ᠥᠪᠥᠷ ᠮᠣᠩᠭᠣᠯ᠎ᠤᠨ ᠡᠮ ᠡᠮᠨᠡᠯᠭᠡ᠎ᠶ᠋ᠢᠨ ᠳᠠᠭᠠᠳᠭᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ 2156 ᠲᠦᠮᠡ᠎ᠶ᠋ᠢ ᠳᠠᠪᠠᠪᠠ
2026-06-13 11:58:15
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠬᠡᠨ ᠤ᠋ ᠪᠠᠲᠤᠯᠠᠭ᠎ᠠ ᠵᠢᠨ ᠲᠣᠪᠴᠢᠶ᠎ᠠ ᠡᠴᠡ ᠤᠢᠯᠠᠭᠠᠭᠰᠠᠨ ᠶ᠋ᠢᠡᠷ᠂ 2026 ᠤᠨ᠎ᠳᠦ ᠥᠪᠥᠷ ᠮᠣᠩᠭᠣᠯ ᠡᠮ ᠡᠮᠨᠡᠯᠭᠡ᠎ᠶ᠋ᠢᠨ ᠳᠠᠭᠠᠳᠭᠠᠯ᠎ᠤᠨ ᠬᠡᠪᠴᠢᠶ᠎ᠡ᠎ᠶ᠋ᠢ ᠨᠠᠷᠢᠯᠢᠭ ᠤᠨᠤᠴᠠᠲᠠᠢ ᠪᠠᠷ ᠥᠷᠭᠡᠳᠭᠡᠬᠦ᠌᠂ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠬᠦ᠌᠂ ᠠᠷᠭ᠎ᠠ ᠵᠠᠮ᠎ᠢ ᠥᠷᠭᠡᠳᠭᠡᠬᠦ᠌᠎ᠪᠡᠷ ᠳᠠᠮᠵᠢᠨ᠂ ᠪᠥᠬᠥ᠌ ᠠᠷᠠᠳ᠎ᠢᠶᠠᠷ᠎ᠢᠶᠠᠨ ᠳᠠᠭᠠᠳᠭᠠᠯ᠎ᠳᠤ ᠣᠷᠣᠯᠴᠠᠬᠤ᠎ᠶ᠋ᠢ ᠪᠥᠬᠥ᠌ ᠲᠠᠯ᠎ᠠ᠎ᠪᠠᠷ ᠠᠬᠢᠭᠤᠯᠪᠠ᠃ 4 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠥᠪᠥᠷ ᠮᠣᠩᠭᠣᠯ᠎ᠤᠨ ᠦᠨᠳᠦᠰᠦᠨ ᠡᠮ ᠡᠮᠨᠡᠯᠬᠡ ᠵᠢᠨ ᠳᠠᠭᠠᠳᠭᠠᠯ᠂ ᠦᠷᠡᠵᠢᠯ᠎ᠦᠨ ᠳᠠᠭᠠᠳᠭᠠᠯ᠂ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠲᠣᠰ ᠲᠣᠰ 2156.83 ᠲᠦᠮᠡ᠂ 384.67  ᠲᠦᠮᠡ᠂ 306.79 ᠲᠦᠮᠡ᠎ᠳᠦ ᠬᠦᠷᠴᠦ᠍᠂ ᠦᠨᠳᠦᠰᠦᠨ ᠡᠮ ᠡᠮᠨᠡᠯᠬᠡ ᠵᠢᠨ ᠳᠠᠭᠠᠳᠭᠠᠯ᠎ᠳᠤ ᠣᠷᠣᠯᠴᠠᠭ᠍ᠰᠠᠨ ᠨᠣᠷᠮ᠎ᠠ᠎ᠶ᠋ᠢ 95%᠎ᠡᠴᠠ ᠳᠡᠭᠡᠭ᠌ᠰᠢ᠎ᠳᠦ ᠲᠣᠭ᠍ᠲᠠᠪᠤᠷᠢᠵᠢᠭᠤᠯᠪᠠ᠃

ᠥᠪᠡᠷᠲᠡᠭᠡᠨ ᠵᠠᠰᠠᠬᠤ ᠣᠷᠣᠨ᠎ᠤ ᠡᠮᠴᠢᠯᠡᠬᠡᠨ ᠤ᠋ ᠪᠠᠲᠤᠯᠠᠭ᠎ᠠ ᠵᠢᠨ ᠲᠣᠪᠴᠢᠶ᠎ᠠ ᠲᠦᠷᠦᠭᠦᠯᠡᠨ ᠰᠠᠯᠠᠭ᠎ᠠ ᠮᠥᠴᠢᠷ ᠠᠯᠤᠰᠯᠠᠭ᠍ᠰᠠᠨ ᠲᠣᠭ᠎ᠠ ᠪᠠᠷᠢᠮᠲᠠ᠎ᠶ᠋ᠢ ᠬᠠᠮᠲᠤ᠎ᠪᠠᠷ ᠡᠳ᠋ᠯᠡᠬᠦ᠌ ᠲᠣᠭ᠍ᠲᠠᠴᠠ᠎ᠶ᠋ᠢ ᠪᠠᠢᠭᠤᠯᠵᠤ᠂ ᠳᠣᠲᠣᠭᠠᠳᠤ᠎ᠶ᠋ᠢ ᠬᠠᠮᠠᠭᠠᠯᠠᠬᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠂ ᠠᠷᠠᠳ᠎ᠤᠨ ᠶᠠᠪᠤᠳᠠᠯ᠂ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ᠎ᠲᠡᠶ ᠬᠠᠮᠵᠢᠯᠴᠠᠨ᠂ ᠰᠠᠯᠠᠭ᠎ᠠ ᠮᠥᠴᠢᠷ ᠠᠯᠤᠰᠯᠠᠭ᠍ᠰᠠᠨ ᠲᠣᠭ᠎ᠠ ᠪᠠᠷᠢᠮᠲᠠ᠎ᠶ᠋ᠢ ᠵᠠᠳᠠᠯᠤᠨ ᠬᠠᠷᠭᠤᠭᠤᠯᠵᠤ᠂ ᠳᠠᠭᠠᠳᠭᠠᠯ᠎ᠢ ᠲᠠᠰᠤᠯᠳᠠᠭᠤᠯᠵᠤ ᠳᠠᠭᠠᠳᠭᠠᠯ᠎ᠢ ᠵᠣᠭ᠍ᠰᠣᠭᠠᠭ᠍ᠰᠠᠨ ᠬᠥᠮᠦᠰ᠎ᠦᠨ ᠮᠡᠳᠡᠭᠡ ᠵᠠᠩᠭᠢ᠎ᠶ᠋ᠢ ᠱᠢᠭ᠌ᠰᠢᠨ ᠪᠠᠢᠴᠠᠭᠠᠬᠤ ᠠᠵᠢᠯᠯᠠᠭ᠎ᠠ ᠥᠷᠨᠢᠭᠦᠯᠵᠦ᠍᠂ 329.51 ᠲᠦᠮᠡᠨ ᠳᠠᠭᠠᠳᠭᠠᠯ᠎ᠳᠤ ᠣᠷᠣᠯᠴᠠᠭ᠍ᠰᠠᠨ ᠥᠬᠡᠶ ᠬᠥᠮᠦᠨ᠎ᠦ ᠳᠠᠭᠠᠳᠭᠠᠯ᠎ᠳᠤ ᠣᠷᠣᠯᠴᠠᠬᠤ ᠳᠡᠩᠰᠡᠯᠡᠯᠲᠡ᠎ᠶ᠋ᠢ ᠭᠦᠶ᠋ᠴᠡᠳᠭᠡᠬᠦ᠌᠎ᠶ᠋ᠢ ᠠᠬᠢᠭᠤᠯᠵᠠᠢ; ᠪᠥᠬᠥ᠌ ᠣᠷᠣᠨ᠎ᠤ ᠨᠢᠭᠡᠳᠦᠯᠲᠡᠶ ᠬᠡᠷᠡᠭ᠌ᠯᠡᠬᠦ ᠡᠮ ᠡᠮᠨᠡᠯᠬᠡ ᠵᠢᠨ ᠳᠠᠭᠠᠳᠭᠠᠯ᠎ᠤᠨ ᠰᠦᠯᠵᠢᠶᠡᠨ ᠳᠡᠭᠡᠷᠡᠬᠢ ᠦᠶ᠋ᠯᠡᠴᠢᠯᠡᠭᠡᠨ᠎ᠦ ᠲᠠᠩᠬᠢᠮ᠂ ᠵᠠᠰᠠᠭ᠎ᠤᠨ ᠶᠠᠪᠤᠳᠠᠯ᠎ᠤᠨ App ᠎ᠪᠠᠢᠭᠤᠯᠵᠤ᠂ ᠪᠥᠬᠥ᠌ ᠣᠷᠣᠨ᠎ᠤ ᠳᠠᠭᠠᠳᠭᠠᠯ ᠎ᠳᠤ ᠣᠷᠣᠯᠴᠠᠬᠤ᠎ᠶ᠋ᠢ ᠳᠡᠩᠰᠡᠯᠡᠨ ᠲᠡᠮᠳᠡᠭ᠌ᠯᠡᠬᠦ᠌ ᠲᠤᠬᠠᠢᠯᠠᠭ᠍ᠰᠠᠨ ᠠᠵᠢᠯ᠎ᠤᠨ 《ᠰᠦᠯᠵᠢᠶᠡᠨ ᠳᠡᠭᠡᠷ᠎ᠡ ᠭᠦᠶ᠋ᠴᠡᠳᠭᠡᠬᠦ᠌ 》 ᠂《ᠠᠯᠠᠭᠠᠨ ᠳᠡᠭᠡᠷ᠎ᠡ ᠭᠦᠶ᠋ᠴᠡᠳᠭᠡᠬᠦ᠌ 》 ᠶ᠋ᠢ ᠪᠡᠶᠡᠯᠡᠭᠦᠯᠦᠭ᠌ᠰᠡᠨ᠎ᠢᠶᠡᠷ ᠪᠠᠷᠠᠬᠤ ᠥᠬᠡᠶ᠂ ᠪᠠᠰᠠ ᠠᠮᠢᠳᠤᠯᠢᠭ᠎ᠢᠶᠠᠷ ᠠᠵᠢᠯ ᠣᠯᠤᠭ᠍ᠰᠠᠳ ᠪᠠ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠲᠤ ᠭᠠᠢᠯᠢ᠎ᠶ᠋ᠢᠨ ᠶᠠᠪᠤᠳᠠᠯ᠎ᠤᠨ App᠂ ᠵᠢᠷᠭᠢᠶ᠎ᠡ ᠵᠡᠷᠭᠡ ᠣᠯᠠᠨ ᠵᠦᠶ᠋ᠯ᠎ᠦᠨ ᠰᠦᠶ᠋ᠳᠭᠡᠯ ᠲᠤᠱᠢᠶᠠᠬᠤ ᠠᠷᠭ᠎ᠠ ᠵᠠᠮ᠎ᠬᠠᠩᠭᠠᠵᠠᠢ᠃

ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠢᠯᠡᠬᠦ ᠳ᠋ᠡᠬᠡᠨ᠂ ᠪᠢᠳᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ《1571》ᠠᠵᠢᠯ᠎ᠤᠨ ᠪᠠᠢᠷᠢᠯᠠᠭᠤᠯᠤᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠨᠠᠢᠳᠠᠪᠤᠷᠢᠵᠢᠭᠤᠯᠵᠤ  ᠪᠥᠬᠥ᠌ ᠠᠷᠠᠳ᠎ᠢ ᠬᠠᠮᠤᠷᠤᠭ᠍ᠰᠠᠨ᠂ ᠬᠣᠲᠠ ᠬᠥᠳᠡᠭᠡ᠎ᠶ᠋ᠢ ᠨᠢᠭᠡᠳᠦᠯᠲᠡᠶ ᠲᠥᠯᠥᠪᠵᠢᠭᠦᠯᠦᠭ᠌ᠰᠡᠨ᠂ ᠲᠥᠪ ᠭᠤᠤᠯᠴᠢ ᠨᠢᠭᠡᠳᠦᠯᠲᠡᠶ᠂ ᠠᠮᠤᠷ ᠲᠦᠪᠱᠢᠨ ᠵᠢᠷᠤᠮᠵᠢᠯ᠎ᠲᠠᠶ᠂ ᠦᠷᠭᠦᠯᠵᠢᠯᠡᠭ᠌ᠰᠡᠨ ᠣᠯᠠᠨ ᠲᠠᠰ ᠳᠠᠪᠬᠤᠷᠭ᠎ᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠠᠷᠠᠳ ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠵᠤ᠂ ᠠᠷᠠᠳ ᠣᠯᠠᠨ᠎ᠤ ᠵᠣᠯ ᠵᠢᠷᠭᠠᠯ᠎ᠤᠨ ᠵᠢᠭᠠᠯᠲᠠ ᠲᠣᠭ᠎ᠠ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠤᠨ᠎ᠠ ᠬᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号