᠨ ᠡᠬᠢ ᠪᠠᠶᠠᠯᠢᠭ ᠪᠤᠯᠤᠨ ᠪᠤᠬᠢᠷᠳᠤᠯ ᠦᠭᠡᠢ ᠠᠮᠢ ᠠᠬᠤᠢ ᠡᠴᠡ ᠠᠰᠢᠭ ᠡᠭᠦᠳᠬᠦ  ᠵᠢᠷᠤᠭᠯᠠᠯ ᠳᠡᠯᠭᠡᠭᠳᠡᠯ᠎ᠠ᠄

ᠳ᠋ᠦᠩ ᠱᠠᠩ ᠱᠢᠶᠠᠩ᠎ᠤᠨ ᠫᠦ ᠯᠦᠩ ᠲᠣᠰᠭᠣᠨ᠎ᠤ ᠶᠠᠳᠠᠭᠤ᠎ᠡᠴᠡ ᠠᠩᠭᠢᠵᠢᠷᠠᠭ᠍ᠰᠠᠨ ᠡᠷᠦᠬᠡ ᠯᠢ ᠶᠦᠨ ᠶᠠᠨ ᠵᠢᠯ ᠪᠦᠷᠢ ᠵᠢᠨ ᠪᠠᠯ ᠬᠤᠳᠠᠯᠳᠤᠭᠰᠠᠨ ᠤᠷᠤᠯᠭ᠎ᠠ ᠨᠢ 2 ᠲᠦᠮᠡ ᠭᠠᠷᠤᠶ ᠲᠥᠭᠥᠷᠢᠭ᠎ᠲᠦ᠎ᠬᠦᠷᠳᠡᠭ; ᠭᠸ ᠲᠢᠶᠠᠨ ᠱᠢᠶᠠᠩ᠎ᠤᠨ ᠬᠦ ᠲᠢᠶᠠᠨ ᠲᠣᠰᠭᠣᠨ᠎ᠳᠤ᠂ ᠨᠠᠮ᠎ᠤᠨ ᠡᠭᠦᠷ᠎ᠦᠨ ᠱᠦᠵᠢ ᠵᠠᠩ ᠢᠦᠶ ᠷᠦᠩ ᠲᠣᠰᠭᠣᠨ᠎ᠤ ᠬᠤᠪᠢᠰᠭᠠᠯ᠎ᠤᠨ ᠡᠬᠢ ᠪᠠᠶᠠᠯᠢᠭ᠎ᠲᠤ ᠲᠦᠱᠢᠭ᠌ᠯᠡᠨ᠂ ᠲᠣᠰᠭᠣᠨ᠎ᠤ ᠠᠷᠠᠳ᠎ᠢ ᠳᠠᠭᠠᠭᠤᠯᠤᠨ ᠰᠤᠳᠤᠯᠤᠨ ᠰᠤᠷᠤᠯᠴᠠᠬᠤ ᠰᠠᠭᠤᠷᠢᠨ᠎ᠢ ᠪᠠᠢᠭᠤᠯᠵᠤ᠂ 600 ᠭᠠᠷᠤᠶ ᠮᠥ᠍ ᠤᠨᠴᠠᠯᠢᠬ᠍ᠳᠤ ᠲᠠᠷᠢᠮᠠᠯ᠎ᠤᠨ ᠠᠵᠤ ᠦᠶ᠋ᠯᠡᠰ᠎ᠢ ᠬᠥᠭ᠌ᠵᠢᠭᠦᠯᠵᠦ᠍᠂ ᠪᠣᠢᠳᠠ ᠪᠦᠭ᠌ᠯᠡᠭᠦᠦ ᠵᠢᠵᠢᠭ ᠲᠣᠰᠭᠣᠨ᠎ᠢ ᠬᠥᠳᠡᠭᠡ ᠲᠣᠰᠭᠣᠨ᠎ᠤ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠭ᠍ᠰᠠᠨ ᠤᠨᠴᠠᠯᠢᠬ᠍ᠳᠤ ᠲᠣᠰᠭᠣᠨ ᠪᠣᠯᠭᠠᠨ ᠬᠤᠪᠢᠷᠠᠭᠤᠯᠪᠠ  ᠁

ᠬᠥᠳᠡᠭᠡ ᠲᠣᠰᠭᠣᠨ᠎ᠤ ᠠᠵᠤ ᠦᠶ᠋ᠯᠡᠰ ᠬᠥᠭ᠌ᠵᠢᠨ ᠴᠡᠴᠡᠭ᠌ᠯᠡᠬᠦ᠌᠎ᠶ᠋ᠢᠨ ᠬᠠᠮᠲᠤ᠂ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠠᠷᠠᠳ ᠲᠦᠮᠡᠨ᠎ᠦ ᠠᠮᠢᠳᠤᠷᠠᠯ ᠴᠤ᠌ ᠶᠠᠪᠤᠬᠤ ᠲᠤᠲᠤᠮ ᠲᠠᠭᠠᠯᠠᠮᠵᠢᠲᠠᠶ ᠪᠣᠯᠵᠣ ᠪᠠᠢᠨ᠎ᠠ᠃ ᠱᠢᠨ᠎ᠡ᠎ᠪᠡᠷ ᠪᠠᠢᠭᠤᠯᠤᠭ᠍ᠰᠠᠨ ᠵᠢᠩᠭᠠᠩᠱᠠᠨ ᠬᠣᠲᠠ᠎ᠶ᠋ᠢᠨ ᠲᠥᠪ᠎ᠦᠨ ᠨᠠᠰᠤᠲᠠᠨ᠎ᠢ ᠠᠰᠠᠷᠠᠬᠤ ᠬᠦᠷᠢᠶᠡᠯᠡᠩ᠎ᠳᠤ᠂ ᠠᠭᠠᠷ ᠲᠣᠬᠢᠷᠠᠭᠤᠯᠤᠭ᠍ᠴᠢ᠂ ᠬᠤᠪᠴᠠᠰᠤ ᠤᠬᠢᠶᠠᠬᠤ ᠮᠠᠱᠢᠨ ᠵᠡᠷᠭᠡ ᠲᠥᠬᠥᠭᠡᠷᠦᠮᠵᠢ ᠴᠥᠮ ᠪᠦᠷᠢᠨ ᠪᠠᠢᠨ᠎ᠠ; ᠵᠢᠩᠭᠠᠩᠱᠠᠨ ᠬᠤᠳᠠ᠎ᠶ᠋ᠢᠨ ᠠᠷᠠᠳ᠎ᠤᠨ ᠡᠮᠨᠡᠯᠭᠡ᠎ᠶ᠋ᠢᠨ ᠬᠣᠷᠢᠶ᠎ᠠ᠎ᠳᠤ᠂ ᠨᠠᠨᠴᠠᠩ ᠶᠡᠬᠡ ᠰᠤᠷᠭᠠᠭᠤᠯᠢ᠎ᠶ᠋ᠢᠨ ᠨᠢᠭᠡᠳᠦᠭᠡᠷ ᠬᠠᠷᠢᠶᠠᠲᠤ ᠡᠮᠨᠡᠯᠭᠡ᠎ᠶ᠋ᠢᠨ ᠬᠣᠷᠢᠶᠠᠨ᠎ᠤ ᠲᠤᠰᠭᠠᠢ ᠮᠡᠷᠭᠡᠵᠢᠯᠲᠡᠨ᠎ᠦ ᠪᠦᠯᠬᠦᠮ᠎ᠦᠨ ᠬᠠᠪᠰᠤᠷᠤᠯᠭ᠎ᠠ ᠳᠡᠮᠵᠢᠯᠭᠡ ᠪᠠᠢᠭ᠍ᠰᠠᠨ᠎ᠡᠴᠡ ᠤᠯᠠᠨ ᠲᠦᠮᠡᠨ ᠭᠡᠷ᠎ᠦᠨ ᠡᠭᠦᠳᠡᠨ᠎ᠳᠡᠭᠡᠨ ᠬᠦᠨᠳᠦ ᠡᠪᠡᠳᠴᠢᠨ᠎ᠢᠶᠡᠨ ᠡᠮᠨᠡᠭᠦᠯᠵᠦ᠍ ᠳᠡᠢᠯᠬᠦ᠌ ᠪᠣᠯᠵᠠᠢ᠃

ᠣᠯᠠᠨ ᠲᠦᠮᠡᠨ᠎ᠳᠦ ᠲᠦᠱᠢᠭ᠌ᠯᠡᠵᠦ᠍᠂ ᠣᠯᠠᠨ ᠲᠦᠮᠡᠨ᠎ᠳᠦ ᠪᠤᠶᠠᠨ ᠦᠶ᠋ᠯᠡᠳᠦᠨ᠎ᠡ᠃ ᠠᠷᠪᠠᠨ ᠵᠢᠯ᠎ᠦᠨ ᠬᠤᠭᠤᠴᠠᠭᠠᠨ᠎ᠳᠤ᠂ ᠵᠢᠩᠭᠠᠩᠱᠠᠨ ᠬᠣᠲᠠ᠎ᠶ᠋ᠢᠨ ᠬᠥᠳᠡᠭᠡ ᠲᠣᠰᠭᠣᠨ᠎ᠤ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 2016 ᠣᠨ᠎ᠳᠤ 8577 ᠲᠥᠭᠥᠷᠢᠭ ᠪᠠᠢᠭ᠍ᠰᠠᠨ᠎ᠡᠴᠡ᠎ᠪᠠᠨ 2025 ᠣᠨ᠎ᠳᠤ 2 ᠲᠦᠮᠡ ᠭᠠᠷᠤᠶ ᠲᠥᠭᠥᠷᠢᠭ ᠪᠣᠯᠵᠣ ᠨᠡᠮᠡᠭ᠌ᠳᠡᠪᠡ᠃

ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ ᠬᠥᠭ᠌ᠵᠢᠯᠲᠡ ᠵᠢᠨ ᠱᠢᠨ᠎ᠡ ᠵᠠᠮ᠎ᠢ ᠨᠡᠭᠡᠭᠡᠨ᠎ᠡ

ᠵᠢᠩᠭᠠᠩᠱᠠᠨ ᠬᠣᠲᠠ᠎ᠶ᠋ᠢᠨ ᠱᠢᠤ ᠬᠤ᠌ ᠡᠯᠧᠺᠲ᠋ᠷᠣᠨ ᠤᠶᠤᠨᠴᠢ ᠦᠶ᠋ᠯᠡᠳᠭᠡᠯ᠎ᠤᠨ ᠬᠢᠵᠠᠭᠠᠷᠲᠤ ᠺᠣᠮᠫᠠᠨᠢ᠎ᠶ᠋ᠢᠨ ᠦᠶ᠋ᠯᠡᠳᠪᠦᠷᠢᠯᠡᠯ᠎ᠦᠨ ᠲᠠᠰᠤᠭ᠎ᠲᠤ ᠣᠷᠣᠬᠤ᠎ᠳᠤ ᠠᠯᠢ ᠤᠯᠠᠨ LED ᠵᠢᠨ ᠲᠣᠮᠣ ᠳᠡᠯᠭᠡᠴᠡ᠎ᠨᠦᠭᠦᠳ ᠥᠩᠭᠡ ᠢᠯᠭᠠᠷᠠᠵᠤ᠂ ᠪᠥᠬᠥ᠌ ᠤᠯᠤᠰ᠎ᠤᠨ ᠡᠯ᠎ᠡ ᠭᠠᠵᠠᠷ᠎ᠲᠤ ᠬᠥᠷᠭᠡᠭᠡᠨ ᠶᠠᠪᠤᠭᠤᠯᠬᠤ᠎ᠶ᠋ᠢ ᠬᠦᠯᠢᠶᠡᠵᠦ᠍ ᠪᠠᠢᠯ᠎ᠠ᠃

《ᠨᠢᠳᠤᠨᠤᠨ ᠪᠢᠳᠡ ᠬᠣᠲᠠ᠎ᠶ᠋ᠢᠨ〈ᠲᠤᠨᠭᠬᠠᠭ ᠨᠡᠢᠲᠡᠯᠡᠨ ᠮᠠᠩᠯᠠᠢᠯᠠᠭᠴᠢ ᠡᠯᠰᠡᠬᠦ〉ᠲᠥᠷᠥᠯ ᠵᠦᠶ᠋ᠯ᠎ᠤᠨ ᠰᠤᠳᠤᠯᠤᠨ ᠨᠡᠭᠡᠭᠡᠭ᠌ᠰᠡᠨ ᠨᠡᠭᠦᠷᠡᠰᠦᠨ ᠱᠢᠷᠬᠡᠭᠯᠢᠭ᠎ᠦᠨ LED ᠲᠣᠮᠣ ᠳᠡᠯᠭᠡᠴᠡ᠎ᠳᠦ ᠲᠦᠱᠢᠭ᠌ᠯᠡᠨ᠂ ᠨᠢᠭᠡ ᠬᠡᠰᠡᠭ ᠳᠡᠯᠭᠡᠴᠡ᠎ᠶ᠋ᠢᠨ ᠬᠦᠨᠳᠦᠴᠡ᠎ᠶ᠋ᠢ 40 ᠺᠢᠯᠣᠭ᠌ᠷᠠᠮ᠎ᠡᠴᠡ 10 ᠺᠢᠯᠣᠭ᠌ᠷᠠᠮ ᠪᠣᠯᠭᠠᠨ ᠪᠠᠭᠤᠷᠠᠭᠤᠯᠵᠤ᠂ ᠳᠠᠭᠤᠤ᠎ᠶ᠋ᠢᠨ ᠦᠳᠡᠱᠢᠯᠡᠭᠡ ᠵᠡᠷᠭᠡ ᠣᠯᠠᠨ ᠵᠦᠶ᠋ᠯ᠎ᠦᠨ ᠦᠵᠡᠭ᠌ᠳᠡᠯ᠎ᠳᠦ ᠨᠠᠩ ᠳᠣᠭᠢᠷᠠᠭᠤᠯᠪᠠ》 ᠭᠡᠵᠦ᠍ ᠺᠣᠮᠫᠠᠨᠢ᠎ᠶ᠋ᠢᠨ ᠬᠠᠷᠢᠭᠤᠴᠠᠯᠭᠠᠲᠠᠨ ᠵᠠᠩ ᠹᠸᠩ ᠲᠠᠨᠢᠯᠴᠠᠭᠤᠯᠪᠠ᠃

ᠦᠨᠡᠨ᠎ᠡᠴᠡ ᠵᠥᠪ᠎ᠢ ᠡᠷᠢᠵᠦ᠍᠂ ᠱᠢᠨ᠎ᠡ ᠵᠠᠮ᠎ᠢ ᠵᠣᠷᠢᠭ᠍ᠲᠠᠢ᠎ᠪᠠᠷ ᠨᠡᠭᠡᠭᠡᠬᠦ᠌ ᠪᠣᠯ ᠵᠢᠩᠭᠠᠩᠱᠠᠨ᠎ᠤ ᠵᠣᠷᠢᠭ ᠰᠠᠨᠠᠭᠠᠨ᠎ᠤ ᠴᠢᠬᠤᠯᠠ ᠠᠭᠤᠯᠤᠭ᠍ᠳᠠᠬᠤᠨ ᠮᠥᠨ᠂ ᠨᠡᠩ ᠴᠤ᠌ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠬᠥᠭ᠌ᠵᠢᠯᠲᠡ᠎ᠶ᠋ᠢᠨ ᠪᠣᠭᠣᠮᠢ᠎ᠶ᠋ᠢ ᠱᠢᠪᠲᠤᠯᠵᠤ᠂ ᠲᠠᠪᠠᠨ ᠭᠦᠢᠴᠡᠵᠦ᠍ ᠲᠠᠪᠠᠨ ᠭᠠᠷᠬᠤ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠨᠢᠭᠤᠴᠠ ᠵᠤᠷ ᠮᠥᠨ᠃

ᠥᠩᠭᠡᠷᠡᠭ᠌ᠰᠡᠨ᠎ᠦ ᠵᠢᠩᠭᠠᠩᠱᠠᠨ ᠨᠢᠭᠡ ᠦᠶ᠎ᠡ ᠠᠵᠤ ᠦᠢᠯᠡᠰ᠎ᠦᠨ ᠳᠡᠰ ᠳᠠᠪᠬᠤᠷᠭ᠎ᠠ ᠨᠡᠯᠢᠶᠡᠳ ᠳᠣᠣᠷ᠎ᠠ᠂ ᠱᠢᠨ᠎ᠡ᠎ᠶ᠋ᠢ ᠡᠭᠦᠳᠬᠦ᠌ ᠴᠢᠳᠠᠪᠤᠷᠢ ᠪᠠᠭᠤᠷᠠᠢ ᠪᠠᠢᠭ᠍ᠰᠠᠨ ᠪᠣᠭᠣᠮᠢ᠎ᠳᠤ ᠲᠤᠯᠭᠠᠷᠠᠵᠤ ᠪᠠᠢᠵᠠᠢ᠃ 《ᠠᠭᠤᠯᠠᠨ᠎ᠳᠤ ᠮᠤᠲᠤ ᠲᠦᠯᠡᠵᠦ᠎ᠠᠮᠢᠳᠤᠷᠠᠨ᠎ᠠ ᠦᠦ ᠥᠭᠡᠷ᠎ᠡ ᠠᠮᠢᠳᠤᠷᠠᠬᠤ ᠵᠠᠮ ᠡᠷᠢᠨ᠎ᠡ ᠦᠦ》ᠭᠡᠳᠡᠭ ᠠᠰᠠᠭᠤᠳᠠᠯ᠎ᠳᠤ ᠴᠢᠭ᠌ᠯᠡᠭᠦᠯᠦᠨ᠂ ᠲᠤᠬᠠᠶ᠎ᠶ᠋ᠢᠨ ᠭᠠᠵᠠᠷ᠎ᠤᠨ᠎ᠬᠢᠨ ᠠᠷᠭ᠎ᠠ ᠵᠠᠮ᠎ᠳᠤ ᠲᠦᠱᠢᠭ᠌ᠯᠡᠬᠦ᠌ ᠪᠠᠢᠳᠠᠯ᠎ᠢ᠎ᠡᠪᠳᠡᠵᠦ᠍᠂ ᠬᠥᠭ᠌ᠵᠢᠯᠲᠡ᠎ᠶ᠋ᠢᠨ ᠪᠠᠢᠨᠭᠭᠤ᠎ᠶᠢᠨ ᠪᠠᠢᠳᠠᠯ᠎ᠡᠴᠡ ᠭᠠᠷᠴᠤ᠌᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠱᠢᠨ᠎ᠡ ᠠᠵᠤ ᠦᠶ᠋ᠯᠡᠰ᠂ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶᠢ ᠪᠣᠢᠵᠢᠭᠤᠯᠪᠠ᠃

ᠥᠷᠢᠰᠦᠯᠳᠦᠭᠡᠨ ᠶᠡᠬᠡᠲᠡᠢ ᠭᠦᠨ ᠠᠭᠤᠯᠠ᠎ᠶᠢᠨ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠳᠤ᠂ ᠳᠡᠭᠡᠳᠦ ᠲᠡᠰ᠎ᠤᠨ ᠬᠡᠪᠯᠡᠨ ᠦᠢᠯᠡᠳᠦᠭ᠌ᠰᠡᠨ ᠴᠠᠬᠢᠯᠭᠠᠨ ᠬᠡᠯᠬᠢᠶ᠎ᠡ᠎ᠶ᠋ᠢᠨ ᠬᠠᠪᠲᠠᠰᠤ᠂ ᠠᠵᠤ ᠦᠶ᠋ᠯᠡᠳᠪᠦᠷᠢ᠎ᠶ᠋ᠢᠨ ᠪᠠᠷᠠᠭ᠎ᠠ᠎ᠶᠢᠨ ᠰᠦᠯᠵᠢᠶ᠎ᠡ ᠵᠡᠷᠭᠡ ᠨᠢᠭᠡ ᠪᠦᠯᠦᠭ ᠠᠵᠤ ᠦᠢᠯᠡᠰ ᠶᠠᠭ ᠬᠦᠭᠵᠢᠨ ᠪᠤᠵᠠᠭᠠᠢᠷᠠᠵᠤ ᠪᠠᠢᠨ᠎ᠠ᠃

ᠵᠢᠩᠭᠠᠩᠱᠠᠨ᠎ᠤ ᠰᠢᠶᠠᠨ ᠹᠸᠩ ᠲᠣᠭᠠᠴᠢᠯᠠᠭ᠍ᠰᠠᠨ ᠠᠵᠤ ᠠᠬᠤᠢ᠎ᠶ᠋ᠢᠨ ᠠᠵᠤ ᠦᠢᠯᠡᠰ᠎ᠦᠨ ᠬᠦᠷᠢᠶᠡᠯᠡᠩ᠎ᠢ ᠪᠠᠢᠭᠤᠯᠵᠤ᠂  LED ᠦᠵᠡᠭᠦᠯᠭᠡ ᠪᠡᠷ ᠭᠣᠣᠯ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠦᠵᠡᠭᠦᠯᠭᠡ᠎ᠶᠢᠨ ᠠᠵᠤ ᠦᠢᠯᠡᠰ᠎ᠢ ᠲᠦᠷᠭᠡᠨ ᠬᠥᠭ᠌ᠵᠢᠭᠦᠯᠵᠦ᠍᠂ ᠬᠡᠪᠴᠢᠶᠡᠵᠢᠭ᠌ᠰᠡᠨ ᠠᠵᠤ ᠦᠢᠯᠡᠳᠪᠦᠷᠢ᠎ᠶ᠋ᠢᠨ ᠦᠢᠯᠡᠳᠬᠦᠨ᠎ᠦ ᠶᠡᠷᠦᠩᠬᠡᠢ ᠦᠷᠳᠡᠭ 50 ᠳ᠋ᠦᠩᠱᠢᠭᠤᠷ ᠲᠥᠭᠥᠷᠢᠭ᠎ᠢ ᠳᠠᠪᠠᠪᠠ; ᠶᠡᠬᠡ ᠳᠡᠭᠡᠳᠦ ᠰᠤᠷᠭᠠᠭᠤᠯᠢ᠎ᠯᠤᠭ᠎ᠠ ᠭᠡᠷ᠎ᠡ ᠲᠣᠭ᠍ᠲᠠᠵᠤ ᠢᠳᠡᠭᠡᠨ ᠬᠢᠭᠡᠳ ᠡᠷᠡᠭᠦᠯ ᠮᠡᠨᠳᠦ᠍᠎ᠶ᠋ᠢᠨ ᠠᠵᠤ ᠦᠶ᠋ᠯᠡᠰ᠎ᠦᠨ ᠰᠤᠳᠤᠯᠭᠠᠨ᠎ᠤ ᠬᠦᠷᠢᠶᠡᠯᠡᠩ᠎ᠢ ᠬᠠᠮᠲᠤ᠎ᠪᠠᠷ ᠪᠠᠢᠭᠤᠯᠵᠤ᠂ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠬᠡᠷᠡᠭ᠌ᠵᠢᠭᠦᠯᠦᠨ᠂ ᠪᠣᠬᠢᠷᠲᠤᠯ ᠥᠬᠡᠶ ᠢᠳᠡᠭᠡᠨ᠎ᠦ ᠠᠵᠤ ᠦᠶ᠋ᠯᠡᠰ᠎ᠢ ᠳᠡᠯᠭᠡᠷᠡᠭᠦᠯᠵᠦ ᠬᠡᠪᠴᠢᠶ᠎ᠡ᠎ᠨᠢ 14 ᠳ᠋ᠦᠩᠱᠢᠭᠤᠷ ᠲᠥᠭᠥᠷᠢᠭ᠎ᠢ ᠳᠠᠪᠠᠪᠠ ᠁

ᠠᠷᠪᠠᠨ ᠵᠢᠯ᠎ᠦᠨ ᠬᠤᠭᠤᠴᠠᠭᠠᠨ᠎ᠳᠤ᠂ ᠵᠢᠩᠭᠠᠩᠱᠠᠨ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠦᠷᠳᠡᠭ 2016 ᠣᠨ᠎ᠳᠤ 53.91 ᠳ᠋ᠦᠩᠱᠢᠭᠤᠷ ᠲᠥᠭᠥᠷᠢᠭ ᠪᠠᠢᠭ᠍ᠰᠠᠨ᠎ᠡᠴᠡ᠎ᠪᠠᠨ 2025 ᠣᠨ᠎ᠳᠤ 121.07 ᠳ᠋ᠦᠩᠱᠢᠭᠤᠷ ᠲᠥᠭᠥᠷᠢᠭ ᠪᠣᠯᠤᠨ ᠨᠡᠮᠡᠭ᠌ᠳᠡᠪᠡ᠃ ᠱᠢᠨ᠎ᠡ ᠠᠵᠤ ᠦᠢᠯᠡᠰ᠂ ᠱᠢᠨ᠎ᠡ ᠡᠵᠡᠩᠨᠡᠯᠲᠡ᠎ᠶ᠋ᠢᠨ ᠬᠡᠯᠪᠡᠷᠢ  ᠪᠦᠷᠢᠯᠳᠦᠵᠦ᠍᠂ ᠵᠢᠩᠭᠠᠩᠱᠠᠨ᠎ᠤ ᠬᠥᠭ᠌ᠵᠢᠯᠲᠡ᠎ᠶ᠋ᠢᠨ ᠵᠠᠮ ᠶᠠᠪᠤᠬᠤ ᠲᠤᠳᠤᠮ ᠥᠷᠭᠡᠵᠢᠪᠡ᠃

ᠤᠭ ᠰᠠᠨᠠᠭ᠎ᠠ᠎ᠪᠠᠨ ᠬᠤᠪᠢᠷᠠᠭᠤᠯᠬᠤ ᠦᠭᠡᠢ ᠪᠠᠢᠵᠤ᠂ ᠦᠶ᠎ᠡ᠎ᠶᠢᠨ ᠦᠶ᠎ᠡ᠎ᠳᠡᠭᠡᠨ ᠤᠯᠠᠮᠵᠢᠯᠠᠨ᠎ᠠ; ᠤᠷᠢᠳᠤᠬᠢ᠎ᠶ᠋ᠢ ᠵᠠᠯᠭᠠᠮᠵᠢᠯᠠᠨ ᠬᠣᠢᠱᠢᠬᠢ᠎ᠳᠤ ᠵᠠᠮ ᠨᠡᠭᠡᠭᠡᠵᠦ᠍᠂ ᠱᠢᠨ᠎ᠡ ᠬᠠᠭᠤᠳᠠᠰᠤ᠎ᠶ᠋ᠢ ᠲᠠᠬᠢᠨ ᠪᠢᠴᠢᠭ᠌ᠯᠡᠨ᠎ᠡ᠃

《ᠢᠷᠡᠬᠦ᠌ ᠵᠢᠯ ᠵᠢᠩᠭᠠᠩᠱᠠᠨ᠎ᠤ ᠬᠤᠪᠢᠰᠭᠠᠯ᠎ᠤᠨ ᠰᠠᠭᠤᠷᠢᠨ ᠭᠠᠵᠠᠷ ᠪᠠᠢᠭᠤᠯᠤᠭ᠍ᠳᠠᠭ᠍ᠰᠠᠨ 100 ᠵᠢᠯ᠎ᠦᠨ ᠤᠢ᠎ᠶ᠋ᠢ ᠤᠭ᠍ᠲᠤᠬᠤ ᠪᠣᠯᠤᠨ᠎ᠠ》᠃ ᠵᠢᠩᠭᠠᠩᠱᠠᠨ ᠬᠤᠳᠠ᠎ᠶ᠋ᠢᠨ ᠨᠠᠮ᠎ᠤᠨ ᠬᠣᠷᠢᠶᠠᠨ᠎ᠤ ᠱᠦᠵᠢ ᠯᠢᠶᠣᠤ ᠳ᠋ᠦᠩ ᠱᠧᠩ᠂ ᠴᠠᠭ ᠬᠤᠭᠤᠴᠠᠭ᠎ᠠ ᠣᠷᠣᠨ ᠵᠠᠢ᠎ᠶ᠋ᠢ ᠠᠯᠤᠰᠯᠠᠭ᠍ᠰᠠᠨ ᠬᠤᠪᠢᠰᠭᠠᠯᠲᠦ ᠤᠯᠠᠮᠵᠢᠯᠠᠯ᠎ᠢ ᠦᠷᠭᠦᠯᠵᠢᠯᠡᠨ ᠵᠠᠯᠭᠠᠮᠵᠢᠯᠠᠵᠤ᠂ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠢ ᠬᠥᠭ᠌ᠵᠢᠭᠦᠯᠦᠨ ᠮᠠᠨᠳᠤᠭᠤᠯᠬᠤ ᠱᠢᠨ᠎ᠡ ᠬᠠᠷᠢᠭᠤᠯᠲᠠ᠎ᠶ᠋ᠢᠨ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ᠍᠂ ᠵᠢᠩᠭᠠᠩᠱᠠᠨ᠎ᠤ ᠵᠣᠷᠢᠭ ᠰᠠᠨᠠᠭ᠎ᠠ᠎ᠪᠠᠷ ᠱᠢᠨ᠎ᠡ ᠴᠠᠭ ᠦᠶ᠎ᠡ᠎ᠶ᠋ᠢᠨ ᠬᠡᠷᠡᠯ ᠭᠢᠯᠪᠠᠭ᠎ᠠ᠎ᠶ᠋ᠢ ᠰᠠᠴᠤᠷᠠᠭᠤᠯᠤᠨ᠎ᠠ ᠭᠡᠵᠦ᠍ ᠢᠯᠡᠳᠭᠡᠪᠡ᠃

(ᠱᠢᠨᠬᠤᠸᠠ ᠬᠣᠷᠢᠶ᠎ᠠ᠎ᠶᠢᠨ ᠨᠠᠨᠴᠠᠩ᠎ᠤᠨ 6 ᠰᠠᠷ᠎ᠠ᠎ᠶ᠋ᠢᠨ 9 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号