ᠵᠠᠷᠢᠮ ᠭᠠᠵᠠᠷ ᠲᠦ᠍ ᠰᠢᠷᠤᠬᠦᠨ ᠪᠤᠷᠤᠭᠠᠨ ᠤᠷᠤᠨ᠎ᠠ
ᠦᠪᠤᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠤᠢᠯᠠᠭᠠᠭᠰᠠᠨ ᠵᠢᠡᠷ᠂ ᠢᠷᠡᠬᠦ ᠬᠤᠶᠠᠷ ᠡᠳᠤᠷ ᠤᠯᠠᠭᠠᠨᠴᠠᠪ ᠡᠴᠡ ᠵᠡᠬᠦᠨᠰᠢ ᠬᠦᠯᠦᠨ ᠪᠤᠢᠷ ᠬᠦᠷᠳᠡᠯ᠎ᠠ ᠦᠪᠤᠷ ᠮᠤᠩᠭᠤᠯ ᠤ᠋ᠨ ᠤᠯᠠᠨ ᠭᠠᠵᠠᠷ ᠲᠦ᠍ ᠲᠤᠮᠳᠠ ᠡᠴᠡ ᠶᠡᠬᠡ ᠪᠤᠷᠤᠭᠠᠨ ᠤᠷᠤᠵᠤ᠂ ᠵᠠᠷᠢᠮ ᠭᠠᠵᠠᠷ ᠲᠦ᠍ ᠰᠢᠷᠤᠬᠦᠨ ᠪᠤᠷᠤᠭᠠᠨ ᠤᠷᠤᠨ᠎ᠠ᠃
6 ᠰᠠᠷ᠎ᠠ ᠵᠢᠨ 12 ᠤ᠋ᠨ ᠡᠳᠤᠷ ᠤ᠋ᠨ 20 ᠴᠠᠭ ᠡᠴᠡ 13 ᠤ᠋ ᠡᠳᠤᠷ ᠤ᠋ᠨ 20 ᠴᠠᠭ ᠪᠤᠯᠳᠠᠯ᠎ᠠ᠂ ᠤᠯᠠᠭᠠᠨᠴᠠᠪ ᠬᠤᠳᠠ ᠵᠢᠨ ᠡᠮᠤᠨ᠎ᠠ ᠪᠠᠶ᠎ᠠ᠂ ᠰᠢᠯᠢ ᠵᠢᠨ ᠭᠤᠤᠯ ᠠᠢᠮᠠᠭ ᠤ᠋ᠨ ᠡᠮᠤᠨ᠎ᠠ ᠪᠠᠶ᠎ᠠ ᠪᠤᠯᠤᠨ ᠬᠤᠢᠳᠤ ᠪᠠᠶ᠎ᠠ ᠵᠢᠨ ᠬᠡᠰᠡᠭ ᠭᠠᠵᠠᠷ᠂ ᠤᠯᠠᠭᠠᠨᠬᠠᠳᠠ ᠬᠤᠳᠠ ᠵᠢᠨ ᠶᠡᠬᠡᠩᠬᠢ ᠭᠠᠵᠠᠷ᠂ ᠲᠦᠩᠯᠢᠶᠤᠤ ᠬᠤᠳᠠ ᠵᠢᠨ ᠶᠡᠬᠡᠩᠬᠢ ᠭᠠᠵᠠᠷ᠂ ᠬᠢᠩᠭᠠᠨ ᠠᠢᠮᠠᠭ ᠤ᠋ᠨ ᠵᠡᠬᠦᠨ ᠡᠮᠤᠨ᠎ᠠ ᠪᠠᠶ᠎ᠠ᠂ ᠬᠦᠯᠦᠨ ᠪᠤᠢᠷ ᠬᠤᠳᠠ ᠵᠢᠨ ᠡᠮᠤᠨ᠎ᠠ ᠪᠠᠶ᠎ᠠ ᠵᠢᠨ ᠬᠡᠰᠡᠭ ᠭᠠᠵᠠᠷ ᠲᠦ᠍ ᠲᠤᠮᠳᠠ ᠡᠴᠡ ᠶᠡᠬᠡ ᠪᠤᠷᠤᠭᠠᠨ ᠤᠷᠤᠵᠤ᠂ ᠵᠠᠷᠢᠮ ᠭᠠᠵᠠᠷ ᠲᠦ᠍ ᠠᠶᠤᠩᠭᠠᠳᠤ ᠪᠤᠷᠤᠭᠠᠨ ᠶᠡᠬᠡ ᠰᠠᠯᠬᠢ᠂ ᠮᠦᠨᠳᠤᠷ ᠵᠡᠷᠬᠡ ᠴᠢᠩᠭ᠎ᠠ ᠰᠤᠯᠢᠭ ᠤᠷᠤᠰᠬᠠᠯᠳᠤ ᠴᠠᠭ ᠠᠭᠤᠷ ᠲᠠᠭᠠᠯᠳᠤᠨᠠ᠃ ᠠᠯᠠᠱᠠ ᠠᠢᠮᠠᠭ ᠤ᠋ᠨ ᠪᠠᠷᠠᠭᠤᠨ ᠪᠠᠶ᠎ᠠ ᠳ᠋ᠤ 35 ᠭᠷᠠᠳᠦ᠋ᠰ ᠡᠴᠡ ᠲᠠᠬᠡᠭᠰᠢᠬᠢ ᠪᠦᠭᠴᠢᠮ᠎ᠠ ᠬᠠᠯᠠᠭᠤᠨ ᠠᠭᠤᠷ ᠠᠮᠢᠰᠬᠤᠯ ᠢᠯᠡᠷᠡᠵᠤ᠂ ᠵᠠᠷᠢᠮ ᠭᠠᠵᠠᠷ ᠲᠦ᠍ 37 ᠭᠷᠠᠳᠦ᠋ᠰ ᠡᠴᠡ ᠲᠠᠬᠡᠭᠰᠢᠬᠢ ᠠᠭᠠᠬᠢᠮ᠎ᠠ ᠬᠠᠯᠠᠭᠤᠨ ᠠᠭᠤᠷ ᠠᠮᠢᠰᠬᠤᠯ ᠢᠯᠡᠷᠡᠨ᠎ᠠ᠃
6 ᠰᠠᠷ᠎ᠠ ᠵᠢᠨ 13 ᠤ᠋ ᠡᠳᠤᠷ ᠤ᠋ᠨ 20 ᠴᠠᠭ ᠡᠴᠡ 14 ᠤ᠋ ᠡᠳᠤᠷ ᠤ᠋ᠨ 20 ᠴᠠᠭ ᠪᠤᠯᠳᠠᠯ᠎ᠠ᠂ ᠰᠢᠯᠢ ᠵᠢᠨ ᠭᠤᠤᠯ ᠠᠢᠮᠠᠭ ᠤ᠋ᠨ ᠵᠡᠬᠦᠨ ᠬᠤᠢᠳᠤ ᠪᠠᠶ᠎ᠠ᠂ ᠤᠯᠠᠭᠠᠨᠬᠠᠳᠠ ᠬᠤᠳᠠ ᠵᠢᠨ ᠵᠡᠬᠦᠨ ᠪᠠᠶ᠎ᠠ ᠪᠤᠯᠤᠨ ᠡᠮᠤᠨ᠎ᠠ ᠪᠠᠶ᠎ᠠ᠂ ᠲᠦᠩᠯᠢᠶᠤᠤ ᠬᠤᠳᠠ ᠵᠢᠨ ᠶᠡᠬᠡᠩᠬᠢ ᠭᠠᠵᠠᠷ᠂ ᠬᠢᠩᠭᠠᠨ ᠠᠢᠮᠠᠭ ᠤ᠋ᠨ ᠵᠡᠬᠦᠨ ᠡᠮᠤᠨ᠎ᠠ ᠪᠠᠶ᠎ᠠ᠂ ᠬᠦᠯᠦᠨ ᠪᠤᠢᠷ ᠬᠤᠳᠠ ᠵᠢᠨ ᠪᠠᠷᠠᠭᠤᠨ ᠡᠮᠤᠨ᠎ᠠ ᠪᠠᠶ᠎ᠠ ᠳ᠋ᠤ ᠲᠤᠮᠳᠠ ᠡᠴᠡ ᠶᠡᠬᠡ ᠪᠤᠷᠤᠭᠠᠨ ᠤᠷᠤᠵᠤ᠂ ᠵᠠᠷᠢᠮ ᠭᠠᠵᠠᠷ ᠲᠦ᠍ ᠰᠢᠷᠤᠬᠦᠨ ᠪᠤᠷᠤᠭᠠᠨ ᠤᠷᠤᠵᠤ᠂ ᠬᠡᠰᠡᠭ ᠭᠠᠵᠠᠷ ᠲᠦ᠍ ᠠᠶᠤᠩᠭᠠᠳᠤ ᠪᠤᠷᠤᠭᠠᠨ ᠶᠡᠬᠡ ᠰᠠᠯᠬᠢ᠂ ᠮᠦᠨᠳᠤᠷ ᠵᠡᠷᠬᠡ ᠴᠢᠩᠭ᠎ᠠ ᠰᠤᠯᠢᠭ ᠤᠷᠤᠰᠬᠠᠯᠳᠤ ᠴᠠᠭ ᠠᠭᠤᠷ ᠲᠠᠭᠠᠯᠳᠤᠨᠠ᠃ ᠦᠪᠤᠷ ᠮᠤᠩᠭᠤᠯ ᠤ᠋ᠨ ᠪᠠᠷᠠᠭᠤᠨ ᠪᠠᠶ᠎ᠠ ᠵᠢᠨ ᠪᠠᠷᠠᠭᠤᠨ ᠬᠡᠰᠡᠭ ᠲᠦ᠍ 35 ᠭᠷᠠᠳᠦ᠋ᠰ ᠡᠴᠡ ᠲᠠᠬᠡᠭᠰᠢᠬᠢ ᠪᠦᠭᠴᠢᠮ᠎ᠠ ᠬᠠᠯᠠᠭᠤᠨ ᠠᠭᠤᠷ ᠠᠮᠢᠰᠬᠤᠯ ᠢᠯᠡᠷᠡᠵᠤ᠂ ᠪᠠᠷᠠᠭᠤᠨ ᠪᠠᠶ᠎ᠠ ᠵᠢᠨ ᠪᠠᠷᠠᠭᠤᠨ ᠬᠤᠢᠳᠤ ᠬᠡᠰᠡᠭ ᠲᠦ᠍ 37 ᠭᠷᠠᠳᠦ᠋ᠰ ᠡᠴᠡ ᠲᠠᠬᠡᠭᠰᠢᠬᠢ ᠠᠭᠠᠬᠢᠮ᠎ᠠ ᠬᠠᠯᠠᠭᠤᠨ ᠠᠭᠤᠷ ᠠᠮᠢᠰᠬᠤᠯ ᠢᠯᠡᠷᠡᠨ᠎ᠠ᠃