ᠥᠪᠥᠷ ᠮᠣᠩᠭᠣᠯ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢᠨ ᠲᠤᠰᠬᠠᠶ ᠰᠡᠳᠦᠪᠲᠦ᠍ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠡᠷᠭᠢᠯᠡᠪᠡ
2026-06-14 12:28:35
ᠵᠣᠬᠢᠶᠠᠭ᠍ᠴᠢ᠄
ᠯᠢ ᠼᠦᠨ ᠰᠢᠶᠠ
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 12᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠢᠭᠡᠳᠦᠮᠡᠯ ᠹᠷᠣᠨᠲ ᠤ᠋ᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠦᠨᠳᠦᠰᠦᠲᠡᠨ ᠱᠠᠰᠢᠨ ᠰᠤᠷᠲᠠᠬᠤᠨ᠎ᠤ ᠵᠥᠪᠯᠡᠯ᠎ᠡᠴᠡ ᠬᠠᠮᠲᠤᠷᠠᠨ ᠥᠷᠨᠢᠭᠦᠯᠦᠭᠰᠡᠨ 《ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠠᠬᠢᠭᠤᠯᠬᠤ ᠬᠠᠤᠯᠢ》 (ᠳᠣᠷᠣᠭᠰᠢ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠠᠬᠢᠭᠤᠯᠬᠤ ᠬᠠᠤᠯᠢ ᠭᠡᠵᠦ᠍ ᠳᠥᠭᠥᠮᠴᠢᠯᠡᠨ᠎ᠡ) ᠵᠢᠨ ᠲᠤᠰᠬᠠᠢ ᠰᠡᠳᠦᠪᠲᠦ᠍ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠬᠥᠬᠡᠬᠣᠲᠠ᠎ᠳᠤ ᠶᠠᠪᠤᠭᠳᠠᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠎ᠦᠨ ᠠᠯᠪᠠᠨ ᠭᠡᠷ᠎ᠦᠨ ᠳᠡᠳ᠋ ᠡᠷᠬᠢᠯᠡᠭᠴᠢ ᠶᠠᠩ ᠴᠧᠩ ᠰᠢ᠎ᠶᠢ ᠤᠷᠢᠵᠤ ᠲᠤᠰᠬᠠᠢ ᠰᠡᠳᠦᠪᠲᠦ᠍ ᠤᠬᠠᠭᠤᠯᠤᠨ ᠲᠠᠶ᠋ᠢᠯᠪᠤᠷᠢᠯᠠᠯᠲᠠ ᠬᠢᠯᠭᠡᠪᠡ᠃ ᠥᠪᠡᠷᠲᠡᠭᠡᠨ ᠵᠠᠰᠠᠬᠤ ᠣᠷᠣᠨ ᠵᠢᠴᠢ ᠬᠥᠬᠡᠬᠣᠲᠠ᠎ᠶᠢᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠶᠢᠨ ᠺᠠᠳ᠋ᠷ᠂ ᠡᠯ᠎ᠡ ᠬᠣᠰᠢᠭᠤ ᠰᠢᠶᠠᠨ ᠲᠣᠭᠣᠷᠢᠭ᠎ᠤᠨ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠦᠨ ᠺᠠᠳ᠋ᠷ ᠵᠢᠴᠢ ᠥᠪᠡᠷᠲᠡᠭᠡᠨ ᠵᠠᠰᠠᠬᠤ ᠣᠷᠣᠨ᠎ᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠬᠥᠮᠦᠵᠢᠯ ᠦᠢᠯᠡᠳᠦᠯᠭᠡ᠎ᠶᠢᠨ ᠰᠠᠭᠤᠷᠢᠨ᠎ᠤ ᠬᠣᠯᠪᠣᠭᠳᠠᠯ ᠪᠦᠬᠦᠢ ᠠᠵᠢᠯᠳᠠᠨ ᠵᠡᠷᠭᠡ 200 ᠰᠢᠬᠠᠮ ᠬᠥᠮᠦᠨ ᠰᠤᠷᠤᠯᠴᠠᠯᠭ᠎ᠠ᠎ᠳᠤ ᠣᠷᠣᠯᠴᠠᠪᠠ᠃

ᠲᠣᠰ ᠤᠳᠠᠭ᠎ᠠ ᠵᠢᠨ ᠤᠬᠠᠭᠤᠯᠤᠨ ᠲᠠᠶ᠋ᠢᠯᠪᠤᠷᠢᠯᠠᠯᠲᠠ ᠨᠢ 《ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ ᠶᠣᠰᠣᠭᠠᠷ ᠵᠠᠰᠠᠬᠤ ᠴᠢᠳᠠᠪᠤᠷᠢ ᠪᠠ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠬᠦ》 ᠪᠡᠷ ᠭᠤᠤᠯ ᠰᠡᠳᠦᠪ ᠪᠣᠯᠭᠠᠵᠤ᠂ ᠬᠣᠯᠪᠣᠭᠳᠠᠯ ᠪᠥᠬᠥᠶ ᠰᠠᠯᠠᠭ᠎ᠠ ᠮᠥᠴᠢᠷ᠎ᠦᠨ ᠺᠠᠳ᠋ᠷ ᠠᠵᠢᠯᠲᠠᠨ᠎ᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠬᠠᠤᠯᠢ ᠴᠠᠭᠠᠵᠠ ᠬᠠᠤᠯᠢ ᠲᠣᠭᠲᠠᠭᠠᠯ᠎ᠤᠨ ᠲᠤᠬᠠᠶ ᠣᠶ᠋ᠢᠯᠠᠭᠠᠯᠲᠠ ᠪᠠ ᠡᠵᠡᠮᠰᠢᠯ᠎ᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠍᠂ ᠣᠯᠠᠨ ᠤ᠋ ᠬᠠᠤᠯᠢ᠎ᠪᠠᠷ ᠵᠠᠰᠠᠬᠤ ᠰᠡᠳᠬᠢᠬᠦᠶ ᠪᠠ ᠬᠠᠤᠯᠢ᠎ᠪᠠᠷ ᠵᠠᠰᠠᠬᠤ ᠠᠷᠭ᠎ᠠ ᠮᠠᠶᠢᠭ᠎ᠢ ᠬᠡᠷᠡᠭᠯᠡᠨ ᠦᠨᠳᠦᠰᠦᠲᠡᠨ᠎ᠦ ᠬᠡᠷᠡᠭ ᠶᠠᠪᠤᠳᠠᠯ᠎ᠢ ᠰᠢᠢᠳᠪᠦᠷᠢᠯᠡᠬᠦ᠌ ᠴᠢᠳᠠᠪᠤᠷᠢ᠎ᠶᠢ ᠦᠨᠡᠨ ᠬᠦ᠌ ᠳᠡᠭᠡᠭᠰᠢᠯᠡᠭᠦᠯᠬᠦ᠌᠎ᠪᠡᠷ ᠵᠣᠷᠢᠯᠭ᠎ᠠ᠎ᠪᠠᠨ ᠪᠣᠯᠭᠠᠵᠠᠶ᠃ ᠤᠬᠠᠭᠤᠯᠤᠨ ᠲᠠᠶ᠋ᠢᠯᠪᠤᠷᠢᠯᠠᠭᠴᠢ ᠣᠳᠣᠬᠠᠨ᠎ᠤ ᠦᠨᠳᠦᠰᠦᠲᠡᠨ᠎ᠦ ᠠᠵᠢᠯ᠎ᠤᠨ ᠰᠢᠨ᠎ᠡ ᠪᠠᠶ᠋ᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ᠎ᠲᠠᠶ ᠤᠶᠠᠯᠳᠤᠭᠤᠯᠤᠨ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢᠨ ᠬᠠᠤᠯᠢ ᠲᠣᠭᠲᠠᠭᠠᠬᠤ ᠠᠵᠢᠯ᠎ᠢ ᠡᠬᠢᠯᠡᠭᠦᠯᠦᠭᠰᠡᠨ ᠠᠬᠤᠶ ᠪᠠᠶ᠋ᠢᠳᠠᠯ ᠪᠠ ᠥᠩᠭᠡᠷᠡᠯᠲᠡ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢᠨ ᠴᠢᠬᠤᠯᠠ ᠶᠡᠬᠡ ᠠᠴᠢ ᠬᠣᠯᠪᠣᠭᠳᠠᠯ᠂ ᠵᠢᠯᠣᠭᠣᠳᠬᠤ ᠦᠵᠡᠯ ᠰᠠᠨᠠᠭ᠎ᠠ᠂ ᠠᠵᠢᠯ᠎ᠤᠨ ᠵᠠᠷᠴᠢᠮ᠂ ᠭᠤᠤᠯ ᠠᠭᠤᠯᠭ᠎ᠠ ᠪᠠ ᠰᠢᠨ᠎ᠡ᠎ᠶᠢ ᠡᠭᠦᠳᠦᠭᠰᠡᠨ ᠬᠢᠯᠠᠰ ᠴᠡᠭ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠬᠡᠷᠡᠭᠵᠢᠭᠦᠯᠬᠦ᠌᠎ᠳᠦ ᠡᠵᠡᠮᠳᠡᠬᠦ᠌ ᠴᠢᠬᠤᠯᠠᠲᠠᠶ ᠭᠤᠤᠯᠳᠠᠯᠭ᠎ᠠ᠎ᠲᠠᠶ ᠠᠰᠠᠭᠤᠳᠠᠯ ᠵᠢᠴᠢ ᠰᠢᠨ᠎ᠡ ᠴᠠᠭ ᠦᠶ᠎ᠡ᠎ᠶᠢᠨ ᠦᠨᠳᠦᠰᠦᠲᠡᠨ᠎ᠦ ᠠᠵᠢᠯ᠎ᠤᠨ ᠬᠠᠤᠯᠢ ᠴᠠᠭᠠᠵᠠ ᠬᠠᠤᠯᠢ ᠲᠣᠭᠲᠠᠭᠠᠯ᠎ᠤᠨ ᠰᠢᠰᠲ᠋ᠧᠮ᠎ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠬᠦ᠌ ᠵᠡᠷᠭᠡ ᠲᠠᠯ᠎ᠠ᠎ᠡᠴᠡ ᠪᠥᠬᠥ᠌ ᠲᠠᠯ᠎ᠠ᠎ᠪᠠᠷ ᠰᠢᠰᠲ᠋ᠧᠮ᠎ᠲᠡᠶ ᠲᠣᠳᠣᠷᠬᠠᠶ᠋ᠢᠯᠠᠨ ᠲᠠᠶ᠋ᠢᠯᠪᠤᠷᠢᠯᠠᠪᠠ᠃ ᠡᠭᠦᠨ᠎ᠦ ᠬᠠᠮᠲᠤ᠌᠂ ᠤᠬᠠᠭᠤᠯᠤᠨ ᠲᠠᠶ᠋ᠢᠯᠪᠤᠷᠢᠯᠠᠭᠴᠢ᠎ᠡᠴᠡ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠳᠠᠬᠢ ᠦᠨᠳᠦᠰᠦᠲᠡᠨ᠎ᠦ ᠪᠦᠯᠬᠦᠮᠳᠡᠯ᠎ᠦᠨ ᠤᠬᠠᠭᠤᠯᠭ᠎ᠠ ᠬᠥᠮᠦᠵᠢᠯ᠂ ᠡᠷᠬᠡ ᠡᠭᠦᠷᠭᠡ᠂ ᠪᠠᠲᠤᠯᠠᠭ᠎ᠠ᠎ᠶᠢᠨ ᠲᠣᠭᠲᠠᠴᠠ᠂ ᠬᠠᠷᠢᠭᠤᠴᠠᠯᠭ᠎ᠠ᠎ᠶᠢ ᠨᠠᠶ᠋ᠢᠳᠠᠪᠤᠷᠢᠵᠢᠭᠤᠯᠬᠤ ᠵᠡᠷᠭᠡ ᠭᠤᠤᠯᠳᠠᠯᠭ᠎ᠠ ᠲᠠᠶ ᠠᠭᠤᠯᠭ᠎ᠠ᠎ᠶᠢ ᠭᠦᠨᠵᠡᠭᠡᠶ ᠪᠥᠭᠡᠳ ᠣᠶ᠋ᠢᠯᠠᠭᠠᠮᠵᠢᠲᠠᠶ ᠲᠠᠶ᠋ᠢᠯᠪᠤᠷᠢᠯᠠᠬᠤ᠎ᠶᠢᠨ ᠬᠠᠮᠲᠤ᠌ ᠦᠨᠳᠦᠰᠦᠲᠡᠨ᠎ᠦ ᠭᠠᠵᠠᠷ ᠣᠷᠣᠨ᠎ᠤ ᠠᠵᠢᠯ᠎ᠤᠨ ᠪᠣᠳᠠᠲᠤ᠌ ᠬᠡᠷᠡᠭ᠎ᠦᠨ ᠵᠢᠱ᠌ᠢᠶ᠎ᠡ᠎ᠲᠡᠶ ᠤᠶᠠᠯᠳᠤᠭᠤᠯᠤᠨ᠂ ᠬᠠᠤᠯᠢ ᠶᠣᠰᠣᠭᠠᠷ ᠦᠨᠳᠦᠰᠦᠲᠡᠨ᠎ᠦ ᠠᠵᠢᠯ᠎ᠢ ᠥᠷᠨᠢᠭᠦᠯᠬᠦ᠌᠂ ᠦᠨᠳᠦᠰᠦᠲᠡᠨ᠎ᠦ ᠬᠦᠷᠢᠶᠡᠨ᠎ᠳᠡᠬᠢ ᠠᠶᠤᠯ ᠲᠦᠭᠰᠢᠭᠦᠷᠢ ᠬᠡᠮ ᠰᠣᠭᠣᠭ᠎ᠢ ᠠᠷᠢᠯᠭᠠᠬᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠪᠣᠳᠠᠲᠠᠶ ᠠᠷᠭ᠎ᠠ᠎ᠶᠢ ᠲᠠᠶ᠋ᠢᠯᠪᠤᠷᠢᠯᠠᠵᠤ᠂ ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ ᠶᠣᠰᠣᠭᠠᠷ ᠵᠠᠰᠠᠬᠤ᠎ᠶᠢᠨ ᠴᠢᠬᠤᠯᠠ ᠴᠢᠨᠠᠷ᠂ ᠵᠠᠶ᠋ᠢᠯᠠᠰᠢ ᠥᠬᠡᠶ ᠴᠢᠨᠠᠷ᠎ᠢ ᠭᠦᠨᠵᠡᠭᠡᠶ ᠵᠠᠳᠠᠯᠵᠤ᠂ ᠬᠤᠷᠠᠯ᠎ᠳᠤ ᠣᠷᠣᠯᠴᠠᠭᠰᠠᠳ᠎ᠢ ᠰᠢᠨ᠎ᠡ ᠴᠠᠭ ᠦᠶ᠎ᠡ᠎ᠶᠢᠨ ᠦᠨᠳᠦᠰᠦᠲᠡᠨ᠎ᠦ ᠠᠵᠢᠯ᠎ᠢ ᠬᠠᠤᠯᠢᠵᠢᠭᠤᠯᠬᠤ᠂ ᠵᠢᠷᠤᠮᠵᠢᠭᠤᠯᠬᠤ ᠪᠠᠶ᠋ᠢᠭᠤᠯᠤᠯᠲᠠ᠎ᠳᠤ ᠨᠠᠩ ᠰᠢᠰᠲ᠋ᠧᠮ᠎ᠲᠡᠶ ᠪᠥᠭᠡᠳ ᠭᠦᠨ ᠭᠦᠨᠵᠡᠭᠡᠶ ᠲᠠᠨᠢᠯᠲᠠ᠎ᠲᠠᠶ ᠪᠣᠯᠭᠠᠪᠠ᠃

ᠬᠤᠷᠠᠯ᠎ᠳᠤ ᠣᠷᠣᠯᠴᠠᠭᠰᠠᠳ᠂ ᠤᠬᠠᠭᠤᠯᠤᠨ ᠲᠠᠶ᠋ᠢᠯᠪᠤᠷᠢᠯᠠᠭᠰᠠᠨ ᠠᠭᠤᠯᠭ᠎ᠠ ᠨᠢ ᠪᠠᠶᠠᠯᠢᠭ᠂ ᠵᠢᠯᠣᠭᠣᠳᠬᠤ ᠴᠢᠨᠠᠷ᠎ᠢᠶᠠᠷ ᠴᠢᠩᠭ᠎ᠠ᠂ ᠣᠨᠣᠯ᠎ᠤᠨ ᠦᠨᠳᠦᠷᠴᠡ ᠲᠠᠢ ᠮᠥᠷᠲᠡᠭᠡᠨ ᠪᠠᠰᠠ ᠠᠵᠢᠯ᠎ᠤᠨ ᠪᠣᠳᠠᠲᠤ᠌ ᠪᠠᠶ᠋ᠢᠳᠠᠯ᠎ᠲᠠᠶ ᠨᠡᠶ᠋ᠢᠴᠡᠵᠦ᠍᠂ ᠦᠨᠳᠦᠰᠦᠲᠡᠨ᠎ᠦ ᠠᠵᠢᠯ᠎ᠤᠨ ᠬᠠᠤᠯᠢ ᠪᠡᠷ ᠵᠠᠰᠠᠬᠤ ᠣᠨᠣᠯ᠎ᠤᠨ ᠰᠠᠭᠤᠷᠢ᠎ᠶᠢ ᠪᠦᠲᠦᠮᠵᠢᠲᠡᠶ ᠪᠠᠲᠤᠳᠬᠠᠪᠠ ᠭᠡᠵᠦ ᠢᠯᠡᠳᠭᠡᠵᠡᠭᠡᠪᠡ᠃

ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠡᠴᠡ ᠤᠬᠠᠭᠤᠯᠤᠨ ᠲᠠᠶ᠋ᠢᠯᠪᠤᠷᠢᠯᠠᠬᠤ ᠴᠢᠨᠠᠷ ᠰᠠᠶ᠋ᠢᠲᠠᠶ ᠡᠬᠢ ᠪᠠᠶᠠᠯᠢᠭ᠎ᠢ ᠨᠡᠢᠳᠭᠡᠵᠦ᠂ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠎ᠢ ᠵᠣᠬᠢᠶᠠᠨ ᠪᠠᠶ᠋ᠢᠭᠤᠯᠤᠨ ᠠᠶ᠋ᠢᠮᠠᠭ ᠬᠣᠲᠠ᠂ ᠠᠵᠤ ᠠᠬᠤᠶ᠋ᠢᠯᠠᠯ ᠪᠠ ᠦᠨᠳᠦᠰᠦᠨ ᠱᠠᠲᠤᠨ᠎ᠳᠤ ᠬᠦᠷᠴᠦ᠍ ᠣᠯᠠᠨ ᠲᠠᠰ ᠳᠠᠪᠬᠤᠷᠭ᠎ᠠ᠎ᠶᠢᠨ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠥᠷᠨᠢᠭᠦᠯᠦᠨ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢᠨ ᠭᠤᠤᠯ ᠠᠭᠤᠯᠭ᠎ᠠ᠂ ᠬᠠᠤᠯᠢ ᠴᠠᠭᠠᠵᠠ᠎ᠶᠢᠨ ᠵᠦᠢᠯ ᠵᠤᠷᠪᠤᠰ᠂ ᠲᠥᠷᠥ᠎ᠶᠢᠨ ᠪᠣᠳᠣᠯᠭ᠎ᠠ᠎ᠶᠢᠨ ᠠᠭᠤᠯᠤᠭᠳᠠᠬᠤᠨ ᠪᠠ ᠦᠢᠯᠡᠳᠦᠯᠭᠡ᠎ᠶᠢᠨ ᠱᠠᠭᠠᠷᠳᠠᠯᠭ᠎ᠠ᠎ᠶᠢ ᠣᠨᠣᠪᠴᠢᠲᠠᠶ ᠲᠠᠶ᠋ᠢᠯᠪᠤᠷᠢᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠬᠥᠮᠦᠵᠢᠯ᠎ᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠨᠠᠶ᠋ᠢᠳᠠᠪᠤᠷᠢᠵᠢᠭᠤᠯᠬᠤ᠎ᠶᠢ ᠠᠬᠢᠭᠤᠯᠤᠨ᠎ᠠ ᠭᠡᠵᠦ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号