6 ᠰᠠᠷ᠎ᠠ᠎ᠶᠢᠨ 12 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠥᠩ ᠬᠥᠬᠡᠬᠣᠲᠠ᠎ᠳᠤ ᠳ᠋ᠧᠩ ᠬᠣᠩ ᠱᠢᠪᠡᠷ ᠪᠦᠯᠬᠦᠮ᠎ᠦᠨ ᠳᠠᠷᠤᠭ᠎ᠠ ᠪᠣᠯᠭᠠᠭᠰᠠᠨ ᠸᠢᠶᠧᠲᠨᠠᠮ᠎ᠤᠨ ᠡᠪ ᠬᠠᠮᠲᠤ ᠨᠠᠮ᠎ᠤᠨ ᠮᠤᠵᠢ ᠶᠠᠮᠤᠨ᠎ᠤ ᠲᠠᠰ᠎ᠤᠨ ᠺᠠᠳ᠋ᠷ᠎ᠤᠨ ᠰᠢᠨᠵᠢᠯᠡᠨ ᠪᠠᠢᠴᠠᠭᠠᠬᠤ ᠪᠦᠯᠬᠦᠮ᠎ᠦᠨ ᠬᠢᠨ᠎ᠲᠠᠢ ᠠᠭᠤᠯᠵᠠᠪᠠ᠃

6 ᠰᠠᠷ᠎ᠠ᠎ᠶᠢᠨ 12 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠥᠩ ᠬᠥᠬᠡᠬᠣᠲᠠ᠎ᠳᠤ ᠳ᠋ᠧᠩ ᠬᠣᠩ ᠱᠢᠪᠡᠷ ᠪᠦᠯᠬᠦᠮ ᠦᠨ ᠳᠠᠷᠤᠭ᠎ᠠ ᠪᠣᠯᠭᠠᠭᠰᠠᠨ ᠸᠢᠶᠧᠲᠨᠠᠮ᠎ᠤᠨ ᠡᠪ ᠬᠠᠮᠲᠤ ᠨᠠᠮ᠎ᠤᠨ ᠮᠤᠵᠢ ᠶᠠᠮᠤᠨ᠎ᠤ ᠲᠠᠰ᠎ᠤᠨ ᠺᠠᠳ᠋ᠷ᠎ᠤᠨ ᠰᠢᠨᠵᠢᠯᠡᠨ ᠪᠠᠢᠴᠠᠭᠠᠬᠤ ᠪᠦᠯᠬᠦᠮ᠎ᠦᠨ ᠬᠢᠨ᠎ᠲᠠᠢ ᠠᠭᠤᠯᠵᠠᠪᠠ᠃
ᠲᠤᠰ ᠰᠤᠨᠢᠨ ᠤ᠋ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠤ ᠡᠮᠦᠨ᠎ᠡ᠎ᠡᠴᠡ ᠰᠢᠨᠵᠢᠯᠡᠨ ᠪᠠᠢᠴᠠᠭᠠᠬᠤ ᠪᠦᠯᠬᠦᠮ᠎ᠦᠨ ᠬᠢᠨᠢ ᠬᠠᠯᠠᠭᠤᠨ᠎ᠢᠶᠠᠷ ᠤᠭᠲᠤᠵᠤ ᠪᠠᠢᠬᠤ᠎ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠠᠢᠳᠠᠯ᠎ᠢ ᠲᠠᠨᠢᠯᠴᠠᠭᠤᠯᠪᠠ᠃ ᠲᠡᠷᠡ᠂ ᠶᠡᠷᠦᠩᠬᠡᠢ ᠱᠦᠵᠢ ᠰᠢ ᠵᠢᠨ ᠫᠢᠩ᠂ ᠳᠤᠮᠳᠠᠳᠤ ᠸᠢᠶᠸᠲᠨᠠᠮ ᠪᠣᠯ ᠨᠡᠢᠭᠡᠮ ᠵᠢᠷᠤᠮ᠎ᠤᠨ ᠨᠥᠬᠥᠷᠰᠡᠭ ᠬᠥᠷᠰᠢ᠂ ᠪᠠᠢᠯᠳᠤᠬᠤ ᠪᠣᠳᠣᠯᠭ᠎ᠠ᠎ᠶᠢᠨ ᠠᠴᠢ ᠬᠣᠯᠪᠣᠭᠳᠠᠯ ᠲᠠᠢ ᠬᠤᠪᠢ ᠵᠠᠶᠠᠭᠠᠨ᠎ᠤ ᠬᠠᠮᠲᠤ᠎ᠶᠢᠨ ᠴᠣᠭᠴᠠ ᠮᠥᠨ ᠭᠡᠵᠤ ᠵᠢᠭᠠᠵᠤ ᠭᠠᠷᠭᠠᠪᠠ᠃ ᠣᠢᠷ᠎ᠠ᠎ᠶᠢᠨ ᠵᠢᠯ᠎ᠳ᠋ᠤ᠂ ᠬᠣᠶᠠᠷ ᠨᠠᠮ ᠬᠣᠶᠠᠷ ᠤᠯᠤᠰ᠎ᠤᠨ ᠤᠳᠤᠷᠢᠳᠬᠤ ᠬᠥᠮᠥᠨ᠎ᠦ ᠬᠠᠮᠲᠤ᠎ᠶᠢᠨ ᠳᠠᠭᠠᠭᠤᠯᠭ᠎ᠠ ᠪᠠ ᠠᠬᠢᠭᠤᠯᠤᠯ ᠳᠣᠣᠷ᠎ᠠ᠂ ᠳᠤᠮᠳᠠᠳᠤ ᠸᠢᠶᠸᠲᠨᠠᠮ᠎ᠤᠨ ᠬᠠᠷᠢᠯᠴᠠᠭ᠎ᠠ ᠲᠠᠪᠠᠯᠳᠠᠳᠤ ᠬᠥᠭᠵᠢᠯᠲᠡ᠎ᠶᠢ ᠪᠡᠶᠡᠯᠡᠭᠦᠯᠵᠦ᠂ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭ᠎ᠠ ᠪᠠᠶᠠᠯᠢᠭ᠋ ᠦᠷ᠎ᠡ ᠪᠦᠲᠦᠭᠡᠯ ᠣᠯᠵᠤ ᠂ ᠬᠣᠶᠠᠷ ᠤᠯᠤᠰ᠎ᠤᠨ ᠠᠷᠠᠳ ᠲᠦᠮᠡᠨ᠎ᠳᠦ ᠦᠨᠡᠨ ᠪᠣᠳᠠᠲᠠᠢ ᠪᠤᠶᠠᠨ ᠦᠢᠯᠡᠳᠴᠠᠢ᠃ ᠥᠪᠥᠷ ᠮᠣᠩᠭᠣᠯ᠎ᠤᠨ ᠡᠬᠢ ᠪᠠᠶᠠᠯᠢᠭ᠋ ᠡᠯᠪᠡᠭ ᠳᠡᠯᠪᠡᠭ᠂ ᠣᠷᠣᠨ ᠪᠠᠢᠷᠢ ᠥᠪᠡᠷᠮᠢᠴᠡ᠂ ᠬᠥᠭᠵᠢᠯᠲᠡ᠎ᠶᠢᠨ ᠨᠥᠬᠥᠴᠡᠯ ᠳᠠᠪᠠᠭᠤᠯᠢᠭ᠋ ᠪᠠᠢᠵᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠪᠣᠯᠣᠨ ᠳᠣᠲᠣᠨᠣ᠌ ᠬᠠᠯᠠᠮᠵᠢᠯᠠᠯ ᠳᠣᠣᠷ᠎ᠠ᠂ ᠠᠵᠤ ᠠᠬᠤᠢ ᠦᠷᠭᠦᠯᠵᠢᠯᠡᠨ ᠡᠷᠡᠭᠦᠯ᠎ᠢᠶᠡᠷ ᠬᠥᠭᠵᠢᠵᠦ᠂ ᠨᠡᠢᠭᠡᠮ ᠤᠷᠳᠤ ᠬᠤᠭᠤᠴᠠᠭ᠎ᠠ᠎ᠪᠠᠷ ᠡᠶ᠎ᠡ ᠵᠣᠬᠢᠴᠠᠩᠭᠤᠢ ᠲᠣᠭᠲᠠᠭᠤᠨ ᠪᠠᠢᠵᠤ ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠲᠣᠭᠲᠠᠭᠤᠨ᠎ᠢᠶᠠᠷ ᠳᠡᠭᠡᠭᠰᠢᠯᠡᠵᠦ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠪᠠᠢᠳᠠᠯ ᠲᠠᠰᠤᠷᠠᠯᠳᠡ ᠦᠭᠡᠢ ᠪᠡᠬᠢᠵᠢᠵᠦ᠂ ᠡᠯ᠎ᠡ ᠵᠦᠢᠯ᠎ᠦᠨ ᠦᠢᠯᠡᠰ ᠲᠦᠷᠭᠡᠨ ᠲᠠᠪᠰᠢᠯᠳᠠ᠎ᠲᠠᠢ ᠪᠣᠯᠵᠤ᠂ ᠪᠦᠬᠦ ᠤᠯᠤᠰ ᠯᠤᠭ᠎ᠠ ᠢᠵᠢᠯᠢ ᠠᠯᠬᠤᠮ᠎ᠢᠶᠠᠷ ᠨᠡᠢᠭᠡᠮ ᠵᠢᠷᠤᠮᠳᠤ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠠᠤᠭ᠎ᠠ ᠬᠠᠷᠠᠯᠲᠠ ᠲᠡᠢᠰᠢ ᠯᠠᠪᠳᠠᠭᠤᠨ᠎ᠢᠶᠠᠷ ᠤᠷᠤᠭᠰᠢᠯᠠᠵᠤ ᠪᠠᠢᠨ᠎ᠠ᠃ ᠪᠢᠳᠡ ᠳᠤᠷᠠᠲᠠᠶ᠎ᠠ ᠸᠢᠶᠧᠲᠨᠠᠮ᠎ᠤᠨ ᠬᠣᠯᠪᠣᠭᠳᠠᠯ ᠪᠦᠬᠦᠢ ᠲᠠᠯ᠎ᠠ ᠪᠣᠯᠣᠨ ᠭᠠᠵᠠᠷ ᠣᠷᠣᠨ᠎ᠯᠤᠭ᠎ᠠ ᠬᠠᠮᠲᠤ᠎ᠪᠠᠷ 《ᠨᠢᠭᠡ ᠪᠦᠰᠡ ᠨᠢᠭᠡ ᠵᠠᠮ 》 ᠢ᠋ ᠪᠦᠲᠦᠭᠡᠨ ᠪᠠᠶ᠋ᠢᠭᠤᠯᠬᠤ᠎ᠳᠤ ᠭᠦᠨᠵᠡᠭᠡᠢ ᠣᠷᠣᠯᠴᠠᠵᠤ᠂ ᠴᠡᠪᠡᠷ ᠡᠨᠧᠷᠭᠢ᠂ ᠲᠣᠨᠣᠭᠯᠠᠯ ᠦᠢᠯᠡᠳᠬᠦ ᠂ ᠪᠣᠬᠢᠷᠲᠤᠯ ᠦᠭᠡᠢ ᠮᠠᠯ ᠠᠵᠤ ᠠᠬᠤᠢ ᠲᠠᠷᠢᠶᠠᠯᠠᠩ᠂ ᠰᠣᠶᠣᠯ ᠢᠷᠭᠡᠨᠰᠢᠯ ᠵᠢᠭᠤᠯᠴᠢᠯᠠᠯ ᠵᠡᠷᠭᠡ ᠬᠦᠷᠢᠶᠡᠨ᠎ᠳᠦ ᠬᠠᠮᠲᠤᠷᠠᠯᠴᠠᠭ᠎ᠠ ᠥᠷᠨᠢᠭᠦᠯᠵᠦ᠂ ᠣᠷᠣᠨ ᠨᠤᠲᠤᠭ ᠪᠣᠯᠣᠨ ᠠᠷᠠᠳ᠎ᠤᠨ ᠬᠣᠭᠣᠷᠣᠨᠳᠣᠬᠢ ᠨᠥᠬᠥᠷᠰᠡᠭ ᠶᠠᠪᠤᠯᠴᠠᠭ᠎ᠠ᠎ᠶᠢ ᠦᠷᠭᠦᠯᠵᠢᠯᠡᠨ ᠨᠡᠮᠡᠭᠳᠡᠭᠦᠯᠵᠦ᠂ ᠨᠠᠩ ᠥᠨᠳᠥᠷ ᠲᠦᠪᠰᠢᠨ ᠪᠦᠬᠦᠢ ᠪᠠᠢᠯᠳᠤᠬᠤ ᠪᠣᠳᠣᠯᠭ᠎ᠠ᠎ᠶᠢᠨ ᠠᠴᠢ ᠬᠣᠯᠪᠣᠭᠳᠠᠯ᠎ᠲᠠᠢ ᠳᠤᠮᠳᠠᠳᠤ ᠸᠢᠶᠧᠲᠨᠠᠮ᠎ᠤᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠠᠬᠢᠭᠤᠯᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠦᠨ᠎ᠡ ᠭᠡᠪᠡ᠃
ᠳ᠋ᠧᠩ ᠬᠣᠩ ᠱᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠯᠠᠭᠤᠮᠰᠤᠭ ᠵᠣᠴᠢᠯᠠᠭ᠎ᠠ ᠪᠠ ᠨᠢᠮᠪᠠᠢ ᠲᠣᠬᠢᠷᠠᠭᠤᠯᠭ᠎ᠠ᠎ᠳᠤ ᠲᠠᠯᠠᠷᠬᠠᠵᠤ ᠪᠠᠢᠬᠤ ᠪᠡᠨ ᠢᠯᠡᠳᠭᠡᠵᠤ᠂ ᠲᠤᠬᠠᠢ᠎ᠶᠢᠨ ᠭᠠᠵᠠᠷ᠎ᠤᠨ ᠠᠵᠤ ᠠᠬᠤᠢ ᠨᠡᠢᠭᠡᠮ᠎ᠦᠨ ᠬᠥᠭᠵᠢᠯᠲᠡ ᠢᠯᠠᠩᠭᠤᠶ᠎ᠠ ᠤᠳᠤ ᠦᠶ᠎ᠡ᠎ᠶᠢᠨ ᠮᠠᠯ ᠠᠵᠤ ᠠᠬᠤᠢ ᠲᠠᠷᠢᠶᠠᠯᠠᠩ᠂ ᠰᠢᠨ᠎ᠡ ᠡᠨᠧᠷᠭᠢ᠎ᠶᠢ ᠨᠡᠭᠡᠭᠡᠨ ᠠᠰᠢᠭ᠍ᠯᠠᠬᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠡᠷᠭᠡ ᠬᠦᠷᠢᠶᠡᠨ᠎ᠳᠦ ᠣᠯᠣᠭᠰᠠᠨ ᠪᠠᠶᠠᠯᠢᠭ᠋ ᠦᠷ᠎ᠡ ᠪᠦᠲᠦᠭᠡᠯ᠎ᠳᠦ ᠪᠠᠶᠠᠷ ᠬᠦᠷᠭᠡᠪᠠ᠃ ᠲᠡᠷᠡ᠂ ᠸᠢᠶᠸᠲᠨᠠᠮ᠎ᠤᠨ ᠡᠯ᠎ᠡ ᠭᠠᠵᠠᠷ ᠪᠣᠯᠣᠨ ᠥᠪᠥᠷ ᠮᠣᠩᠭᠣᠯ᠎ᠤᠨ ᠬᠠᠮᠲᠤᠷᠠᠯᠴᠠᠭᠠᠨ᠎ᠤ ᠣᠷᠣᠨ ᠵᠠᠢ ᠥᠷᠭᠡᠨ ᠠᠭᠤᠳᠠᠮ ᠪᠠᠢᠨ᠎ᠠ᠂ ᠸᠢᠶᠸᠲᠨᠠᠮ᠎ᠤᠨ ᠬᠢᠨ ᠳᠤᠷᠠᠲᠠᠶ᠎ᠠ ᠥᠪᠥᠷ ᠮᠣᠩᠭᠣᠯ᠎ᠯᠤᠭ᠎ᠠ ᠬᠠᠮᠲᠤ᠎ᠪᠠᠷ ᠬᠣᠶᠠᠷ ᠨᠠᠮ ᠬᠣᠶᠠᠷ ᠤᠯᠤᠰ᠎ᠤᠨ ᠤᠳᠤᠷᠢᠳᠬᠤ ᠬᠥᠮᠥᠨ᠎ᠦ ᠲᠣᠬᠢᠷᠠᠯᠴᠠᠭᠰᠠᠨ ᠴᠢᠬᠤᠯᠠ ᠬᠠᠮᠲᠤ᠎ᠶᠢᠨ ᠲᠠᠨᠢᠯᠲᠠ ᠶᠣᠰᠣᠭᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠮᠠᠯ ᠠᠵᠤ ᠠᠬᠤᠢ ᠲᠠᠷᠢᠶᠠᠯᠠᠩ᠂ ᠢᠳᠡᠭᠡᠨ ᠡᠳ᠋ᠰᠢᠭᠦᠯᠦᠨ ᠪᠤᠯᠪᠠᠰᠤᠷᠠᠭᠤᠯᠬᠤ᠂ ᠪᠠᠷᠠᠭᠠᠨ᠎ᠤ ᠭᠦᠢᠯᠭᠡᠭᠡ᠂ ᠲᠣᠭᠠᠴᠢᠯᠠᠯᠳᠠ ᠲᠠᠢᠰᠢ ᠬᠡᠯᠪᠡᠷᠢ᠎ᠪᠡᠨ ᠬᠤᠪᠢᠷᠠᠭᠤᠯᠬᠤ᠂ ᠰᠢᠨ᠎ᠡ ᠡᠨᠧᠷᠭᠢ᠂ ᠬᠥᠮᠦᠵᠢᠯ ᠪᠣᠯᠪᠠᠰᠤᠷᠠᠯ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠦ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠢᠷᠡᠭᠦᠯᠵᠦ᠂ ᠨᠥᠬᠥᠷᠯᠡᠯ᠎ᠢᠶᠡᠨ ᠲᠠᠰᠤᠷᠠᠯᠳᠠ ᠦᠭᠡᠢ ᠵᠤᠵᠠᠭᠠᠳᠬᠠᠵᠤ᠂ ᠰᠣᠯᠢᠯᠴᠠᠭ᠎ᠠ ᠶᠠᠪᠤᠯᠴᠠᠭ᠎ᠠ᠎ᠪᠠᠨ ᠠᠬᠢᠭᠤᠯᠵᠤ᠂ ᠸᠢᠶᠸᠲᠨᠠᠮ ᠳᠤᠮᠳᠠᠳᠤ ᠬᠣᠶᠠᠷ ᠤᠯᠤᠰ᠎ᠤᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶᠢᠨ ᠭᠦᠨᠵᠡᠭᠡᠢᠷᠡᠨ ᠪᠣᠳᠠᠲᠠᠢᠵᠢᠬᠤ᠎ᠶᠢ ᠠᠬᠢᠭᠤᠯᠬᠤ᠎ᠳᠤ ᠨᠡᠩ ᠤᠯᠠᠨ ᠬᠦᠴᠦᠨ ᠴᠢᠳᠠᠯ᠎ᠢᠶᠠᠨ ᠡᠷᠭᠦᠨ᠎ᠡ ᠭᠡᠪᠡ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠯᠢ ᠳ᠋ᠦᠩ ᠰᠢᠦᠢ ᠂ ᠢᠦᠢ ᠯᠢ ᠰᠢᠨ ᠣᠷᠣᠯᠴᠠᠵᠠᠢ᠃