ᠥᠪᠡᠷᠲᠡᠭᠡᠨ ᠵᠠᠰᠠᠬᠤ ᠣᠷᠣᠨ ᠎ᠤ ᠤᠯᠤᠰ ᠲᠥᠷᠥ ᠎ᠶᠢᠨ ᠵᠥᠪᠯᠡᠯᠭᠡᠨ ᠲᠡᠷᠢᠭᠦᠯᠡᠭᠴᠢᠳ᠎ᠦᠨ ᠬᠤᠷᠠᠯ ᠬᠤᠷᠠᠯᠳᠤᠭᠤᠯᠪᠠ
2026-06-13 11:44:29
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆


ᠵᠠᠩ ᠶᠠᠨ ᠺᠦᠨ ᠬᠤᠷᠠᠯ ᠢ᠋ ᠡᠷᠭᠢᠯᠡᠵᠠᠢ


6 ᠰᠠᠷ᠎ᠠ᠎ᠶᠢᠨ 12 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ ᠤ᠋ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ 79 ᠳ᠋ᠤᠭᠡᠷ ᠤᠳᠠᠭ᠎ᠠ᠎ᠶᠢᠨ ᠲᠡᠷᠢᠭᠦᠯᠡᠭᠴᠢᠳ᠎ᠦᠨ ᠬᠤᠷᠠᠯ ᠬᠤᠷᠠᠯᠳᠤᠭᠤᠯᠪᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠴᠡᠴᠡᠭ᠂ ᠸᠧᠢ ᠭᠦᠸᠧ ᠨᠠᠨ᠂ ᠵᠠᠩ ᠯᠧᠢ ᠂ ᠵᠠᠩ ᠪᠠᠢ ᠴᠧᠩ᠂ ᠶᠠᠩ ᠵᠢᠶᠸ᠂ ᠵᠢᠨ ᠵᠤᠸᠠᠩ ᠂ ᠢᠦᠢ ᠷᠧᠨ ᠵᠢᠶᠧ ᠵᠢᠴᠢ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠢ᠃

ᠬᠤᠷᠠᠯ ᠡᠴᠡ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠪᠠᠢᠩᠭᠤ᠎ᠶᠢᠨ ᠬᠣᠷᠢᠶ᠎ᠠ ᠵᠢᠨ ᠠᠷᠪᠠᠨ ᠳᠣᠯᠣᠳᠤᠭᠠᠷ ᠬᠤᠷᠠᠯ᠎ᠤᠨ ᠵᠥᠪᠯᠡᠬᠦ ᠵᠦᠢᠯ (ᠲᠥᠰᠥᠯ)  ᠪᠣᠯᠣᠨ ᠡᠳᠦᠷ᠎ᠦᠨ ᠳᠠᠷᠠᠭᠠᠯᠠᠯ᠎ᠢ ᠬᠢᠨᠠᠨ ᠵᠥᠪᠯᠡᠵᠦ ᠪᠠᠲᠤᠯᠠᠪᠠ᠃ ᠬᠤᠷᠠᠯ ᠡᠴᠡ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠪᠠᠢᠩᠭᠤ᠎ᠶᠢᠨ ᠬᠣᠷᠢᠶ᠎ᠠ ᠵᠢᠨ ᠠᠷᠪᠠᠨ ᠳᠣᠯᠣᠳᠤᠭᠠᠷ ᠬᠤᠷᠠᠯ᠎ᠢ 6 ᠰᠠᠷ᠎ᠠ᠎ᠶᠢᠨ ᠰᠡᠭᠦᠯᠴᠢ᠎ᠪᠡᠷ ᠬᠥᠬᠡᠬᠣᠲᠠ᠎ᠳᠤ ᠬᠤᠷᠠᠯᠳᠤᠭᠤᠯᠵᠤ᠂ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠡᠭᠦᠳᠦᠯᠳᠡ᠎ᠪᠡᠷ ᠤᠳᠤᠷᠢᠳᠤᠮᠵᠢ ᠪᠤᠯᠭᠠᠵᠤ᠂ ᠠᠮᠢᠳᠤ ᠪᠣᠳᠠᠰ᠎ᠤᠨ ᠡᠮ ᠡᠮᠨᠡᠯᠭᠡ᠎ᠶᠢᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ 》 ᠵᠢᠨ ᠲᠣᠭᠣᠷᠢᠨ᠎ᠳᠤ ᠲᠤᠰᠬᠠᠢ ᠰᠡᠳᠦᠪ᠎ᠢᠶᠡᠷ ᠵᠠᠰᠠᠭ᠎ᠤᠨ᠎ᠶᠠᠪᠤᠳᠠᠯ᠎ᠢ ᠵᠥᠪᠯᠡᠬᠦ ᠴᠢᠨᠠᠷᠲᠠᠢ ᠵᠥᠪᠯᠡᠯᠭᠡ ᠥᠷᠨᠢᠭᠦᠯᠬᠦ᠎ᠪᠡᠷ ᠲᠣᠭᠲᠠᠪᠠ᠃

ᠬᠤᠷᠠᠯ ᠡᠴᠡ ᠪᠠᠰᠠ ᠬᠤᠯᠪᠤᠭᠳᠠᠯ ᠪᠦᠬᠦᠢ ᠠᠵᠢᠯᠲᠠᠨ᠎ᠤ ᠶᠠᠪᠤᠳᠠᠯ᠎ᠤᠨ ᠵᠦᠢᠯ  ᠢ᠋  ᠬᠢᠨᠠᠨ ᠵᠥᠪᠯᠡᠵᠦ ᠪᠠᠲᠤᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号