ᠬᠡᠦᠬᠡᠳ᠎ᠦᠨ ᠭᠦᠨ ᠤᠬᠠᠭᠠᠨ᠎ᠤ ᠬᠥᠭᠵᠢᠯᠲᠡ᠎ᠶᠢᠨ ᠤᠯᠠ ᠮᠦᠷ
2026-06-12 11:23:52
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠦᠨ ᠵᠢᠡᠭ 《ᠭᠦᠨ ᠤᠬᠠᠭᠠᠨ᠎ᠤ ᠰᠤᠳᠤᠯᠤᠯ》 ᠎ᠤ᠋ᠨ 2025 ᠣᠨ᠎ᠤ 11 ᠳ᠋ᠤᠭᠡᠷ ᠬᠤᠭᠤᠴᠠᠭ᠎ᠠ᠎ᠳᠤ ᠦᠭᠦᠯᠡᠯ ᠨᠡᠢᠳᠡᠯᠡᠵᠦ᠂ ᠬᠡᠦᠬᠡᠳ᠎ᠦᠨ ᠭᠦᠨ ᠤᠬᠠᠭᠠᠨ ᠎ᠤ ᠬᠠᠮᠤᠭ ᠡᠴᠦᠰ᠎ᠦᠨ ᠬᠠᠷᠠᠯᠲᠠ ᠨᠢ 《ᠬᠡᠦᠬᠡᠳ ᠭᠡᠭᠴᠢ ᠶᠠᠭᠤ ᠪᠤᠢ》 ᠭᠡᠬᠦ ᠡᠨᠡ ᠬᠦ᠌ ᠶᠡᠷᠦᠩᠬᠡᠢ ᠠᠰᠠᠭᠤᠯᠲᠠ ᠵᠢ ᠲᠠᠢᠯᠪᠤᠷᠢᠯᠠᠬᠤ ᠵᠢᠯᠣᠭᠣᠳᠤᠯᠭ᠎ᠠ ᠳᠣᠣᠷ᠎ᠠ᠂ ᠬᠡᠦᠬᠡᠳ᠎ᠦᠨ ᠭᠦᠨ ᠤᠬᠠᠭᠠᠨ᠎ᠤ ᠲᠤᠬᠠᠢ ᠬᠠᠢᠨ ᠰᠢᠨᠵᠢᠯᠡᠯᠲᠡ ᠪᠠ ᠵᠠᠳᠠᠯᠤᠯᠲᠠ ᠬᠢᠬᠦ ᠪᠣᠯᠣᠨ᠎ᠠ᠃ ᠣᠳᠣᠬᠠᠨ᠎ᠳᠤ ᠳᠡᠯᠭᠡᠷᠡᠵᠦ ᠪᠠᠢᠭ᠎ᠠ 《ᠬᠡᠦᠬᠡᠳ᠎ᠦᠨ ᠭᠦᠨ ᠤᠬᠠᠭᠠᠨ》 ᠭᠡᠳᠡᠭ ᠨᠡᠷ᠎ᠡ ᠵᠢᠨ ᠡᠬᠢ ᠡᠭᠦᠰᠦᠯ᠎ᠡᠴᠡ ᠨᠢ ᠦᠵᠡᠪᠡᠯ ᠦᠨᠡᠨ᠎ᠳᠡᠭᠡᠨ ᠶᠠᠮᠠᠷ ᠨᠢᠭᠡᠨ ᠡᠨᠳᠡᠭᠦᠦ ᠣᠢᠯᠠᠭᠠᠯᠲᠠ ᠠᠬᠤᠭᠤᠯᠤᠭᠳᠠᠵᠤ ᠪᠠᠢᠳᠠᠭ᠂ ᠦᠨᠡᠨ᠎ᠳᠡᠭᠡᠨ P4C (ᠬᠡᠦᠬᠡᠳ᠎ᠦᠨ ᠭᠦᠨ ᠤᠬᠠᠭᠠᠨ) ᠵᠢᠡᠷ ᠡᠭᠦᠰᠦᠯ ᠪᠣᠯᠭᠠᠵᠤ᠂ ᠭᠣᠣᠯ ᠠᠭᠤᠯᠭ᠎ᠠ ᠬᠢᠭᠡᠳ ᠬᠥᠭᠵᠢᠯᠲᠡ᠎ᠶᠢᠨ ᠵᠠᠮ ᠪᠣᠯᠭᠠᠭᠰᠠᠨ ᠪᠠᠢᠨ᠎ᠠ᠃ ᠭᠡᠪᠡᠴᠦ ᠬᠢᠲᠠᠳ ᠬᠡᠯᠡᠨ᠎ᠦ ᠣᠷᠴᠢᠨ᠎ᠳᠤ᠂ ᠲᠤᠰ ᠨᠡᠷᠡᠢᠳᠦᠯ᠎ᠢ ᠬᠡᠷᠡᠭᠯᠡᠬᠦ ᠨᠢ ᠨᠢᠭᠡᠨᠲᠡ ᠵᠠᠩᠰᠢᠯ ᠪᠣᠯᠤᠭᠰᠠᠨ ᠪᠥᠭᠡᠳ ᠥᠪᠡᠷ᠎ᠦᠨ ᠬᠢᠨᠢ ᠬᠥᠭᠵᠢᠯᠲᠡ᠎ᠶᠢᠨ ᠲᠡᠦᠬᠡ᠎ᠲᠠᠢ ᠪᠣᠯᠤᠭᠰᠠᠨ᠎ᠠᠴᠠ ᠨᠡᠩ ᠤᠯᠠᠨ ᠤᠳᠬ᠎ᠠ ᠠᠭᠤᠯᠭ᠎ᠠ᠎ᠲᠠᠢ ᠪᠣᠯᠤᠭᠰᠠᠨ ᠪᠠᠢᠨ᠎ᠠ᠃ ᠡᠢᠮᠦ᠎ᠡᠴᠡ᠂ ᠪᠢᠳᠡ ᠶᠠᠭᠤᠨ᠎ᠤ ᠡᠮᠦᠨ᠎ᠡ ᠲᠡᠭᠦᠨ᠎ᠦ ᠣᠨᠣᠯ᠎ᠤᠨ ᠠᠰᠠᠭᠤᠳᠠᠯ᠎ᠢ ᠡᠮᠬᠢᠯᠡᠨ ᠲᠣᠳᠣᠷᠬᠠᠢᠯᠠᠵᠤ᠂ ᠲᠡᠭᠦᠨ᠎ᠦ ᠶᠠᠭᠠᠬᠢᠭᠠᠳ 《ᠵᠢᠩᠬᠢᠨᠢ》 ᠬᠡᠦᠬᠡᠳ᠎ᠦᠨ ᠭᠦᠨ ᠤᠬᠠᠭᠠᠨ᠎ᠤ ᠡᠭᠦᠰᠤᠯ ᠭᠡᠵᠦ ᠮᠡᠳᠡᠷᠡᠭᠳᠡᠬᠦ ᠦᠭᠡᠢ ᠪᠠᠢᠬᠤ᠎ᠶᠢ ᠲᠣᠳᠣᠷᠬᠠᠢᠯᠠᠵᠤ᠂ ᠳᠠᠷᠠᠭᠠᠴᠢ ᠪᠡᠷ ᠳᠠᠬᠢᠨ ᠪᠠᠶ᠋ᠢᠭᠤᠯᠬᠤ ᠵᠢᠨ ᠬᠠᠷᠰᠢ ᠰᠠᠭᠠᠳ᠎ᠢ ᠠᠷᠢᠯᠭᠠᠬᠤ ᠬᠡᠷᠡᠭᠲᠡᠢ᠃ ᠬᠡᠦᠬᠡᠳ᠎ᠦᠨ ᠭᠦᠨ ᠤᠬᠠᠭᠠᠨ ᠨᠢ ᠣᠨᠣᠯ᠎ᠤᠨ ᠦᠭᠡ ᠶᠠᠷᠢᠶᠠᠨ᠎ᠦ ᠤᠨᠳᠤᠤᠰᠢᠭᠤᠯᠤᠯᠲᠠ ᠪᠠ ᠡᠷᠳᠡᠮ ᠰᠢᠨᠵᠢᠯᠡᠭᠡᠨ᠎ᠦ ᠰᠢᠰᠲᠧᠮ᠎ᠦᠨ ᠳᠠᠬᠢᠨ ᠪᠠᠢᠭᠤᠯᠤᠯᠲᠠ ᠬᠢᠪᠡᠯ ᠵᠣᠬᠢᠨ᠎ᠠ᠃ ᠬᠡᠷᠪᠡ ᠥᠷᠥᠨᠡᠳᠠᠬᠢᠨ᠎ᠤ 《ᠬᠡᠦᠬᠡᠳ᠎ᠦᠨ ᠭᠦᠨ ᠤᠬᠠᠭᠠᠨ》 ᠎ᠤ ᠤᠨᠤᠯ ᠪᠣᠯᠣᠨ ᠦᠢᠯᠡᠳᠦᠯᠭᠡ ᠨᠢ ᠪᠢᠳᠡᠨ᠎ᠳᠦ ᠰᠢᠨ᠎ᠡ ᠡᠷᠳᠡᠮ ᠰᠢᠨᠵᠢᠯᠡᠭᠡᠨ᠎ᠦ ᠬᠠᠷᠠᠭ᠎ᠠ᠎ᠶᠢ ᠨᠡᠭᠡᠭᠡᠭᠰᠡᠨ ᠭᠡᠵᠦ ᠬᠡᠯᠡᠬᠦ᠎ᠳᠦ ᠬᠦᠷᠪᠡᠯ᠂ ᠤᠳᠤ ᠦᠶ᠎ᠡ᠎ᠶᠢᠨ ᠪᠦᠬᠦ ᠪᠥᠮᠪᠥᠷᠴᠡᠭ᠎ᠦᠨ ᠴᠢᠨᠠᠷᠲᠠᠢ ᠬᠡᠦᠬᠡᠳ᠎ᠦᠨ ᠰᠤᠳᠤᠯᠭᠠᠨ᠎ᠤ ᠠᠬᠤᠢ ᠪᠠᠢᠳᠠᠯ ᠳᠣᠣᠷ᠎ᠠ ᠤᠷᠢᠳᠠᠬᠢ᠎ᠰᠤᠳᠤᠯᠤᠭ᠍ᠴᠢ᠎ᠲᠠᠢ ᠬᠠᠷᠢᠴᠠᠭᠤᠯᠪᠠᠯ᠂ ᠪᠢᠳᠡ ᠨᠢᠭᠡᠨᠲᠡ ᠨᠡᠩ ᠤᠯᠠᠨ ᠭᠡᠷᠡᠴᠢ᠎ᠪᠠᠷᠢᠮᠲᠠ ᠵᠢᠨ ᠡᠬᠢ ᠪᠠᠶᠠᠯᠢᠭ᠂ ᠤᠨᠤᠯ᠎ᠤᠨ ᠡᠬᠢ ᠪᠠᠶᠠᠯᠢᠭ᠋᠎ᠲᠠᠢ ᠪᠠᠢᠵᠤ᠂ 《ᠬᠡᠦᠬᠡᠳ ᠭᠡᠭᠴᠢ ᠶᠠᠭᠤ ᠪᠤᠢ》 ᠭᠡᠬᠦ ᠬᠡᠦᠬᠡᠳ᠎ᠦᠨ ᠰᠤᠳᠤᠯᠭᠠᠨ᠎ᠤ ᠦᠨᠳᠦᠰᠦᠨ ᠠᠰᠠᠭᠤᠯᠲᠠ᠎ᠵᠢ ᠳᠠᠬᠢᠨ ᠭᠡᠷᠡᠴᠢᠯᠡᠨ ᠰᠢᠯᠭᠠᠬᠤ ᠲᠣᠬᠢᠶᠠᠯ ᠪᠦᠷᠢᠮᠦᠰᠦᠨ ᠪᠠᠢᠬᠤ ᠪᠥᠭᠡᠳ ᠰᠠᠭᠤᠷᠢ ᠤᠨᠤᠯ᠂ ᠰᠤᠳᠤᠯᠭᠠᠨ᠎ᠤ ᠠᠷᠭ᠎ᠠ᠂ ᠰᠠᠯᠪᠤᠷᠢ ᠰᠢᠨᠵᠢᠯᠡᠭᠡ ᠪᠣᠯᠣᠨ ᠦᠷᠳᠡᠭ᠎ᠦᠨ ᠤᠨᠤᠯ᠎ᠢ ᠪᠠᠭᠲᠠᠭᠠᠭᠰᠠᠨ ᠨᠢᠭᠡᠨ ᠪᠦᠷᠢᠨ ᠪᠦᠲᠦᠨ ᠬᠡᠦᠬᠡᠳ᠎ᠦᠨ ᠭᠦᠨ ᠤᠬᠠᠭᠠᠨ᠎ᠤ ᠰᠢᠰᠲᠧᠮ᠎ᠢ ᠪᠠᠢᠭᠤᠯᠵᠤ᠂ ᠮᠠᠨ ᠎ᠤ ᠤᠯᠤᠰ ᠪᠠ ᠥᠷᠥᠨᠡᠳᠠᠬᠢᠨ᠎ᠵᠢᠡᠷ ᠲᠤᠯᠢᠯᠠᠯ ᠪᠣᠯᠭᠠᠭᠰᠠᠨ᠂ ᠰᠢᠨᠵᠢᠯᠡᠭᠡᠨ᠎ᠦ ᠰᠠᠯᠠᠭ᠎ᠠ᠎ᠶᠢᠨ ᠰᠤᠯᠪᠢᠯᠴᠠᠯ ᠵᠢᠡᠷ ᠠᠷᠭ᠎ᠠ ᠵᠠᠮ ᠪᠣᠯᠭᠠᠭᠰᠠᠨ᠂ ᠳᠤᠮᠳᠠᠳᠤ ᠤᠯᠤᠰ᠎ᠤᠨ ᠰᠣᠶᠣᠯ᠎ᠤᠨ ᠠᠭᠤᠯᠤᠭᠳᠠᠬᠤᠨ᠎ᠳᠠᠬᠢ ᠬᠡᠦᠬᠡᠳ᠎ᠦᠨ ᠰᠢᠨ᠎ᠡ ᠭᠦᠨ ᠤᠬᠠᠭᠠᠨ᠎ᠤ ᠡᠷᠳᠡᠮ ᠰᠢᠨᠵᠢᠯᠡᠭᠡ᠂ ᠰᠢᠨᠵᠢᠯᠡᠭᠡᠨ᠎ᠦ ᠰᠠᠯᠠᠭ᠎ᠠ ᠪᠣᠯᠣᠨ ᠦᠭᠡ ᠶᠠᠷᠢᠶᠠᠨ᠎ᠤ ᠰᠢᠰᠲᠧᠮ᠎ᠢ ᠢᠯᠡᠷᠡᠭᠦᠯᠵᠦ᠂ ᠳᠤᠮᠳᠠᠳᠤ ᠤᠯᠤᠰ᠎ᠤᠨ ᠬᠡᠦᠬᠡᠳ᠎ᠦᠨ ᠣᠷᠣᠰᠢᠵᠤ ᠪᠠᠢᠭ᠎ᠠ ᠥᠪᠡᠷᠮᠢᠴᠡ ᠳᠦᠷᠰᠦ ᠪᠠᠢᠳᠠᠯ᠎ᠢ ᠢᠯᠡᠷᠡᠭᠦᠯᠵᠦ᠂ ᠳᠤᠮᠳᠠᠳᠤ ᠤᠯᠤᠰ᠎ᠤᠨ ᠡᠷᠲᠡᠨ᠎ᠦ ᠰᠢᠯᠢᠳᠡᠭ ᠤᠯᠠᠮᠵᠢᠯᠠᠯᠲᠤ ᠰᠣᠶᠣᠯ᠎ᠳᠠᠬᠢ ᠬᠡᠦᠬᠡᠳ᠎ᠦᠨ ᠤᠨᠤᠯ᠎ᠤᠨ ᠡᠯᠧᠮᠧᠨ᠋ᠲ᠎ᠢ ᠳᠡᠯᠡᠬᠡᠢ᠎ᠳᠦ ᠬᠠᠨᠳᠤᠭᠤᠯᠵᠤ᠂ ᠡᠷᠲᠡ ᠡᠳᠦᠭᠡ᠎ᠶᠢᠨ ᠳᠤᠮᠳᠠᠳᠤ ᠤᠯᠤᠰ᠎ᠤᠨ ᠬᠡᠦᠬᠡᠳ᠎ᠦᠨ ᠦᠨᠡᠨ ᠪᠣᠳᠠᠲᠠᠢ ᠳᠦᠷᠰᠦ ᠪᠠᠢᠳᠠᠯ᠂ ᠥᠪᠡᠷᠮᠢᠴᠡ ᠠᠮᠢᠳᠤᠷᠠᠯ᠎ᠪᠠ ᠳᠤᠮᠳᠠᠳᠤ ᠤᠯᠤᠰ᠎ᠤᠨ ᠬᠡᠦᠬᠡᠳ᠎ᠦᠨ ᠲᠤᠬᠠᠢ ᠦᠵᠡᠯᠲᠡ᠎ᠶᠢᠨ ᠬᠥᠭᠵᠢᠯᠲᠡ᠎ᠶᠢᠨ ᠲᠡᠦᠬᠡᠨ ᠰᠤᠳᠠᠰᠤ ᠎ᠵᠢ ᠳᠡᠯᠡᠬᠡᠢ᠎ᠳᠦ ᠬᠠᠷᠠᠭᠤᠯᠬᠤ ᠪᠤᠯᠤᠨ᠎ᠠ᠃

《ᠱᠢᠨᠬᠤᠸᠠ ᠵᠤᠬᠢᠶᠠᠯ ᠤ᠋ᠨ ᠱᠦᠭᠦᠮᠡᠭ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号