6 ᠰᠠᠷ᠎ᠠ᠎ᠶᠢᠨ 11 ᠤ᠋ ᠡᠳᠦᠷ ᠬᠤᠷᠠᠯᠳᠤᠭᠰᠠᠨ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠪᠠᠢᠩᠭᠤ᠎ᠶᠢᠨ ᠬᠤᠷᠠᠯ ᠡᠴᠡ 《ᠰᠤᠷᠭᠠᠨ ᠬᠥᠮᠦᠵᠢᠯ᠎ᠦᠨ ᠬᠥᠭᠵᠢᠯᠲᠡ᠎ᠶᠢᠨ 〈ᠠᠷᠪᠠᠨ ᠲᠠᠪᠤᠳᠤᠭᠠᠷ ᠲᠠᠪᠤᠨ ᠵᠢᠯ〉᠎ᠤ᠋ᠨ ᠲᠥᠯᠥᠪᠵᠢᠭᠦᠯᠭᠡ》ᠵᠢ ᠬᠢᠨᠠᠨ ᠵᠦᠪᠯᠡᠵᠦ ᠪᠠᠲᠤᠯᠠᠪᠠ᠃
ᠰᠤᠷᠭᠠᠨ ᠬᠥᠮᠦᠵᠢᠯ ᠪᠣᠯ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠰᠠᠭᠤᠷᠢ ᠮᠥᠨ᠃ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶᠢᠨ ᠬᠤᠭᠤᠴᠠᠭᠠᠨ᠎ᠳᠤ᠂ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ᠎ᠶᠢᠨ ᠪᠠᠲᠤ᠌ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ᠎ᠤ ᠤᠯᠤᠰ᠎ᠤᠨ ᠰᠤᠷᠭᠠᠨ ᠬᠥᠮᠦᠵᠢᠯ᠎ᠦᠨ ᠦᠢᠯᠡᠰ ᠲᠡᠦᠬᠡᠲᠦ᠍ ᠴᠢᠨᠠᠷᠲᠠᠢ ᠠᠮᠵᠢᠯᠲᠠ ᠣᠯᠵᠤ᠂ ᠪᠠᠶ᠋ᠢᠷᠢᠰᠢᠯ᠎ᠤᠨ ᠴᠢᠨᠠᠷᠲᠠᠢ ᠬᠤᠪᠢᠷᠠᠯᠲᠠ ᠭᠠᠷᠴᠠᠢ᠃ ᠮᠠᠨ᠎ᠤ ᠤᠯᠤᠰ ᠨᠢᠭᠡᠨᠲᠡ ᠬᠡᠪᠴᠢᠶ᠎ᠡ᠎ᠪᠡᠷ ᠬᠠᠮᠤᠭ᠎ᠤᠨ ᠶᠡᠬᠡ ᠪᠥᠭᠡᠳ ᠴᠢᠨᠠᠷ ᠰᠠᠶ᠋ᠢᠲᠠᠶ ᠰᠤᠷᠭᠠᠨ ᠬᠥᠮᠦᠵᠢᠯ᠎ᠦᠨ ᠰᠢᠰᠲ᠋ᠧᠮ᠎ᠢ ᠪᠠᠶ᠋ᠢᠭᠤᠯᠵᠤ᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠤᠨ ᠪᠥᠲᠥᠭᠡᠨ ᠪᠠᠶ᠋ᠢᠭᠤᠯᠤᠯᠲᠠ ᠯᠠᠪᠳᠠᠭᠤᠨ ᠪᠠᠲᠤᠲᠠᠶ ᠠᠯᠬᠤᠮ᠎ᠢ ᠠᠯᠬᠤᠪᠠ᠃
《〈ᠠᠷᠪᠠᠨ ᠲᠠᠪᠤᠳᠤᠭᠠᠷ ᠲᠠᠪᠤᠨ ᠵᠢᠯ〉᠎ᠤ᠋ᠨ ᠲᠥᠯᠥᠪᠵᠢᠭᠦᠯᠭᠡ᠎ᠶᠢᠨ ᠬᠤᠭᠤᠴᠠᠭ᠎ᠠ ᠪᠣᠯ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠤᠷᠢᠳᠤᠬᠢ᠎ᠶᠢ ᠵᠠᠯᠭᠠᠮᠵᠢᠯᠠᠨ ᠢᠷᠡᠭᠡᠳᠦᠢ᠎ᠶᠢ ᠨᠡᠭᠡᠭᠡᠬᠦ᠌᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶᠢᠨ ᠬᠤᠭᠤᠴᠠᠭ᠎ᠠ ᠮᠥᠨ》᠃ ᠳᠤᠮᠳᠠᠳᠤ ᠤᠯᠤᠰ᠎ᠤᠨ ᠰᠤᠷᠭᠠᠨ ᠬᠥᠮᠦᠵᠢᠯ᠎ᠦᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠰᠤᠳᠤᠯᠤᠭᠴᠢ ᠴᠥ ᠵᠤᠤ ᠬᠤᠢ᠎ᠶᠢᠨ ᠦᠵᠡᠬᠦ᠌᠎ᠪᠡᠷ᠂ 《ᠰᠤᠷᠭᠠᠨ ᠬᠥᠮᠦᠵᠢᠯ᠎ᠦᠨ ᠬᠥᠭᠵᠢᠯᠲᠡ᠎ᠶᠢᠨ 〈ᠠᠷᠪᠠᠨ ᠲᠠᠪᠤᠳᠤᠭᠠᠷ ᠲᠠᠪᠤᠨ ᠵᠢᠯ〉᠎ᠤ᠋ᠨ ᠲᠥᠯᠥᠪᠵᠢᠭᠦᠯᠭᠡ》 ᠵᠢ ᠴᠢᠨᠠᠷ ᠰᠠᠶ᠋ᠢᠲᠠᠶ ᠨᠠᠶ᠋ᠢᠷᠠᠭᠤᠯᠤᠨ ᠵᠣᠬᠢᠶᠠᠵᠤ ᠬᠡᠷᠡᠭᠵᠢᠭᠦᠯᠪᠡᠯ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶᠢᠨ ᠬᠤᠭᠤᠴᠠᠭᠠᠨ᠎ᠳᠠᠬᠢ ᠰᠤᠷᠭᠠᠨ ᠬᠥᠮᠦᠵᠢᠯ᠎ᠦᠨ ᠠᠵᠢᠯ᠎ᠤᠨ ᠬᠠᠷᠠᠯᠲᠠ᠎ᠶᠢᠨ ᠪᠠᠶ᠋ᠢᠷᠢ ᠲᠣᠭᠲᠠᠭᠠᠯᠲᠠ ᠪᠠ ᠪᠠᠶ᠋ᠢᠯᠳᠤᠬᠤ ᠪᠣᠳᠣᠯᠭ᠎ᠠ᠎ᠶᠢᠨ ᠡᠭᠦᠷᠭᠡ᠎ᠶᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠲᠠᠷᠠᠭᠠᠴᠢ᠎ᠶᠢᠨ ᠰᠤᠷᠭᠠᠨ ᠬᠥᠮᠦᠵᠢᠯ᠎ᠦᠨ ᠬᠥᠭᠵᠢᠯᠲᠡ᠎ᠶᠢᠨ ᠠᠵᠢᠯ᠎ᠳᠤ 《ᠡᠭᠦᠷᠭᠡ᠎ᠶᠢᠨ ᠪᠢᠴᠢᠭ》 ᠪᠠ 《ᠱᠤᠭᠤᠮ᠎ᠤᠨ ᠵᠢᠷᠤᠭ》 ᠲᠣᠭᠲᠠᠭᠠᠵᠤ ᠥᠭᠬᠦ᠌ ᠪᠣᠯᠤᠨ᠎ᠠ᠃
ᠬᠤᠷᠠᠯ᠎ᠡᠴᠡ᠂ ᠰᠤᠷᠭᠠᠨ ᠬᠥᠮᠦᠵᠢᠯ᠎ᠢ ᠤᠷᠢᠳ᠎ᠢᠶᠠᠷ ᠬᠥᠭᠵᠢᠭᠦᠯᠬᠦ᠌᠎ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ᠍ ᠰᠢᠨ᠎ᠡ᠎ᠶᠢ ᠡᠭᠦᠳᠬᠦ᠌᠎ᠶᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠡᠷᠬᠡ ᠲᠡᠭᠰᠢ᠎ᠶᠢ ᠬᠦᠴᠦᠯᠡᠨ ᠠᠬᠢᠭᠤᠯᠵᠤ᠂ ᠪᠦᠲᠦᠴᠡ᠎ᠶᠢ ᠰᠢᠯᠢᠳᠡᠭᠵᠢᠭᠦᠯᠦᠨ᠂ ᠶᠠᠰᠤ ᠴᠢᠨᠠᠷ᠎ᠢ ᠳᠡᠭᠡᠭᠰᠢᠯᠡᠭᠦᠯᠵᠦ᠍᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠤᠨ ᠪᠥᠲᠥᠭᠡᠨ ᠪᠠᠶ᠋ᠢᠭᠤᠯᠤᠯᠲᠠ᠎ᠶᠢᠨ ᠰᠢᠨ᠎ᠡ ᠳᠡᠭᠲᠡᠷ᠎ᠲᠦ᠍ ᠭᠠᠷᠬᠤ᠎ᠶᠢ ᠠᠬᠢᠭᠤᠯᠬᠤ ᠬᠡᠷᠡᠭᠲᠡᠶ᠃ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ᠎ᠶᠢᠨ ᠡᠭᠦᠷᠭᠡ᠎ᠶᠢ ᠨᠠᠶ᠋ᠢᠳᠠᠪᠤᠷᠢᠵᠢᠭᠤᠯᠵᠤ᠂ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠰᠢᠨ᠎ᠡ ᠪᠠᠶ᠋ᠢᠷᠢᠰᠢᠯ᠎ᠢ ᠪᠤᠢ ᠪᠣᠯᠭᠠᠵᠤ᠂ ᠰᠤᠷᠭᠠᠨ ᠬᠥᠮᠦᠵᠢᠯ᠎ᠦᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠪᠣᠯᠤᠨ ᠴᠢᠳᠠᠪᠤᠷᠢᠲᠠᠨ᠎ᠳᠤ ᠦᠵᠡᠭᠦᠯᠬᠦ᠌ ᠲᠤᠯᠭᠠᠭᠤᠷᠢᠯᠠᠬᠤ ᠦᠢᠯᠡᠳᠦᠯ᠎ᠢ ᠴᠢᠩᠭᠠᠳᠬᠠᠵᠤ᠂ ᠥᠨᠳᠥᠷ ᠲᠦᠪᠰᠢᠨ᠎ᠪᠦᠬᠦᠢ ᠪᠠᠭᠰᠢ᠎ᠶᠢᠨ ᠡᠩᠨᠡᠭᠡ᠎ᠶᠢ ᠬᠥᠮᠦᠵᠢᠭᠦᠯᠦᠨ ᠪᠣᠶ᠋ᠢᠵᠢᠭᠤᠯᠵᠤ᠂ ᠥᠨᠳᠥᠷ ᠲᠦᠪᠰᠢᠨ᠎ᠪᠦᠬᠦᠢ ᠰᠤᠷᠭᠠᠨ ᠬᠥᠮᠦᠵᠢᠯ᠎ᠦᠨ ᠭᠠᠳᠠᠭᠠᠳᠤ ᠨᠡᠭᠡᠭᠡᠯᠳᠠ᠎ᠶᠢ ᠥᠷᠭᠡᠳᠬᠡᠵᠦ᠍᠂ ᠰᠤᠷᠭᠠᠨ ᠬᠥᠮᠦᠵᠢᠯ᠎ᠦᠨ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠶᠠᠰᠤ ᠴᠢᠨᠠᠷ ᠪᠣᠯᠤᠨ ᠲᠦᠪᠰᠢᠨ᠎ᠢ ᠪᠦᠬᠦ᠌ ᠲᠠᠯ᠎ᠠ᠎ᠪᠠᠷ ᠳᠡᠭᠡᠭᠰᠢᠯᠡᠭᠦᠯᠬᠦ᠌ ᠬᠡᠷᠡᠭᠲᠡᠢ᠃ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠦᠨ ᠪᠠᠶ᠋ᠢᠷᠢᠯᠠᠭᠤᠯᠬᠤ᠎ᠶᠢ ᠰᠢᠯᠢᠳᠡᠭᠵᠢᠭᠦᠯᠵᠦ᠍᠂ ᠰᠤᠷᠭᠠᠭᠤᠯᠢ ᠵᠢᠨ ᠨᠠᠰᠤᠨ᠎ᠤ ᠬᠥᠮᠦᠨ ᠠᠮᠠ᠎ᠶᠢᠨ ᠬᠤᠪᠢᠷᠠᠯᠲᠠ᠎ᠳᠤ ᠵᠣᠬᠢᠴᠠᠬᠤ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠲᠣᠬᠢᠷᠠᠭᠤᠯᠬᠤ ᠲᠣᠭᠲᠠᠴᠠ᠎ᠶᠢ ᠪᠦᠷᠢᠨᠰᠢᠭᠦᠯᠦᠨ᠂ ᠣᠷᠣᠭᠤᠯᠤᠯᠲᠠ᠎ᠶᠢᠨ ᠪᠠᠲᠤᠯᠠᠭ᠎ᠠ᠎ᠶᠢ ᠴᠢᠩᠭᠠᠷᠠᠭᠤᠯᠵᠤ᠂ ᠬᠡᠪ ᠪᠤᠯᠪᠠᠰᠤᠷᠠᠯ᠎ᠤᠨ ᠰᠤᠷᠭᠠᠨ ᠬᠥᠮᠦᠵᠢᠯ᠎ᠢ ᠭᠦᠨᠵᠡᠭᠡᠶ ᠬᠡᠷᠡᠭᠵᠢᠭᠦᠯᠦᠨ᠂ ᠰᠤᠷᠤᠭᠴᠢᠳ᠎ᠤᠨ ᠡᠷᠡᠭᠦᠯ᠎ᠢᠶᠡᠷ ᠥᠰᠦᠨ ᠪᠣᠶ᠋ᠢᠵᠢᠬᠤ ᠪᠠ ᠪᠦᠬᠦ᠌ ᠲᠠᠯ᠎ᠠ᠎ᠪᠠᠷ ᠬᠥᠭᠵᠢᠬᠦ᠌᠎ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃
《ᠣᠳᠣᠬᠠᠨ᠎ᠳᠤ᠂ ᠮᠠᠨ᠎ᠤ ᠤᠯᠤᠰ᠎ᠤᠨ ᠬᠥᠮᠦᠨ ᠠᠮᠠ ᠪᠠ ᠨᠡᠶ᠋ᠢᠭᠡᠮ᠎ᠦᠨ ᠪᠦᠲᠦᠴᠡ᠎ᠶᠢᠨ ᠬᠤᠪᠢᠷᠠᠯᠲᠠ ᠨᠢ ᠰᠤᠷᠭᠠᠨ ᠬᠥᠮᠦᠵᠢᠯ᠎ᠳᠦ ᠰᠢᠨ᠎ᠡ ᠥᠷᠢᠰᠥᠯᠳᠦᠭᠡᠨ ᠳᠤᠷᠠᠳᠤᠭᠰᠠᠨ ᠪᠠᠶ᠋ᠢᠨ᠎ᠠ᠃ ᠬᠤᠷᠠᠯ᠎ᠡᠴᠡ ᠭᠠᠷᠭᠠᠭᠰᠠᠨ ᠠᠯᠢ ᠣᠯᠠᠨ ᠪᠠᠶ᠋ᠢᠷᠢᠯᠠᠭᠤᠯᠤᠯᠲᠠ ᠲᠣᠬᠢᠷᠠᠭᠤᠯᠤᠯᠲᠠ᠎ᠨᠢ ᠰᠤᠷᠭᠠᠨ ᠬᠥᠮᠦᠵᠢᠯ᠎ᠦᠨ ᠥᠭᠡᠷᠡᠴᠢᠯᠡᠯᠲᠡ ᠬᠥᠭᠵᠢᠯᠲᠡ᠎ᠶᠢᠨ ᠡᠯ᠎ᠡ ᠲᠠᠯ᠎ᠠ᠎ᠳᠤ ᠬᠣᠯᠪᠣᠭᠳᠠᠵᠤ᠂ ᠰᠤᠷᠭᠠᠨ ᠬᠥᠮᠦᠵᠢᠯ᠎ᠦᠨ ᠬᠥᠭᠵᠢᠯᠲᠡ᠎ᠶᠢᠨ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠶᠢᠨ ᠶᠡᠬᠡ ᠲᠠᠯ᠎ᠠ᠎ᠳᠤ ᠣᠷᠭᠠᠨᠢᠭ᠎ᠢᠶᠠᠷ ᠠᠭᠤᠰᠤᠯᠴᠠᠬᠤ᠎ᠶᠢ ᠠᠬᠢᠭᠤᠯᠬᠤ᠎ᠳᠤ ᠠᠰᠢᠭᠲᠠᠶ ᠪᠥᠭᠡᠳ ᠠᠷᠠᠳ ᠣᠯᠠᠨ᠎ᠤ ᠰᠤᠷᠭᠠᠨ ᠬᠥᠮᠦᠵᠢᠯ᠎ᠦᠨ ᠡᠷᠬᠡ ᠲᠡᠭᠰᠢ ᠪᠠ ᠶᠠᠰᠤ ᠴᠢᠨᠠᠷ᠎ᠤᠨ ᠲᠤᠬᠠᠶ ᠰᠢᠨ᠎ᠡ ᠬᠦᠰᠡᠯ ᠡᠷᠡᠮᠡᠯᠵᠡᠯ᠎ᠳᠦ ᠢᠳᠡᠪᠬᠢᠲᠡᠶ ᠬᠠᠷᠢᠭᠤᠯᠲᠠ ᠥᠭᠴᠡᠶ》 ᠭᠡᠵᠦ᠍ ᠴᠦ ᠵᠤᠤ ᠬᠤᠢ ᠬᠡᠯᠡᠪᠡ᠃
(ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ ᠴᠠᠬᠢᠯᠭᠠᠨ ᠮᠡᠳᠡᠭᠡ)