《ᠡᠭᠦᠳᠡ ᠲᠤᠬᠰᠢᠵᠤ ᠭᠡᠨᠡᠳᠳᠠ ᠪᠠᠢᠴᠠᠭᠠᠵᠤ》 ᠪᠠᠢᠭ᠍ᠰᠠᠨ ᠡᠴᠡ ᠪᠠᠨ 《ᠺᠣᠳ᠋ ᠱᠢᠷᠪᠢᠭᠦᠯᠵᠦ ᠭᠡᠷᠡᠴᠢ ᠦᠨᠡᠮᠯᠡᠯ ᠭᠠᠷᠭᠠᠬᠤ》 ᠪᠤᠯᠤᠭᠰᠠᠨ ᠨᠢ
2026-06-15 10:05:30
ᠵᠣᠬᠢᠶᠠᠭ᠍ᠴᠢ᠄
ᠵᠧᠸ᠋ ᠱᠢᠤ ᠹᠠᠩ ᠰᠥᠩ ᠱᠤᠸᠠᠩ
ᠣᠩᠱᠢᠭ᠍ᠰᠠᠨ ᠣᠳᠠᠭ᠎ᠠ᠄
★★★☆☆

— ᠥᠪᠥᠷ ᠮᠣᠩᠭᠣᠯ ᠤ᠋ᠨ ᠠᠵᠤ ᠠᠬᠤᠢᠯᠠᠯ ᠳ᠋ᠤ ᠬᠣᠯᠪᠣᠭ᠍ᠳᠠᠭ᠍ᠰᠠᠨ ᠬᠠᠤᠯᠢ ᠬᠡᠷᠡᠭ᠌ᠵᠢᠭᠦᠯᠦᠯᠲᠡ ᠶ᠋ᠢᠨ ᠬᠤᠪᠢᠷᠠᠯᠲᠠ ᠬᠦᠭᠵᠢᠯᠳᠠ


ᠵᠤᠨ ᠤ᠋ ᠡᠬᠢᠨ᠎ᠦ ᠱᠢᠯᠢ ᠶ᠋ᠢᠨ ᠭᠤᠤᠯ ᠤ᠋ᠨ ᠲᠠᠯ᠎ᠠ ᠨᠤᠲᠤᠭ ᠲᠦ᠍ ᠠᠮᠢᠵᠢᠷᠠᠯ ᠤ᠋ᠨ ᠬᠦᠴᠦᠨ ᠪᠢᠯᠬᠠᠨ᠎ᠠ᠃ ᠡᠨᠡ ᠬᠦ᠌ ᠥᠷᠭᠡᠨ ᠠᠭᠤᠳᠠᠮ ᠨᠤᠲᠤᠭ ᠳᠡᠪᠢᠰᠭᠡᠷ ᠳᠡᠭᠡᠷ᠎ᠡ᠂ ᠨᠢᠭᠡ ᠤᠳᠠᠭᠠᠨ ᠤ᠋ ᠠᠵᠤ ᠠᠬᠤᠢᠯᠠᠯ ᠳ᠋ᠤ ᠬᠤᠯᠪᠤᠬᠳᠠᠬᠰᠠᠨ ᠬᠠᠤᠯᠢ ᠬᠡᠷᠡᠭᠵᠢᠭᠦᠯᠦᠯᠲᠡ ᠶ᠋ᠢᠨ ᠬᠤᠪᠢᠰᠤᠯᠲᠠ ᠠᠯᠭᠤᠷ ᠢ᠋ᠶ᠋ᠡᠷ ᠡᠭᠦᠰᠴᠦ᠂ ᠥᠩᠭᠡᠷᠡᠭ᠌ᠰᠡᠨ ᠳ᠋ᠤ ᠡᠵᠡᠩᠨᠡᠯᠲᠡ ᠶ᠋ᠢᠨ ᠭᠣᠣᠯ ᠴᠣᠭ᠍ᠴᠠ ᠶ᠋ᠢᠨ 《ᠡᠭᠦᠳᠡ ᠲᠤᠬᠰᠢᠵᠤ ᠭᠡᠨᠡᠳᠳᠠ ᠪᠠᠢᠴᠠᠭᠠᠬᠤ 》 ᠵᠢ ᠠᠷᠭᠠᠴᠠᠭᠠᠬᠤ ᠪᠠᠷ ᠶᠠᠭᠠᠷᠠᠵᠤ ᠪᠠᠢᠭ᠍ᠰᠠᠨ ᠪᠠᠢᠳᠠᠯ ᠢ᠋ ᠵᠢᠵᠢᠭ᠌ᠬᠡᠨ ᠬᠣᠶᠠᠷ ᠬᠡᠮᠵᠢᠯᠳᠦ ᠺᠣᠳ᠋ ᠢ᠋ᠶ᠋ᠡᠷ ᠲᠤᠢᠯᠪᠤᠷᠢᠲᠠᠢ ᠥᠭᠡᠷᠡᠴᠢᠯᠡᠪᠡ᠃ 《ᠪᠠᠢᠴᠠᠭᠠᠯᠳᠠ ᠡᠴᠡ ᠠᠶᠤᠳᠠᠭ》 ᠡᠴᠡ 《ᠺᠣᠳ᠋ ᠱᠢᠷᠪᠢᠪᠡᠯ ᠪᠤᠯᠴᠢᠬᠠᠬᠤ》 ᠬᠦᠷᠲᠡᠯ᠎ᠡ᠂ ᠵᠠᠰᠠᠭ ᠤ᠋ᠨ ᠤᠷᠳᠤᠨ ᠪᠠ ᠠᠵᠤ ᠠᠬᠤᠢᠯᠠᠯ ᠤ᠋ᠨ ᠬᠠᠷᠢᠯᠴᠠᠭ᠎ᠠ ᠶᠠᠭ ᠥᠭᠡᠷ᠎ᠠ ᠨᠢᠭᠡᠨ ᠬᠡᠯᠪᠡᠷᠢ ᠪᠡᠷ  ᠦᠭᠡᠷᠡᠴᠢᠯᠡᠭᠳᠡᠵᠦ ᠪᠤᠢ᠃

《ᠪᠠᠢᠴᠠᠭᠠᠬᠤ ᠺᠤᠳ᠋》  ᠢ᠋ ᠤᠷᠢᠳᠠᠪᠠᠷ ᠰᠢᠷᠪᠢᠬᠦᠯᠵᠤ᠂ ᠤᠴᠢᠷ ᠶᠠᠪᠤᠳᠠᠯ ᠦᠭᠡᠢ ᠪᠣᠯ ᠦᠢᠮᠡᠬᠦᠯᠬᠦ ᠦᠭᠡᠢ

ᠶᠤᠸᠠᠨ ᠵᠢᠩ ᠡᠨᠧᠷᠭᠢ (ᠱᠢᠯᠢ ᠶ᠋ᠢᠨ ᠭᠣᠣᠯ)  ᠶ᠋ᠢᠨ ᠬᠢᠵᠠᠭᠠᠷᠲᠤ ᠺᠣᠮᠫᠠᠨᠢ ᠶ᠋ᠢᠨ ᠰᠠᠯᠬᠢᠨ ᠬᠦᠴᠦᠨ ᠤ᠋ ᠴᠠᠬᠢᠯᠭᠠᠨ ᠭᠠᠷᠭᠠᠬᠤ ᠰᠢᠰᠲᠸᠮ ᠪᠠ ᠡᠨ᠋ᠸᠷᠬᠢ ᠨᠥᠭᠡᠴᠡᠯᠡᠬᠦ ᠰᠢᠰᠲᠸᠮ ᠢ᠋ ᠨᠢᠭᠡ ᠴᠣᠭ᠍ᠴᠠᠵᠢᠭᠤᠯᠤᠭ᠍ᠰᠠᠨ ᠰᠠᠭᠤᠷᠢᠨ ᠤ᠋ ᠦᠢᠯᠡᠳᠪᠦᠷᠢᠯᠡᠯ ᠤ᠋ᠨ ᠱᠤᠭᠤᠮ ᠶᠠᠭ ᠡᠮᠬᠢ ᠵᠢᠷᠦᠮ ᠲᠠᠢ ᠠᠵᠢᠯᠯᠠᠨ᠎ᠠ᠃

ᠥᠩᠭᠡᠷᠡᠭ᠌ᠰᠡᠨ ᠳ᠋ᠤ ᠦᠢᠯᠡᠳᠪᠦᠷᠢᠯᠡᠯ ᠤ᠋ᠨ ᠶᠠᠭᠠᠷᠠᠯᠲᠠᠢ ᠤᠯᠠᠷᠢᠯ ᠪᠣᠯᠤᠮᠠᠭ᠍ᠴᠠ ᠡᠯ᠎ᠡ ᠵᠦᠢᠯ ᠤ᠋ᠨ ᠪᠠᠢᠴᠠᠭᠠᠯᠲᠠ ᠵᠠᠯᠭᠠᠭ᠎ᠠ ᠪᠡᠷ ᠶᠠᠪᠤᠭ᠍ᠳᠠᠵᠤ᠂ ᠵᠠᠷᠢᠮ ᠳ᠋ᠠᠭᠠᠨ ᠨᠢᠭᠡ ᠭᠠᠷᠠᠭ ᠲᠦ᠍ ᠬᠣᠶᠠᠷ ᠭᠤᠷᠪᠠᠨ ᠪᠦᠯᠦᠭ ᠪᠠᠢᠴᠠᠭᠠᠬᠤ ᠠᠵᠢᠯᠲᠠᠨ ᠢᠷᠡᠵᠦ᠍᠂ ᠠᠳᠠᠯᠢᠬᠠᠨ ᠪᠢᠴᠢᠭ ᠮᠠᠲ᠋ᠧᠷᠢᠶᠠᠯ ᠢ᠋ ᠲᠠᠬᠢᠨ ᠳᠠᠪᠲᠠᠨ ᠬᠠᠩᠭᠠᠳᠠᠭ ᠪᠠᠢᠵᠠᠢ᠃ ᠣᠳᠣᠬᠠᠨ ᠳ᠋ᠤ  ᠬᠠᠤᠯᠢ ᠬᠡᠷᠡᠭ᠌ᠵᠢᠭᠦᠯᠬᠦ᠌ ᠠᠵᠢᠯᠲᠠᠨ ᠠᠵᠤ ᠠᠬᠤᠢᠯᠠᠯ ᠳ᠋ᠤ ᠬᠦᠷᠬᠦ ᠳ᠋ᠡᠭᠡᠨ᠂ ᠱᠢᠭᠤᠳ 《ᠡᠭᠦᠳᠡ ᠲᠣᠭ᠍ᠰᠢᠵᠤ ᠭᠡᠨᠡᠳᠳᠠ ᠪᠠᠢᠴᠠᠭᠠᠬᠤ》 ᠪᠡᠨ ᠪᠤᠯᠢᠵᠦ᠂ ᠬᠠᠷᠢᠨ ᠭᠠᠷ ᠤᠲᠠᠰᠤᠨ ᠳᠡᠭᠡᠷᠡᠬᠢ 《ᠪᠠᠢᠴᠠᠭᠠᠬᠤ ᠺᠣᠳ᠋》 ᠢ᠋ᠶ᠋ᠡᠨ ᠰᠠᠨᠠᠭᠠᠴᠢᠯᠠᠭ᠎ᠠ ᠡᠴᠡ ᠪᠠᠨ ᠰᠢᠷᠪᠢᠬᠦᠯᠵᠦ᠂ ᠠᠵᠤ ᠠᠬᠤᠢᠯᠠᠯ᠎ᠤᠨ ᠬᠢᠨ ᠺᠣᠳ᠋ ᠱᠢᠷᠪᠢᠭᠰᠡᠨ ᠤ᠋ ᠳᠠᠷᠠᠭ᠎ᠠ ᠳᠡᠯᠭᠡᠴᠠᠡ ᠳᠡᠭᠡᠷ᠎ᠡ ᠪᠠᠢᠴᠠᠭᠠᠬᠤ ᠨᠢᠭᠡᠴᠢ᠂ ᠪᠠᠢᠴᠠᠭᠠᠬᠤ ᠵᠦᠶ᠋ᠯ᠂ ᠬᠠᠤᠯᠢ ᠬᠡᠷᠡᠭ᠌ᠵᠢᠭᠦᠯᠬᠦ᠌ ᠦᠨᠳᠦᠰᠦᠯᠡᠯ᠂ ᠬᠠᠤᠯᠢ ᠬᠡᠷᠡᠭ᠌ᠵᠢᠭᠦᠯᠬᠦ᠌ ᠠᠵᠢᠯᠲᠠᠨ ᠤ᠋ ᠣᠪᠣᠭ ᠨᠡᠷ᠎ᠡ ᠵᠡᠷᠭᠡ ᠨᠢ ᠳᠠᠷᠤᠶ ᠲᠦᠷᠭᠡᠨ ᠢᠯᠡᠷᠡᠵᠦ᠂ ᠮᠡᠳᠡᠭᠡ ᠵᠠᠩᠭᠢ ᠵᠢ ᠪᠦᠷ ᠢᠯᠡ ᠲᠣᠳᠣ ᠪᠤᠯᠭᠠᠭᠰᠠᠨ ᠠᠵᠢ᠃

《ᠣᠳᠣ ᠬᠡᠨ ᠢᠷᠡᠵᠦ᠍ ᠪᠠᠢᠴᠠᠭᠠᠬᠤ᠂ ᠶᠠᠭᠤ ᠵᠢ ᠪᠠᠢᠴᠠᠭᠠᠬᠤ᠂ ᠤᠷᠢᠳᠴᠢᠯᠠᠨ ᠲᠣᠳᠣᠷᠬᠠᠢ ᠮᠡᠳᠡᠵᠦ᠍ ᠪᠠᠢᠳᠠᠭ ᠡᠴᠡ ᠶᠠᠭᠠᠷᠠᠵᠤ ᠰᠠᠨᠳᠤᠷᠬᠤ ᠦᠭᠡᠢ ᠪᠤᠯᠵᠠᠢ》 ᠭᠡᠵᠦ᠍ ᠠᠵᠤ ᠠᠬᠤᠢᠯᠠᠯ ᠤ᠋ᠨ ᠬᠠᠷᠢᠭᠤᠴᠠᠯᠭᠠᠲᠠᠨ ᠬᠡᠯᠡᠪᠡ᠃

ᠡᠨᠡ ᠪᠣᠯ ᠥᠪᠥᠷ ᠮᠣᠩᠭᠣᠯ ᠤ᠋ᠨ ᠪᠥᠬᠥ᠌ ᠲᠠᠯ᠎ᠠ ᠪᠡᠷ ᠬᠡᠷᠡᠭ᠌ᠵᠢᠭᠦᠯᠦᠭ᠌ᠰᠡᠨ 《ᠺᠣᠳ᠋ ᠱᠢᠷᠪᠢᠭᠦᠯᠵᠦ ᠠᠵᠤ ᠠᠬᠤᠢᠯᠠᠯ ᠳ᠋ᠤ ᠪᠠᠢᠴᠠᠭᠠᠯᠲᠠ ᠬᠢᠬᠦ》 ᠬᠢᠨᠠᠯᠲᠠ ᠬᠠᠮᠢᠶᠠᠷᠤᠯᠲᠠ ᠶ᠋ᠢᠨ ᠱᠢᠨ᠎ᠡ ᠵᠠᠭ᠍ᠪᠤᠷ ᠪᠣᠯᠤᠨ᠎ᠠ ᠃

ᠳᠤᠷ᠎ᠠ ᠪᠡᠷ ᠢ᠋ᠶ᠋ᠡᠨ ᠪᠠᠢᠴᠠᠭᠠᠬᠤ᠂ ᠳᠤᠷ᠎ᠠ ᠪᠡᠷ ᠢ᠋ᠶ᠋ᠡᠨ ᠵᠣᠭᠣᠰ ᠢ᠋ᠶ᠋ᠡᠷ ᠲᠣᠷᠭᠠᠬᠤ᠂ ᠠᠱᠢᠭ ᠬᠠᠷᠠᠬᠤ ᠴᠢᠨᠠᠷᠲᠠᠶ ᠬᠠᠤᠯᠢ ᠬᠡᠷᠡᠭ᠌ᠵᠢᠭᠦᠯᠬᠦ᠌ ᠵᠡᠷᠭᠡ ᠨᠢ ᠪᠥᠬᠥ᠌ ᠬᠠᠤᠯᠢ ᠬᠡᠷᠡᠭ᠌ᠵᠢᠭᠦᠯᠬᠦ᠌ ᠠᠵᠢᠯᠯᠠᠭ᠎ᠠ᠎ᠵᠢᠨ ᠠᠬᠢᠴᠠ ᠲᠤᠮᠳᠠ ᠡᠵᠡᠯᠡᠬᠦ᠌ ᠬᠠᠷᠢᠴᠠᠯ ᠨᠢ ᠬᠡᠳᠦᠢᠪᠡᠷ ᠥᠨᠳᠥᠷ ᠪᠢᠰᠢ ᠪᠣᠯᠪᠠᠴᠤ᠌ ᠲᠠᠩ ᠭᠠᠭ᠍ᠴᠠ ᠠᠵᠤ ᠠᠬᠤᠢᠯᠠᠯ ᠳ᠋ᠤ ᠠᠪᠴᠤ᠌ ᠬᠡᠯᠡᠪᠡᠯ ᠳᠠᠷᠤᠶ ᠯᠤᠳᠤ ᠶᠡᠬᠡ ᠬᠤᠬᠢᠷᠠᠯ ᠤᠴᠠᠷᠠᠭᠤᠯᠬᠤ ᠶᠤᠮ ᠭᠡᠵᠦ ᠥᠪᠡᠷᠲᠡᠭᠡᠨ ᠵᠠᠰᠠᠬᠤ ᠣᠷᠣᠨ ᠤ᠋ ᠬᠠᠤᠯᠢ ᠴᠠᠭᠠᠵᠠ ᠶ᠋ᠢᠨ ᠲᠢᠩᠬᠢᠮ ᠤ᠋ᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠬᠡᠯᠡᠨ᠎ᠠ᠃

2025 ᠣᠨ ᠤ᠋ 9 ᠰᠠᠷ᠎ᠠ ᠶ᠋ᠢᠨ 30  ᠤ᠋ ᠡᠳᠦᠷ᠂ ᠥᠪᠡᠷᠲᠡᠭᠡᠨ ᠵᠠᠰᠠᠬᠤ ᠣᠷᠣᠨ ᠤ᠋ ᠬᠠᠤᠯᠢ ᠴᠠᠭᠠᠵᠠ ᠶ᠋ᠢᠨ ᠲᠢᠩᠬᠢᠮ ᠪᠠ ᠥᠪᠡᠷᠲᠡᠭᠡᠨ ᠵᠠᠰᠠᠬᠤ ᠣᠷᠣᠨ ᠤ᠋ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡ ᠬᠢᠭᠡᠳ ᠲᠣᠭ᠎ᠠ ᠪᠠᠷᠢᠮᠲᠠ ᠶ᠋ᠢᠨ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠬᠠᠮᠲᠤ ᠪᠡᠷ ᠰᠤᠳᠤᠯᠤᠨ ᠨᠡᠭᠡᠭᠡᠭ᠌ᠰᠡᠨ 《ᠺᠣᠳ᠋ ᠱᠢᠷᠪᠢᠭᠦᠯᠵᠦ ᠠᠵᠤ ᠠᠬᠤᠢᠯᠠᠯ ᠳ᠋ᠤ ᠪᠠᠢᠴᠠᠭᠠᠯᠲᠠ ᠬᠢᠬᠦ》 ᠱᠢᠰᠲ᠋ᠧᠮ ᠢ᠋ ᠪᠥᠬᠥ᠌ ᠣᠷᠣᠨ ᠳ᠋ᠤ ᠳᠡᠯᠭᠡᠷᠡᠭᠦᠯᠪᠡ ᠃

ᠤᠴᠢᠷ ᠶᠠᠪᠤᠳᠠᠯ ᠡᠴᠡ ᠡᠮᠦᠨ᠎ᠡ ᠺᠣᠳ᠋ ᠣᠯᠭᠣᠨ᠎ᠠ᠄  ᠪᠠᠢᠴᠠᠭᠠᠬᠤ ᠡᠴᠡ ᠡᠮᠦᠨ᠎ᠡ ᠲᠦᠯᠦᠪᠯᠡᠭᠡ ᠪᠠᠨ ᠲᠤᠱᠢᠶᠠᠵᠤ᠂ ᠬᠢᠨᠠᠨ ᠵᠥᠪᠱᠢᠶᠡᠷᠡᠭᠦᠯᠦᠭᠡᠳ ᠴᠣᠷ ᠤ᠋ᠨ ᠭᠠᠭ᠍ᠴᠠ 《ᠪᠠᠢᠴᠠᠭᠠᠬᠤ ᠺᠣᠳ᠋》 ᠭᠠᠷᠭᠠᠵᠤ᠂ ᠺᠣᠳ᠋ ᠥᠬᠡᠶ ᠪᠣᠯ ᠪᠠᠢᠴᠠᠭᠠᠵᠤ ᠪᠣᠯᠬᠤ ᠥᠬᠡᠶ;

ᠤᠴᠢᠷ ᠶᠠᠪᠤᠳᠠᠯ ᠤ᠋ᠨ ᠳᠤᠮᠳᠠ ᠺᠣᠳ᠋ ᠱᠢᠯᠭᠠᠨ᠎ᠠ᠄ ᠠᠵᠤ ᠠᠬᠤᠢᠯᠠᠯ ᠳ᠋ᠤ ᠣᠷᠣᠬᠤ ᠦᠶᠡᠰ ᠰᠠᠨᠠᠭᠠᠴᠢᠯᠠᠭ᠎ᠠ ᠡᠴᠡ ᠪᠠᠨ ᠺᠣᠳ᠋ ᠢ᠋ᠶ᠋ᠡᠨ ᠭᠠᠷᠭᠠᠵᠤ᠂ ᠠᠵᠤ ᠠᠬᠤᠢᠯᠠᠯ ᠤ᠋ᠨ ᠬᠢᠨ ᠺᠣᠳ᠋ ᠱᠢᠷᠪᠢᠵᠦ᠍ ᠨᠤᠲᠠᠯᠠᠭ᠍ᠰᠠᠨ ᠤ᠋ ᠳᠠᠷᠠᠭ᠎ᠠ ᠰᠠᠶᠢ ᠪᠠᠢᠴᠠᠭᠠᠵᠤ ᠪᠣᠯᠤᠨ᠎ᠠ;

ᠤᠴᠢᠷ ᠶᠠᠪᠤᠳᠠᠯ ᠤ᠋ᠨ ᠳᠠᠷᠠᠭ᠎ᠠ ᠦᠨᠡᠯᠡᠯᠲᠡ ᠬᠢᠨ᠎ᠡ᠄ ᠪᠠᠢᠴᠠᠭᠠᠯᠲᠠ ᠳᠠᠭᠤᠰᠤᠭ᠍ᠰᠠᠨ ᠤ᠋ ᠳᠠᠷᠠᠭ᠎ᠠ ᠰᠦᠯᠵᠢᠶᠡᠨ ᠳᠡᠭᠡᠷ᠎ᠡ ᠦᠷ᠎ᠡ ᠳ᠋ᠦᠩ ᠢ᠋ ᠭᠠᠷᠭᠠᠵᠤ᠂ ᠠᠵᠤ ᠠᠬᠤᠢᠯᠠᠯ ᠨᠡᠷ᠎ᠡ ᠪᠤᠷᠤᠭᠤᠯᠠᠨ ᠦᠨᠡᠯᠡᠵᠦ᠍ ᠪᠣᠯᠤᠨ᠎ᠠ᠃

ᠡᠨᠡ ᠵᠢᠯ ᠤ᠋ᠨ 4 ᠰᠠᠷ᠎ᠠ ᠶ᠋ᠢᠨ ᠡᠬᠢ ᠪᠣᠯᠲᠠᠯ᠎ᠠ᠂ ᠪᠥᠬᠥ᠌ ᠣᠷᠣᠨ ᠤ᠋ 《ᠺᠣᠳ᠋ ᠱᠢᠷᠪᠢᠭᠦᠯᠵᠦ ᠠᠵᠤ ᠠᠬᠤᠢᠯᠠᠯ ᠳ᠋ᠤ ᠪᠠᠢᠴᠠᠭᠠᠯᠲᠠ ᠬᠢᠬᠦ》 ᠱᠢᠰᠲ᠋ᠧᠮ ᠳ᠋ᠤ ᠨᠢᠭᠡᠨᠲᠡ 1.9 ᠲᠦᠮᠡ ᠭᠠᠷᠤᠶ ᠬᠤᠪᠢ ᠪᠠᠢᠴᠠᠭᠠᠬᠤ ᠡᠭᠦᠷᠭᠡ ᠵᠢ ᠱᠢᠩᠭᠡᠭᠡᠨ ᠣᠷᠣᠭᠤᠯᠵᠤ᠂ ᠺᠣᠳ᠋ ᠭᠠᠷᠭᠠᠵᠤ ᠠᠵᠤ ᠠᠬᠤᠢᠯᠠᠯ ᠳ᠋ᠤ ᠤᠷᠤᠵᠤ ᠪᠠᠢᠴᠠᠭᠠᠬᠤ ᠶ᠋ᠢᠨ ᠬᠠᠮᠲᠤ ᠰᠢᠢᠳᠪᠦᠷᠢᠯᠡᠵᠦ ᠳᠠᠭᠤᠰᠬᠠᠬᠰᠠᠨ ᠵᠠᠰᠠᠭ ᠵᠠᠬᠢᠷᠭᠠᠨ ᠤ᠋ ᠪᠠᠢᠴᠠᠭᠠᠯᠲᠠ ᠵᠢ 6000 ᠭᠠᠷᠤᠶ ᠬᠤᠪᠢ ᠪᠡᠶᠡᠯᠡᠭᠦᠯᠪᠡ; ᠰᠠᠯᠠᠭ᠎ᠠ ᠮᠥᠴᠢᠷ ᠠᠯᠤᠰᠯᠠᠨ ᠬᠠᠤᠯᠢ ᠬᠡᠷᠡᠭ᠌ᠵᠢᠭᠦᠯᠬᠦ᠌ ᠮᠡᠳᠡᠭᠡ ᠵᠠᠩᠭᠢ ᠶ᠋ᠢᠨ ᠣᠶᠤᠨᠴᠢ ᠪᠡᠷ ᠵᠠᠳᠠᠯᠬᠤ᠂ ᠱᠢᠭ᠌ᠰᠢᠨ ᠪᠠᠢᠴᠠᠭᠠᠬᠤ ᠪᠡᠷ ᠳᠡᠮᠵᠢᠨ ᠣᠯᠠᠨ ᠲᠠᠯ᠎ᠠ ᠡᠴᠡ ᠪᠠᠢᠴᠠᠭᠠᠬᠤ ᠪᠣᠯᠤᠮᠵᠢ ᠵᠢ 286 ᠤᠳᠠᠭ᠎ᠠ ᠢᠯᠡᠷᠡᠭᠦᠯᠵᠦ᠍᠂ ᠱᠢᠰᠲ᠋ᠧᠮ ᠤ᠋ᠨ ᠠᠦ᠋ᠲ᠋ᠣ᠋ ᠨᠡᠢᠯᠡᠭᠦᠯᠬᠦ ᠴᠢᠳᠠᠮᠵᠢ ᠳ᠋ᠤ ᠲᠦᠱᠢᠭ᠌ᠯᠡᠨ᠂ 《ᠨᠢᠭᠡ ᠤᠳᠠᠭ᠎ᠠ ᠶᠡᠷᠦᠩᠬᠡᠢᠯᠡᠨ ᠪᠠᠢᠴᠠᠭᠠᠬᠤ》 ᠠᠵᠢᠯᠯᠠᠭ᠎ᠠ ᠵᠢ 146 ᠤᠳᠠᠭ᠎ᠠ ᠥᠷᠨᠢᠭᠦᠯᠵᠦ᠍᠂ ᠣᠯᠠᠨ ᠲᠠᠯ᠎ᠠ ᠡᠴᠡ ᠪᠠᠢᠴᠠᠭᠠᠬᠤ ᠪᠠᠢᠴᠠᠭᠠᠯᠲᠠ ᠵᠢ ᠨᠡᠢᠲᠡ 205 ᠤᠳᠠᠭ᠎ᠠ ᠪᠠᠭᠠᠰᠭᠠᠵᠤ᠂ ᠣᠯᠠᠨ ᠲᠠᠯ᠎ᠠ ᠡᠴᠡ ᠪᠠᠢᠴᠠᠭᠠᠬᠤ ᠵᠢ 71.68% ᠪᠡᠷ ᠪᠠᠭᠤᠷᠠᠭᠤᠯᠪᠠ ᠃

ᠡᠳᠡᠭᠡᠷ ᠲᠤᠭ᠎ᠠ ᠪᠠᠷᠢᠮᠲᠠ ᠨᠢ ᠠᠵᠤ ᠠᠬᠤᠢᠯᠠᠯ ᠤ᠋ᠨ ᠳᠠᠷᠤᠭᠠᠰᠤ ᠵᠢ ᠬᠦᠨᠭᠭᠡᠷᠡᠭᠦᠯᠵᠦ᠂ ᠠᠵᠤ ᠠᠬᠤᠢᠯᠠᠯ ᠳ᠋ᠤ ᠦᠨᠡᠨ ᠪᠤᠳᠠᠲᠠᠢ ᠠᠰᠢᠭ ᠬᠦᠷᠲᠡᠭᠡᠭᠰᠡᠨ ᠦᠷ᠎ᠡ ᠪᠦᠲᠦᠮᠵᠢ ᠵᠢ ᠠᠮᠢᠳᠤᠯᠢᠭ ᠲᠤᠰᠬᠠᠵᠡᠢ᠃

ᠶᠡᠷᠦᠩᠬᠡᠢᠯᠡᠨ ᠬᠠᠮᠲᠤᠷᠠᠨ ᠪᠠᠢᠴᠠᠭᠠᠵᠤ᠂ ᠨᠢᠭᠡ ᠯᠡ ᠤᠳᠠᠭ᠎ᠠ ᠳ᠋ᠤ ᠱᠢᠢᠳᠪᠦᠷᠢᠯᠡᠵᠦ ᠳᠠᠭᠤᠰᠭᠠᠨ᠎ᠠ

ᠳᠠᠷᠤᠭᠠᠰᠤ ᠵᠢ ᠬᠥᠩᠭᠡᠷᠡᠭᠦᠯᠬᠦ᠌ ᠶ᠋ᠢᠨ ᠵᠠᠩᠭᠢᠯᠠᠭ᠎ᠠ ᠨᠢ 《ᠺᠣᠳ᠋ ᠰᠢᠷᠪᠢᠭᠦᠯᠵᠦ ᠪᠠᠢᠴᠠᠭᠠᠬᠤ》 ᠲᠡᠳᠦᠶ ᠪᠢᠰᠢ᠂ ᠨᠠᠩ ᠴᠤ᠌ 《ᠣᠯᠠᠨ ᠲᠠᠯ᠎ᠠ ᠡᠴᠡ ᠪᠠᠢᠴᠠᠭᠠᠬᠤ》  ᠵᠢ 《ᠨᠢᠭᠡ ᠯᠡ ᠤᠳᠠᠭ᠎ᠠ ᠳ᠋ᠤ ᠱᠢᠶ᠋ᠳᠪᠦᠷᠢᠯᠡᠵᠦ᠍ ᠳᠠᠭᠤᠰᠭᠠᠬᠤ》 ᠪᠤᠯᠤᠨ᠎ᠠ ᠃

2025 ᠣᠨ ᠤ᠋ 11 ᠰᠠᠷ᠎ᠠ ᠳ᠋ᠤ᠂ ᠲᠦᠮᠡᠳ ᠪᠠᠷᠠᠭᠤᠨ ᠬᠣᠱᠢᠭᠤᠨ ᠤ᠋ ᠪᠠᠴᠢᠮ ᠪᠠᠢᠳᠠᠯ ᠢ᠋ ᠠᠷᠭᠠᠴᠠᠭᠠᠬᠤ ᠬᠠᠮᠢᠶᠠᠷᠤᠯᠲᠠ ᠶ᠋ᠢᠨ ᠲᠣᠪᠴᠢᠶ᠎ᠠ ᠲᠦᠷᠦᠭᠦᠯᠡᠨ᠂ ᠬᠣᠱᠢᠭᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠂ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠬᠡ ᠠᠩᠭᠢ ᠵᠡᠷᠭᠡ ᠨᠢᠭᠡᠴᠢ ᠲᠠᠢ ᠬᠠᠮᠲᠤᠷᠠᠨ᠂ ᠥᠪᠥᠷ ᠮᠣᠩᠭᠣᠯ ᠤ᠋ᠨ ᠴᠡᠯᠡᠭᠡᠷ ᠲᠠᠯ᠎ᠠ ᠱᠢᠬᠢᠷ ᠤ᠋ᠨ ᠦᠶ᠋ᠯᠡᠰ ᠤ᠋ᠨ ᠬᠢᠵᠠᠭᠠᠷᠲᠤ ᠺᠣᠮᠫᠠᠨᠢ ᠳ᠋ᠤ 《ᠨᠢᠭᠡ ᠤᠳᠠᠭ᠎ᠠ ᠶᠡᠷᠦᠩᠬᠡᠢᠯᠡᠨ ᠪᠠᠢᠴᠠᠭᠠᠬᠤ》 ᠬᠠᠮᠲᠤᠷᠠᠭ᠍ᠰᠠᠨ ᠪᠠᠢᠴᠠᠭᠠᠯᠲᠠ ᠥᠷᠨᠢᠭᠦᠯᠪᠡ᠃

ᠥᠩᠭᠡᠷᠡᠭ᠌ᠰᠡᠨ ᠳ᠋ᠤ ᠡᠯ᠎ᠡ ᠰᠠᠯᠠᠭ᠎ᠠ ᠮᠥᠴᠢᠷ ᠤ᠋ᠨ ᠬᠢᠨ ᠲᠤᠰ ᠲᠤᠰ ᠲᠠᠭᠠᠨ ᠪᠠᠢᠴᠠᠭᠠᠯᠲᠠ ᠦᠷᠨᠢᠭᠦᠯᠵᠦ᠂ ᠠᠵᠤ ᠠᠬᠤᠢᠯᠠᠯ ᠡᠯ᠎ᠡ ᠵᠦᠢᠯ ᠤ᠋ᠨ ᠪᠠᠢᠴᠠᠭᠠᠯᠲᠠ ᠵᠢ ᠠᠷᠭᠠᠴᠠᠭᠠᠬᠤ ᠪᠡᠷ ᠶᠠᠭᠠᠷᠠᠵᠤ ᠪᠠᠢᠪᠠ᠃ ᠡᠨᠡ ᠤᠳᠠᠭ᠎ᠠ ᠬᠠᠷᠢᠨ ᠠᠳᠠᠯᠢ ᠥᠬᠡᠶ ᠪᠤᠯᠵᠠᠢ᠄ ᠪᠠᠢᠴᠠᠭᠠᠬᠤ ᠡᠴᠡ ᠡᠮᠦᠨ᠎ᠡ᠂ ᠬᠠᠮᠲᠤᠷᠠᠭ᠍ᠰᠠᠨ ᠪᠠᠢᠴᠠᠭᠠᠬᠤ ᠳᠤᠭᠤᠢᠯᠠᠩ᠎ᠤᠨ ᠬᠢᠨ ᠠᠵᠤ ᠠᠬᠤᠢᠯᠠᠯ ᠲᠠᠢ ᠤᠷᠢᠳᠴᠢᠯᠠᠨ ᠶᠠᠷᠢᠯᠴᠠᠵᠤ ᠪᠠᠢᠴᠠᠭᠠᠬᠤ ᠴᠠᠭ ᠢ᠋ ᠪᠣᠯᠵᠣᠨ ᠲᠣᠭ᠍ᠲᠠᠵᠤ᠂ 《ᠭᠡᠨᠡᠳᠳᠠ ᠪᠠᠢᠴᠠᠭᠠᠬᠤ》 ᠪᠡᠨ ᠪᠤᠯᠢᠵᠠᠢ; ᠪᠠᠢᠴᠠᠭᠠᠬᠤ ᠶᠠᠪᠤᠴᠠ ᠳ᠋ᠤ᠂ ᠬᠠᠤᠯᠢ ᠬᠡᠷᠡᠭ᠌ᠵᠢᠭᠦᠯᠬᠦ᠌ ᠠᠵᠢᠯᠲᠠᠨ ᠠᠵᠤ ᠠᠬᠤᠢᠯᠠᠯ ᠳ᠋ᠤ ᠨᠢᠭᠡᠳᠦᠯᠲᠡᠶ ᠣᠷᠣᠵᠤ᠂ ᠠᠵᠢᠯ ᠬᠤᠪᠢᠶᠠᠷᠢᠯᠠᠨ ᠪᠠᠢᠴᠠᠭᠠᠵᠤ᠂ ᠰᠠᠨᠠᠯ ᠢ᠋ᠶ᠋ᠡᠨ ᠲᠥᠪᠯᠡᠷᠡᠭᠦᠯᠦᠨ ᠬᠠᠷᠢᠭᠤ ᠲᠤᠰᠭᠠᠨ᠎ᠠ; ᠪᠠᠢᠴᠠᠭᠠᠭ᠍ᠰᠠᠨ ᠤ᠋ ᠳᠠᠷᠠᠭ᠎ᠠ᠂ ᠨᠢᠭᠡ ᠯᠡ ᠤᠳᠠᠭ᠎ᠠ ᠳ᠋ᠤ ᠮᠡᠳᠡᠭ᠌ᠳᠡᠵᠦ᠍᠂ ᠬᠠᠮᠲᠤ ᠳ᠋ᠤᠨᠢ ᠴᠡᠭ᠌ᠴᠡᠯᠡᠨ ᠰᠠᠢᠵᠢᠷᠠᠭᠤᠯᠤᠨ᠎ᠠ ᠃

2025 ᠣᠨ ᠳ᠋ᠤ᠂ ᠥᠪᠥᠷ ᠮᠣᠩᠭᠣᠯ 《ᠠᠵᠤ ᠠᠬᠤᠢᠯᠠᠯ ᠳ᠋ᠤ ᠬᠣᠯᠪᠣᠭ᠍ᠳᠠᠭ᠍ᠰᠠᠨ ᠵᠠᠰᠠᠭ ᠵᠠᠬᠢᠷᠭᠠᠨ ᠤ᠋ ᠪᠠᠢᠴᠠᠭᠠᠯᠲᠠ ᠵᠢ ᠴᠢᠩᠭ᠎ᠠ ᠵᠢᠷᠤᠮᠵᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》 ᠢ᠋ ᠳᠠᠷᠤᠮᠠᠯᠯᠠᠨ ᠲᠠᠷᠬᠠᠭᠠᠵᠤ᠂ 17 ᠵᠤᠷᠪᠤᠰ ᠨᠠᠢᠳᠠᠪᠤᠷᠢᠵᠢᠭᠤᠯᠬᠤ ᠰᠠᠨᠠᠯ ᠢ᠋ ᠲᠣᠭ᠍ᠲᠠᠭᠠᠵᠤ᠂ 《ᠬᠡᠨ ᠪᠠᠢᠴᠠᠭᠠᠬᠤ᠂ ᠶᠠᠭᠤ ᠵᠢ ᠪᠠᠢᠴᠠᠭᠠᠬᠤ᠂ ᠬᠡᠷᠬᠢᠨ ᠪᠠᠢᠴᠠᠭᠠᠬᠤ》 ᠭᠤᠷᠪᠠᠨ ᠲᠠᠯ᠎ᠠ ᠡᠴᠡ ᠬᠠᠤᠯᠢ ᠬᠡᠷᠡᠭ᠌ᠵᠢᠭᠦᠯᠦᠯᠲᠡ ᠶ᠋ᠢᠨ ᠵᠠᠭᠠᠭ ᠱᠤᠭᠤᠮ ᠢ᠋ ᠲᠣᠭ᠍ᠲᠠᠭᠠᠪᠠ᠃ ᠪᠥᠬᠥ᠌ ᠵᠢᠯ ᠳ᠋ᠤ᠂ ᠪᠥᠬᠥ᠌ ᠣᠷᠣᠨ ᠤ᠋ ᠵᠠᠰᠠᠭ ᠵᠠᠬᠢᠷᠭᠠᠨ ᠤ᠋ ᠱᠢᠢᠳᠭᠡᠯ ᠲᠣᠷᠭᠠᠭᠤᠯᠢ ᠶ᠋ᠢᠨ ᠬᠡᠷᠡᠭ ᠤ᠋ᠨ ᠲᠣᠭ᠎ᠠ ᠬᠡᠮᠵᠢᠶ᠎ᠡ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ 20.54% ᠪᠡᠷ ᠪᠠᠭᠤᠷᠠᠵᠤ᠂ ᠲᠣᠷᠭᠠᠵᠤ ᠬᠤᠷᠢᠶᠠᠮᠵᠢᠯᠠᠭ᠍ᠰᠠᠨ ᠣᠷᠣᠯᠭ᠎ᠠ 20.26% ᠪᠡᠷ ᠪᠠᠭᠠᠰᠪᠠ; ᠵᠠᠰᠠᠭ ᠵᠠᠬᠢᠷᠭᠠᠨ ᠤ᠋ ᠬᠢᠨᠠᠨ ᠪᠠᠢᠴᠠᠭᠠᠯᠲᠠ ᠬᠢᠭ᠌ᠰᠡᠨ ᠲᠣᠭ᠎ᠠ ᠬᠡᠮᠵᠢᠶ᠎ᠡ 2.4 % ᠪᠡᠷ ᠪᠠᠭᠤᠷᠠᠭ᠍ᠰᠠᠨ ᠪᠣᠯᠪᠠᠴᠤ᠌ ᠠᠰᠠᠭᠤᠳᠠᠯ ᠢᠯᠡᠷᠡᠭᠦᠯᠦᠭᠰᠡᠨ ᠨᠣᠷᠮ᠎ᠠ ᠨᠢ ᠬᠠᠷᠢᠨ 15.8% ᠪᠡᠷ ᠳᠡᠭᠡᠭ᠌ᠰᠢᠯᠡᠭ᠌ᠰᠡᠨ ᠪᠠᠢᠨ᠎ᠠ ᠃

ᠪᠠᠢᠴᠠᠭᠠᠯᠲᠠ ᠨᠢ ᠪᠠᠭᠠᠰᠤᠬᠰᠠᠨ ᠴᠦ᠍᠂ ᠪᠠᠢᠴᠠᠭᠠᠯᠲᠠ ᠶ᠋ᠢᠨ ᠦᠷ᠎ᠡ ᠳ᠋ᠦᠩ ᠨᠢ ᠬᠠᠷᠢᠨ ᠨᠠᠩ ᠣᠨᠣᠪᠴᠢᠲᠠᠶ ᠪᠤᠯᠵᠠᠢ᠃

ᠥᠪᠥᠷ ᠮᠣᠩᠭᠣᠯ ᠤ᠋ᠨ ᠶᠡᠬᠡ ᠰᠤᠷᠭᠠᠭᠤᠯᠢ ᠶ᠋ᠢᠨ ᠬᠠᠤᠯᠢ ᠵᠦᠢ ᠵᠢᠨ ᠳᠡᠭᠡᠳᠦ ᠰᠤᠷᠭᠠᠭᠤᠯᠢ ᠶ᠋ᠢᠨ ᠫᠷᠤᠹᠧᠰᠰᠤᠷ ᠧ ᠱᠢᠶᠤᠤ ᠮᠧᠶ ᠦᠨᠡᠯᠡᠬᠦ ᠳ᠋ᠡᠭᠡᠨ᠄ 《ᠬᠠᠤᠯᠢ ᠬᠡᠷᠡᠭ᠌ᠵᠢᠭᠦᠯᠬᠦ᠌ ᠪᠣᠯ ᠲᠤᠷᠭᠠᠵᠤ ᠰᠢᠢᠳᠭᠡᠬᠦ ᠭᠡᠰᠡᠨ ᠶᠠᠪᠤᠳᠠᠯ ᠪᠢᠰᠢ᠂ ᠥᠪᠥᠷ ᠮᠣᠩᠭᠣᠯ ᠤ᠋ᠨ ᠠᠵᠤ ᠠᠬᠤᠢᠯᠠᠯ ᠳ᠋ᠤ ᠬᠣᠯᠪᠣᠭ᠍ᠳᠠᠬᠰᠠᠨ ᠬᠠᠤᠯᠢ ᠬᠡᠷᠡᠭ᠌ᠵᠢᠭᠦᠯᠦᠯᠲᠡ ᠶ᠋ᠢᠨ ᠥᠭᠡᠷᠡᠴᠢᠯᠡᠯᠲᠡ ᠪᠣᠯ ᠦᠢᠯᠡᠴᠢᠯᠡᠭᠡᠨ᠎ᠦ ᠬᠡᠯᠪᠡᠷᠢ ᠶ᠋ᠢᠨ ᠬᠠᠤᠯᠢ ᠬᠡᠷᠡᠭ᠌ᠵᠢᠭᠦᠯᠬᠦ᠌ ᠣᠢᠯᠠᠭᠠᠭ᠍ᠳᠠᠬᠤᠨ ᠤ᠋ ᠠᠮᠢᠳᠤᠯᠢᠭ ᠦᠢᠯᠡᠳᠦᠯᠭᠡ ᠮᠥᠨ》 ᠭᠡᠪᠠ᠃

ᠬᠦᠴᠢᠷᠳᠡᠯ ᠢ᠋ ᠣᠨᠣᠴᠠᠲᠠᠢ ᠱᠢᠢᠳᠪᠦᠷᠢᠯᠡᠵᠦ᠍᠂ ᠬᠣᠣᠰ ᠴᠢᠭ᠌ᠯᠡᠯᠲᠦ ᠢᠲᠡᠭᠡᠮᠵᠢ ᠵᠢ ᠪᠤᠢ ᠪᠤᠯᠭᠠᠨ᠎ᠠ

《 ᠺᠣᠳ᠋ ᠱᠢᠷᠪᠢᠭᠦᠯᠬᠦ》 ᠨᠢ ᠵᠢᠷᠤᠮᠵᠢᠯ ᠤ᠋ᠨ ᠠᠰᠠᠭᠤᠳᠠᠯ ᠢ᠋ ᠱᠢᠶ᠋ᠳᠪᠦᠷᠢᠯᠡᠳᠡᠭ᠃ 《ᠨᠢᠭᠡ ᠤᠳᠠᠭ᠎ᠠ ᠶᠡᠷᠦᠩᠬᠡᠢᠯᠡᠨ ᠪᠠᠢᠴᠠᠭᠠᠬᠤ》 ᠨᠢ ᠦᠷ᠎ᠡ ᠪᠦᠲᠦᠮᠵᠢ ᠶ᠋ᠢᠨ ᠠᠰᠠᠭᠤᠳᠠᠯ ᠢ᠋ ᠱᠢᠶ᠋ᠳᠪᠦᠷᠢᠯᠡᠭᠰᠡᠨ ᠪᠤᠯ᠂ ᠨᠡᠩ ᠭᠦᠨ ᠳᠠᠪᠬᠤᠷᠭ᠎ᠠ ᠶ᠋ᠢᠨ ᠬᠤᠪᠢᠷᠠᠯᠲᠠ ᠨᠢ ᠲᠠᠩ ᠵᠦᠶ᠋ᠯ ᠤ᠋ᠨ ᠬᠠᠮᠢᠶᠠᠷᠤᠯᠲᠠ ᠡᠴᠡ ᠬᠤᠤᠰ ᠴᠢᠭ᠌ᠯᠡᠯᠲᠦ ᠢᠲᠡᠭᠡᠮᠵᠢ  ᠵᠢ ᠪᠤᠢ ᠪᠤᠯᠭᠠᠬᠰᠠᠨ ᠶᠠᠪᠤᠳᠠᠯ ᠪᠤᠯᠤᠨ᠎ᠠ᠃

2025 ᠣᠨ ᠳ᠋ᠤ᠂ ᠮᠸᠩ ᠰᠢ ᠱᠦᠢᠨᠢ ᠶ᠋ᠢᠨ ᠺᠣᠮᠫᠠᠨᠢ ᠶ᠋ᠢᠨ ᠨᠢᠭᠡᠨ ᠠᠭᠤᠷᠬᠠᠢ ᠶ᠋ᠢᠨ ᠵᠠᠮ ᠢ᠋ ᠪᠢᠲᠡᠭᠦᠮᠵᠢᠯᠡᠭ᠌ᠰᠡᠨ᠎ᠦ ᠳᠠᠷᠠᠭ᠎ᠠ᠂ ᠤᠮᠠᠷᠠᠲᠤ ᠶ᠋ᠢᠨ ᠴᠠᠬᠢᠯᠭᠠᠨ ᠬᠦᠴᠦᠨ᠂ ᠵᠢᠶᠦ᠋ᠨ ᠵᠧᠩ᠂ ᠵᠢᠩ ᠱᠢᠨ᠂ ᠬᠤᠸᠠ ᠢᠦᠢ ᠵᠡᠷᠭᠡ ᠠᠵᠤ ᠠᠬᠤᠢᠯᠠᠯ ᠤ᠋ᠨ ᠪᠠᠷᠠᠭ᠎ᠠ ᠲᠡᠭᠡᠭᠡᠪᠦᠷᠢᠯᠡᠬᠦ᠌ ᠲᠡᠷᠭᠡ ᠠᠷᠭ᠎ᠠ ᠪᠤᠰᠤ ᠨᠡᠭᠦᠷᠡᠰᠦ ᠲᠡᠭᠡᠭᠡᠪᠦᠷᠢᠯᠡᠬᠦ᠌ ᠲᠤᠰᠭᠠᠢ ᠱᠤᠭᠤᠮ ᠢ᠋ᠶ᠋ᠡᠷ ᠲᠣᠭᠣᠷᠢᠵᠤ᠂ ᠲᠡᠭᠡᠭᠡᠪᠦᠷᠢ ᠶ᠋ᠢᠨ ᠥᠪᠡᠷ ᠤ᠋ᠨ ᠦᠷᠳᠡᠭ ᠨᠢ ᠶᠡᠬᠡ ᠪᠡᠷ ᠳᠡᠭᠡᠭ᠌ᠰᠢᠯᠡᠪᠡ ᠃ ᠵᠢᠱ᠌ᠢᠵᠦ᠍ ᠪᠤᠲᠤᠭ᠍ᠰᠠᠨ ᠢ᠋ᠶ᠋ᠡᠷ᠂ ᠡᠨᠡᠬᠦ᠌ ᠵᠠᠮ ᠨᠢ ᠬᠣᠯᠪᠣᠭ᠍ᠳᠠᠯ ᠪᠦᠭᠦᠢ ᠠᠵᠤ ᠠᠬᠤᠢᠯᠠᠯ ᠳ᠋ᠤ ᠵᠢᠯ ᠳ᠋ᠤ 2100 ᠲᠦᠮᠡᠨ ᠲᠥᠭᠥᠷᠢᠭ ᠤ᠋ᠨ ᠪᠠᠷᠠᠭᠠᠨ ᠤ᠋ ᠭᠦᠢᠯᠭᠡᠭᠡᠨ᠎ᠦ ᠥᠪᠡᠷ ᠤ᠋ᠨ ᠦᠷᠲᠡᠭ ᠢ᠋ ᠠᠷᠪᠢᠯᠠᠨ ᠥᠭ᠌ᠴᠦ᠂ ᠲᠡᠷᠡ ᠴᠡᠭ ᠢ᠋ᠶ᠋ᠡᠷ ᠢ᠋ᠶ᠋ᠡᠨ 《ᠠᠵᠤ ᠠᠬᠤᠢ ᠶ᠋ᠢᠨ ᠠᠮᠢᠨ ᠰᠤᠳᠠᠰᠤ》 ᠪᠤᠯᠬᠤ ᠶᠤᠮ᠃

ᠠᠵᠤ ᠠᠬᠤᠢᠯᠠᠯ 《ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠤ᠋ᠨ ᠪᠡᠶᠡᠴᠢᠯᠡᠨ ᠣᠢᠯᠠᠭᠠᠬᠤ ᠲᠤᠰᠢᠶᠠᠯᠲᠠᠨ》  ᠢ᠋ᠶ᠋ᠡᠷ ᠳᠠᠮᠵᠢᠭᠤᠯᠤᠨ ᠬᠦᠰᠡᠯ ᠱᠠᠭᠠᠷᠳᠠᠯᠭ᠎ᠠ ᠪᠠᠨ ᠲᠤᠰᠭᠠᠪᠠ᠃ ᠣᠲᠣᠭ ᠳᠡᠭᠡᠳᠦ ᠱᠢᠨ᠎ᠡ ᠮᠡᠷᠭᠡᠵᠢᠯ᠎ᠤᠨ ᠨᠡᠭᠡᠭᠡᠯᠳᠡ ᠵᠢᠨ ᠤᠷᠤᠨ᠎ᠦ ᠬᠢᠨ ᠲᠡᠷᠡ ᠳᠠᠷᠤᠶ ᠳ᠋ᠤᠨᠢ ᠲᠤᠰᠭᠠᠶ ᠠᠵᠢᠯ ᠤ᠋ᠨ ᠳᠤᠭᠤᠢᠯᠠᠩ ᠪᠠᠢᠭᠤᠯᠵᠤ ᠂ ᠲᠤᠬᠠᠢ ᠶ᠋ᠢᠨ ᠭᠠᠵᠠᠷ ᠬᠦᠷᠴᠦ᠍ ᠪᠠᠢᠴᠠᠭᠠᠨ ᠰᠤᠳᠤᠯᠤᠯᠲᠠ ᠬᠢᠪᠠ ᠃

ᠬᠢᠨᠠᠨ ᠪᠠᠢᠴᠠᠭᠠᠭ᠍ᠰᠠᠨ ᠢ᠋ᠶ᠋ᠡᠷ ᠂ ᠵᠠᠮ ᠤ᠋ᠨ ᠥᠮᠴᠢᠯᠡᠯ ᠤ᠋ᠨ ᠡᠷᠬᠡ ᠨᠢ ᠬᠡᠳᠦᠢᠪᠡᠷ ᠮᠸᠩ ᠰᠢ ᠱᠦᠶ᠋ᠨᠢ ᠶ᠋ᠢᠨ ᠺᠣᠮᠫᠠᠨᠢ ᠳ᠋ᠤ ᠬᠠᠷᠢᠶᠠᠯᠠᠭ᠍ᠳᠠᠬᠤ ᠪᠣᠯᠪᠠᠴᠤ᠌ ᠨᠢᠭᠡᠨᠲᠡ ᠬᠦᠷᠢᠶᠡᠯᠡᠩ ᠲᠣᠭᠣᠷᠢᠭ ᠤ᠋ᠨ ᠠᠵᠤ ᠠᠬᠤᠢᠯᠠᠯ ᠤ᠋ᠨ ᠶᠡᠬᠡ ᠬᠡᠮᠵᠢᠶᠡᠨ᠎ᠦ ᠲᠦᠭᠦᠬᠡᠶ ᠮᠠᠲᠸᠷᠢᠶᠠᠯ ᠱᠢᠲᠠᠭᠠᠯᠭ᠎ᠠ ᠶ᠋ᠢᠨ ᠮᠠᠲ᠋ᠧᠷᠢᠶᠠᠯ ᠤ᠋ᠨ ᠲᠡᠭᠡᠭᠡᠪᠦᠷᠢ ᠶ᠋ᠢᠨ ᠵᠠᠪᠠᠯ ᠥᠩᠭᠡᠷᠡᠬᠦ᠌ ᠵᠠᠮ ᠪᠣᠯᠤᠭ᠍ᠰᠠᠨ ᠪᠠᠢᠨ᠎ᠠ ᠃ ᠵᠠᠮ ᠱᠤᠭᠤᠮ ᠢ᠋ ᠤᠳᠠᠭᠠᠨ ᠵᠢᠯ ᠦᠯᠦ ᠵᠠᠰᠠᠭ᠍ᠰᠠᠨ ᠡᠴᠡ ᠪᠤᠯᠵᠤ᠂ ᠬᠦᠨᠳᠦ ᠨᠣᠴᠢᠲᠠᠶ ᠡᠪᠳᠡᠭ᠌ᠳᠡᠨ ᠂ ᠲᠣᠭᠣᠰᠣ ᠳᠡᠭ᠌ᠳᠡᠵᠦ᠍ ᠂ ᠡᠭᠦᠨ᠎ᠦ ᠳᠡᠭᠡᠷ᠎ᠡ ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠬᠠᠮᠢᠶᠠᠷᠤᠨ ᠡᠵᠡᠮᠳᠡᠬᠦ᠌ ᠳᠠᠷᠤᠯᠲᠠ ᠶᠡᠬᠡ ᠪᠠᠢᠳᠠᠭ ᠡᠴᠡ ᠮᠸᠩ ᠰᠢ ᠱᠦᠶ᠋ᠨᠢ ᠶ᠋ᠢᠨ ᠺᠣᠮᠫᠠᠨᠢ ᠠᠷᠠᠴᠢᠯᠠᠨ ᠬᠠᠮᠠᠭᠠᠯᠠᠬᠤ ᠵᠠᠷᠤᠳᠠᠯ ᠢ᠋ ᠭᠠᠭ᠍ᠴᠠᠭᠠᠷ ᠡᠭᠦᠷᠭᠡᠯᠡᠵᠦ ᠳᠡᠢᠯᠬᠦ ᠥᠬᠡᠶ ᠪᠣᠯᠵᠠᠶ ᠃

《ᠠᠵᠤ ᠠᠬᠤᠢᠯᠠᠯ ᠤ᠋ᠨ ᠬᠦᠴᠢᠷᠳᠡᠯ ᠤ᠋ᠨ ᠴᠡᠭ ᠪᠣᠯ ᠳᠠᠷᠤᠢ ᠮᠠᠨ ᠤ᠋ ᠦᠢᠯᠡᠴᠢᠯᠡᠭᠡᠨ᠎ᠦ ᠬᠠᠷᠠᠯᠲᠠ ᠪᠣᠯᠤᠨ᠎ᠠ》᠃ ᠳᠡᠭᠡᠳᠦ ᠱᠢᠨ᠎ᠡ ᠮᠡᠷᠭᠡᠵᠢᠯ ᠤ᠋ᠨ ᠨᠡᠭᠡᠭᠡᠯᠳᠡ ᠵᠢᠨ ᠤᠷᠤᠨ᠎ᠦ ᠬᠢᠨ ᠰᠠᠨᠠᠭᠠᠴᠢᠯᠠᠭ᠎ᠠ ᠡᠴᠡ ᠪᠠᠨ 《ᠳᠠᠭᠠᠭᠤᠯᠤᠭ᠍ᠴᠢ》 ᠪᠣᠯᠵᠣ᠂ ᠡᠯ᠎ᠡ ᠠᠱᠢᠭ ᠭᠥᠷᠳᠡᠬᠦ᠌ ᠠᠵᠤ ᠠᠬᠤᠢᠯᠠᠯ ᠢ᠋ ᠵᠣᠬᠢᠶᠠᠨ ᠪᠠᠢᠭᠤᠯᠤᠨ ᠲᠤᠰᠭᠠᠶ ᠰᠡᠳᠦᠪᠲᠦ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠠᠵᠤ ᠠᠬᠤᠢᠯᠠᠯ ᠢ᠋ ᠬᠥᠲᠥᠯᠥᠨ ᠵᠢᠯᠣᠭᠣᠳᠴᠤ᠌ ᠪᠠᠢᠭᠠᠳ 《ᠬᠠᠮᠲᠤ ᠪᠡᠷ ᠬᠠᠮᠠᠭᠠᠯᠠᠵᠤ ᠬᠠᠮᠲᠤ ᠪᠡᠷ ᠬᠡᠷᠡᠭ᠌ᠯᠡᠬᠦ᠌》 ᠬᠠᠮᠲᠤ ᠶ᠋ᠢᠨ ᠲᠠᠨᠢᠯᠲᠠ ᠵᠢ ᠨᠢᠭ᠍ᠲᠠᠷᠠᠭᠤᠯᠪᠠ᠃ ᠣᠯᠠᠨ ᠡᠭᠡᠯᠵᠢ ᠶ᠋ᠢᠨ ᠨᠡᠪᠲᠡᠷᠡᠯᠴᠡᠭᠡ ᠪᠡᠷ ᠳᠡᠮᠵᠢᠨ ᠡᠴᠦᠰ ᠲᠡᠭᠡᠨ ᠮᠸᠩ ᠰᠢ ᠱᠦᠶ᠋ᠨᠢ ᠶ᠋ᠢᠨ ᠺᠣᠮᠫᠠᠨᠢ ᠲᠦᠷᠦᠭᠦᠯᠡᠨ ᠵᠠᠮ ᠢ᠋ ᠠᠷᠠᠴᠢᠯᠠᠨ ᠬᠠᠮᠠᠭᠠᠯᠠᠬᠤ ᠠᠵᠢᠯ ᠢ᠋ ᠨᠢᠭᠡᠳᠦᠯᠲᠡᠶ ᠲᠥᠯᠥᠪᠵᠢᠭᠦᠯᠦᠨ᠂ ᠬᠤᠸᠠ ᠢᠦᠶ᠂ ᠵᠢᠶᠦ᠋ᠨ ᠵᠧᠩ᠂ ᠤᠮᠠᠷᠠᠳᠤ ᠶ᠋ᠢᠨ ᠴᠠᠬᠢᠯᠭᠠᠨ ᠬᠦᠴᠦᠨ᠂ ᠵᠢᠩ ᠱᠢᠨ᠂ ᠰᠢᠨ ᠵᠦᠩ ᠵᠢᠶᠠ᠂ ᠱᠤᠸᠠᠩ ᠱᠢᠨ ᠵᠡᠷᠭᠡ ᠠᠱᠢᠭ ᠭᠥᠷᠳᠡᠭ᠌ᠰᠡᠨ ᠠᠵᠤ ᠠᠬᠤᠢᠯᠠᠯ ᠬᠠᠮᠲᠤ ᠪᠡᠷ ᠪᠠᠯᠠ ᠭᠠᠷᠭᠠᠬᠤ ᠪᠠᠷ ᠲᠤᠬᠲᠠᠵᠤ᠂ 《ᠥᠮᠴᠢᠯᠡᠯ ᠤ᠋ᠨ ᠡᠷᠬᠡ ᠲᠠᠢ ᠨᠢᠭᠡᠴᠢ ᠲᠦᠷᠦᠭᠦᠯᠡᠨ᠂ ᠠᠱᠢᠭ ᠭᠥᠷᠳᠡᠬᠦ᠌ ᠨᠢᠭᠡᠴᠢ ᠬᠠᠮᠲᠤ ᠪᠡᠷ ᠡᠭᠦᠷᠭᠡᠯᠡᠵᠦ᠍᠂ ᠬᠡᠪ ᠤ᠋ᠨ ᠪᠠᠢᠳᠠᠯ ᠢ᠋ᠶ᠋ᠡᠷ ᠠᠵᠢᠯᠯᠠᠭᠤᠯᠵᠤ ᠬᠠᠮᠠᠭᠠᠯᠠᠬᠤ》 ᠣᠷᠳᠣ ᠬᠤᠭᠤᠴᠠᠭᠠᠨ ᠤ᠋ ᠪᠦᠲᠦᠮᠵᠢᠲᠡᠶ ᠲᠣᠭ᠍ᠲᠠᠴᠠ ᠵᠢ ᠪᠠᠢᠭᠤᠯᠪᠠ᠃

ᠡᠴᠦᠰ ᠲᠦ᠍᠂ ᠵᠠᠮ ᠵᠠᠰᠠᠬᠤ ᠢᠨᠵᠧᠨᠧᠷᠢᠩ ᠤᠷᠤᠭ᠍ᠰᠢᠲᠠᠶ ᠪᠡᠷ ᠳᠠᠭᠤᠰᠤᠭ᠍ᠰᠠᠨ ᠪᠥᠭᠡᠳ ᠵᠢᠩᠬᠢᠨᠢ ᠪᠡᠷ ᠲᠡᠷᠭᠡ ᠨᠡᠪᠲᠡᠷᠡᠵᠡᠢ ᠃

ᠡᠨᠡ ᠬᠦ᠌ ᠠᠭᠤᠷᠬᠠᠢ ᠶ᠋ᠢᠨ ᠵᠠᠮ ᠨᠡᠪᠲᠡᠷᠡᠭ᠌ᠰᠡᠨ ᠨᠢ ᠵᠠᠰᠠᠭ ᠤ᠋ᠨ ᠤᠷᠳᠤᠨ ᠪᠠ ᠠᠵᠤ ᠠᠬᠤᠢᠯᠠᠯ ᠤ᠋ᠨ ᠬᠠᠷᠢᠯᠴᠠᠭᠠᠨ ᠤ᠋ ᠭᠦᠨ ᠳᠠᠪᠬᠤᠷᠭ᠎ᠠ ᠶ᠋ᠢᠨ ᠬᠤᠪᠢᠰᠤᠯᠲᠠ ᠵᠢ ᠲᠤᠰᠭᠠᠵᠤ ᠪᠠᠢᠨ᠎ᠠ᠃ ᠥᠩᠭᠡᠷᠡᠭ᠌ᠰᠡᠨ᠎ᠦ ᠲᠠᠩ ᠴᠢᠭ᠌ᠯᠡᠯ ᠤ᠋ᠨ ᠵᠠᠰᠠᠭ ᠵᠠᠬᠢᠷᠭᠠᠨ ᠤ᠋ ᠪᠠᠢᠴᠠᠭᠠᠯᠲᠠ ᠨᠢ ᠶᠠᠭ ᠬᠠᠷᠢᠯᠴᠠᠨ ᠢᠲᠡᠭᠡᠯᠴᠡᠬᠦ᠌ 《ᠬᠣᠣᠰ ᠴᠢᠭ᠌ᠯᠡᠯᠲᠦ ᠬᠠᠷᠢᠯᠴᠠᠭ᠎ᠠ》 ᠪᠤᠯᠵᠤ ᠬᠤᠪᠢᠷᠠᠵᠠᠢ᠃

ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠶ ᠶ᠋ᠢᠨ ᠬᠥᠭ᠌ᠵᠢᠯᠲᠡ ᠶ᠋ᠢᠨ ᠦᠶ᠋ᠯᠡᠴᠢᠯᠡᠭᠡᠨ᠎ᠦ ᠲᠣᠪᠴᠢᠶ᠎ᠠ ᠶ᠋ᠢᠨ ᠬᠢᠨ 《ᠰᠦᠯᠵᠢᠶᠠᠨ ᠲᠡᠭᠡᠷ᠎ᠠ + ᠲᠤᠬᠠᠢ᠎ᠵᠢᠨ ᠲᠠᠯᠠᠪᠠᠢ 》 ᠎ᠵᠢ ᠤᠶᠠᠯᠳᠤᠭᠤᠯᠤᠭ᠍ᠰᠠᠨ ᠬᠦᠰᠡᠯ ᠱᠠᠭᠠᠷᠳᠠᠯᠭ᠎ᠠ ᠵᠢ ᠭᠥᠯᠢᠶᠡᠨ ᠠᠪᠴᠤ᠌ ᠱᠢᠶ᠋ᠳᠪᠦᠷᠢᠯᠡᠬᠦ᠌ ᠱᠢᠰᠲ᠋ᠧᠮ ᠢ᠋ ᠪᠠᠢᠭᠤᠯᠪᠠ᠄ ᠲᠤᠬᠠᠢ ᠶ᠋ᠢᠨ ᠲᠠᠯᠠᠪᠠᠢ᠎ᠳᠤ᠂ ᠭᠤᠤᠯᠳᠠᠯᠭ᠎ᠠ ᠲᠠᠢ ᠠᠵᠤ ᠠᠬᠤᠢᠯᠠᠯ ᠢ᠋ 《 ᠲᠤᠰᠭᠠᠶ ᠬᠥᠮᠦᠨ ᠬᠠᠮᠢᠶᠠᠷᠴᠤ᠌》᠂ 《ᠲᠤᠰᠬᠠᠢ ᠤᠳᠤᠷᠢᠳᠤᠯᠭ᠎ᠠ ᠬᠠᠷᠢᠭᠤᠴᠠᠵᠤ》 ᠪᠤᠢ; ᠰᠦᠯᠵᠢᠶᠡᠨ ᠳᠡᠭᠡᠷ᠎ᠡ᠂ 《ᠦᠪᠦᠷ ᠮᠤᠨᠭᠭᠤᠯ ᠤ᠋ᠨ ᠠᠵᠤ ᠠᠬᠤᠢᠯᠠᠯ ᠤ᠋ᠨ ᠭᠠᠷ ᠠᠪᠤᠯᠭ᠎ᠠ》ᠠᠷᠠᠳ ᠤ᠋ᠨ ᠡᠵᠡᠩᠨᠡᠯᠲᠡ ᠶ᠋ᠢᠨ ᠠᠵᠤ ᠠᠬᠤᠶ ᠶ᠋ᠢᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠲᠠᠪᠴᠠᠩ ᠨᠢ ᠪᠥᠬᠥ᠌ ᠣᠷᠣᠨ ᠤ᠋ ᠠᠷᠠᠳ ᠤ᠋ᠨ ᠡᠵᠡᠩᠨᠡᠯᠲᠡ ᠶ᠋ᠢᠨ ᠭᠤᠤᠯ ᠴᠣᠭ᠍ᠴᠠ ᠳ᠋ᠤ ᠬᠠᠨᠳᠤᠭᠤᠯᠤᠨ ᠠᠰᠠᠭᠤᠳᠠᠯ ᠢ᠋ ᠭᠥᠯᠢᠶᠡᠨ ᠠᠪᠴᠤ᠌ ᠱᠢᠶ᠋ᠳᠪᠦᠷᠢᠯᠡᠵᠦ ᠪᠤᠢ᠃ 2025 ᠣᠨ ᠳ᠋ᠤ᠂ ᠪᠥᠬᠥ᠌ ᠣᠷᠣᠨ ᠤ᠋ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠶ ᠶ᠋ᠢᠨ ᠠᠵᠢᠯ ᠤ᠋ᠨ ᠪᠠᠢᠭᠤᠯᠤᠮᠵᠢ ᠡᠯ᠎ᠡ ᠲᠥᠷᠥᠯ ᠤ᠋ᠨ ᠠᠰᠠᠭᠤᠳᠠᠯ ᠤ᠋ᠨ ᠬᠦᠰᠡᠯ ᠱᠠᠭᠠᠷᠳᠠᠯᠭ᠎ᠠ ᠵᠢ ᠨᠡᠢᠲᠡ 3363 ᠬᠤᠪᠢ ᠭᠥᠯᠢᠶᠡᠨ ᠠᠪᠴᠤ᠌ ᠱᠢᠶ᠋ᠳᠪᠦᠷᠢᠯᠡᠨ᠂ 3058 ᠬᠤᠪᠢ ᠱᠢᠶ᠋ᠳᠪᠦᠷᠢᠯᠡᠵᠦ ᠳᠠᠭᠤᠰᠬᠠᠵᠤ᠂ ᠱᠢᠶ᠋ᠳᠪᠦᠷᠢᠯᠡᠵᠦ᠍ ᠳᠠᠭᠤᠰᠭᠠᠭ᠍ᠰᠠᠨ ᠨᠣᠷᠮ᠎ᠠ ᠨᠢ 91% ᠳ᠋ᠤ ᠬᠦᠷᠴᠡᠶ᠃

《ᠠᠰᠠᠭᠤᠳᠠᠯ ᠢ᠋ ᠬᠠᠮᠢᠶᠠᠷᠬᠤ ᠬᠥᠮᠦᠨ ᠲᠠᠢ᠂ ᠬᠦᠰᠡᠯ ᠱᠠᠭᠠᠷᠳᠠᠯᠭ᠎ᠠ ᠳ᠋ᠤ ᠬᠠᠷᠢᠭᠤ ᠲᠤᠰᠬᠠᠯ ᠦᠭᠬᠦ》 ᠰᠢᠰᠲᠸᠮ ᠨᠢ ᠠᠷᠠᠳ ᠤ᠋ᠨ ᠡᠵᠡᠨᠭᠨᠡᠯᠲᠡ ᠶ᠋ᠢᠨ ᠠᠵᠤ ᠠᠬᠤᠶ ᠶ᠋ᠢᠨ ᠥᠷᠨᠢᠭᠦᠨ ᠬᠥᠭ᠌ᠵᠢᠯᠲᠡ ᠵᠢ ᠳᠠᠢᠴᠢᠯᠠᠪᠠ ᠃

2025 ᠣᠨ ᠤ᠋ ᠰᠡᠭᠦᠯᠴᠢ ᠪᠣᠯᠲᠠᠯ᠎ᠠ᠂ ᠪᠥᠬᠥ᠌ ᠣᠷᠣᠨ ᠤ᠋ ᠠᠷᠠᠳ ᠤ᠋ᠨ ᠡᠵᠡᠩᠨᠡᠯᠲᠡ ᠶ᠋ᠢᠨ ᠭᠤᠤᠯ ᠴᠣᠭ᠍ᠴᠠ 289.95 ᠲᠦᠮᠡᠨ ᠡᠷᠦᠬᠡ ᠳ᠋ᠤ ᠬᠦᠷᠴᠦ᠍᠂ ᠪᠥᠬᠥ᠌ ᠡᠵᠡᠩᠨᠡᠯᠲᠡ ᠶ᠋ᠢᠨ ᠭᠤᠤᠯ ᠴᠣᠭ᠍ᠴᠠ ᠶ᠋ᠢᠨ 94.98%  ᠵᠢ ᠡᠵᠡᠯᠡᠪᠡ ; ᠱᠢᠨ᠎ᠡ ᠪᠡᠷ ᠬᠢᠨᠠᠨ ᠲᠣᠭ᠍ᠲᠠᠭᠠᠭ᠍ᠰᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ  ᠠᠵᠤ ᠠᠬᠤᠢᠯᠠᠯ ᠤ᠋ᠨ ᠳᠣᠲᠣᠷ᠎ᠠ᠂ ᠠᠷᠠᠳ ᠤ᠋ᠨ ᠡᠵᠡᠨᠭᠨᠡᠯᠲᠡ ᠶ᠋ᠢᠨ ᠠᠵᠤ ᠠᠬᠤᠢᠯᠠᠯ ᠤ᠋ᠨ ᠡᠵᠡᠯᠡᠬᠦ᠌ ᠬᠠᠷᠢᠴᠠᠯ 70% ᠵᠢ ᠳᠠᠪᠠᠪᠠ; ᠪᠡᠶ᠎ᠡ ᠪᠠᠨ ᠳᠠᠭᠠᠭᠠᠭ᠍ᠰᠠᠨ ᠱᠢᠨ᠎ᠡ ᠬᠡᠯᠪᠡᠷᠢ ᠶ᠋ᠢᠨ ᠡᠨᠧᠷᠭᠢ ᠬᠠᠳᠠᠭᠠᠯᠠᠬᠤ ᠲᠤᠰᠭᠠᠶ ᠠᠵᠢᠯᠯᠠᠭ᠎ᠠ ᠳ᠋ᠤ᠂ ᠠᠷᠠᠳ ᠤ᠋ᠨ ᠡᠵᠡᠨᠭᠨᠡᠯᠲᠡ ᠶ᠋ᠢᠨ ᠠᠵᠤ ᠠᠬᠤᠢᠯᠠᠯ ᠤ᠋ᠨ ᠬᠡᠪᠴᠢᠶ᠎ᠡ ᠨᠢ ᠪᠠᠷᠤᠭ 95% ᠵᠢ ᠡᠵᠡᠯᠡᠵᠦ᠍ ᠪᠤᠢ᠃ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠢ ᠨᠢᠭᠡᠨᠲᠡ ᠥᠪᠡᠷᠲᠡᠭᠡᠨ ᠵᠠᠰᠠᠬᠤ ᠣᠷᠣᠨ ᠤ᠋ ᠴᠢᠨᠠᠷ ᠰᠠᠢᠲᠠᠢ ᠬᠥᠭ᠌ᠵᠢᠯᠲᠡ ᠶ᠋ᠢᠨ ᠴᠢᠬᠤᠯᠠ ᠲᠤᠯᠭᠠᠭᠤᠷᠢᠯᠠᠯ ᠪᠣᠯᠵᠡᠢ ᠃

《ᠺᠣᠳ᠋ ᠱᠢᠷᠪᠢᠭᠦᠯᠵᠦ ᠭᠡᠷᠡᠴᠢ ᠦᠨᠡᠮᠯᠡᠯ ᠭᠠᠷᠭᠠᠬᠤ》 ᠨᠢ ᠬᠡᠪ ᠤ᠋ᠨ ᠪᠠᠢᠳᠠᠯ ᠪᠣᠯᠵᠣ᠂ 《ᠪᠠᠢᠴᠠᠭᠠᠬᠤ ᠺᠣᠳ᠋》ᠨᠢ 《ᠰᠠᠨᠠᠭ᠎ᠠ ᠠᠮᠤᠷ ᠪᠠᠢᠯᠭᠠᠬᠤ ᠺᠣᠳ᠋》 ᠪᠣᠯᠵᠣ᠂ ᠨᠠᠩ ᠣᠯᠠᠨ ᠡᠵᠡᠩᠨᠡᠯᠲᠡ ᠶ᠋ᠢᠨ ᠭᠤᠤᠯ ᠴᠣᠭ᠍ᠴᠠ ᠎ᠵᠢᠨ ᠰᠠᠨᠠᠭ᠎ᠠ ᠰᠡᠳᠬᠢᠯ᠎ᠢ ᠲᠠᠢᠪᠤᠷᠢᠰᠢᠭᠤᠯᠵᠤ᠂ ᠡᠷᠡᠮᠡᠭᠡᠢᠯᠡᠨ ᠠᠵᠢᠯᠯᠠᠬᠤ ᠡᠷᠴᠢ ᠵᠤᠷᠢᠭ᠎ᠢ ᠨᠢ ᠬᠦᠪᠴᠢᠯᠡᠭᠰᠡᠨ ᠪᠠᠢᠨ᠎ᠠ᠃ ᠡᠢᠨᠬᠦ ᠨᠠᠡᠭ ᠤᠯᠠᠨ ᠠᠮᠢᠳᠤᠯᠢᠭ ᠪᠤᠳᠠᠳᠠᠢ ᠬᠡᠷᠡᠭ ᠤ᠋ᠨ ᠵᠢᠱ᠌ᠢᠢ᠎ᠡ ᠨᠢ ᠥᠪᠥᠷ ᠮᠣᠩᠭᠣᠯ ᠤ᠋ᠨ ᠬᠠᠤᠯᠢᠵᠢᠯ ᠤ᠋ᠨ ᠵᠠᠰᠠᠭ ᠤ᠋ᠨ ᠣᠷᠳᠣᠨ ᠤ᠋ ᠪᠠᠢᠭᠤᠯᠤᠯᠲᠠ ᠶ᠋ᠢᠨ ᠬᠠᠯᠠᠭᠤᠨ ᠳᠤᠯᠠᠭᠠᠨ ᠬᠠᠷᠢᠭᠤᠯᠲᠠ ᠶ᠋ᠢᠨ ᠬᠠᠭᠤᠳᠠᠰᠤ ᠵᠢ ᠪᠢᠴᠢᠭ᠌ᠯᠡᠵᠦ᠍ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号