ᠵᠣᠨ᠎ᠤ ᠰᠠᠢᠬᠠᠨ ᠤᠯᠠᠷᠢᠯ᠎ᠳ᠋ᠤ᠂ ᠥᠪᠥᠷ ᠮᠣᠩᠭᠣᠯ᠎ᠤᠨ ᠡᠯ᠎ᠠ ᠭᠠᠵᠠᠷ ᠨᠣᠮᠢᠨ ᠨᠣᠭᠣᠭᠠᠨ ᠦᠩᠭᠡ ᠪᠡᠷ ᠬᠤᠴᠢᠭᠳᠠᠵᠦ᠂ ᠲᠠᠯ᠎ᠠ ᠨᠤᠲᠤᠭ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ᠃
4 ᠰᠠᠷ᠎ᠠ᠎ᠶ᠋ᠢᠨ 1᠎ᠤ᠋ ᠡᠳᠦᠷ᠎ᠡᠴᠡ ᠡᠬᠢᠯᠡᠵᠦ᠂ ᠥᠪᠥᠷ ᠮᠣᠩᠭᠣᠯ᠎ᠤᠨ 9.7 ᠳ᠋ᠦᠩᠱᠢᠭᠤᠷ ᠮᠥ᠍ ᠨᠤᠲᠤᠭ ᠪᠡᠯᠴᠢᠭᠡᠷ ᠵᠠᠯᠭᠠᠭ᠎ᠠ᠎ᠪᠠᠷ ᠬᠠᠪᠤᠷ᠎ᠤᠨ ᠤᠯᠠᠷᠢᠯ᠎ᠤᠨ ᠪᠡᠯᠴᠢᠭᠡᠷ᠎ᠢ ᠠᠮᠠᠷᠠᠭᠤᠯᠬᠤ ᠬᠤᠭᠤᠴᠠᠭᠠᠨ᠎ᠳᠤ ᠣᠷᠣᠪᠠ᠃ ᠡᠭᠦᠨ᠎ᠳᠦ᠂ ᠮᠠᠯ ᠪᠡᠯᠴᠢᠭᠡᠷ᠎ᠢ ᠲᠡᠩᠴᠡᠭᠦᠷᠢᠲᠡᠶ ᠪᠠᠢᠯᠭᠠᠬᠤ ᠣᠷᠣᠨ᠎ᠳᠤ 45 ᠡᠳᠦᠷ᠎ᠡᠴᠡ ᠳᠤᠲᠠᠭᠤ ᠦᠭᠡᠶ ᠬᠠᠪᠤᠷ᠎ᠤᠨ ᠤᠯᠠᠷᠢᠯ᠎ᠤᠨ ᠪᠡᠯᠴᠢᠭᠡᠷ᠎ᠢ ᠠᠮᠠᠷᠠᠭᠤᠯᠬᠤ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ ᠡᠭᠢᠯᠡᠪᠡ᠃ ᠣᠷᠳᠣᠰ ᠬᠣᠲᠠ᠎ᠳᠤ 4 ᠰᠠᠷ᠎ᠠ᠎ᠶ᠋ᠢᠨ 1 ᠤ᠋ ᠡᠳᠦᠷ᠎ᠡᠴᠡ 6 ᠰᠠᠷ᠎ᠠ᠎ᠶ᠋ᠢᠨ 30᠎ᠤ᠋ ᠡᠳᠦᠷ ᠪᠣᠯᠲᠠᠯᠠᠬᠢ ᠬᠤᠭᠤᠴᠠᠭ᠎ᠠ ᠪᠤᠯ ᠪᠡᠯᠴᠢᠭᠡᠷ᠎ᠢ ᠠᠮᠠᠷᠠᠭᠤᠯᠬᠤ ᠬᠤᠭᠤᠴᠠᠭ᠎ᠠ ᠪᠣᠯᠤᠨ᠎ᠠ᠃ ᠲᠤᠰ ᠬᠤᠲᠠ ᠱᠢᠨᠵᠢᠯᠡᠬᠦ᠌ ᠤᠬᠠᠭᠠᠨᠴᠢ᠎ᠪᠠᠷ ᠮᠠᠯᠵᠢᠬᠤ᠂ ᠬᠠᠱᠢᠶᠠᠯᠠᠨ ᠲᠡᠵᠢᠭᠡᠬᠦ᠌᠂ ᠴᠢᠩᠭ᠎ᠠ ᠬᠠᠮᠢᠶᠠᠷᠤᠨ ᠬᠠᠮᠠᠭᠠᠯᠠᠬᠤ ᠵᠡᠷᠭᠡ ᠠᠷᠭ᠎ᠠ ᠬᠡᠮᠵᠢᠶ᠎ᠡ᠎ᠪᠡᠷ 9000 ᠭᠠᠷᠤᠢ ᠲᠦᠮᠡᠨ ᠮᠦ᠍ ᠨᠤᠲᠤᠭ ᠪᠡᠯᠴᠢᠭᠡᠷ᠎ᠢ ᠰᠡᠷᠬᠦᠬᠡᠨ ᠬᠠᠮᠠᠭᠠᠯᠠᠵᠤ ᠪᠤᠢ᠃ ᠪᠠᠶᠠᠨᠨᠠᠭᠤᠷ ᠬᠣᠲᠠ᠎ᠳᠤ᠂ 6922.1 ᠲᠦᠮᠡᠨ ᠮᠥ᠍ ᠨᠤᠲᠤᠭ ᠪᠡᠯᠴᠢᠭᠡᠷ 4 ᠰᠠᠷ᠎ᠠ᠎ᠶ᠋ᠢᠨ 16᠎ᠤ᠋ ᠡᠳᠦᠷ᠎ᠡᠴᠡ 5 ᠰᠠᠷ᠎ᠠ᠎ᠶ᠋ᠢᠨ 30᠎ᠤ᠋ ᠡᠳᠦᠷ ᠪᠣᠯᠲᠠᠯᠠᠬᠢ ᠬᠤᠭᠤᠴᠠᠭᠠᠨ᠎ᠳᠤ 《ᠬᠦᠴᠦ᠍ ᠲᠠᠮᠢᠷ᠎ᠢᠶᠠᠨ ᠰᠡᠯᠬᠦᠵᠤ》᠂ ᠥᠷᠭᠡᠨ ᠠᠭᠤᠳᠠᠮ ᠨᠤᠲᠤᠭ ᠪᠡᠯᠴᠢᠭᠡᠷ ᠤᠬᠤᠷᠬᠠᠨ ᠬᠤᠭᠤᠴᠠᠭᠠᠨ ᠳ᠋ᠤ ᠠᠮᠢᠵᠢᠷᠠᠯ᠎ᠤᠨ ᠬᠦᠴᠦᠨ᠎ᠢᠶᠡᠨ ᠰᠡᠷᠭᠦᠭᠡᠪᠡ᠃
ᠪᠡᠯᠴᠢᠭᠡᠷ᠎ᠢ ᠠᠮᠠᠷᠠᠭᠤᠯᠬᠤ ᠬᠤᠭᠤᠴᠠᠭᠠᠨ᠎ᠳᠤ᠂ ᠮᠠᠯ᠎ᠤᠨ 《ᠠᠮᠤ ᠬᠦᠨᠡᠰᠦ》 ᠶ᠋ᠢ ᠬᠡᠷᠬᠢᠨ ᠪᠠᠲᠤᠯᠠᠬᠤ ᠪᠣᠶ? ᠡᠭᠦᠨ ᠳ᠋ᠤ ᠤᠯᠠᠷᠢᠯ᠎ᠤᠨ ᠴᠢᠨᠠᠷᠲᠠᠢ ᠡᠪᠡᠰᠦ ᠪᠣᠷᠳᠣᠭ᠎ᠠ ᠳᠤᠲᠠᠭ᠍ᠳᠠᠬᠤ᠂ ᠦᠨ᠎ᠡ ᠬᠠᠩᠰᠢ ᠬᠡᠯᠪᠡᠯᠵᠡᠬᠦ᠌ ᠵᠡᠷᠭᠡ ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠨᠢ ᠮᠠᠯ ᠠᠵᠤ ᠠᠬᠤᠢ᠎ᠶ᠋ᠢᠨ ᠲᠣᠭ᠍ᠲᠠᠭᠤᠨ ᠬᠥᠭ᠌ᠵᠢᠯᠲᠡ᠎ᠶ᠋ᠢ ᠪᠠᠲᠤᠯᠠᠬᠤ ᠵᠠᠩᠭᠢᠯᠠᠭ᠎ᠠ ᠪᠣᠯᠵᠠᠢ᠃
ᠥᠪᠥᠷ ᠮᠣᠩᠭᠣᠯ᠎ᠤᠨ ᠬᠠᠩᠭᠠᠨ ᠪᠣᠷᠣᠯᠠᠭᠤᠯᠬᠤ ᠬᠣᠷᠱᠢᠶ᠎ᠠ᠎ᠶ᠋ᠢᠨ ᠱᠢᠰᠲ᠋ᠧᠮ᠎ᠨᠢ ᠪᠠᠢᠷᠢᠱᠢᠯ᠎ᠨᠢ ᠵᠦᠶ ᠵᠣᠬᠢᠰᠲᠠᠶ᠂ ᠲᠦᠷᠬᠡᠨ ᠲᠤᠰᠭᠠᠯ ᠭᠠᠷᠬᠤ ᠡᠪᠡᠰᠦ ᠪᠣᠷᠳᠣᠭ᠎ᠠ ᠨᠥᠭᠡᠴᠡᠯᠡᠨ ᠬᠠᠩᠭᠠᠬᠤ ᠱᠢᠰᠲ᠋ᠧᠮ ᠢ᠋ ᠪᠠᠢᠭᠤᠯᠤᠨ ᠬᠦᠴᠦᠷᠬᠡᠭ᠌ᠵᠢᠭᠦᠯᠵᠦ᠍᠂ ᠰᠠᠨᠠᠭᠠᠴᠢᠯᠠᠭᠠᠳᠤ ᠪᠤᠰᠤ ᠪᠡᠷ ᠪᠠᠴᠢᠮ ᠪᠠᠢᠳᠠᠯ᠎ᠢ ᠠᠷᠭᠠᠴᠠᠭᠠᠬᠤ ᠪᠠᠢᠳᠠᠯ᠎ᠢ ᠰᠠᠨᠠᠭᠠᠴᠢᠯᠠᠭ᠎ᠠ᠎ᠡᠴᠡ᠎ᠪᠠᠨ ᠲᠣᠬᠢᠷᠠᠭᠤᠯᠤᠨ ᠡᠵᠡᠮᠳᠡᠬᠦ᠌ ᠪᠣᠯᠭᠠᠨ ᠬᠤᠪᠢᠷᠠᠭᠤᠯᠵᠤ᠂ 《ᠡᠪᠡᠰᠦ᠎ᠶ᠋ᠢ ᠬᠣᠷᠱᠢᠶ᠎ᠠ᠎ᠳᠤ ᠨᠥᠭᠡᠴᠡᠯᠡᠬᠦ᠌᠂ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ᠎ᠶ᠋ᠢ ᠲᠣᠭ᠍ᠲᠠᠭᠤᠨ ᠪᠠᠢᠯᠭᠠᠬᠤ》 ᠪᠠᠷ ᠪᠥᠬᠥ᠌ ᠣᠷᠣᠨ᠎ᠤ ᠮᠠᠯ ᠠᠵᠤ ᠠᠬᠤᠶ᠎ᠶ᠋ᠢᠨ ᠭᠠᠷᠤᠯᠲᠠ᠎ᠶ᠋ᠢ ᠲᠣᠭ᠍ᠲᠠᠪᠤᠷᠢᠵᠢᠭᠤᠯᠬᠤ᠎ᠳᠤ ᠬᠠᠩᠭᠠᠯᠭ᠎ᠠ᠎ᠶ᠋ᠢ ᠪᠠᠲᠤᠯᠠᠬᠤ ᠰᠠᠭᠤᠷᠢ᠎ᠶ᠋ᠢ ᠪᠠᠲᠤ ᠪᠣᠶ ᠪᠣᠯᠭᠠᠵᠤ᠂ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠬᠠᠮᠠᠭᠠᠯᠠᠯᠲᠠ ᠬᠢᠭᠡᠳ ᠮᠠᠯᠵᠢᠬᠤ ᠣᠷᠣᠨ᠎ᠤ ᠲᠡᠵᠢᠭᠡᠨ ᠦᠷᠡᠵᠢᠭᠦᠯᠬᠦ᠌ ᠦᠶ᠋ᠯᠡᠰ᠎ᠦᠨ ᠭᠠᠷᠤᠯᠲᠠ᠎ᠶ᠋ᠢ ᠲᠣᠭ᠍ᠲᠠᠪᠤᠷᠢᠵᠢᠭᠤᠯᠬᠤ ᠬᠤᠤᠰ ᠠᠮᠵᠢᠯᠲᠠ ᠤᠯᠬᠤ᠎ᠶ᠋ᠢ ᠠᠬᠢᠭᠤᠯᠪᠠ᠃
ᠨᠢᠳᠤᠨᠤᠨ ᠡᠪᠦᠯ ᠡᠴᠡ ᠡᠨᠡ ᠬᠠᠪᠤᠷ ᠪᠤᠯᠳᠠᠯ᠎ᠠ᠂ ᠱᠢᠯᠢ᠎ᠶ᠋ᠢᠨ ᠭᠤᠤᠯ ᠠᠢᠮᠠᠭ᠎ᠤᠨ ᠬᠥᠪᠡᠭᠡᠲᠦ ᠱᠢᠷ᠎ᠠ ᠬᠣᠱᠢᠭᠤᠨ᠎ᠤ ᠬᠠᠩᠭᠠᠨ ᠪᠣᠷᠣᠯᠠᠭᠤᠯᠬᠤ ᠬᠣᠷᠱᠢᠶ᠎ᠠ᠎ᠨᠢ ᠬᠣᠱᠢᠭᠤᠨ᠎ᠤ ᠵᠠᠰᠠᠭ᠎ᠤᠨ ᠣᠷᠳᠣᠨ᠎ᠤ ᠡᠪᠦᠯ ᠬᠠᠪᠤᠷ᠎ᠤᠨ ᠤᠯᠠᠷᠢᠯ᠎ᠤᠨ ᠡᠪᠡᠰᠦ ᠪᠣᠷᠳᠣᠭ᠎ᠠ ᠨᠥᠭᠡᠴᠡᠯᠡᠬᠦ᠌ ᠲᠥᠷᠥ᠎ᠶ᠋ᠢᠨ ᠪᠣᠳᠣᠯᠭ᠎ᠠ᠎ᠳᠤ ᠲᠦᠱᠢᠭ᠌ᠯᠡᠨ᠂ ᠬᠣᠱᠢᠭᠤᠨ᠎ᠤ ᠬᠠᠩᠭᠠᠨ ᠪᠤᠷᠤᠯᠠᠭᠤᠯᠬᠤ ᠬᠤᠷᠰᠢᠶ᠎ᠠ ᠪᠠ ᠬᠣᠷᠱᠢᠶ᠎ᠠ᠎ᠳᠤ ᠪᠠᠢᠭ᠎ᠠ ᠠᠵᠤ ᠠᠬᠤᠢᠯᠠᠯ᠎ᠲᠠᠶ ᠬᠠᠮᠲᠤᠷᠠᠨ ᠪᠠᠴᠢᠮ ᠪᠠᠢᠳᠠᠯ᠎ᠢ ᠠᠷᠭᠠᠴᠠᠭᠠᠬᠤ ᠡᠪᠡᠰᠦ ᠨᠥᠭᠡᠴᠡᠯᠡᠬᠦ᠌ ᠡᠭᠦᠷᠭᠡ᠎ᠶ᠋ᠢ ᠭᠥᠯᠢᠶᠡᠨ ᠠᠪᠴᠤ᠌᠂ 5000 ᠭᠠᠷᠤᠶ ᠲᠣᠨ ᠪᠠᠴᠢᠮ ᠪᠠᠢᠳᠠᠯ᠎ᠢ ᠠᠷᠭᠠᠴᠠᠭᠠᠬᠤ ᠡᠪᠡᠰᠦ ᠨᠥᠭᠡᠴᠡᠯᠡᠵᠦ᠍᠂ ᠪᠥᠬᠥ᠌ ᠬᠣᠱᠢᠭᠤᠨ᠎ᠤ 60 ᠭᠠᠴᠠᠭ᠎ᠠ᠎ᠶ᠋ᠢᠨ ᠪᠦᠬᠦ ᠮᠠᠯᠵᠢᠬᠤ ᠡᠷᠦᠬᠡ ᠵᠢᠴᠢ 3 ᠲᠣᠮᠣ ᠬᠡᠯᠪᠡᠷᠢ᠎ᠶ᠋ᠢᠨ ᠰᠠᠭᠠᠯᠢ᠎ᠶ᠋ᠢᠨ ᠦᠨᠢᠶ᠎ᠡ ᠲᠡᠵᠢᠭᠡᠨ ᠦᠷᠡᠵᠢᠭᠦᠯᠬᠦ᠌ ᠲᠠᠯᠠᠪᠠᠶ᠎ᠶ᠋ᠢ ᠬᠠᠮᠤᠷᠴᠤ᠌ ᠂ ᠡᠪᠦᠯ ᠬᠠᠪᠤᠷ᠎ᠤᠨ ᠲᠡᠵᠢᠭᠡᠨ ᠦᠷᠡᠵᠢᠭᠦᠯᠬᠦ᠌ 《ᠡᠪᠡᠰᠦ ᠪᠣᠷᠳᠣᠭ᠎ᠠ᠎ᠶ᠋ᠢᠨ ᠪᠣᠭᠣᠮᠲᠠ》᠎ᠶ᠋ᠢ ᠯᠠᠪᠳᠠᠭᠤᠨ᠎ᠢᠶᠠᠷ ᠰᠠᠬᠢᠪᠠ᠃
ᠬᠠᠩᠭᠠᠨ ᠪᠣᠷᠣᠯᠠᠭᠤᠯᠬᠤ ᠦᠶ᠋ᠯᠡᠴᠢᠯᠡᠭᠡᠨ᠎ᠦ ᠲᠤᠤᠷ᠎ᠢ ᠨᠢᠭ᠍ᠲᠠ ᠰᠦᠯᠵᠢᠵᠦ᠍᠂ ᠱᠢᠯᠢ᠎ᠶ᠋ᠢᠨ ᠭᠤᠤᠯ ᠠᠢᠮᠠᠭ᠎ᠤᠨ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ᠎ᠶ᠋ᠢ ᠲᠣᠭ᠍ᠲᠠᠪᠤᠷᠢᠵᠢᠭᠤᠯᠬᠤ ᠠᠷᠭ᠎ᠠ ᠬᠡᠮᠵᠢᠶ᠎ᠡ ᠬᠦᠴᠦᠨ ᠵᠢᠡᠨ ᠲᠥᠪᠯᠡᠷᠡᠭᠦᠯᠦᠨ ᠦᠷ᠎ᠡ ᠪᠦᠲᠦᠮᠵᠢ ᠤᠯᠪᠠ᠃ ᠲᠣᠰ ᠠᠢᠮᠠᠭ᠎ᠤᠨ ᠬᠠᠩᠭᠠᠨ ᠪᠣᠷᠣᠯᠠᠭᠤᠯᠬᠤ ᠬᠣᠷᠱᠢᠶ᠎ᠠ᠎ᠶ᠋ᠢᠨ ᠱᠢᠰᠲ᠋ᠧᠮ ᠨᠢ 《ᠵᠠᠬ᠎ᠠ ᠳᠡᠯᠭᠡᠭᠦᠷ᠎ᠦᠨ ᠡᠵᠡᠩᠨᠡᠯᠲᠡ + ᠣᠷᠣᠨ ᠨᠤᠲᠤᠭ᠎ᠤᠨ ᠨᠥᠭᠡᠴᠡᠯᠡᠯᠳᠠ》᠂ 《ᠡᠵᠡᠩᠨᠡᠯᠲᠡ᠎ᠶ᠋ᠢᠨ ᠴᠢᠨᠠᠷᠲᠠᠶ + ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ》 ᠬᠤᠤᠰ ᠬᠦᠷᠳᠦᠲᠦ ᠬᠥᠳᠡᠯᠭᠡᠭᠦᠷ᠎ᠦᠨ ᠵᠠᠭ᠍ᠪᠤᠷ᠎ᠢ ᠱᠢᠨ᠎ᠡ᠎ᠪᠡᠷ ᠡᠭᠦᠳᠦᠨ ᠬᠡᠷᠡᠭ᠌ᠵᠢᠭᠦᠯᠵᠦ᠍᠂ ᠨᠡᠢᠲᠡ 3 ᠪᠠᠷᠢᠮᠵᠢᠶᠠᠵᠢᠭ᠍ᠰᠠᠨ ᠲᠡᠵᠢᠭᠡᠯ ᠡᠪᠡᠰᠦ ᠪᠣᠷᠳᠣᠭ᠎ᠠ ᠠᠷᠠᠯᠵᠢᠶᠠᠯᠠᠬᠤ ᠵᠠᠬ᠎ᠠ ᠳᠡᠯᠭᠡᠭᠦᠷ᠂ 25 ᠦᠨᠳᠦᠰᠦᠨ ᠱᠠᠲᠤᠨ᠎ᠤ ᠡᠵᠡᠩᠨᠡᠯᠲᠡ᠎ᠶ᠋ᠢᠨ ᠲᠤᠤᠷ ᠴᠡᠭ᠎ᠢ ᠪᠠᠢᠭᠤᠯᠵᠤ᠂ ᠵᠢᠯ ᠪᠦᠷᠢ ᠳᠤᠮᠳᠠᠴᠢ᠎ᠪᠠᠷ 15 ᠲᠦᠮᠡᠨ ᠲᠣᠨ ᠲᠡᠵᠢᠭᠡᠯ ᠡᠪᠡᠰᠦ ᠪᠣᠷᠳᠣᠭ᠎ᠠ ᠠᠷᠠᠯᠵᠢᠶᠠᠯᠠᠵᠤ᠂ 3.3 ᠲᠦᠮᠡᠨ ᠲᠣᠨ ᠪᠠᠴᠢᠮ ᠪᠠᠢᠳᠠᠯ᠎ᠢ ᠠᠷᠭᠠᠴᠠᠭᠠᠬᠤ ᠡᠪᠡᠰᠦ ᠪᠤᠷᠳᠤᠭ᠎ᠠ ᠨᠥᠭᠡᠴᠡᠯᠡᠵᠦ᠍᠂ ᠪᠦᠬᠦᠯᠢ ᠡᠳᠦᠷ᠎ᠦᠨ ᠠᠮᠤ ᠪᠤᠳᠠᠭᠠᠨ᠎ᠤ ᠵᠢᠯ᠎ᠦᠨ ᠦᠶ᠋ᠯᠡᠳᠪᠦᠷᠢᠯᠡᠯ᠎ᠦᠨ ᠬᠡᠪᠴᠢᠶ᠎ᠡ ᠨᠢ 7.5 ᠲᠦᠮᠡᠨ ᠲᠣᠨ᠎ᠳᠤ ᠬᠦᠷᠴᠡᠶ᠃ ᠬᠡᠪᠴᠢᠶᠡᠵᠢᠭᠦᠯᠦᠨ ᠬᠤᠳᠠᠯᠳᠤᠨ ᠠᠪᠴᠤ᠌ ᠨᠥᠭᠡᠴᠡᠯᠡᠬᠦ᠌᠂ ᠥᠴᠦᠬᠡᠨ ᠠᠱᠢᠭ᠎ᠢᠶᠠᠷ ᠡᠵᠡᠩᠨᠡᠬᠦ᠌ ᠠᠷᠭ᠎ᠠ ᠮᠠᠶᠢᠭ᠎ᠢᠶᠠᠷ ᠳᠠᠮᠵᠢᠨ᠂ ᠪᠡᠯᠴᠢᠭᠡᠷ᠎ᠦᠨ ᠮᠠᠯ ᠠᠵᠤ ᠠᠬᠤᠶ᠎ᠵᠢ ᠬᠥᠭ᠌ᠵᠢᠬᠦᠯᠬᠦ ᠳᠠᠯ᠎ᠠ ᠪᠡᠷ ᠨᠠᠩ ᠢᠳᠡᠬᠡᠯ ᠲᠡᠶ ᠪᠣᠯᠤᠯ᠎ᠠ᠃
ᠨᠢᠭᠡ ᠭᠠᠵᠠᠷ ᠤ᠋ᠨ ᠦᠶ᠋ᠯᠡᠳᠦᠯᠭᠡ ᠡᠴᠡ ᠪᠦᠬᠦ᠌ ᠣᠷᠣᠨ ᠪᠦᠰᠡ᠎ᠶ᠋ᠢᠨ ᠵᠢᠳᠬᠦᠯ ᠴᠢᠷᠮᠠᠢᠯᠭ᠎ᠠ᠎ᠶ᠋ᠢ ᠠᠵᠢᠭ᠍ᠯᠠᠵᠤ ᠪᠤᠯᠤᠨ᠎ᠠ᠃ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ ᠪᠠ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠦ ᠠᠮᠤᠷ ᠲᠦᠪᠱᠢᠨ ᠬᠠᠩᠭᠠᠯᠭ᠎ᠠ᠎ᠶ᠋ᠢ ᠪᠠᠲᠤᠯᠠᠬᠤ᠎ᠳᠤ ᠰᠠᠭᠤᠷᠢᠯᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠩᠭᠠᠨ ᠪᠣᠷᠣᠯᠠᠭᠤᠯᠬᠤ ᠬᠣᠷᠱᠢᠶ᠎ᠠ ᠵᠢᠨ ᠱᠢᠰᠲ᠋ᠧᠮ᠎ᠦᠨ᠎ᠬᠢᠨ ᠲᠠᠷᠢᠶᠠᠯᠠᠩ᠎ᠤᠨ ᠦᠶ᠋ᠯᠡᠳᠪᠦᠷᠢᠯᠡᠯ᠎ᠦᠨ ᠬᠡᠷᠡᠭ᠌ᠰᠡᠯ᠎ᠦᠨ ᠭᠦᠶ᠋ᠯᠭᠡᠭᠡ ᠳᠤᠮᠳᠠᠬᠢ ᠭᠤᠤᠯ ᠠᠷᠭ᠎ᠠ ᠵᠠᠮ᠎ᠤᠨ ᠦᠶ᠋ᠯᠡᠳᠦᠯ᠎ᠢᠶᠡᠨ ᠦᠷᠭᠦᠯᠵᠢᠯᠡᠨ ᠪᠡᠬᠢᠵᠢᠭᠦᠯᠵᠦ᠍᠂ ᠲᠠᠷᠢᠶᠠᠯᠠᠩ᠎ᠤᠨ ᠦᠶ᠋ᠯᠡᠳᠪᠦᠷᠢᠯᠡᠯ᠎ᠦᠨ ᠬᠡᠷᠡᠭ᠌ᠰᠡᠯ᠎ᠦᠨ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ᠎ᠶ᠋ᠢ ᠲᠣᠭ᠍ᠲᠠᠭᠤᠨ ᠪᠠᠢᠯᠭᠠᠬᠤ ᠴᠢᠳᠠᠪᠤᠷᠢ᠎ᠪᠠᠨ ᠬᠦᠴᠦᠯᠡᠨ ᠳᠡᠭᠡᠭ᠌ᠰᠢᠯᠡᠭᠦᠯᠪᠡ᠃ 2025 ᠣᠨ᠎ᠤ 6 ᠰᠠᠷ᠎ᠠ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠩᠭᠠᠨ ᠪᠣᠷᠣᠯᠠᠭᠤᠯᠬᠤ ᠬᠣᠷᠱᠢᠶ᠎ᠠ᠎ᠶ᠋ᠢᠨ ᠲᠠᠷᠢᠶᠠᠯᠠᠩ᠎ᠤᠨ ᠦᠶ᠋ᠯᠡᠳᠪᠦᠷᠢᠯᠡᠯ᠎ᠦᠨ ᠬᠡᠷᠡᠭ᠌ᠰᠡᠯ᠎ᠦᠨ ᠪᠠᠴᠢᠮ ᠪᠠᠢᠳᠠᠯ᠎ᠢ ᠠᠷᠭᠠᠴᠠᠭᠠᠵᠤ ᠬᠠᠩᠭᠠᠯᠭ᠎ᠠ᠎ᠶ᠋ᠢ ᠪᠠᠲᠤᠯᠠᠬᠤ ᠪᠡᠯᠡᠳᠭᠡᠯ ᠲᠥᠰᠦᠯ》 ᠢ᠋ ᠲᠣᠭ᠍ᠲᠠᠭᠠᠨ ᠬᠡᠷᠡᠭ᠌ᠵᠢᠭᠦᠯᠵᠦ᠍᠂ ᠲᠠᠷᠢᠶᠠᠯᠠᠩ᠎ᠤᠨ ᠦᠶ᠋ᠯᠡᠳᠪᠦᠷᠢᠯᠡᠯ᠎ᠦᠨ ᠬᠡᠷᠡᠭ᠌ᠰᠡᠯ᠎ᠦᠨ ᠪᠠᠴᠢᠮ ᠪᠠᠢᠳᠠᠯ᠎ᠢ ᠠᠷᠭᠠᠴᠠᠭᠠᠵᠤ ᠬᠠᠩᠭᠠᠯᠭ᠎ᠠ᠎ᠶ᠋ᠢ ᠪᠠᠲᠤᠯᠠᠬᠤ ᠱᠢᠰᠲ᠋ᠧᠮ ᠢ᠋ ᠲᠦᠷᠭᠡᠳᠭᠡᠨ ᠪᠦᠷᠢᠨᠱᠢᠬᠦᠯᠵᠦ᠍᠂ ᠰᠠᠯᠠᠭ᠎ᠠ ᠮᠥᠴᠢᠷ᠎ᠦᠨ ᠨᠢᠭᠡᠳᠦᠯᠲᠡᠶ ᠲᠥᠯᠥᠪᠵᠢᠬᠦᠯᠦᠨ ᠵᠣᠬᠢᠴᠠᠭᠤᠯᠬᠤ ᠪᠠ ᠠᠵᠢᠯ ᠲᠥᠷᠥᠯ᠎ᠦᠨ ᠲᠥᠷᠥᠯ ᠬᠤᠪᠢᠶᠠᠨ ᠬᠠᠮᠢᠶᠠᠷᠬᠤ ᠳᠤᠮᠳᠠᠬᠢ ᠡᠭᠦᠷᠭᠡ ᠴᠢᠳᠠᠪᠤᠷᠢ᠎ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠤᠨ᠂ ᠲᠠᠷᠢᠶᠠᠯᠠᠩ᠎ᠤᠨ ᠦᠶ᠋ᠯᠡᠳᠪᠦᠷᠢᠯᠡᠯ᠎ᠦᠨ ᠬᠡᠷᠡᠭ᠌ᠰᠡᠯ᠎ᠦᠨ ᠬᠠᠩᠭᠠᠯᠭ᠎ᠠ᠎ᠶ᠋ᠢ ᠪᠠᠲᠤᠯᠠᠬᠤ ᠬᠠᠷᠢᠭᠤᠴᠠᠯᠭ᠎ᠠ᠎ᠶ᠋ᠢᠨ ᠬᠡᠯᠬᠢᠶ᠎ᠠ᠎ᠶ᠋ᠢ ᠪᠦᠲᠦᠮᠵᠢᠲᠡᠶ ᠵᠣᠯᠭᠠᠭᠤᠯᠪᠠ᠃ ᠡᠭᠦᠨ᠎ᠦ ᠬᠠᠮᠲᠤ᠂ ᠵᠠᠰᠠᠭ᠎ᠤᠨ ᠣᠷᠳᠣᠨ᠎ᠤ ᠬᠠᠮᠢᠶ᠎ᠠ ᠪᠥᠬᠥᠶ ᠰᠠᠯᠠᠭ᠎ᠠ ᠮᠥᠴᠢᠷ᠂ ᠮᠥᠩᠭᠥᠨ ᠭᠦᠶ᠋ᠯᠭᠡᠭᠡᠨ᠎ᠦ ᠪᠠᠢᠭᠤᠯᠤᠮᠵᠢ ᠵᠢᠴᠢ ᠠᠵᠢᠯ ᠲᠥᠷᠥᠯ᠎ᠦᠨ ᠳᠠᠭᠠᠭᠤᠯᠤᠭ᠍ᠴᠢ ᠠᠵᠤ ᠠᠬᠤᠢᠯᠠᠯ᠎ᠯᠤᠭ᠎ᠠ᠎ᠶ᠋ᠢᠨ ᠨᠡᠪᠲᠡᠷᠡᠯᠴᠡᠭᠡ ᠵᠣᠯᠭᠠᠯᠴᠠᠭ᠎ᠠ᠎ᠪᠠᠨ ᠴᠢᠩᠭᠠᠳᠭᠠᠵᠤ᠂ ᠲᠠᠷᠢᠶᠠᠯᠠᠩ᠎ᠤᠨ ᠦᠶ᠋ᠯᠡᠳᠪᠦᠷᠢᠯᠡᠯ᠎ᠦᠨ ᠬᠡᠷᠡᠭ᠌ᠰᠡᠯ᠎ᠦᠨ ᠪᠠᠴᠢᠮ ᠪᠠᠢᠳᠠᠯ᠎ᠢ ᠠᠷᠭᠠᠴᠡᠭᠠᠵᠤ ᠬᠠᠩᠭᠠᠯᠭ᠎ᠠ᠎ᠶ᠋ᠢ ᠪᠠᠲᠤᠯᠠᠬᠤ ᠠᠵᠢᠯ᠎ᠤᠨ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠪᠥᠬᠥ᠌ ᠱᠢᠰᠲ᠋ᠧᠮ᠎ᠦᠨ ᠲᠠᠷᠢᠶᠠᠯᠠᠩ᠎ᠤᠨ ᠦᠶ᠋ᠯᠡᠳᠪᠦᠷᠢᠯᠡᠯ᠎ᠦᠨ ᠬᠡᠷᠡᠭ᠌ᠰᠡᠯ᠎ᠦᠨ ᠬᠠᠩᠭᠠᠯᠭ᠎ᠠ᠎ᠶ᠋ᠢᠨ ᠱᠢᠰᠲ᠋ᠧᠮ ᠪᠣᠯᠤᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠪᠠ᠃
ᠥᠪᠥᠷ ᠮᠣᠩᠭᠣᠯ᠎ᠢ ᠬᠠᠷᠠᠬᠤᠶ᠎ᠠ᠂ ᠡᠯ᠎ᠡ ᠱᠠᠲᠤᠨ᠎ᠤ ᠬᠠᠩᠭᠠᠨ ᠪᠣᠷᠣᠯᠠᠭᠤᠯᠬᠤ ᠱᠢᠰᠲ᠋ᠧᠮ ᠤᠨ ᠭᠢᠨ ᠬᠣᠢᠨ᠎ᠠ ᠬᠣᠢᠨ᠎ᠠ᠎ᠡᠴᠡ᠎ᠪᠠᠨ ᠬᠦᠳᠡᠯᠦᠯᠴᠡᠨ ᠬᠦᠴᠦᠯᠡᠵᠦ᠍᠂ ᠣᠨᠣᠪᠴᠢᠲᠠᠶ ᠪᠠᠢᠷᠢᠯᠠᠭᠤᠯᠤᠨ᠂ ᠭᠦᠶ᠋ᠴᠡᠳ ᠨᠥᠭᠡᠴᠡᠯᠡᠵᠦ᠍᠂ ᠶᠠᠰᠤ ᠴᠢᠨᠠᠷ᠎ᠢ ᠴᠢᠩᠭ᠎ᠠ ᠡᠵᠡᠮᠳᠡᠨ ᠮᠠᠯ ᠤᠨᠤᠭ᠎ᠠ᠎ᠵᠢᠨ 《ᠠᠮᠤ ᠬᠦᠨᠡᠰᠦ》᠎ᠶ᠋ᠢᠨ ᠠᠮᠤᠷ ᠲᠦᠪᠱᠢᠨ᠎ᠢ ᠬᠠᠮᠠᠭᠠᠯᠠᠵᠤ ᠪᠣᠶ᠃
ᠨᠢᠳᠤᠨᠤᠨ ᠡᠪᠦᠯ ᠡᠨᠡ ᠬᠠᠪᠤᠷ᠎ᠤᠨ ᠮᠠᠯ᠎ᠤᠨᠤᠭ᠎ᠠ᠎ᠵᠢᠨ ᠡᠪᠡᠰᠦ ᠪᠣᠷᠳᠣᠭ᠎ᠠ᠎ᠶ᠋ᠢᠨ ᠪᠠᠲᠤᠯᠠᠭ᠎ᠠ᠎ᠶ᠋ᠢᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠬᠦ᠌᠎ᠶ᠋ᠢᠨ ᠲᠥᠯᠥᠭᠡ᠂ ᠡᠵᠡᠨ᠎ᠡ ᠬᠣᠱᠢᠭᠤᠨ᠎ᠤ ᠬᠠᠩᠭᠠᠨ ᠪᠣᠷᠣᠯᠠᠭᠤᠯᠬᠤ ᠬᠣᠷᠱᠢᠶ᠎ᠠ ᠤᠷᠢᠳᠴᠢᠯᠠᠨ ᠲᠥᠯᠥᠪᠯᠡᠵᠦ᠍᠂ ᠱᠢᠨᠵᠢᠯᠡᠬᠦ᠌ ᠤᠬᠠᠭᠠᠨᠴᠢ᠎ᠪᠠᠷ ᠪᠠᠢᠷᠢᠯᠠᠭᠤᠯᠵᠤ᠂ ᠡᠪᠡᠰᠦ ᠪᠣᠷᠳᠣᠭ᠎ᠠ ᠨᠥᠭᠡᠴᠡᠯᠡᠬᠦ᠌ ᠲᠤᠰᠭᠠᠶ ᠠᠵᠢᠯᠯᠠᠭ᠎ᠠ᠎ᠶ᠋ᠢ ᠪᠥᠬᠥ᠌ ᠲᠠᠯ᠎ᠠ᠎ᠪᠠᠷ ᠡᠬᠢᠯᠡᠭᠦᠯᠵᠦ᠍᠂ ᠮᠠᠯ ᠠᠵᠤ ᠠᠬᠤᠶ᠎ᠶ᠋ᠢᠨ ᠭᠠᠷᠤᠯᠲᠠ᠎ᠶ᠋ᠢ ᠲᠣᠭ᠍ᠲᠠᠪᠤᠷᠢᠵᠢᠭᠤᠯᠤᠨ ᠬᠠᠩᠭᠠᠯᠭ᠎ᠠ᠎ᠶ᠋ᠢ ᠪᠠᠲᠤᠯᠠᠬᠤ᠎ᠳᠤ 《ᠠᠮᠤ ᠡᠪᠡᠰᠦᠨ᠎ᠤ ᠰᠠᠭᠤᠷᠢ》᠎ᠶ᠋ᠢ ᠪᠡᠬᠢᠵᠢᠭᠦᠯᠪᠡ᠃ ᠨᠥᠭᠡᠴᠡᠯᠡᠬᠦ᠌ ᠠᠵᠢᠯ᠎ᠳᠤ 《ᠨᠢᠭᠡ ᠪᠦᠯᠦᠭ ᠤᠳᠠᠭ᠎ᠠ᠎ᠵᠢ ᠨᠢᠭᠡ ᠤᠳᠠᠭ᠎ᠠ ᠪᠠᠢᠴᠠᠭᠠᠨ ᠬᠡᠮᠵᠢᠵᠦ᠍ ᠨᠢᠭᠡ ᠮᠡᠳᠡᠭᠦᠯᠦᠯᠲᠡ ᠬᠢᠬᠦ》 ᠳᠦᠷᠢᠮ᠎ᠢ ᠬᠡᠷᠡᠭ᠌ᠵᠢᠭᠦᠯᠵᠦ᠍᠂ ᠲᠤᠰᠭᠠᠶ ᠮᠡᠷᠭᠡᠵᠢᠯ᠎ᠦᠨ ᠠᠵᠢᠯᠲᠠᠨ᠎ᠢ ᠵᠣᠬᠢᠶᠠᠨ ᠪᠠᠢᠭᠤᠯᠤᠨ ᠡᠪᠡᠰᠦ ᠪᠣᠷᠳᠣᠭᠠᠨ᠎ᠤ ᠤᠰᠤᠨ᠎ᠤ ᠠᠭᠤᠯᠤᠭᠳᠠᠴᠠ᠂ ᠱᠢᠮ᠎ᠡ ᠲᠡᠵᠢᠭᠡᠯ᠎ᠦᠨ ᠪᠦᠷᠢᠯᠳᠦᠬᠦᠨ ᠵᠡᠷᠭᠡ ᠵᠠᠩᠭᠢᠯᠠᠭ᠎ᠠ᠎ᠶ᠋ᠢᠨ ᠭᠦᠶ᠋ᠴᠡᠳᠭᠡᠯ ᠲᠣᠭ᠎ᠠ᠎ᠳᠤ ᠴᠢᠩᠭ᠎ᠠ ᠪᠠᠢᠴᠠᠭᠠᠨ ᠬᠡᠮᠵᠢᠯᠲᠡ ᠬᠢᠵᠦ᠍᠂ ᠪᠦᠯᠦᠭ ᠤᠳᠠᠭ᠎ᠠ ᠪᠦᠷᠢ᠎ᠶ᠋ᠢᠨ ᠬᠥᠮᠥᠷᠭᠡ᠎ᠳᠦ ᠣᠷᠣᠭᠤᠯᠤᠭ᠍ᠰᠠᠨ ᠡᠪᠡᠰᠦ ᠪᠣᠷᠳᠣᠭᠠᠨ᠎ᠤ ᠶᠠᠰᠤ ᠴᠢᠨᠠᠷ᠎ᠢ ᠮᠥᠷᠳᠡᠵᠦ᠍ ᠪᠣᠯᠬᠤ᠂ ᠠᠮᠤᠷ ᠲᠦᠪᠰᠢᠨ ᠪᠠᠲᠤᠯᠠᠭ᠎ᠠ ᠲᠠᠢ ᠪᠠᠢᠬᠤ᠎ᠶ᠋ᠢ ᠦᠨᠡᠨ ᠬᠦ᠌ ᠪᠠᠲᠤᠯᠠᠪᠠ᠃
ᠬᠠᠩᠭᠠᠨ ᠪᠣᠷᠣᠯᠠᠭᠤᠯᠬᠤ ᠬᠣᠷᠱᠢᠶ᠎ᠠ᠎ᠶ᠋ᠢᠨ ᠦᠨᠳᠦᠰᠦᠨ ᠱᠠᠲᠤᠨ᠎ᠤ ᠲᠤᠤᠷ ᠴᠡᠭ ᠬᠣᠲᠠ ᠬᠥᠳᠡᠭᠡ᠎ᠵᠢ ᠪᠦᠷᠬᠦᠭᠰᠡᠨ ᠳᠠᠪᠠᠭᠤᠯᠢᠭ᠎ᠢ ᠠᠱᠢᠭ᠍ᠯᠠᠨ᠂ ᠠᠷᠤ ᠬᠣᠷᠴᠢᠨ ᠬᠣᠱᠢᠭᠤᠨ᠎ᠤ ᠬᠠᠩᠭᠠᠨ ᠪᠣᠷᠣᠯᠠᠭᠤᠯᠬᠤ ᠬᠣᠷᠱᠢᠶ᠎ᠠ᠎ᠡᠴᠡ ᠭᠤᠤᠯᠯᠠᠨ ᠡᠷᠭᠢᠯᠡᠭ᠌ᠰᠡᠨ ᠬᠤᠨ᠎ᠲᠦ ᠲᠠᠷᠢᠶᠠᠯᠠᠩ᠎ᠤᠨ ᠦᠶ᠋ᠯᠡᠴᠢᠯᠡᠭᠡᠨ᠎ᠦ ᠬᠢᠵᠠᠭᠠᠷᠲᠤ ᠺᠣᠮᠫᠠᠨᠢ᠎ᠨᠢ ᠪᠠᠷᠠᠭᠠᠨ᠎ᠤ ᠭᠦᠶ᠋ᠯᠭᠡᠭᠡ ᠵᠢᠨ ᠡᠬᠢ ᠪᠠᠶᠠᠯᠢᠭ᠎ᠢ ᠨᠡᠢᠳᠬᠡᠵᠤ᠂ ᠭᠠᠷᠤᠯᠲᠠ᠎ᠶ᠋ᠢᠨ ᠣᠷᠣᠨ᠎ᠡᠴᠡ ᠮᠠᠯᠵᠢᠬᠤ ᠣᠷᠣᠨ ᠬᠦᠷᠲᠡᠯᠡᠬᠢ ᠳᠥᠭᠥᠮ ᠲᠦᠷᠬᠡᠨ ᠲᠡᠭᠡᠭᠡᠪᠦᠷᠢ᠎ᠶ᠋ᠢᠨ ᠵᠠᠮ᠎ᠢ ᠪᠠᠢᠭᠤᠯᠵᠤ᠂ 《ᠲᠥᠪᠯᠡᠷᠡᠭᠦᠯᠦᠨ ᠬᠤᠳᠠᠯᠳᠤᠨ ᠠᠪᠬᠤ + ᠨᠢᠭᠡᠳᠦᠯᠲᠡᠶ ᠳᠣᠭᠢᠷᠠᠭᠤᠯᠤᠨ ᠬᠦᠷᠭᠡᠬᠦ᠌》 ᠵᠠᠭ᠍ᠪᠤᠷ᠎ᠢ ᠶᠡᠬᠡᠪᠡᠷ ᠬᠥᠭ᠌ᠵᠢᠭᠦᠯᠵᠦ᠍᠂ ᠪᠣᠢᠳᠠ ᠪᠦᠭ᠌ᠯᠡᠭᠦᠦ ᠮᠠᠯᠵᠢᠬᠤ ᠣᠷᠣᠨ᠎ᠤ ᠲᠡᠵᠢᠭᠡᠯ ᠪᠣᠷᠳᠣᠭᠠᠨ᠎ᠤ ᠦᠨ᠎ᠡ ᠬᠠᠩᠰᠢ᠎ᠶ᠋ᠢ ᠪᠦᠲᠦᠮᠵᠢᠲᠡᠶ ᠪᠠᠭᠤᠷᠠᠭᠤᠯᠪᠠ᠃ ᠡᠨᠡ ᠬᠦ᠌ ᠰᠠᠭᠤᠷᠢᠨ ᠳᠡᠭᠡᠷ᠎ᠡ᠂ 《ᠨᠢᠭᠡᠳᠦᠯᠲᠡᠶ ᠵᠠᠬᠢᠶᠠᠯᠠᠬᠤ᠂ ᠲᠥᠪᠯᠡᠷᠡᠭᠦᠯᠦᠨ ᠬᠤᠳᠠᠯᠳᠤᠨ ᠠᠪᠬᠤ᠂ ᠴᠡᠭ ᠡᠴᠡ ᠴᠡᠭ᠎ᠲᠦ ᠱᠢᠭᠤᠳ ᠬᠦᠷᠭᠡᠬᠦ᠌》 ᠡᠵᠡᠩᠨᠡᠯᠲᠡ᠎ᠶ᠋ᠢᠨ ᠠᠷᠭ᠎ᠠ ᠮᠠᠶᠢᠭ᠎ᠢ ᠬᠡᠷᠡᠭ᠌ᠵᠢᠭᠦᠯᠵᠦ᠍᠂ ᠣᠷᠣᠨ᠎ᠤ ᠳᠣᠲᠣᠷ᠎ᠠ ᠭᠠᠳᠠᠨᠠᠬᠢ ᠴᠢᠨᠠᠷ ᠰᠠᠢᠲᠠᠶ ᠡᠪᠡᠰᠦᠨ᠎ᠦ ᠦᠶ᠋ᠯᠡᠰ᠎ᠦᠨ ᠰᠠᠭᠤᠷᠢᠨ᠂ ᠡᠳ᠋ᠱᠢᠭᠦᠯᠬᠦ᠌ ᠠᠵᠤ ᠠᠬᠤᠢᠯᠠᠯ᠎ᠯᠤᠭ᠎ᠠ ᠣᠷᠳᠣ ᠬᠤᠭᠤᠴᠠᠭᠠᠨ᠎ᠤ ᠲᠣᠭ᠍ᠲᠠᠭᠤᠨ ᠬᠠᠮᠲᠤᠷᠠᠯᠴᠠᠭᠠᠨ᠎ᠤ ᠬᠠᠷᠢᠴᠠᠭ᠎ᠠ ᠵᠢ ᠪᠠᠢᠭᠤᠯᠵᠤ᠂ ᠦᠨ᠎ᠡ ᠬᠠᠩᠰᠢ ᠵᠢ ᠵᠥᠪᠯᠡᠬᠦ᠌ ᠴᠢᠳᠠᠪᠤᠷᠢ᠎ᠶ᠋ᠢ ᠢᠯᠡᠳᠲᠡ ᠳᠡᠭᠡᠭ᠌ᠰᠢᠯᠡᠭᠦᠯᠦᠨ᠂ ᠬᠤᠳᠠᠯᠳᠤᠨ ᠠᠪᠬᠤ ᠥᠪᠡᠷ᠎ᠦᠨ ᠥᠷᠲᠡᠭ᠎ᠢ ᠡᠬᠢ ᠡᠭᠦᠰᠦᠯ᠎ᠡᠴᠡ᠎ᠨᠢ ᠪᠠᠭᠤᠷᠠᠭᠤᠯᠪᠠ᠃
ᠨᠤᠳᠤᠭ ᠪᠡᠯᠴᠢᠭᠡᠷ᠎ᠢ ᠠᠮᠠᠷᠠᠭᠤᠯᠵᠤ ᠨᠤᠳᠤᠭ ᠪᠡᠯᠴᠢᠭᠡᠷ᠎ᠢ ᠬᠠᠮᠠᠭᠠᠯᠠᠬᠤ ᠪᠣᠯ ᠠᠮᠢ ᠠᠬᠤᠶ᠎ᠶ᠋ᠢᠨ ᠬᠠᠯᠬᠠᠪᠴᠢ᠎ᠶ᠋ᠢ ᠬᠠᠮᠠᠭᠠᠯᠠᠬᠤ ᠬᠠᠲᠠᠭᠤ ᠠᠷᠭ᠎ᠠ ᠬᠡᠮᠵᠢᠶ᠎ᠡ ᠮᠥᠨ᠂ ᠭᠦᠶ᠋ᠴᠡᠳ ᠡᠪᠡᠰᠦ ᠪᠣᠷᠳᠣᠭ᠎ᠠ ᠪᠣᠯ ᠮᠠᠯ ᠠᠵᠤ ᠠᠬᠤᠶ᠎ᠶ᠋ᠢᠨ ᠦᠶ᠋ᠯᠡᠳᠪᠦᠷᠢᠯᠡᠯ᠎ᠢ ᠲᠣᠭ᠍ᠲᠠᠪᠤᠷᠢᠵᠢᠭᠤᠯᠬᠤ ᠬᠦᠴᠦᠷᠬᠡᠭ ᠲᠤᠯᠭᠠᠭᠤᠷᠢᠯᠠᠯ ᠮᠥᠨ᠃ 2025 ᠣᠨ᠎ᠳᠤ᠂ ᠥᠪᠥᠷ ᠮᠣᠩᠭᠣᠯ᠎ᠤᠨ ᠬᠠᠩᠭᠠᠨ ᠪᠣᠷᠣᠯᠠᠭᠤᠯᠬᠤ ᠬᠣᠷᠱᠢᠶ᠎ᠠ᠎ᠨᠢ ᠱᠢᠭᠤᠳ ᠬᠠᠷᠢᠶ᠎ᠠ ᠠᠵᠤ ᠠᠬᠤᠢᠯᠠᠯ ᠪᠣᠯᠬᠤ ᠵᠥᠩ ᠨᠦᠩ (ᠥᠪᠥᠷ ᠮᠣᠩᠭᠣᠯ) ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭ᠌ᠰᠡᠯ᠎ᠦᠨ ᠬᠢᠵᠠᠭᠠᠷᠲᠤ ᠺᠣᠮᠫᠠᠨᠢ᠎ᠶ᠋ᠢ ᠵᠢᠯᠣᠭᠣᠳᠴᠤ᠌ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭ᠌ᠰᠡᠯ᠎ᠦᠨ ᠬᠠᠩᠭᠠᠯᠭ᠎ᠠ᠎ᠶ᠋ᠢᠨ ᠬᠣᠯᠪᠣᠭ᠎ᠠ᠎ᠶ᠋ᠢ ᠲᠦᠷᠦᠭᠦᠯᠡᠨ ᠵᠣᠬᠢᠶᠠᠨ ᠪᠠᠢᠭᠤᠯᠵᠤ᠂ ᠡᠬᠢᠨ᠎ᠤ ᠬᠡᠯᠬᠢᠶ᠎ᠡ ᠵᠢᠨ ᠦᠶ᠋ᠯᠡᠳᠪᠦᠷᠢᠯᠡᠯ᠎ᠦᠨ ᠠᠵᠤ ᠠᠬᠤᠢᠯᠠᠯ ᠪᠣᠯᠤᠨ ᠮᠥᠩᠭᠥᠨ ᠭᠦᠶ᠋ᠯᠭᠡᠭᠡᠨ᠎ᠦ ᠪᠠᠢᠭᠤᠯᠤᠮᠵᠢ ᠲᠠᠶ ᠢᠳᠡᠪᠬᠢᠲᠡᠶ᠎ᠪᠡᠷ ᠵᠣᠯᠭᠠᠭᠤᠯᠵᠤ᠂ ᠪᠠᠷᠠᠭᠠᠨ᠎ᠤ ᠢᠷᠡᠯᠲᠡ᠎ᠶ᠋ᠢᠨ ᠪᠠᠲᠤᠯᠠᠭ᠎ᠠ᠂ ᠪᠠᠯᠠ ᠮᠥᠩᠭᠥ᠎ᠶ᠋ᠢᠨ ᠳᠡᠮᠵᠢᠯᠭᠡ᠎ᠶ᠋ᠢ ᠴᠢᠩᠭᠠᠷᠠᠭᠤᠯᠤᠨ᠂ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ᠎ᠶ᠋ᠢ ᠲᠣᠭ᠍ᠲᠠᠪᠤᠷᠢᠵᠢᠭᠤᠯᠬᠤ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠪᠠ᠃
ᠡᠭᠦᠨ᠎ᠦ ᠬᠠᠮᠲᠤ᠂ ᠥᠪᠥᠷ ᠮᠣᠩᠭᠣᠯ᠎ᠤᠨ ᠬᠠᠩᠭᠠᠨ ᠪᠣᠷᠣᠯᠠᠭᠤᠯᠬᠤ ᠬᠣᠷᠱᠢᠶ᠎ᠠ᠎ᠶ᠋ᠢᠨ ᠱᠢᠰᠲ᠋ᠧᠮ ᠨᠢ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ ᠭᠤᠷᠪᠠᠨ ᠱᠠᠲᠤᠨ᠎ᠤ ᠲᠠᠷᠢᠶᠠᠯᠠᠩ᠎ᠤᠨ ᠦᠶ᠋ᠯᠡᠳᠪᠦᠷᠢᠯᠡᠯ᠎ᠦᠨ ᠬᠡᠷᠡᠭ᠌ᠰᠡᠯ᠎ᠦᠨ ᠬᠠᠩᠭᠠᠯᠭ᠎ᠠ᠎ᠶ᠋ᠢ ᠪᠠᠲᠤᠯᠠᠬᠤ ᠲᠤᠰᠭᠠᠶ ᠠᠩᠭᠢ᠎ᠶ᠋ᠢᠨ ᠦᠶ᠋ᠯᠡᠳᠦᠯ᠎ᠢ ᠪᠠᠳᠠᠷᠠᠭᠤᠯᠵᠤ᠂ ᠨᠥᠬᠥᠴᠡᠯ᠎ᠢ ᠪᠦᠷᠢᠯᠳᠦᠭᠦᠯᠦᠭ᠌ᠰᠡᠨ ᠭᠠᠵᠠᠷ ᠣᠷᠣᠨ᠎ᠤ ᠣᠷᠣᠨ ᠨᠤᠲᠤᠭ᠎ᠤᠨ ᠬᠢᠮᠢ᠎ᠶ᠋ᠢᠨ ᠪᠣᠷᠲᠣᠭᠣᠷ᠂ ᠲᠡᠵᠢᠭᠡᠯ ᠡᠪᠡᠰᠦ ᠪᠣᠷᠳᠣᠭ᠎ᠠ ᠵᠡᠷᠭᠡ ᠲᠠᠷᠢᠶᠠᠯᠠᠩ᠎ᠤᠨ ᠦᠶ᠋ᠯᠡᠳᠪᠦᠷᠢᠯᠡᠯ᠎ᠦᠨ ᠬᠡᠷᠡᠭ᠌ᠰᠡᠯ᠎ᠢ ᠨᠥᠭᠡᠴᠡᠯᠡᠬᠦ᠌ ᠲᠦᠷᠢᠮ᠎ᠢ ᠪᠠᠢᠭᠤᠯᠬᠤ᠎ᠶ᠋ᠢ ᠠᠬᠢᠭᠤᠯᠵᠤ᠂ ᠪᠠᠴᠢᠮ ᠪᠠᠢᠳᠠᠯ᠎ᠢ ᠠᠷᠭᠠᠴᠡᠭᠠᠵᠤ ᠬᠠᠩᠭᠠᠯᠭ᠎ᠠ᠎ᠶ᠋ᠢ ᠪᠠᠲᠤᠯᠠᠬᠤ ᠲᠣᠭ᠍ᠲᠡᠴᠡ᠎ᠶ᠋ᠢ ᠪᠦᠷᠢᠨᠱᠢᠭᠦᠯᠵᠦ᠍᠂ ᠡᠯ᠎ᠡ ᠠᠢᠮᠠᠭ ᠬᠣᠲᠠ᠎ᠶ᠋ᠢᠨ ᠬᠣᠷᠱᠢᠶ᠎ᠠ ᠵᠢᠴᠢ ᠱᠢᠭᠤᠳ ᠬᠠᠷᠢᠶ᠎ᠠ ᠠᠵᠤ ᠠᠬᠤᠢᠯᠠᠯ᠎ᠤᠨ ᠲᠠᠷᠢᠶᠠᠯᠠᠩ᠎ᠤᠨ ᠦᠶ᠋ᠯᠡᠳᠪᠦᠷᠢᠯᠡᠯ᠎ᠦᠨ ᠬᠡᠷᠡᠭ᠌ᠰᠡᠯ᠎ᠢ ᠱᠢᠯᠵᠢᠭᠦᠯᠦᠨ ᠲᠡᠭᠡᠭᠡᠪᠦᠷᠢᠯᠡᠬᠦ᠌᠂ ᠬᠥᠮᠥᠷᠭᠡᠯᠡᠬᠦ᠌᠂ ᠦᠨ᠎ᠡ ᠬᠠᠩᠰᠢ᠎ᠶ᠋ᠢᠨ ᠪᠠᠢᠳᠠᠯ᠎ᠢ ᠬᠥᠳᠡᠯᠦᠩᠭᠦᠶ᠎ᠪᠡᠷ ᠡᠵᠡᠮᠱᠢᠵᠦ᠍᠂ ᠲᠣᠪᠣᠢᠮ᠎ᠠ ᠠᠰᠠᠭᠤᠳᠠᠯ᠎ᠢ ᠵᠣᠬᠢᠴᠠᠭᠤᠯᠤᠨ ᠱᠢᠶ᠋ᠳᠪᠦᠷᠢᠯᠡᠪᠡ᠃
ᠨᠢᠭᠡ ᠲᠠᠯ᠎ᠠ ᠪᠡᠷ ᠲᠠᠯ᠎ᠠ ᠨᠤᠲᠤᠭ᠎ᠤᠨ ᠠᠮᠢ ᠠᠬᠤᠶ᠎ᠶ᠋ᠢ ᠰᠠᠬᠢᠨ ᠬᠠᠮᠠᠭᠠᠯᠠᠵᠤ᠂ ᠨᠦᠬᠦᠭᠡ ᠲᠠᠯ᠎ᠠ᠎ᠪᠠᠷ ᠮᠠᠯ ᠠᠵᠤ ᠠᠬᠤᠶ᠎ᠶ᠋ᠢᠨ ᠠᠵᠤ ᠦᠶ᠋ᠯᠡᠰ᠎ᠲᠦ ᠬᠦᠴᠦᠨ ᠨᠡᠮᠡᠷᠢᠯᠡᠨ᠎ᠡ᠃ ᠥᠪᠥᠷ ᠮᠣᠩᠭᠣᠯ᠎ᠤᠨ ᠬᠠᠩᠭᠠᠨ ᠪᠣᠷᠣᠯᠠᠭᠤᠯᠬᠤ ᠬᠣᠷᠱᠢᠶ᠎ᠠ᠎ᠶ᠋ᠢᠨ ᠱᠢᠰᠲ᠋ᠧᠮ ᠪᠦᠷᠢᠨ ᠲᠡᠭᠦᠯᠳᠡᠷ ᠡᠪᠡᠰᠦ ᠪᠣᠷᠳᠣᠭ᠎ᠠ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠱᠢᠰᠲ᠋ᠧᠮ᠂ ᠰᠡᠳᠭᠢᠯ᠎ᠢ ᠳᠤᠯᠠᠭᠠᠴᠡᠭᠤᠯᠤᠨ ᠪᠣᠳᠠᠲᠠᠶ᠎ᠶ᠋ᠢ ᠡᠷᠬᠢᠮᠯᠡᠭᠰᠡᠨ ᠠᠷᠠᠳ᠎ᠲᠤ ᠠᠱᠢᠭ ᠬᠦᠷᠲᠡᠭᠡᠬᠦ᠌ ᠠᠷᠭ᠎ᠠ ᠬᠡᠮᠵᠢᠶ᠎ᠡ᠂ ᠥᠨᠳᠥᠷ ᠪᠦᠲᠦᠮᠵᠢᠲᠡᠶ ᠣᠲᠣ ᠦᠶ᠎ᠡ᠎ᠶ᠋ᠢᠨ ᠡᠵᠡᠩᠨᠡᠯᠲᠡ᠎ᠶ᠋ᠢᠨ ᠵᠠᠭ᠍ᠪᠤᠷ᠎ᠲᠤ ᠲᠦᠱᠢᠭ᠌ᠯᠡᠨ᠂ ᠦᠨᠳᠦᠰᠦᠨ ᠱᠠᠲᠤᠨ᠎ᠤ ᠦᠶ᠋ᠯᠡᠴᠢᠯᠡᠭᠡ᠎ᠶ᠋ᠢ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠲᠡᠵᠢᠭᠡᠨ ᠦᠷᠡᠵᠢᠭᠦᠯᠬᠦ᠌ ᠬᠥᠭ᠌ᠵᠢᠯᠲᠡ᠎ᠶ᠋ᠢᠨ ᠡᠪᠡᠷᠱᠢᠶᠡᠯ ᠠᠰᠠᠭᠤᠳᠠᠯ᠎ᠢ ᠣᠨᠣᠪᠴᠢᠲᠠᠶ ᠱᠢᠶ᠋ᠳᠪᠦᠷᠢᠯᠡᠨ᠂ ᠪᠡᠯᠴᠢᠬᠡᠷ᠎ᠤᠨ ᠮᠠᠯ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ ᠪᠣᠶ᠃