ᠡᠪᠡᠰᠦ ᠠᠷᠢᠯᠭᠠᠬᠤ ᠡᠮ ᠳ᠋ᠤ ᠳᠠᠭᠠᠭᠠᠴᠠᠳᠠᠢ ᠰᠢᠷ᠎ᠡ ᠪᠤᠷᠴᠠᠭ ᠤ᠋ᠨ ᠰᠢᠨ᠎ᠠ ᠡᠭᠦᠯᠳᠡᠷ
2026-06-12 11:19:19
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠬᠦᠯᠦᠨ ᠪᠤᠢᠷ ᠬᠤᠲᠠ ᠶ᠋ᠢᠨ ᠲᠠᠷᠢᠶᠠᠯᠠᠡᠭ ᠮᠠᠯ ᠠᠵᠤ ᠠᠬᠤᠢ ᠶ᠋ᠢᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠬᠦᠷᠢᠶᠡᠯᠡᠡᠭ ᠪᠤᠯᠤᠨ ᠳᠤᠮᠳᠠᠳᠤ ᠤᠯᠤᠰ ᠤ᠋ᠨ ᠲᠠᠷᠢᠶᠠᠯᠠᠡᠭ ᠤ᠋ᠨ ᠰᠢᠨᠵᠢᠯᠡᠬᠦ ᠤᠬᠠᠭᠠᠨ ᠤ᠋ ᠬᠦᠷᠢᠶᠡᠯᠡᠡᠭ ᠤ᠋ᠨ ᠲᠠᠷᠢᠮᠡᠯ ᠤ᠋ᠨ ᠰᠢᠨᠵᠢᠯᠡᠬᠦ ᠤᠬᠠᠭᠠᠨ ᠤ᠋ ᠰᠤᠳᠤᠯᠬᠤ ᠭᠠᠵᠠᠷ ᠤ᠋ᠨ ᠬᠠᠮᠳᠤᠷᠠᠨ ᠪᠤᠢᠵᠢᠭᠤᠯᠤᠭᠰᠠᠨ ᠰᠢᠷ᠎ᠡ ᠪᠤᠷᠴᠠᠭ ᠤ᠋ᠨ ᠰᠢᠨ᠎ᠠ ᠡᠭᠦᠯᠳᠡᠷ 《ᠵᠥᠩ ᠯᠢᠶᠠᠨ ᠪᠤᠷᠴᠠᠭ 2746GZ 》 ᠤᠢᠷ᠎ᠠ ᠳ᠋ᠤ ᠤᠯᠤᠰ ᠤ᠋ᠨ ᠬᠤᠯᠪᠤᠭᠳᠠᠯ ᠪᠦᠬᠦᠢ ᠰᠠᠯᠠᠭ᠎ᠠ ᠮᠦᠴᠢᠷ ᠤ᠋ᠨ ᠬᠢᠨᠠᠨ ᠳᠤᠭᠳᠠᠭᠠᠯᠳᠠ ᠶ᠋ᠢ ᠤᠷᠤᠭᠰᠢᠳᠠᠢ ᠦᠩᠭᠡᠷᠡᠭᠦᠯᠵᠦ ᠂ ᠤᠯᠤᠰ ᠤ᠋ᠨ ᠠᠮᠢᠳᠤ ᠪᠤᠳᠠᠰ ᠤ᠋ᠨ ᠡᠬᠦᠯᠳᠡᠷ ᠪᠤᠢᠵᠢᠭᠤᠯᠤᠯᠳᠠ ᠶ᠋ᠢᠨ ᠡᠷᠳᠡᠨᠢ ᠰᠢᠰᠢ ᠰᠢᠷ᠎ᠡ ᠪᠤᠷᠴᠠᠭ ᠤ᠋ᠨ ᠡᠭᠦᠯᠳᠡᠷ ᠤ᠋ᠨ ᠨᠠᠷᠢᠨ ᠳᠠᠡᠭᠰᠠᠨ ᠳ᠋ᠦ ᠤᠷᠤᠪᠠ᠃

ᠮᠠᠨ ᠤ᠋ ᠤᠯᠤᠰ ᠤ᠋ᠨ ᠤᠮᠠᠷᠠᠲᠤ ᠶ᠋ᠢᠨ ᠬᠠᠪᠤᠷ ᠤ᠋ᠨ ᠱᠢᠷ᠎ᠠ ᠪᠤᠷᠴᠠᠭ ᠤ᠋ᠨ ᠡᠷᠲᠡ ᠪᠣᠯᠪᠠᠰᠤᠷᠠᠬᠤ ᠡᠩ ᠦ᠋ᠨ ᠬᠡᠯᠪᠡᠷᠢ ᠶ᠋ᠢᠨ ᠡᠪᠡᠰᠦ ᠠᠷᠢᠯᠭᠠᠬᠤ ᠡᠮ ᠳ᠋ᠦ ᠳᠠᠭᠠᠭᠠᠴᠠᠳᠠᠢ ᠠᠮᠢᠳᠤ ᠪᠣᠳᠠᠰ ᠤ᠋ᠨ ᠡᠬᠦᠯᠳᠡᠷ ᠪᠣᠢᠵᠢᠭᠤᠯᠤᠯᠳᠠ ᠶ᠋ᠢᠨ ᠱᠢᠨ᠎ᠡ ᠡᠭᠦᠯᠳᠡᠷ ᠪᠣᠯᠤᠭ᠍ᠰᠠᠨ ᠤ᠋ ᠬᠤᠪᠢ᠎ᠳᠤ᠂《ᠵᠥᠩ ᠯᠢᠶᠠᠨ ᠪᠤᠷᠴᠠᠭ 2746GZ》ᠨᠢ ᠥᠨᠳᠥᠷ ᠤᠨᠠᠯᠲᠠ ᠲᠠᠢ᠂ ᠡᠭᠦᠯᠳᠡᠷ ᠰᠢᠯᠢᠳᠡᠭ᠂ ᠡᠪᠡᠳᠴᠢᠨ ᠬᠤᠷᠤᠬᠠᠢ ᠶ᠋ᠢᠨ ᠬᠦᠨᠦᠭᠡᠯ  ᠢ᠋᠎ᠡᠰᠡᠷᠭᠦᠴᠡᠬᠦ ᠴᠢᠳᠠᠪᠤᠷᠢ ᠪᠡᠷ ᠰᠠᠢᠨ ᠵᠡᠷᠭᠡ ᠣᠯᠠᠨ ᠵᠦᠶ᠋ᠯ᠎ᠦᠨ ᠱᠢᠯᠢᠳᠡᠭ ᠰᠠᠢᠨ ᠱᠢᠨᠵᠢ ᠴᠢᠨᠠᠷ ᠢ᠋ ᠬᠤᠷᠠᠮᠳᠤᠭᠤᠯᠪᠠ᠃ ᠲᠣᠰ ᠡᠭᠦᠯᠳᠡᠷ ᠦ᠋ᠨ ᠰᠢᠷ᠎ᠠ ᠪᠤᠷᠴᠠᠭ ᠤ᠋ᠨ ᠤᠷᠭᠤᠯᠲᠠ ᠶ᠋ᠢᠨ ᠬᠤᠭᠤᠴᠠᠭ᠎ᠠ ᠨᠢ ᠳᠤᠮᠳᠠᠴᠢ ᠪᠠᠷ 115 ᠡᠳᠦᠷ ᠪᠠᠢᠵᠤ᠂ ᠨᠠᠪᠴᠢ ᠨᠠᠮᠠᠭ᠎ᠠ ᠨᠢ ᠬᠤᠮᠢᠭᠤᠷ ᠲᠠᠢ ᠤᠷᠭᠤᠬᠤ᠂ ᠬᠢᠵᠠᠭᠠᠷᠭᠦᠢ ᠪᠤᠷᠴᠠᠭ ᠰᠠᠭᠤᠬᠤ ᠵᠡᠷᠭᠡ ᠰᠢᠨᠵᠢ ᠴᠢᠨᠠᠷ ᠲᠠᠢ ᠪᠠᠢᠳᠠᠭ᠃ ᠲᠤᠰ ᠡᠭᠦᠯᠳᠡᠷ ᠤ᠋ᠨ ᠰᠢᠷ᠎ᠠ ᠪᠤᠷᠴᠠᠭ ᠤ᠋ᠨ 2025 ᠣᠨ ᠤ᠋ ᠲᠤᠷᠱᠢᠯᠲᠠ ᠶ᠋ᠢᠨ ᠲᠡᠷᠢᠶᠠᠨ ᠤ᠋ ᠮᠥ᠍ ᠨᠢᠭᠡᠴᠢ ᠶ᠋ᠢᠨ ᠤᠨᠠᠯᠲᠠ ᠨᠢ ᠳᠤᠮᠳᠠᠴᠢ ᠪᠡᠷ 207.6 ᠺᠢᠯᠣᠭ᠌ᠷᠠᠮ ᠳ᠋ᠤ ᠬᠦᠷᠴᠦ᠍᠂ ᠡᠨᠡ ᠨᠢ ᠬᠠᠷᠢᠴᠠᠭᠤᠯᠤᠭ᠍ᠰᠠᠨ ᠡᠭᠦᠯᠳᠡᠷ ᠤ᠋ᠨ ᠤᠨᠠᠯᠳᠠ ᠡᠴᠡ 7.0% ᠶ᠋ᠢᠡᠷ ᠢᠯᠡᠭᠦᠦ ᠪᠠᠢᠵᠤ᠂ ᠪᠦᠳᠦᠭᠦᠯᠢᠭ ᠤᠭᠤᠷᠠᠭ ᠪᠠ ᠪᠦᠳᠦᠭᠦᠯᠢᠭ ᠥᠭᠡᠬᠦᠨ ᠤ᠋ ᠠᠭᠤᠯᠤᠭ᠍ᠳᠠᠴᠠ ᠨᠢ ᠲᠣᠰ ᠲᠣᠰ 41.01% ᠪᠠ 19.05% ᠳ᠋ᠤ ᠬᠦᠷᠴᠠᠢ᠃ ᠡᠭᠦᠨ ᠤ᠋ ᠬᠠᠮᠳᠤ ᠲᠣᠰ ᠡᠭᠦᠯᠳᠡᠷ ᠨᠢ ᠪᠠᠰᠠ ᠮᠠᠰᠢ ᠰᠠᠢᠨ ᠰᠦᠷᠬᠡᠤ ᠤᠷᠴᠢᠨ ᠢ᠋ ᠳᠡᠰᠪᠤᠷᠢᠯᠡᠬᠦ ᠴᠢᠨᠠᠷ ᠪᠠ ᠡᠪᠡᠳᠴᠢᠨ ᠬᠤᠷᠤᠬᠠᠢ ᠶ᠋ᠢᠨ ᠬᠦᠨᠦᠭᠡᠯ ᠢ᠋ ᠡᠰᠡᠷᠭᠦᠴᠡᠬᠦ ᠴᠢᠨᠠᠷ ᠲᠠᠢ ᠪᠠᠢᠵᠤ᠂ ᠬᠠᠷᠠᠮᠥ᠋ᠷᠡᠨ ᠮᠤᠵᠢ ᠶ᠋ᠢᠨ ᠳᠤᠯᠠᠭᠠᠨ ᠪᠦᠰᠡ ᠶ᠋ᠢᠨ ᠤᠷᠤᠨ ᠵᠢᠴᠢ ᠮᠠᠨ ᠤ᠋ ᠤᠷᠤᠨ ᠤ᠋ ᠬᠦᠯᠦᠨ ᠪᠤᠢᠷ ᠬᠣᠲᠠ ᠶ᠋ᠢᠨ ᠶᠡᠬᠡ ᠬᠢᠩᠭᠠᠨ ᠳᠠᠪᠠᠭ᠎ᠠ ᠡᠴᠡ ᠵᠡᠭᠦᠨᠰᠢᠬᠢ ᠨᠤᠨ ᠮᠥᠷᠡᠨ ᠤ᠋ ᠰᠠᠪᠠ ᠭᠠᠵᠠᠷ ᠤ᠋ᠨ ᠳᠤᠮᠳᠠ ᠡᠮᠦᠨᠡᠲᠦ ᠬᠡᠰᠡᠭ ᠦ᠋ᠨ ᠭᠠᠵᠠᠷ ᠣᠷᠣᠨ ᠳ᠋ᠤ ᠲᠠᠷᠢᠬᠤ ᠳ᠋ᠤ ᠲᠤᠢᠯ ᠤ᠋ᠨ ᠵᠤᠬᠢᠴᠠᠵᠤ᠂ ᠳᠡᠯᠭᠡᠷᠡᠭᠦᠯᠦᠨ ᠲᠠᠷᠢᠬᠤ ᠤᠷᠤᠨ ᠵᠠᠢ ᠨᠢ ᠶᠡᠬᠡ ᠦᠷᠭᠡᠨ ᠪᠠᠢᠨ᠎ᠠ᠃

ᠣᠳᠣᠬᠠᠨ ᠪᠣᠯᠲᠠᠯ᠎ᠠ ᠬᠦᠯᠦᠨ ᠪᠤᠢᠷ ᠬᠣᠲᠠ ᠶ᠋ᠢᠨ ᠲᠠᠷᠢᠶᠠᠯᠠᠩ ᠮᠠᠯ ᠠᠵᠤ ᠠᠬᠤᠶ ᠶ᠋ᠢᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠨᠢᠭᠡᠨᠲᠡ 73 ᠵᠦᠢᠯ ᠤ᠋ᠨ ᠱᠢᠷ᠎ᠠ ᠪᠤᠷᠴᠠᠭ ᠤ᠋ᠨ ᠱᠢᠨ᠎ᠡ ᠡᠭᠦᠯᠳᠡᠷ ᠢ᠋ ᠠᠮᠵᠢᠯᠲᠠ ᠲᠠᠶ ᠪᠣᠢᠵᠢᠭᠤᠯᠵᠤ ᠂ ᠱᠠᠳᠤ ᠳᠠᠪᠬᠤᠷᠭ᠎ᠠ ᠲᠤᠳᠤᠷᠬᠠᠢ᠂ ᠳᠠᠪᠠᠭᠤᠯᠢᠭ ᠶ᠋ᠢᠡᠨ ᠬᠠᠷᠢᠯᠴᠠᠨ ᠨᠦᠬᠦᠪᠤᠷᠢᠯᠡᠭᠰᠡᠨ ᠦᠷ᠎ᠠ ᠡᠭᠦᠯᠳᠡᠷ ᠤ᠋ᠨ ᠡᠬᠢ ᠪᠠᠶᠠᠯᠢᠭ ᠢ᠋ ᠴᠤᠭᠴᠠᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号