ᠲᠥᠪ᠎ᠦᠨ ᠠᠶᠤᠯᠭᠦᠢ ᠦᠶ᠋ᠯᠡᠳᠪᠦᠷᠢᠯᠡᠯ᠎ᠦᠨ ᠱᠢᠯᠭᠠᠨ ᠪᠠᠢᠴᠠᠭᠠᠯᠲᠠ ᠲᠣᠭᠣᠷᠢᠨ ᠪᠠᠢᠴᠠᠭᠠᠯᠲᠠ᠎ᠶ᠋ᠢᠨ ᠬᠣᠶᠠᠳᠤᠭᠠᠷ ᠭᠤᠷᠪᠠᠳᠤᠭᠠᠷ ᠤᠯᠠᠷᠢᠯ ᠤ᠋ᠨ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ ᠠᠵᠢᠯ ᠤᠳᠠᠯ ᠦᠭᠡᠢ ᠡᠬᠢᠯᠡᠨ᠎ᠠ
2026-06-12 09:45:53
ᠵᠣᠬᠢᠶᠠᠭ᠍ᠴᠢ᠄
ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠬᠤᠸᠠᠩ ᠲᠤᠤ ᠮᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 9 ᠤ᠋ ᠡᠳᠦᠷ ᠪᠠᠴᠢᠮ ᠪᠠᠢᠳᠠᠯ᠎ᠢ ᠠᠷᠭᠠᠴᠡᠭᠠᠬᠤ ᠬᠠᠮᠢᠶᠠᠷᠤᠯᠲᠠ᠎ᠶ᠋ᠢᠨ ᠶᠠᠮᠤᠨ᠎ᠡᠴᠡ ᠣᠢᠯᠠᠭᠠᠭ᠍ᠰᠠᠨ᠎ᠢᠶᠠᠷ᠂ ᠲᠥᠪ᠎ᠦᠨ ᠠᠶᠤᠯᠭᠦᠶ ᠦᠶ᠋ᠯᠡᠳᠪᠦᠷᠢᠯᠡᠯ᠎ᠦᠨ ᠱᠢᠯᠭᠠᠨ ᠪᠠᠢᠴᠠᠭᠠᠯᠲᠠ ᠲᠣᠭᠣᠷᠢᠨ ᠪᠠᠢᠴᠠᠭᠠᠯᠲᠠ᠎ᠶ᠋ᠢᠨ ᠬᠣᠶᠠᠳᠤᠭᠠᠷ᠂ ᠭᠤᠷᠪᠠᠳᠤᠭᠠᠷ ᠤᠯᠠᠷᠢᠯ᠎ᠤᠨ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ ᠠᠵᠢᠯ ᠤᠳᠠᠯ ᠦᠭᠡᠢ ᠡᠬᠢᠯᠡᠨ᠎ᠠ᠃

ᠣᠢᠯᠠᠭᠠᠭ᠍ᠰᠠᠨ᠎ᠢᠶᠠᠷ᠂ ᠲᠥᠪ᠎ᠦᠨ ᠠᠶᠤᠯᠭᠦᠢ ᠦᠶ᠋ᠯᠡᠳᠪᠦᠷᠢᠯᠡᠯ᠎ᠦᠨ ᠱᠢᠯᠭᠠᠨ ᠪᠠᠢᠴᠠᠭᠠᠯᠲᠠ ᠲᠣᠭᠣᠷᠢᠨ ᠪᠠᠢᠴᠠᠭᠠᠯᠲᠠ᠎ᠶ᠋ᠢᠨ ᠳᠤᠭᠤᠢᠯᠠᠩ᠎ᠤᠨ ᠳᠠᠷᠤᠭ᠎ᠠ᠎ᠶ᠋ᠢᠨ ᠠᠵᠢᠯ᠎ᠤᠨ ᠶᠠᠷᠢᠯᠴᠠᠬᠤ ᠬᠤᠷᠠᠯ 8 ᠤ᠋ ᠡᠳᠦᠷ ᠬᠤᠷᠠᠯᠳᠤᠵᠤ᠂ ᠣᠢᠷ᠎ᠠ᠎ᠶ᠋ᠢᠨ ᠬᠤᠭᠤᠴᠠᠭᠠᠨ᠎ᠤ ᠡᠨᠳᠡᠯ᠎ᠡᠴᠡ ᠭᠦᠨᠵᠡᠭᠡᠶ ᠰᠤᠷᠭᠠᠮᠵᠢ ᠠᠪᠴᠤ᠌᠂ ᠤᠯᠠᠷᠢᠯ᠎ᠤᠨ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ ᠠᠵᠢᠯ᠎ᠢ ᠴᠢᠩᠭ᠎ᠠ ᠪᠣᠳᠠᠲᠠᠶ ᠨᠠᠷᠢᠯᠢᠭ ᠰᠠᠢᠲᠤᠷ ᠬᠢᠵᠦ᠍᠂ ᠲᠤᠬᠠᠶ᠎ᠶ᠋ᠢᠨ ᠲᠠᠯᠠᠪᠤᠷ᠎ᠲᠤ ᠬᠦᠷᠴᠦ᠍᠂ ᠭᠦᠨᠵᠡᠭᠡᠶ ᠠᠭᠤᠳᠠᠯᠵᠤ ᠨᠠᠷᠢᠨ ᠪᠠᠢᠴᠠᠭᠠᠵᠤ᠂ ᠠᠭᠤᠷᠬᠠᠶ᠂ ᠬᠢᠮᠢ᠎ᠶ᠋ᠢᠨ ᠠᠵᠤ ᠦᠶ᠋ᠯᠡᠳᠪᠦᠷᠢ᠂ ᠫᠤᠤᠵᠢᠩ᠂ ᠪᠠᠷᠢᠯᠭ᠎ᠠ᠎ᠶ᠋ᠢᠨ ᠠᠵᠢᠯ᠂ ᠭᠠᠯ ᠰᠡᠷᠭᠡᠢᠯᠡᠵᠦ᠍ ᠭᠠᠯ ᠤᠨᠲᠠᠷᠠᠭᠠᠬᠤ᠂ ᠠᠵᠤ ᠦᠶ᠋ᠯᠡᠳᠪᠦᠷᠢ ᠠᠷᠠᠯᠵᠢᠶ᠎ᠠ᠂ ᠣᠨᠴᠠ ᠲᠥᠷᠥᠯ᠎ᠦᠨ ᠲᠥᠬᠥᠭᠡᠷᠦᠮᠵᠢ ᠵᠡᠷᠭᠡ ᠭᠤᠤᠯᠳᠠᠯᠭ᠎ᠠ᠎ᠲᠠᠶ ᠠᠵᠢᠯ ᠲᠥᠷᠥᠯ᠎ᠦᠨ ᠬᠦᠷᠢᠶᠡᠨ ᠳ᠋ᠡᠬᠢ ᠨᠡᠢᠲᠡᠯᠢᠭ ᠬᠦᠨᠳᠦ ᠶᠡᠬᠡ ᠡᠨᠳᠡᠯ᠎ᠦᠨ ᠬᠡᠮ ᠰᠣᠭᠣᠭ᠎ᠢ ᠮᠤᠵᠢ᠎ᠶ᠋ᠢᠨ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠳᠤ ᠱᠢᠯᠵᠢᠭᠦᠯᠦᠨ ᠲᠤᠱᠢᠶᠠᠵᠤ᠂ ᠣᠷᠣᠨ ᠨᠤᠲᠤᠭ᠎ᠤᠨ ᠵᠣᠬᠢᠶᠠᠨ ᠪᠠᠢᠭᠤᠯᠤᠯᠲᠠ᠎ᠶ᠋ᠢ ᠱᠠᠯᠠᠪᠳᠠᠭᠤᠯᠤᠨ ᠴᠡᠭ᠌ᠴᠡᠯᠡᠨ ᠰᠠᠢᠵᠢᠷᠠᠭᠤᠯᠵᠤ᠂ ᠬᠠᠷᠢᠭᠤᠴᠠᠯᠭ᠎ᠠ᠎ᠶ᠋ᠢ ᠭᠡᠳᠡᠷᠭᠦ᠌ ᠪᠠᠢᠴᠠᠭᠠᠵᠤ᠂ ᠴᠢᠩᠭ᠎ᠠ ᠱᠢᠶ᠋ᠳᠪᠦᠷᠢᠯᠡᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃

ᠬᠢᠨᠠᠨ ᠬᠠᠮᠢᠶᠠᠷᠴᠤ᠌ ᠬᠠᠤᠯᠢ ᠬᠡᠷᠡᠭ᠌ᠵᠢᠭᠦᠯᠬᠦ᠌ ᠠᠰᠠᠭᠤᠳᠠᠯ᠎ᠤᠨ ᠲᠤᠰᠭᠠᠢ ᠪᠠᠢᠴᠠᠭᠠᠯᠲᠠ᠎ᠶ᠋ᠢ ᠥᠷᠨᠢᠭᠦᠯᠵᠦ᠍᠂ ᠪᠠᠢᠴᠠᠭᠠᠨ ᠵᠠᠰᠠᠬᠤ᠎ᠶ᠋ᠢ ᠨᠢᠭᠡ ᠴᠤᠬ᠍ᠴᠠᠵᠢᠭᠤᠯᠬᠤ ᠵᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ᠎ᠦᠨ ᠬᠠᠤᠯᠢ ᠡᠴᠡ ᠵᠦᠷᠢᠴᠡᠭᠰᠡᠨ ᠪᠠ ᠬᠤᠳᠠᠯ ᠬᠡᠯᠡᠵᠦ᠍ ᠬᠠᠭᠤᠷᠮᠠᠭ᠍ᠯᠠᠬᠤ ᠵᠡᠷᠭᠡ ᠠᠵᠢᠯᠯᠠᠭ᠎ᠠ ᠵᠢᠴᠢ ᠠᠶᠤᠯᠭᠦᠢ ᠦᠢᠯᠡᠳᠪᠦᠷᠢᠯᠡᠯ᠎ᠦᠨ ᠬᠦᠷᠢᠶᠡᠨ᠎ᠦ ᠰᠤᠷᠲᠠᠯ᠎ᠤᠨ ᠢᠯᠵᠢᠷᠡᠯ ᠵᠡᠷᠭᠡ ᠳᠤᠪᠤᠢ᠌ᠮ᠎ᠠ ᠠᠰᠠᠭᠤᠳᠠᠯ᠎ᠢ ᠴᠢᠩᠭ᠎ᠠ ᠪᠠᠢᠴᠠᠭᠠᠨ ᠱᠢᠢᠳᠪᠦᠷᠢᠯᠡᠬᠦ᠌ ᠬᠡᠷᠡᠭ᠌ᠲᠡᠢ᠃ ᠵᠠᠭᠤᠴᠢᠯᠠᠭᠤᠷ᠎ᠵᠢᠡᠷ ᠢᠯᠡᠴᠢᠯᠡᠬᠦ᠌ ᠪᠠ ᠤᠬᠠᠭᠤᠯᠤᠨ ᠮᠡᠳᠡᠭᠡᠯᠡᠬᠦ᠌ ᠡᠷᠴᠢᠮ᠎ᠢᠶᠡᠨ ᠴᠢᠩᠭᠠᠷᠠᠭᠤᠯᠵᠤ᠂ ᠬᠦᠨᠳᠦ ᠶᠡᠬᠡ ᠡᠨᠳᠡᠯ᠎ᠦᠨ ᠬᠡᠮ ᠰᠣᠭᠣᠭ ᠪᠠ ᠬᠠᠤᠯᠢ ᠲᠣᠭ᠍ᠲᠠᠭᠠᠯ᠎ᠡᠴᠡ ᠵᠥᠷᠢᠴᠡᠭ᠌ᠰᠡᠨ ᠨᠡᠢᠲᠡᠯᠢᠭ ᠦᠶ᠋ᠯᠡ ᠠᠵᠢᠯᠯᠠᠭ᠎ᠠ᠎ᠶ᠋ᠢ ᠢᠯᠡᠴᠢᠯᠡᠵᠦ᠍᠂ ᠵᠠᠭᠤᠴᠢᠯᠠᠭᠤᠷ᠎ᠤᠨ ᠬᠢᠨᠠᠯᠲᠠ ᠲᠠᠯᠪᠢᠬᠤ ᠦᠶ᠋ᠯᠡᠳᠦᠯ᠎ᠢ ᠦᠨᠡᠨ ᠬᠦ᠌ ᠰᠠᠢᠲᠤᠷ ᠪᠠᠳᠠᠷᠠᠭᠤᠯᠵᠤ᠂ ᠰᠡᠷᠭᠡᠢᠯᠡᠨ ᠬᠣᠷᠢᠭ᠍ᠯᠠᠬᠤ ᠦᠷ᠎ᠡ ᠪᠦᠲᠦᠮᠵᠢ᠎ᠶ᠋ᠢ ᠬᠦᠴᠦᠲᠡᠶ ᠪᠠᠳᠠᠷᠠᠭᠤᠯᠬᠤ ᠬᠡᠷᠡᠭ᠌ᠲᠡᠶ ᠭᠡᠵᠤ ᠴᠢᠬᠤᠯᠠᠴᠢᠯᠠᠪᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 6 ᠰᠠᠷ᠎ᠠ᠎ᠶ᠋ᠢᠨ 9 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号