ᠤᠶᠤᠨᠴᠢ ᠮᠠᠯ ᠠᠵᠤ ᠠᠬᠤᠢ ᠲᠠᠷᠢᠶᠠᠯᠠᠩ ᠤ᠋ᠨ ᠭᠤᠤᠯᠳᠠᠯᠭ᠎ᠠ ᠲᠠᠢ ᠬᠤᠳᠠ ᠬᠦᠬᠡᠬᠤᠳᠠ
2026-06-12 15:38:28
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠬᠦᠬᠡᠬᠤᠳᠠ ᠶ᠋ᠢᠨ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠤᠪᠴᠢᠶ᠎ᠠ ᠡᠴᠡ ᠤᠢᠯᠠᠭᠠᠭᠰᠠᠨ ᠶ᠋ᠢᠡᠷ᠂ ᠯᠠᠪᠳᠠᠭᠤᠨ ᠪᠠᠳᠤᠳᠠᠢ ᠠᠵᠤ ᠦᠢᠯᠡᠰ ᠤ᠋ᠨ ᠰᠠᠭᠤᠷᠢ ᠬᠢᠭᠡᠳ ᠲᠤᠭᠠᠴᠢᠯᠠᠭᠰᠠᠨ ᠪᠦᠲᠦᠭᠡᠨ ᠪᠠᠢᠭᠤᠯᠤᠯᠳᠠ ᠶ᠋ᠢᠨ ᠲᠤᠪᠤᠢᠮ᠎ᠠ ᠦᠷ᠎ᠠ ᠪᠦᠲᠦᠮᠵᠢ ᠪᠡᠷ ᠬᠦᠬᠡᠬᠤᠳᠠ ᠤᠢᠷ᠎ᠠ ᠳ᠋ᠤ ᠦᠪᠡᠷᠳᠡᠭᠡᠨ ᠵᠠᠰᠠᠬᠤ ᠤᠷᠤᠨ ᠤ᠋ ᠤᠶᠤᠨᠴᠢ ᠮᠠᠯ ᠠᠵᠤ ᠠᠬᠤᠢ ᠲᠠᠷᠢᠶᠠᠯᠠᠩ ᠤ᠋ᠨ ᠭᠤᠤᠯᠳᠠᠯᠭ᠎ᠠ ᠲᠠᠢ ᠠᠢᠮᠠᠭ ᠬᠤᠳᠠ ᠪᠡᠷ ᠦᠨᠡᠯᠡᠭᠳᠡᠪᠡ᠃

ᠬᠦᠬᠡᠬᠤᠳᠠ ᠪᠤᠯ ᠰᠦ ᠶ᠋ᠢᠨ ᠦᠢᠯᠡᠰ ᠶ᠋ᠢᠡᠷ ᠭᠤᠤᠯᠯᠠᠬᠤ ᠠᠵᠤ ᠦᠢᠯᠡᠰ ᠪᠤᠯᠭᠠᠨ᠂ ᠦᠭᠡᠷ ᠬᠤᠨᠢᠨ ᠮᠢᠬ᠎ᠠ ᠶ᠋ᠢᠨ ᠤᠨᠴᠠᠯᠢᠭᠳᠤ ᠠᠵᠤ ᠦᠢᠯᠡᠰ ᠶ᠋ᠢᠡᠷ ᠲᠤᠯᠭᠠᠭᠤᠷᠢᠯᠠᠯ ᠪᠤᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠰᠤᠳᠤᠯᠭᠠᠨ ᠤ᠋ ᠡᠬᠢ ᠪᠠᠶᠠᠯᠢᠭ ᠪᠠ ᠳᠠᠭᠠᠭᠤᠯᠤᠭᠴᠢ ᠠᠵᠤ ᠠᠬᠤᠢᠯᠠᠯ ᠤ᠋ᠨ ᠳᠠᠪᠠᠭᠤᠯᠢᠭ ᠳᠠᠪᠬᠤᠴᠠᠭᠰᠠᠨ᠂ ᠤᠶᠤᠨᠴᠢ ᠮᠠᠯ ᠠᠵᠤ ᠠᠬᠤᠢ ᠲᠠᠷᠢᠶᠠᠯᠠᠩ ᠤ᠋ᠨ ᠪᠦᠬᠦ ᠠᠵᠤ ᠦᠢᠯᠡᠰ ᠤ᠋ᠨ ᠬᠡᠯᠬᠢᠶ᠎ᠠ ᠶ᠋ᠢᠨ ᠪᠦᠲᠦᠭᠡᠨ ᠪᠠᠢᠭᠤᠯᠤᠯᠳᠠ ᠶ᠋ᠢᠨ ᠲᠠᠯ᠎ᠠ ᠪᠡᠷ ᠲᠤᠪᠤᠢᠮ᠎ᠠ ᠬᠢᠯᠠᠰ ᠴᠡᠭ ᠲᠠᠢ ᠬᠤᠳᠠ ᠶᠤᠮ᠃ ᠬᠦᠬᠡᠬᠤᠳᠠ ᠶ᠋ᠢᠨ ᠴᠠᠭᠠᠨ ᠢᠳᠡᠭᠡᠨ ᠤ᠋ ᠦᠢᠯᠡᠰ ᠤᠯᠠᠨ ᠲᠠᠯ᠎ᠠ ᠪᠡᠷ ᠪᠦᠬᠦ ᠤᠯᠤᠰ ᠲᠤ᠌ ᠬᠤᠰᠢᠭᠤᠷᠠᠵᠤ᠂ ᠦᠭᠡᠷ ᠬᠤᠨᠢᠨ ᠮᠢᠬ᠎ᠠ ᠶ᠋ᠢᠨ ᠲᠤᠭᠠᠴᠢᠯᠠᠭᠰᠠᠨ ᠠᠷᠠᠯᠵᠢᠶᠠᠨ ᠤ᠋ ᠰᠢᠰᠲᠧᠮ ᠨᠢ ᠪᠦᠬᠦ ᠤᠯᠤᠰ ᠢ᠋ ᠬᠠᠮᠤᠷᠴᠤ᠂ ᠲᠡᠵᠢᠭᠡᠯ ᠡᠪᠡᠰᠦᠨ ᠤ᠋ ᠠᠵᠤ ᠦᠢᠯᠡᠰ ᠲᠤ᠌ ᠢᠵᠢ ᠪᠦᠷᠢᠳᠦᠭᠰᠡᠨ ᠤᠶᠤᠨᠴᠢᠯᠠᠭᠰᠠᠨ ᠲᠦᠬᠦᠭᠡᠷᠦᠮᠵᠢ ᠲᠠᠢ ᠪᠤᠯᠵᠠᠢ; ᠦᠨᠳᠦᠷ ᠪᠠᠷᠢᠮᠵᠢᠶᠠᠳᠦ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠳᠠ ᠯᠠᠪᠳᠠᠭᠤᠨ ᠶ᠋ᠢᠡᠷ ᠠᠬᠢᠵᠤ᠂ ᠵᠦᠩ ᠬᠤᠸᠠ ᠪᠦᠯᠦᠭᠯᠡᠯ ᠤ᠋ᠨ IMAP ᠤᠶᠤᠨᠳᠤ ᠲᠠᠷᠢᠶᠠᠯᠠᠭ᠎ᠠ ᠶ᠋ᠢᠨ ᠶᠡᠬᠡ ᠵᠠᠭᠪᠤᠷ ᠢ᠋ ᠲᠠᠷᠢᠶᠠᠯᠠᠩ ᠦᠢᠯᠡᠳᠪᠤᠷᠢᠯᠡᠯ ᠳ᠋ᠤ ᠬᠡᠷᠡᠭᠯᠡᠨ᠂ ᠠᠯᠢ ᠤᠯᠠᠨ ᠲᠦᠬᠦᠭᠡᠷᠦᠮᠵᠢᠳᠦ ᠲᠠᠷᠢᠶᠠᠯᠠᠩ ᠤ᠋ᠨ ᠬᠦᠷᠢᠶᠡᠯᠡᠩ ᠲᠤᠭᠤᠷᠢᠭ ᠨᠢ ᠤᠶᠤᠨᠳᠤ ᠡᠵᠡᠮᠰᠢᠯ ᠤ᠋ᠨ ᠬᠦᠯᠡᠮᠵᠢ᠂ ᠡᠳ᠋ ᠪᠠᠷᠠᠭ᠎ᠠ ᠶ᠋ᠢᠨ ᠰᠦᠯᠵᠢᠶ᠎ᠠ ᠵᠡᠷᠭᠡ ᠶ᠋ᠢ ᠠᠰᠢᠭᠯᠠᠨ ᠡᠷᠴᠢᠮᠵᠢᠭᠦᠯᠦᠨ ᠲᠠᠷᠢᠵᠤ ᠲᠡᠵᠢᠭᠡᠬᠦ ᠶ᠋ᠢ ᠪᠡᠶᠡᠯᠡᠭᠦᠯᠪᠠ᠃

ᠤᠢᠯᠠᠭᠠᠭᠰᠠᠨ ᠵᠢᠡᠷ᠂ ᠬᠦᠬᠡᠬᠤᠳᠠ ᠲᠡᠵᠢᠭᠡᠨ ᠦᠷᠡᠵᠢᠭᠦᠯᠬᠦ᠂ ᠲᠠᠷᠢᠵᠤ ᠤᠷᠭᠤᠭᠤᠯᠬᠤ᠂ ᠡᠳ᠋ᠰᠢᠭᠦᠯᠦᠨ ᠪᠤᠯᠪᠠᠰᠤᠷᠠᠭᠤᠯᠬᠤ ᠪᠠ ᠭᠦᠢᠯᠭᠡᠭᠡᠯᠡᠬᠦ ᠵᠡᠷᠭᠡ ᠦᠢᠯᠡᠰ ᠤ᠋ᠨ ᠡᠯ᠎ᠠ ᠭᠤᠭᠴᠤᠭ᠎ᠠ ᠳ᠋ᠤ ᠴᠦᠮ ᠡᠳ᠋ ᠪᠠᠷᠠᠭ᠎ᠠ ᠶ᠋ᠢᠨ ᠰᠦᠯᠵᠢᠶ᠎ᠠ᠂ ᠲᠤᠮᠤ ᠳ᠋ᠠᠢᠲ᠋ᠠ ᠂ ᠵᠤᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠠ ᠮᠡᠷᠭᠡᠵᠢᠯ ᠢ᠋ ᠭᠦᠨᠵᠡᠭᠡᠢ ᠨᠠᠢᠳᠠᠪᠤᠷᠢᠵᠢᠭᠤᠯᠤᠨ᠂ ᠪᠦᠬᠦ ᠠᠵᠤ ᠦᠢᠯᠡᠰ ᠤ᠋ᠨ ᠬᠡᠯᠬᠢᠶ᠎ᠠ ᠶ᠋ᠢᠨ ᠲᠤᠭᠠᠴᠢᠯᠠᠭᠰᠠᠨ ᠮᠡᠷᠭᠡᠵᠢᠯ ᠢ᠋ ᠠᠰᠢᠭᠯᠠᠭᠰᠠᠨ ᠦᠷ᠎ᠠ ᠪᠦᠲᠦᠮᠵᠢ ᠨᠢ ᠮᠠᠰᠢ ᠲᠤᠪᠤᠢᠮ᠎ᠠ ᠪᠠᠢᠵᠤ᠂ ᠤᠳᠤᠬᠠᠨ ᠪᠤᠯᠳᠠᠯ᠎ᠠ ᠨᠢᠭᠡᠨᠳᠡ 45 ᠤᠶᠤᠨᠴᠢ ᠲᠠᠷᠢᠶᠠᠯᠠᠩ ᠮᠠᠯᠵᠢᠯ ᠤ᠋ᠨ ᠲᠠᠯᠠᠪᠠᠢ ᠶ᠋ᠢ ᠪᠠᠢᠭᠤᠯᠪᠠ᠃ ᠡᠭᠦᠨ ᠤ᠋ ᠬᠠᠮᠳᠤ ᠂  ᠭᠠᠵᠠᠷ ᠤᠷᠤᠨ ᠤ᠋ ᠪᠡᠨ ᠪᠤᠳᠤᠯᠳᠠ ᠶ᠋ᠢᠨ ᠬᠦᠴᠦᠨ ᠤ᠋ ᠡᠬᠢ ᠪᠠᠶᠠᠯᠢᠭ᠂ ᠶᠡᠬᠡ ᠳᠡᠭᠡᠳᠦ ᠰᠤᠷᠭᠠᠭᠤᠯᠢ ᠶ᠋ᠢᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠳᠠᠪᠴᠠᠩ ᠳ᠋ᠤ ᠲᠦᠰᠢᠭᠯᠡᠨ᠂ ᠲᠦᠷᠦ ᠶ᠋ᠢᠨ ᠪᠤᠳᠤᠯᠭ᠎ᠠ ᠶ᠋ᠢᠨ ᠳᠡᠮᠵᠢᠯᠭᠡ ᠦᠵᠡᠭᠦᠯᠬᠦ ᠬᠢᠭᠡᠳ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ ᠢ᠋ ᠬᠠᠮᠵᠢᠯᠴᠠᠭᠤᠯᠤᠨ ᠬᠦᠭᠵᠢᠭᠦᠯᠬᠦ ᠶ᠋ᠢ ᠴᠢᠩᠭᠠᠳᠬᠠᠵᠤ᠂ ᠮᠡᠳᠡᠭᠡ ᠵᠠᠩᠬᠢ ᠶ᠋ᠢᠨ ᠮᠡᠷᠭᠡᠵᠢᠯ ᠬᠢᠭᠡᠳ ᠮᠠᠯ ᠠᠵᠤ ᠠᠬᠤᠢ ᠲᠠᠷᠢᠶᠠᠯᠠᠩ ᠤ᠋ᠨ ᠭᠦᠨᠵᠡᠭᠡᠢ ᠠᠭᠤᠰᠤᠯᠴᠠᠯ ᠢ᠋ ᠲᠠᠰᠤᠷᠠᠯᠳᠠ ᠦᠭᠡᠢ ᠠᠬᠢᠭᠤᠯᠤᠨ᠂ ᠬᠠᠭᠤᠯᠪᠤᠷᠢᠯᠠᠨ ᠳᠡᠯᠭᠡᠷᠡᠭᠦᠯᠵᠤ ᠪᠤᠯᠬᠤ ᠲᠤᠷᠰᠢᠯᠭ᠎ᠠ ᠲᠠᠢ ᠪᠤᠯᠵᠤ ᠂ ᠪᠦᠬᠦ ᠤᠷᠤᠨ ᠤ᠋ ᠤᠶᠤᠨᠴᠢ ᠮᠠᠯ ᠠᠵᠤ ᠠᠬᠤᠢ ᠲᠠᠷᠢᠶᠠᠯᠠᠩ ᠤ᠋ᠨ ᠬᠦᠭᠵᠢᠯᠳᠡ ᠶ᠋ᠢ ᠬᠦᠳᠦᠯᠦᠨ ᠳᠠᠭᠠᠭᠤᠯᠬᠤ ᠪᠠᠳᠤ ᠴᠢᠩᠭ᠎ᠠ ᠨᠦᠬᠦᠴᠡᠯ ᠢ᠋ ᠪᠦᠷᠢᠯᠳᠦᠭᠦᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号