ᠤᠢᠷ᠎ᠠ᠎ᠶᠢᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠤᠳᠠᠨ᠎ᠤ ᠶᠠᠪᠤᠳᠠᠯ᠎ᠤᠨ ᠬᠠᠮᠢᠶᠠᠷᠤᠯᠲᠠ᠎ᠶ᠋ᠢᠨ ᠲᠣᠪᠴᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠤᠳᠠᠨ᠎ᠤ ᠬᠠᠮᠢᠶᠠᠷᠤᠯᠳᠠ ᠵᠢᠨ ᠲᠤᠪᠴᠢᠶ᠎ᠠ ᠦᠵᠦ ᠲᠦᠯᠦᠪᠯᠡᠭᠡ ᠵᠢ ᠴᠢᠩᠭᠠᠳᠬᠠᠵᠦ ᠱᠢᠤᠳᠠᠨ᠎ᠤ ᠶᠠᠪᠤᠳᠠᠯᠪᠠ ᠲᠦᠷᠭᠡᠨ ᠬᠦᠷᠭᠡᠯᠲᠡ᠎ᠶ᠋ᠢᠨ ᠬᠠᠮᠲᠤᠷᠠᠯᠴᠠᠭ᠎ᠠ ᠵᠢ ᠠᠬᠢᠭᠤᠯᠤᠨ ᠲᠦᠷᠭᠡᠨ ᠬᠦᠷᠭᠡᠯᠲᠡ᠎ᠶ᠋ᠢ ᠲᠣᠰᠭᠣᠨ᠎ᠳᠤ ᠣᠷᠣᠭᠤᠯᠬᠤ ᠠᠵᠢᠯ᠎ᠤᠨ ᠵᠢᠯᠣᠭᠣᠳᠤᠮᠵᠢ》 ᠶ᠋ᠢ ᠳᠠᠷᠤᠮᠠᠯᠯᠠᠨ ᠲᠠᠷᠬᠠᠭᠠᠵᠠᠢ᠃
ᠲᠣᠰ ᠵᠢᠯᠤᠭᠤᠳᠤᠮᠵᠢ᠎ᠨᠢ 《ᠬᠣᠷᠢᠭ᠎ᠠ ᠱᠤᠭᠤᠮ᠎ᠢ ᠰᠠᠬᠢᠬᠤ᠂ ᠲᠦᠷᠢᠮᠵᠢᠯ᠎ᠢ ᠠᠬᠢᠭᠤᠯᠬᠤ᠂ ᠬᠠᠮᠵᠢᠯᠴᠠᠭ᠎ᠠ᠎ᠶ᠋ᠢ ᠴᠢᠩᠭᠠᠳᠭᠠᠬᠤ᠂ ᠶᠠᠰᠤ ᠴᠢᠨᠠᠷ᠎ᠢ ᠪᠠᠲᠤᠯᠠᠬᠤ》 ᠳᠥᠷᠪᠡᠨ ᠶᠡᠬᠡ ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠤᠯᠤᠭᠠᠨ ᠵᠦᠶ᠋ᠯ᠎ᠦᠨ ᠭᠤᠤᠯᠯᠠᠬᠤ ᠲᠣᠭ᠍ᠲᠠᠴᠠ᠎ᠶ᠋ᠢ ᠱᠢᠰᠲ᠋ᠧᠮ᠎ᠲᠡᠶ ᠪᠠᠢᠭᠤᠯᠵᠠᠢ᠄ ᠨᠢᠭᠡ᠎ᠳᠦ᠂ ᠱᠢᠤᠳᠠᠨ᠎ᠤ ᠶᠠᠪᠤᠳᠠᠯ᠎ᠤᠨ ᠦᠨᠳᠦᠰᠦᠨ ᠵᠦᠢᠯ᠎ᠢ ᠪᠠᠲᠤᠯᠠᠬᠤ ᠦᠶ᠋ᠯᠡᠴᠢᠯᠡᠭᠡᠨ᠎ᠦ ᠲᠣᠮᠢᠶᠠᠯᠠᠯ ᠬᠢᠭᠡᠳ ᠬᠡᠷᠡᠭ᠌ᠯᠡᠬᠦ᠌ ᠵᠠᠭᠠᠭ᠎ᠢ ᠲᠣᠳᠣᠷᠬᠠᠢᠯᠠᠵᠤ᠂ ᠲᠣᠰᠭᠣᠨ᠎ᠳᠤ ᠬᠤᠳᠠᠯ ᠬᠠᠭᠤᠷᠮᠠᠭᠪᠠᠷᠠᠭᠠ ᠲᠠᠸᠠᠷ ᠣᠷᠣᠬᠤ᠎ᠶ᠋ᠢ ᠴᠢᠩᠭ᠎ᠠ ᠬᠢᠵᠠᠭᠠᠷᠯᠠᠨ᠎ᠠ;ᠬᠣᠶᠠᠷ᠎ᠲᠤ᠂ 《ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠶ ᠲᠥᠯᠥᠪᠯᠡᠨ᠂ ᠠᠢᠮᠠᠭ ᠬᠣᠲᠠ ᠭᠤᠤᠯᠯᠠᠨ ᠠᠳᠭᠤᠵᠤ᠂ ᠬᠣᠱᠢᠭᠤ ᠱᠢᠶᠠᠨ ᠨᠠᠢᠳᠠᠪᠤᠷᠢᠵᠢᠭᠤᠯᠬᠤ》 ᠭᠤᠷᠪᠠᠨ ᠱᠠᠲᠤᠨ᠎ᠤ ᠬᠠᠷᠢᠭᠤᠴᠠᠯᠭ᠎ᠠ᠎ᠶ᠋ᠢᠨ ᠱᠢᠰᠲ᠋ᠧᠮ᠎ᠢ ᠪᠠᠢᠭᠤᠯᠵᠤ᠂ ᠵᠠᠮ ᠬᠠᠷᠢᠯᠴᠠᠭ᠎ᠠ᠂ ᠬᠤᠳᠠᠯᠳᠤᠭᠠᠨ᠎ᠤ ᠶᠠᠪᠤᠳᠠᠯ᠂ ᠮᠠᠯ ᠠᠵᠤ ᠠᠬᠤᠶ ᠲᠠᠷᠢᠶᠠᠯᠠᠡᠭ ᠵᠡᠷᠭᠡ ᠰᠠᠯᠠᠭ᠎ᠠ ᠮᠥᠴᠢᠷ᠎ᠯᠦᠭᠡ ᠬᠠᠮᠵᠢᠯᠴᠠᠬᠤ᠎ᠶ᠋ᠢ ᠭᠦᠨᠵᠡᠭᠡᠢᠷᠡᠭᠦᠯᠦᠨ᠂ 《ᠠᠶᠠᠨᠴᠢᠳ ᠪᠠᠷᠠᠭ᠎ᠠ ᠱᠢᠤᠳᠠᠨ》 ᠤ᠋ ᠭᠦᠨᠵᠡᠭᠡᠶ ᠠᠭᠤᠰᠤᠯᠴᠠᠬᠤ᠎ᠶ᠋ᠢ ᠠᠬᠢᠭᠤᠯᠤᠨ᠎ᠠ; ᠭᠤᠷᠪᠠ᠎ᠳᠤ᠂ ᠬᠠᠮᠲᠤᠷᠠᠯᠴᠠᠭᠠᠨ᠎ᠤ ᠵᠥᠪᠯᠡᠯᠴᠡᠭᠡᠷ ᠲᠣᠭ᠍ᠲᠠᠬᠤ᠎ᠶ᠋ᠢ ᠲᠦᠷᠢᠮᠵᠢᠭᠦᠯᠵᠦ᠂ ᠦᠶ᠋ᠯᠡᠴᠢᠯᠡᠭᠡᠨ᠎ᠦ ᠨᠠᠷᠢᠨ ᠲᠠᠩᠰᠠ᠂ ᠰᠦᠯᠵᠢᠶᠡᠨ᠎ᠳᠦ ᠣᠷᠣᠬᠤ ᠭᠣᠭ᠍ᠴᠣᠭ᠎ᠠ ᠪᠣᠯᠤᠨ ᠬᠠᠮᠲᠤᠷᠠᠯᠴᠠᠭᠠᠨ᠎ᠤ ᠴᠠᠭ ᠬᠤᠭᠤᠴᠠᠭ᠎ᠠ᠎ᠶ᠋ᠢ ᠨᠠᠷᠢᠯᠢᠬ᠍ᠵᠢᠭᠤᠯᠵᠤ᠂ ᠣᠷᠣᠨ ᠪᠦᠰᠡ᠎ᠶ᠋ᠢᠨ ᠲᠦᠷᠭᠡᠨ ᠬᠦᠷᠭᠡᠯᠲᠡ᠎ᠶ᠋ᠢ ᠦᠯᠦ ᠬᠠᠮᠤᠷᠤᠭ᠍ᠰᠠᠨ ᠬᠡᠰᠡᠭ᠎ᠤᠨ ᠬᠣᠷᠢᠭ᠍ᠯᠠᠬᠤ ᠲᠣᠭ᠍ᠲᠠᠴᠠ᠎ᠶ᠋ᠢ ᠨᠠᠢᠳᠠᠪᠤᠷᠢᠵᠢᠭᠤᠯᠤᠨ᠎ᠠ;ᠳᠥᠷᠪᠡ᠎ᠳᠦ᠂ ᠲᠦᠷᠭᠡᠨ ᠬᠦᠷᠭᠡᠯᠳᠡ᠎ᠶᠢᠨ ᠵᠦᠶ᠋ᠯᠡᠰ᠎ᠢ ᠭᠤᠪᠢᠭᠤᠯᠬᠤ ᠪᠠ ᠭᠥᠯᠢᠶᠡᠨ ᠠᠪᠬᠤ᠂ ᠣᠨᠴᠠᠭᠠᠶ ᠵᠦᠶ᠋ᠯ᠎ᠢ ᠱᠢᠶ᠋ᠳᠪᠦᠷᠢᠯᠡᠬᠦ᠌ ᠪᠠ ᠬᠦᠷᠭᠡᠬᠦ᠌ ᠭᠦᠨᠴᠡ᠎ᠶ᠋ᠢᠨ ᠪᠠᠷᠢᠮᠵᠢᠶ᠎ᠠ᠎ᠶ᠋ᠢ ᠨᠢᠭᠡᠳᠭᠡᠵᠦ᠍᠂ ᠡᠴᠦᠰ᠎ᠤᠨ ᠴᠡᠭ᠎ᠦᠨ ᠦᠶ᠋ᠯᠡᠴᠢᠯᠡᠭᠡ᠎ᠶ᠋ᠢ ᠮᠡᠳᠡᠷᠡᠵᠦ᠍ ᠲᠡᠢᠯᠬᠦ᠂ ᠦᠨᠡᠯᠡᠵᠦ᠍ ᠲᠡᠢᠯᠬᠦ᠎ᠶ᠋ᠢ ᠦᠨᠡᠨ ᠬᠦ᠌ ᠪᠠᠲᠤᠯᠠᠨ᠎ᠠ;ᠲᠠᠪᠤ᠎ᠳᠤ᠂ ᠦᠶ᠋ᠯᠡᠴᠢᠯᠡᠭᠡᠨ᠎ᠦ ᠴᠠᠭ᠎ᠤᠨ ᠬᠢᠵᠠᠭᠠᠷ᠂ ᠵᠠᠷᠤᠳᠠᠯ ᠲᠡᠰᠦᠯᠦᠨ ᠪᠤᠳᠤᠬᠤ ᠪᠠ ᠮᠡᠳᠡᠭᠡ ᠵᠠᠩᠭᠢ᠎ᠶ᠋ᠢᠨ ᠱᠢᠰᠲ᠋ᠧᠮ᠎ᠢ ᠵᠣᠯᠭᠠᠭᠤᠯᠬᠤ ᠪᠥᠬᠥ᠌ ᠶᠠᠪᠤᠴᠠ᠎ᠶ᠋ᠢ ᠪᠠᠷᠢᠮᠵᠢᠶᠠᠵᠢᠭᠤᠯᠬᠤ᠎ᠶ᠋ᠢ ᠬᠡᠷᠡᠭ᠌ᠵᠢᠭᠦᠯᠵᠦ᠍᠂ ᠲᠦᠷᠭᠡᠨ ᠬᠦᠷᠭᠡᠯᠳᠡ᠎ᠶᠢᠨ ᠵᠦᠶ᠋ᠯᠡᠰ᠎ᠦᠨ ᠪᠥᠬᠥ᠌ ᠶᠠᠪᠤᠴᠠ᠎ᠶ᠋ᠢ ᠮᠥᠷᠳᠡᠵᠦ᠍ ᠪᠣᠯᠬᠤ᠎ᠶ᠋ᠢ ᠪᠡᠶᠡᠯᠡᠭᠦᠯᠦᠨ᠎ᠡ; ᠵᠢᠷᠭᠤᠭ᠎ᠠ᠎ᠳᠤ᠂ ᠱᠢᠤᠳᠠᠨ᠎ᠢᠶᠠᠷ ᠳᠠᠮᠵᠢᠭᠤᠯᠤᠨ ᠭᠤᠪᠢᠭᠤᠯᠬᠤ ᠪᠠ ᠲᠤᠰᠬᠤ ᠵᠠᠩᠭᠢᠯᠠᠭ᠎ᠠ᠎ᠶ᠋ᠢᠨ ᠴᠡᠭ᠎ᠦᠨ ᠬᠠᠷᠢᠭᠤᠴᠠᠯᠭ᠎ᠠ᠎ᠶ᠋ᠢᠨ ᠵᠠᠭᠠᠭ᠎ᠢ ᠲᠣᠳᠣᠷᠬᠠᠢᠯᠠᠵᠤ᠂ ᠵᠠᠭᠠᠯᠳᠤᠯᠭ᠎ᠠ᠎ᠶ᠋ᠢ ᠬᠠᠮᠵᠢᠯᠴᠠᠨ ᠱᠢᠶ᠋ᠳᠪᠦᠷᠢᠯᠡᠬᠦ᠌ ᠲᠣᠭ᠍ᠲᠠᠴᠠ᠎ᠶ᠋ᠢ ᠪᠠᠢᠭᠤᠯᠵᠤ᠂ ᠠᠵᠤ ᠠᠬᠤᠢᠯᠠᠯ᠎ᠤᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠤᠨ᠎ᠠ; ᠳᠣᠯᠣᠭ᠎ᠠ᠎ᠳᠤ᠂《ᠥᠪᠡᠷᠲᠡᠭᠡᠨ ᠵᠠᠰᠠᠬᠤ ᠣᠷᠣᠨ ᠤᠯᠠᠷᠢᠯ᠎ᠢᠶᠡᠷ ᠬᠢᠨᠠᠨ ᠵᠢᠯᠣᠭᠣᠳᠭᠤ᠂ ᠠᠢᠮᠠᠭ ᠬᠣᠲᠠ ᠰᠠᠷ᠎ᠠ ᠪᠡᠷ ᠰᠤᠭᠤᠴᠢᠨ ᠪᠠᠢᠴᠠᠭᠠᠬᠤ 》 ᠬᠡᠪᠱᠢᠭ᠌ᠰᠡᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠢ ᠪᠠᠢᠭᠤᠯᠵᠤ᠂ ᠲᠣᠭ᠍ᠲᠠᠭᠠᠯ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠬᠠᠤᠯᠢ ᠶᠣᠰᠣᠭᠠᠷ ᠪᠠᠢᠴᠠᠭᠠᠨ ᠱᠢᠶ᠋ᠳᠪᠦᠷᠢᠯᠡᠵᠦ᠍᠂ ᠦᠶ᠋ᠯᠡᠴᠢᠯᠡᠭᠡᠨ᠎ᠦ ᠶᠠᠰᠤ ᠴᠢᠨᠠᠷ ᠦᠷ᠎ᠡ ᠪᠦᠲᠦᠮᠵᠢ᠎ᠶ᠋ᠢ ᠪᠠᠲᠤᠯᠠᠨ᠎ᠠ᠃
ᠥᠪᠥᠷ ᠮᠣᠩᠭᠣᠯ᠎ᠤᠨ ᠰᠢᠥᠳᠠᠨ᠎ᠤ ᠬᠠᠮᠢᠶᠠᠷᠤᠯᠳᠡ᠎ᠶᠢᠨ ᠲᠣᠪᠴᠢᠶ᠎ᠠ ᠵᠢᠯᠣᠭᠣᠳᠣᠮᠵᠢᠶ᠋ᠢ ᠪᠣᠳᠠᠲᠠᠢᠵᠢᠭᠤᠯᠤᠨ ᠬᠡᠷᠡᠭ᠌ᠵᠢᠭᠦᠯᠬᠦ᠌᠎ᠶ᠋ᠢ ᠰᠠᠢᠲᠤᠷ ᠠᠳᠭᠤᠵᠤ᠂ ᠱᠢᠤᠳᠠᠨ᠎ᠤ ᠦᠨᠳᠦᠰᠦᠨ ᠵᠦᠶ᠋ᠯ᠎ᠢ ᠪᠠᠲᠤᠯᠠᠬᠤ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠲᠣᠰ ᠵᠢᠯᠣᠭᠣᠳᠣᠯᠭ᠎ᠠ᠎ᠪᠠᠷ ᠬᠥᠲᠥᠯᠪᠦᠷᠢ ᠪᠣᠯᠭᠠᠵᠤ᠂ ᠬᠥᠳᠡᠭᠡ ᠲᠣᠰᠭᠣᠨ᠎ᠤ ᠭᠤᠪᠢᠭᠤᠯᠭ᠎ᠠ᠎ᠶᠢᠨ ᠦᠶ᠋ᠯᠡᠴᠢᠯᠡᠭᠡ᠎ᠶ᠋ᠢᠨ ᠲᠡᠰ ᠳᠠᠪᠱᠢᠬᠦᠶ᠋ᠢ ᠠᠬᠢᠭᠤᠯᠵᠤ ᠪᠣᠢ᠃