6 ᠰᠠᠷ᠎ᠠ᠎ᠶᠢᠨ 11 ᠡᠴᠡ 12᠎ᠤ᠋ᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠂ ᠦᠨᠳᠦᠰᠦᠲᠡᠨ᠎ᠦ ᠤᠳᠬ᠎ᠠ ᠵᠣᠬᠢᠶᠠᠯ᠎ᠤᠨ ᠰᠡᠳᠬᠦᠯ᠎ᠦᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠤᠳᠬ᠎ᠠ ᠤᠷᠠᠯᠢᠭ᠎ᠤᠨ ᠬᠢᠨ᠎ᠦ ᠬᠣᠯᠪᠣᠭ᠎ᠠ ᠠᠩᠬᠠᠳᠤᠭᠠᠷ ᠬᠤᠭᠤᠴᠠᠭᠠᠨ᠎ᠤ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ》 ᠭᠣᠣᠯ ᠰᠡᠳᠦᠪᠲᠦ᠍ ᠦᠢᠯᠡᠳᠦᠯᠭᠡ᠎ᠶᠢᠨ ᠠᠵᠢᠯᠯᠠᠭ᠎ᠠ᠎ᠶᠢ ᠬᠠᠮᠲᠤ ᠪᠠᠷ ᠡᠷᠬᠢᠯᠡᠪᠡ᠂ ᠡᠨᠡ ᠨᠢ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ》 ᠭᠣᠣᠯ ᠰᠡᠳᠦᠪᠲᠦ᠍ ᠦᠢᠯᠡᠳᠦᠯᠭᠡ᠎ᠶᠢᠨ ᠰᠢᠷᠢᠰ ᠠᠵᠢᠯᠯᠠᠭ᠎ᠠ ᠵᠢᠩᠬᠢᠨᠢ᠎ᠪᠡᠷ ᠡᠬᠢᠯᠡᠭᠰᠡᠨ᠎ᠢ ᠬᠠᠷᠠᠭᠤᠯᠵᠤ ᠪᠠᠶ᠋ᠢᠨ᠎ᠠ᠃
ᠬᠣᠶᠠᠷ ᠡᠳᠦᠷ᠎ᠦᠨ ᠲᠤᠷᠰᠢ᠂ ᠣᠷᠣᠨ᠎ᠤ ᠳᠣᠲᠣᠨ᠎ᠠ ᠭᠠᠳᠠᠨᠠᠬᠢ 30 ᠭᠠᠷᠤᠢ ᠵᠣᠬᠢᠶᠠᠯᠴᠢ ᠤᠷᠢᠳ ᠬᠣᠵᠢᠳ ᠥᠪᠥᠷ ᠮᠣᠩᠭᠣᠯ᠎ᠤᠨ ᠮᠦᠽᠧᠢ᠂ ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠣᠷᠳᠣᠨ᠂ ᠪᠤᠭᠤᠲᠤ᠎ᠶᠢᠨ ᠪᠤᠯᠤᠳ ᠲᠡᠮᠤᠷ᠎ᠦᠨ (ᠪᠦᠯᠦᠭᠯᠡᠯ) ᠺᠣᠮᠫᠠᠨᠢ᠂ ᠥᠪᠥᠷ ᠮᠣᠩᠭᠣᠯ᠎ᠤᠨ ᠨᠢᠭᠡᠳᠦᠭᠡᠷ ᠮᠠᠰᠢᠨ ᠮᠧᠬᠠᠨᠢᠭ᠎ᠤᠨ ᠪᠦᠯᠦᠭᠯᠡᠯ ᠬᠢᠵᠠᠭᠠᠷᠲᠤ᠌ ᠺᠣᠮᠫᠠᠨᠢ᠂ ᠪᠤᠭᠤᠲᠤ᠎ᠶᠢᠨ ᠬᠣᠪᠣᠷ ᠰᠢᠷᠣᠢ᠎ᠶᠢᠨ ᠮᠦᠽᠧᠢ᠂ ᠪᠤᠭᠤᠲᠤ᠎ᠶᠢᠨ ᠤᠳᠬ᠎ᠠ ᠵᠣᠬᠢᠶᠠᠯ᠎ᠤᠨ ᠣᠷᠳᠣᠨ᠎ᠳᠤ ᠬᠦᠷᠴᠦ᠍ ᠮᠠᠲ᠋ᠧᠷᠢᠶᠠᠯ ᠴᠤᠭᠯᠠᠭᠤᠯᠪᠠ᠃ ᠲᠡᠳᠡ ᠬᠦᠷᠦᠭᠰᠡᠨ ᠭᠠᠵᠠᠷ ᠪᠣᠯᠭᠠᠨ᠎ᠳᠠᠭᠠᠨ ᠨᠠᠷᠢᠨ ᠨᠢᠭᠲᠠ ᠣᠶ᠋ᠢᠯᠠᠭᠠᠵᠤ᠂ ᠨᠠᠷᠢᠨ ᠬᠢᠨᠠᠮᠠᠭᠠᠢ ᠲᠡᠮᠳᠡᠭᠯᠡᠵᠦ᠍᠂ ᠵᠣᠬᠢᠶᠠᠨ ᠪᠦᠲᠦᠭᠡᠯᠭᠡ᠎ᠶᠢᠨ ᠪᠣᠷᠣ ᠮᠠᠲ᠋ᠧᠷᠢᠶᠠᠯ᠎ᠢ ᠢᠳᠡᠪᠬᠢᠲᠡᠢ ᠴᠤᠭᠯᠠᠭᠤᠯᠪᠠ᠃ 《ᠪᠢ ᠪᠣᠯ ᠠᠵᠤ ᠦᠢᠯᠡᠳᠪᠦᠷᠢ᠎ᠶᠢᠨ ᠤᠳᠬ᠎ᠠ ᠵᠣᠬᠢᠶᠠᠯ᠎ᠤᠨ ᠵᠣᠬᠢᠶᠠᠯᠴᠢ ᠮᠥᠨ᠂ ᠡᠨᠡ ᠤᠳᠠᠭᠠᠨ᠎ᠤ ᠮᠠᠲ᠋ᠧᠷᠢᠶᠠᠯ ᠴᠤᠭᠯᠠᠭᠤᠯᠬᠤ ᠳᠤᠮᠳᠠ ᠮᠠᠰᠢ ᠤᠯᠠᠨ ᠬᠣᠪᠣᠷ ᠨᠠᠨᠳᠢᠨ ᠮᠠᠲ᠋ᠧᠷᠢᠶᠠᠯ ᠡᠷᠢᠵᠤ ᠣᠯᠵᠠᠢ᠃ ᠬᠣᠵᠢᠮ ᠪᠢ ᠤᠳᠬ᠎ᠠ ᠵᠣᠬᠢᠶᠠᠯ᠎ᠤᠨ ᠪᠦᠲᠦᠭᠡᠯ᠎ᠢᠶᠡᠷ ᠳᠡᠮᠵᠢᠨ ᠥᠪᠥᠷ ᠮᠣᠩᠭᠣᠯ᠎ᠤᠨ ᠲᠡᠦᠬᠡ ᠰᠣᠶᠣᠯ᠎ᠤᠨ ᠰᠢᠯᠢᠳᠡᠭ ᠦᠪ᠎ᠢ ᠨᠠᠩ ᠰᠠᠶ᠋ᠢᠳᠤᠷ ᠤᠯᠠᠮᠵᠢᠯᠠᠨ᠎ᠠ》 ᠭᠡᠵᠦ ᠪᠡᠭᠡᠵᠢᠩ᠎ᠦᠨ ᠪᠠᠭᠰᠢ᠎ᠶᠢᠨ ᠶᠡᠬᠡ ᠰᠤᠷᠭᠠᠭᠤᠯᠢ᠎ᠶᠢᠨ ᠠᠵᠤ ᠠᠬᠤᠶ ᠬᠢᠭᠡᠳ ᠦᠢᠯᠡᠳᠪᠦᠷᠢ ᠬᠤᠳᠠᠯᠳᠤᠭᠠᠨ᠎ᠤ ᠬᠠᠮᠢᠶᠠᠷᠤᠯᠲᠠ᠎ᠶᠢᠨ ᠳᠡᠭᠡᠳᠦ ᠰᠤᠷᠭᠠᠭᠤᠯᠢ᠎ᠶᠢᠨ ᠳᠡᠳ᠋ ᠫᠷᠤᠹᠸᠰᠰᠤᠷ᠂ ᠶᠤᠸᠠᠢ ᠸᠸᠨ ᠪᠦᠯᠦᠭᠯᠡᠯ᠎ᠦᠨ ᠭᠡᠷ᠎ᠡ ᠲᠣᠭᠲᠠᠭᠰᠠᠨ ᠵᠣᠬᠢᠶᠠᠯᠴᠢ ᠴᠢ ᠴᠧᠩ ᠢᠯᠡᠳᠭᠡᠪᠡ᠃ ᠾᠸᠪᠸᠢ ᠮᠤᠵᠢ᠎ᠶᠢᠨ ᠴᠧᠩᠳ᠋ᠧ ᠬᠤᠳᠠ᠎ᠶᠢᠨ ᠤᠳᠬ᠎ᠠ ᠤᠷᠠᠯᠢᠭ᠎ᠤᠨ ᠬᠢᠨ᠎ᠦ ᠬᠣᠯᠪᠣᠭ᠎ᠠ᠎ᠶᠢᠨ ᠨᠡᠷ᠎ᠡ ᠬᠦᠨᠳᠦᠲᠦ᠍ ᠲᠡᠷᠢᠭᠦᠯᠡᠭᠴᠢ᠂ ᠰᠢᠯᠦᠭᠴᠢ ᠸᠠᠩ ᠴᠢ᠄ 《ᠥᠪᠥᠷ ᠮᠣᠩᠭᠣᠯ ᠪᠣᠯ ᠤᠳᠬ᠎ᠠ ᠵᠣᠬᠢᠶᠠᠯ᠎ᠤᠨ 〈ᠰᠢᠮᠡᠯᠢᠭ ᠬᠥᠷᠥᠰᠥ᠍〉 ᠪᠣᠯᠤᠨ᠎ᠠ᠃ ᠡᠨᠡ ᠤᠳᠠᠭ᠎ᠠ ᠮᠠᠲ᠋ᠧᠷᠢᠶᠠᠯ ᠴᠤᠭᠯᠠᠭᠤᠯᠬᠤ ᠲᠤᠮᠳᠠ ᠰᠡᠳᠬᠢᠯ ᠮᠢᠨᠢ ᠬᠦᠨᠳᠡᠭᠳᠡᠵᠦ᠂ ᠵᠣᠬᠢᠶᠠᠨ ᠪᠦᠲᠦᠭᠡᠬᠦ᠌ ᠠᠪᠢᠶᠠᠰ ᠪᠢᠯᠢᠭᠢᠮᠢᠨᠢ ᠬᠥᠭᠵᠢᠭᠡᠪᠡ᠃ ᠪᠢ ᠦᠵᠡᠵᠦ᠍ ᠰᠣᠨᠣᠰᠤᠭᠰᠠᠨ᠎ᠢᠶᠠᠨ ᠤᠳᠬ᠎ᠠ ᠵᠣᠬᠢᠶᠠᠯ᠎ᠤᠨ ᠪᠦᠲᠦᠭᠡᠯ ᠪᠣᠯᠭᠠᠨ ᠬᠤᠪᠢᠷᠠᠭᠤᠯᠵᠤ᠂ ᠨᠠᠩ ᠣᠯᠠᠨ ᠤᠩᠰᠢᠭᠴᠢᠳᠲᠤ᠌ ᠥᠪᠥᠷ ᠮᠣᠩᠭᠣᠯ᠎ᠢ ᠣᠢᠯᠠᠭᠠᠭᠤᠯᠵᠤ᠂ ᠥᠪᠥᠷ ᠮᠣᠩᠭᠣᠯ᠎ᠢ ᠬᠠᠢᠷᠠᠯᠠᠭᠤᠯᠤᠨᠠ》 ᠭᠡᠪᠡ᠃
ᠡᠨᠡ ᠵᠢᠯ᠂ ᠮᠠᠨ᠎ᠤ ᠣᠷᠣᠨ ᠲᠣᠰ ᠰᠢᠷᠢᠰ ᠭᠤᠤᠯ ᠰᠡᠳᠦᠪᠲᠦ᠍ ᠦᠢᠯᠡᠳᠦᠯᠭᠡ᠎ᠶᠢᠨ ᠠᠵᠢᠯᠯᠠᠭ᠎ᠠ᠎ᠶᠢ ᠦᠷᠭᠦᠯᠵᠢᠯᠡᠨ ᠡᠷᠭᠢᠯᠡᠵᠦ᠍᠂ ᠵᠣᠬᠢᠶᠠᠯᠴᠢ᠎ᠶᠢ ᠥᠪᠥᠷ ᠮᠣᠩᠭᠣᠯ᠎ᠳᠤ ᠤᠷᠢᠵᠤ᠂ ᠥᠪᠥᠷ ᠮᠣᠩᠭᠣᠯ᠎ᠤᠨ ᠥᠷᠨᠢᠩᠭᠦᠶ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠮᠡᠳᠡᠷᠡᠭᠦᠯᠵᠦ᠍᠂ ᠠᠵᠤ ᠦᠢᠯᠡᠰ᠎ᠦᠨ ᠲᠠᠰ ᠳᠠᠪᠰᠢᠯᠲᠠ᠂ ᠪᠣᠬᠢᠷᠲᠤᠯ ᠥᠬᠡᠶ ᠬᠥᠭᠵᠢᠯᠲᠡ᠂ ᠲᠣᠭᠠᠴᠢᠯᠠᠭᠰᠠᠨ ᠬᠦᠴᠦᠨ ᠤᠯᠭᠤᠯᠲᠠ᠎ᠡᠴᠡ ᠵᠣᠬᠢᠶᠠᠨ ᠪᠦᠲᠦᠭᠡᠯᠭᠡ᠎ᠶᠢᠨ 《ᠰᠢᠮ᠎ᠡ ᠲᠡᠵᠢᠭᠡᠯ》 ᠢ᠋ ᠰᠢᠩᠭᠡᠭᠡᠨ ᠠᠪᠴᠤ᠌᠂ ᠥᠪᠥᠷ ᠮᠣᠩᠭᠣᠯ᠎ᠤᠨ ᠪᠠᠶ᠋ᠢᠭᠠᠯᠢ᠎ᠶᠢᠨ ᠥᠩᠭᠡ ᠦᠵᠡᠮᠵᠢ᠂ ᠠᠮᠢ ᠠᠬᠤᠶ᠎ᠶᠢᠨ ᠵᠠᠰᠠᠯᠲᠠ᠂ ᠣᠷᠣᠨ ᠨᠤᠲᠤᠭ᠎ᠤᠨ ᠰᠤᠶᠤᠯ ᠢᠷᠭᠡᠨᠰᠢᠯ᠂ ᠰᠢᠨ᠎ᠡ ᠴᠠᠭ ᠦᠶ᠎ᠡ᠎ᠶᠢᠨ ᠬᠥᠭᠵᠢᠯᠲᠡ᠎ᠶᠢᠨ ᠳᠦᠷᠰᠦ ᠪᠠᠶ᠋ᠢᠳᠠᠯ᠎ᠢ ᠲᠤᠰᠬᠠᠭᠰᠠᠨ ᠨᠢᠭᠡ ᠪᠦᠯᠦᠭ ᠰᠢᠯᠢᠳᠡᠭ ᠤᠳᠬ᠎ᠠ ᠵᠣᠬᠢᠶᠠᠯ᠎ᠤᠨ ᠪᠦᠲᠦᠭᠡᠯ᠎ᠢ ᠵᠣᠬᠢᠶᠠᠨ ᠪᠦᠲᠦᠭᠡᠵᠦ᠍᠂ ᠰᠣᠶᠣᠯ᠎ᠤᠨ ᠬᠦᠴᠦᠷᠬᠡᠭ ᠣᠷᠣᠨ᠎ᠢ ᠪᠥᠲᠥᠭᠡᠨ ᠪᠠᠶ᠋ᠢᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠌᠎ᠳᠦ ᠤᠳᠬ᠎ᠠ ᠵᠣᠬᠢᠶᠠᠯ᠎ᠤᠨ ᠬᠦᠴᠦᠨ ᠴᠢᠳᠠᠯ᠎ᠢᠶᠠᠨ ᠡᠷᠭᠦᠬᠦ ᠪᠤᠯᠤᠨ᠎ᠠ᠃