ᠪᠦᠬᠦ᠌ ᠤᠯᠤᠰ᠎ᠤᠨ ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠎ᠳᠦ ᠴᠣᠬᠢᠯᠲᠠ ᠥᠭ᠌ᠴᠦ ᠵᠠᠰᠠᠬᠤ ᠠᠵᠢᠯ᠎ᠤᠨ ᠸᠢᠳᠢᠣ᠋ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠲᠥᠪ᠎ᠦᠨ ᠤᠬᠠᠭᠤᠯᠬᠤ ᠬᠡᠯᠲᠡᠰ᠂ ᠳᠣᠲᠣᠭᠠᠳᠤ᠎ᠶ᠋ᠢ ᠬᠠᠮᠠᠭᠠᠯᠠᠬᠤ ᠶᠠᠮᠤᠨ 6 ᠰᠠᠷ᠎ᠠ᠎ᠶ᠋ᠢᠨ 10 ᠤ᠋ ᠡᠳᠦᠷ 《ᠬᠤᠳᠠᠯ ᠴᠢᠮᠡᠭᠡ ᠵᠢ ᠰᠣᠨᠣᠰᠭᠤ ᠦᠭᠡᠢ ᠢᠲᠡᠭᠡᠬᠦ᠌ ᠦᠭᠡᠢ ᠱᠢᠨᠤᠬᠠᠢᠷᠠᠬᠤ ᠦᠭᠡᠢ᠂ ᠮᠡᠬᠡᠯᠡᠯ᠎ᠢ ᠡᠰᠡᠷᠭᠦᠴᠡᠬᠦ᠌ 〈ᠰᠡᠳᠭᠢᠯ〉 ᠤ᠋ᠨ ᠰᠡᠷᠭᠡᠢᠯᠡᠯᠲᠡ᠎ᠶ᠋ᠢᠨ ᠱᠤᠭᠤᠮ᠎ᠢ ᠪᠠᠢᠭᠤᠯᠬᠤ》 ᠪᠡᠷ ᠭᠣᠣᠯ ᠰᠡᠳᠦᠪ ᠪᠣᠯᠭᠠᠭ᠍ᠰᠠᠨ 《ᠪᠦᠬᠦ᠌ ᠠᠷᠠᠳ᠎ᠤᠨ ᠮᠡᠬᠡᠯᠡᠯ᠎ᠢ ᠡᠰᠡᠷᠭᠦᠴᠡᠬᠦ᠌ ᠠᠵᠢᠯᠯᠠᠭ᠎ᠠ》 ᠵᠢᠨ ᠲᠥᠪᠯᠡᠷᠡᠭᠦᠯᠦᠨ ᠤᠬᠠᠭᠤᠯᠬᠤ ᠰᠠᠷ᠎ᠠ᠎ᠶ᠋ᠢᠨ ᠠᠵᠢᠯᠯᠠᠭ᠎ᠠ᠎ᠶ᠋ᠢ ᠪᠠᠢᠷᠢᠯᠠᠭᠤᠯᠵᠤ᠂ ᠮᠡᠬᠡᠯᠡᠯ᠎ᠢ ᠡᠰᠡᠷᠭᠦᠴᠡᠬᠦ᠌ ᠤᠬᠠᠭᠤᠯᠭ᠎ᠠ᠎ᠶ᠋ᠢᠨ ᠡᠷᠴᠢᠮ ᠢ᠋ ᠤᠯᠠᠮ ᠨᠢᠭᠡ ᠠᠯᠬᠤᠮ ᠴᠢᠩᠭᠠᠷᠠᠭᠤᠯᠵᠤ᠂ ᠤᠯᠠᠨ ᠲᠦᠮᠡᠨ᠎ᠦ ᠮᠡᠬᠡᠯᠡᠯ᠎ᠢ ᠰᠡᠷᠭᠡᠢᠯᠡᠬᠦ᠌ ᠤᠬᠠᠮᠰᠠᠷ ᠪᠠ ᠮᠡᠬᠡᠯᠡᠯ᠎ᠢ ᠲᠠᠨᠢᠬᠤ ᠴᠢᠳᠠᠪᠤᠷᠢ᠎ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠪᠦᠬᠦ᠌ ᠨᠡᠢᠭᠡᠮ᠎ᠦᠨ ᠮᠡᠬᠡᠯᠡᠯ᠎ᠢ ᠡᠰᠡᠷᠭᠦᠴᠡᠬᠦ᠌ ᠭᠦᠨ ᠵᠤᠵᠠᠭᠠᠨ ᠠᠭᠤᠷ ᠠᠮᠢᠰᠭᠤᠯ᠎ᠢ ᠦᠨᠡᠨ ᠬᠦ᠌ ᠪᠤᠢ ᠪᠣᠯᠭᠠᠨ᠎ᠠ᠃ 6 ᠰᠠᠷ᠎ᠠ᠎ᠶ᠋ᠢᠨ 10 ᠤ᠋ ᠡᠳᠦᠷ᠂ ᠲᠥᠪᠯᠡᠷᠡᠭᠦᠯᠦᠨ ᠤᠬᠠᠭᠤᠯᠬᠤ ᠰᠠᠷ᠎ᠠ᠎ᠶ᠋ᠢᠨ ᠡᠬᠢᠯᠡᠯᠲᠡ᠎ᠶ᠋ᠢᠨ ᠶᠣᠰᠣᠯᠠᠯ ᠪᠡᠭᠡᠵᠢᠩ᠎ᠳᠦ ᠶᠠᠪᠤᠭ᠍ᠳᠠᠵᠤ᠂ ᠲᠥᠪ᠎ᠦᠨ ᠪᠠ ᠲᠥᠷᠥ᠎ᠶ᠋ᠢᠨ ᠪᠠᠢᠭᠤᠯᠭ᠎ᠠ᠎ᠶ᠋ᠢᠨ ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠎ᠳᠦ ᠴᠣᠬᠢᠯᠲᠠ ᠥᠭ᠌ᠴᠦ ᠵᠠᠰᠠᠬᠤ ᠬᠤᠯᠪᠤᠭᠳᠠᠯ ᠪᠥᠬᠥᠶ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠲᠤᠬᠠᠶ᠎ᠶ᠋ᠢᠨ ᠲᠠᠯᠠᠪᠠᠶ᠎ᠳᠤ ᠮᠡᠬᠡᠯᠡᠯ᠎ᠢ ᠡᠰᠡᠷᠭᠦᠴᠡᠬᠦ᠌ ᠭᠤᠤᠯ ᠰᠡᠳᠦᠪᠲᠦ ᠤᠬᠠᠭᠤᠯᠤᠨ ᠲᠠᠢᠯᠪᠤᠷᠢᠯᠠᠯᠳᠠ ᠶ᠋ᠢ ᠰᠤᠨᠤᠰᠪᠠ᠃
ᠠᠵᠢᠯᠯᠠᠭ᠎ᠠ᠎ᠶ᠋ᠢᠨ ᠲᠣᠬᠢᠷᠠᠭᠤᠯᠤᠯᠲᠠ᠎ᠶ᠋ᠢ ᠦᠨᠳᠦᠰᠦᠯᠡᠪᠡᠯ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠪᠥᠬᠥ᠌ ᠤᠯᠤᠰ᠎ᠤᠨ ᠬᠡᠪᠴᠢᠶᠡᠨ᠎ᠳᠦ 《ᠨᠡᠢᠭᠡᠮ ᠲᠣᠭᠣᠷᠢᠭ᠎ᠲᠤ ᠣᠷᠣᠬᠤ᠂ ᠬᠥᠳᠡᠭᠡ ᠲᠣᠰᠭᠣᠨ᠎ᠳᠤ ᠣᠷᠣᠬᠤ᠂ ᠬᠡᠷ ᠪᠦᠯᠢ᠎ᠳᠦ ᠣᠷᠣᠬᠤ᠂ ᠰᠤᠷᠭᠠᠭᠤᠯᠢ᠎ᠳᠤ ᠣᠷᠣᠬᠤ᠂ ᠠᠵᠤ ᠠᠬᠤᠢᠯᠠᠯ᠎ᠳᠤ ᠣᠷᠣᠬᠤ》 ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠲᠣᠰᠭᠣᠨ᠎ᠤ ᠠᠷᠠᠳ᠎ᠤᠨ ᠵᠥᠪᠯᠡᠯ᠂ ᠰᠠᠭᠤᠭᠠᠯᠢ ᠠᠷᠠᠳ᠎ᠤᠨ ᠵᠥᠪᠯᠡᠯ ᠪᠣᠯᠤᠨ ᠨᠡᠢᠭᠡᠮ ᠲᠣᠭᠣᠷᠢᠭ᠎ᠤᠨ ᠠᠵᠢᠯᠲᠠᠨ᠂ ᠲᠤᠤᠷᠵᠢᠯ ᠤ᠋ᠨ ᠠᠵᠢᠯᠲᠠᠨ᠂ ᠰᠠᠢᠨ ᠳᠤᠷᠠᠴᠤᠳ᠎ᠲᠤ ᠲᠦᠱᠢᠭ᠌ᠯᠡᠨ ᠮᠡᠬᠡᠯᠡᠯ᠎ᠢ ᠡᠰᠡᠷᠭᠦᠴᠡᠬᠦ᠌ ᠤᠬᠠᠭᠤᠯᠭ᠎ᠠ ᠰᠡᠷᠭᠡᠢᠯᠡᠯᠲᠡ᠎ᠶ᠋ᠢᠨ ᠠᠵᠢᠯ᠎ᠢ ᠭᠦᠨᠵᠡᠭᠡᠶ ᠥᠷᠨᠢᠭᠦᠯᠵᠦ᠍᠂ ᠮᠡᠬᠡᠯᠡᠯ᠎ᠢ ᠡᠰᠡᠷᠭᠦᠴᠡᠬᠦ᠌ ᠤᠬᠠᠭᠤᠯᠭ᠎ᠠ᠎ᠶ᠋ᠢᠨ ᠠᠵᠢᠯ᠎ᠢ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠳᠤ ᠭᠦᠨᠵᠡᠭᠡᠶ ᠠᠭᠤᠰᠤᠯᠴᠠᠭᠤᠯᠬᠤ᠎ᠶ᠋ᠢ ᠠᠬᠢᠭᠤᠯᠤᠨ᠎ᠠ᠃ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠬᠣᠯᠪᠣᠭ᠍ᠳᠠᠯ ᠪᠥᠬᠥᠶ ᠠᠵᠢᠯ ᠲᠥᠷᠥᠯ᠎ᠦᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠡᠶ ᠬᠠᠮᠲᠤᠷᠠᠨ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠂ ᠴᠠᠬᠢᠯᠭᠠᠨ ᠬᠣᠯᠪᠣᠭᠠᠨ᠎ᠤ ᠲᠤᠬᠠᠢᠯᠠᠭ᠍ᠰᠠᠨ ᠠᠵᠢᠯ᠎ᠤᠨ ᠡᠵᠡᠩᠨᠡᠭ᠌ᠴᠢ᠂ ᠢᠨᠲ᠋ᠸᠷ ᠰᠦᠯᠵᠢᠶᠡᠨ᠎ᠦ ᠦᠶ᠋ᠯᠡᠴᠢᠯᠡᠭᠡ ᠬᠠᠩᠭᠠᠭ᠍ᠴᠢ᠎ᠶ᠋ᠢ ᠱᠠᠯᠠᠪᠳᠠᠭᠤᠯᠵᠤ ᠪᠠᠢᠭᠠᠳ ᠲᠣᠰ ᠠᠵᠢᠯ ᠲᠥᠷᠥᠯ᠎ᠦᠨ ᠠᠵᠢᠯᠲᠠᠨ ᠵᠢᠴᠢ ᠦᠶ᠋ᠯᠡᠴᠢᠯᠡᠬᠦ᠌ ᠡᠲᠡᠭᠡᠳ᠎ᠦᠨ ᠮᠡᠬᠡᠯᠡᠯ᠎ᠢ ᠡᠰᠡᠷᠭᠦᠴᠡᠬᠦ᠌ ᠤᠬᠠᠭᠤᠯᠭ᠎ᠠ᠎ᠶ᠋ᠢ ᠭᠦᠨᠵᠡᠭᠡᠶ ᠥᠷᠨᠢᠭᠦᠯᠦᠨ᠎ᠡ᠃ ᠡᠭᠦᠨ᠎ᠦ ᠬᠠᠮᠲᠤ᠂ ᠳᠣᠲᠣᠭᠠᠳᠤ᠎ᠶ᠋ᠢ ᠬᠠᠮᠠᠭᠠᠯᠠᠬᠤ ᠶᠠᠮᠤᠨ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠡᠷᠭᠡ ᠨᠢᠭᠡᠴᠢ᠎ᠲᠡᠶ ᠬᠠᠮᠲᠤᠷᠠᠨ ᠣᠳᠣᠬᠠᠨ᠎ᠤ ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠎ᠦᠨ ᠶᠠᠯᠠᠲᠤ ᠠᠵᠢᠯᠯᠠᠭ᠎ᠠ᠎ᠶ᠋ᠢᠨ ᠪᠠᠢᠳᠠᠯ᠎ᠤᠨ ᠣᠨᠴᠠᠯᠢᠭ᠂ ᠣᠯᠠᠨ ᠡᠭᠦᠰᠴᠤ ᠪᠠᠢᠭ᠎ᠠ ᠮᠡᠬᠡᠯᠡᠯ᠎ᠦᠨ ᠲᠥᠷᠥᠯ ᠬᠡᠯᠪᠡᠷᠢ ᠵᠢᠴᠢ ᠮᠡᠬᠡᠯᠡᠯ᠎ᠢ ᠰᠡᠷᠭᠡᠢᠯᠡᠬᠦ᠌ ᠰᠠᠨᠠᠭᠤᠯᠤᠮᠵᠢ᠎ᠶ᠋ᠢ ᠲᠠᠨᠢᠯᠴᠠᠭᠤᠯᠬᠤ ᠪᠣᠯᠤᠨ᠎ᠠ; ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠶ ᠬᠣᠷᠢᠶ᠎ᠠ᠎ᠲᠠᠶ ᠬᠠᠮᠲᠤᠷᠠᠨ 《ᠪᠥᠬᠥ᠌ ᠠᠷᠠᠳ᠎ᠤᠨ ᠮᠡᠬᠡᠯᠡᠯ᠎ᠢ ᠡᠰᠡᠷᠭᠦᠴᠡᠬᠦ᠌ ᠢᠯᠡ ᠬᠢᠴᠢᠶᠡᠯ》 ᠤ᠋ᠨ ᠣᠨᠴᠠᠭᠠᠶ ᠫᠷᠤᠭ᠌ᠷᠠᠮ ᠭᠠᠷᠭᠠᠨ᠎ᠠ; 《2026 ᠣᠨ᠎ᠤ ᠬᠡᠪᠯᠡᠯ᠎ᠦᠨ ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠎ᠢ ᠰᠡᠷᠭᠡᠢᠯᠡᠬᠦ᠌ ᠤᠬᠠᠭᠤᠯᠭ᠎ᠠ᠎ᠶ᠋ᠢᠨ ᠭᠠᠷ ᠳᠡᠪᠲᠡᠷ》 ᠵᠡᠷᠭᠡ ᠠᠯᠢ ᠣᠯᠠᠨ ᠤᠬᠠᠭᠤᠯᠤᠨ ᠰᠡᠷᠭᠡᠢᠯᠡᠬᠦ᠌ ᠮᠠᠲ᠋ᠧᠷᠢᠶᠠᠯ᠎ᠢ ᠨᠡᠢᠲᠡᠯᠡᠨᠠ᠃ ᠡᠨᠡ ᠬᠦ᠌ ᠬᠤᠭᠤᠴᠠᠭᠠᠨ᠎ᠳᠤ᠂ ᠭᠤᠤᠯ ᠪᠣᠯᠬᠤ ᠰᠣᠨᠢᠨ ᠮᠡᠳᠡᠭᠡᠨ᠎ᠦ ᠵᠠᠭᠤᠴᠢᠯᠠᠭᠤᠷ ᠪᠣᠯᠤᠨ ᠱᠢᠨ᠎ᠡ ᠵᠠᠭᠤᠴᠢᠯᠠᠭᠤᠷ᠎ᠤᠨ ᠲᠠᠪᠴᠠᠩ ᠮᠡᠬᠡᠯᠡᠯ᠎ᠢ ᠡᠰᠡᠷᠭᠦᠴᠡᠬᠦ᠌ ᠱᠢᠷᠢᠰ ᠮᠡᠳᠡᠭᠡᠯᠡᠯ ᠢ᠋ ᠦᠷᠭᠦᠯᠵᠢᠯᠡᠨ ᠨᠡᠢᠲᠡᠯᠡᠵᠦ᠍᠂ ᠤᠬᠠᠭᠤᠯᠭ᠎ᠠ᠎ᠶ᠋ᠢᠨ ᠬᠡᠪᠴᠢᠶ᠎ᠡ ᠵᠢ ᠲᠠᠰᠤᠷᠠᠯᠲᠠ ᠥᠬᠡᠶ ᠥᠷᠭᠡᠳᠭᠡᠨ᠂ ᠤᠬᠠᠭᠤᠯᠭ᠎ᠠ᠎ᠶ᠋ᠢᠨ ᠣᠨᠣᠪᠴᠢ᠎ᠶ᠋ᠢᠨ ᠬᠡᠮᠵᠢᠶ᠎ᠡ ᠵᠢ ᠳᠡᠭᠡᠭ᠌ᠰᠢᠯᠡᠭᠦᠯᠵᠦ᠍᠂ ᠪᠥᠬᠥ᠌ ᠠᠷᠠᠳ᠎ᠢᠶᠠᠷ᠎ᠢᠶᠠᠨ ᠮᠡᠬᠡᠯᠡᠯ᠎ᠢ ᠡᠰᠡᠷᠭᠦᠴᠡᠬᠦ᠌᠂ ᠪᠥᠬᠥ᠌ ᠨᠡᠢᠭᠡᠮ᠎ᠢᠶᠡᠷ᠎ᠢᠶᠡᠨ ᠮᠡᠬᠡᠯᠡᠯ᠎ᠢ ᠡᠰᠡᠷᠭᠦᠴᠡᠬᠦ᠌ ᠱᠢᠨ᠎ᠡ ᠥᠷᠨᠢᠯᠲᠡ᠎ᠶ᠋ᠢ ᠪᠣᠶ ᠪᠣᠯᠭᠠᠨ᠎ᠠ᠃
2025 ᠣᠨ᠎ᠡᠴᠡ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠨᠠᠮ᠎ᠤᠨ ᠲᠥᠪ ᠬᠣᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠎ᠢ ᠡᠰᠡᠷᠭᠦᠴᠡᠬᠦ᠌ ᠬᠠᠤᠯᠢ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ 《ᠲᠦᠷᠪᠡᠨ ᠲᠤᠰᠭᠠᠢ ᠬᠣᠶᠠᠷ ᠬᠠᠮᠲᠤᠷᠠᠯ ᠬᠦᠴᠦᠨ》 ᠤ᠋ ᠶᠡᠷᠦᠩᠬᠡᠢ ᠰᠡᠳᠭᠢᠴᠡ᠎ᠶ᠋ᠢ ᠭᠦᠨᠵᠡᠭᠡᠢ ᠬᠡᠷᠡᠭ᠌ᠯᠡᠵᠦ᠍᠂ ᠬᠢᠯᠢ᠎ᠶ᠋ᠢᠨ ᠳᠣᠲᠣᠨ᠎ᠠ ᠭᠠᠳᠠᠨᠠᠬᠢ ᠬᠣᠶᠠᠷ ᠲᠠᠢ᠌ᠨ᠎ᠦ ᠲᠠᠯᠠᠪᠤᠷ᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ᠎ᠶᠢᠨ ᠬᠣᠶᠠᠷ ᠹᠷᠣᠨᠲ᠎ᠢ ᠨᠢᠭᠡᠳᠦᠯᠲᠡᠢ ᠲᠥᠯᠥᠪᠵᠢᠭᠦᠯᠵᠦ᠍᠂ ᠲᠠᠩᠨᠠᠨ ᠪᠠᠢᠴᠠᠭᠠᠵᠤ ᠴᠣᠬᠢᠯᠲᠠ ᠥᠭ᠌ᠬᠦ᠂ ᠠᠵᠢᠯ ᠲᠦᠷᠦᠯ᠎ᠦᠨ ᠵᠠᠰᠠᠯᠲᠠ ᠬᠢᠬᠦ᠌᠂ ᠤᠬᠠᠭᠤᠯᠤᠨ ᠰᠡᠷᠭᠡᠢᠯᠡᠵᠦ᠍ ᠢᠳᠭᠠᠨ ᠬᠣᠷᠢᠭ᠍ᠯᠠᠬᠤ᠂ ᠤᠯᠠᠨ ᠤᠯᠤᠰ᠎ᠤᠨ ᠬᠠᠮᠲᠤᠷᠠᠯᠴᠠᠭ᠎ᠠ ᠬᠢᠬᠦ᠌ ᠵᠡᠷᠭᠡ ᠠᠷᠭ᠎ᠠ ᠬᠡᠮᠵᠢᠶ᠎ᠡ᠎ᠶ᠋ᠢ ᠶᠡᠷᠦᠩᠬᠡᠢᠯᠡᠨ ᠬᠡᠷᠡᠭᠵᠢᠭᠦᠯᠵᠦ᠂ ᠴᠣᠬᠢᠯᠲᠠ ᠥᠭ᠌ᠴᠦ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠬᠤ᠎ᠶ᠋ᠢ ᠠᠬᠢᠭᠤᠯᠪᠠ᠃
ᠣᠯᠠᠨ ᠤᠯᠤᠰ᠎ᠤᠨ ᠬᠠᠤᠯᠢ ᠬᠡᠷᠡᠭ᠌ᠵᠢᠭᠦᠯᠬᠦ᠌ ᠬᠠᠮᠲᠤᠷᠠᠯᠴᠠᠭᠠᠨ᠎ᠤ ᠲᠠᠯ᠎ᠠ᠎ᠪᠠᠷ᠂ ᠮᠡᠬᠡᠯᠡᠯ᠎ᠳᠦ ᠬᠣᠯᠪᠣᠭ᠍ᠳᠠᠭ᠍ᠰᠠᠨ 5.8 ᠲᠦᠮᠡᠨ ᠶᠠᠯ᠎ᠠ ᠬᠢᠭ᠌ᠰᠡᠨ ᠰᠡᠵᠢᠭ᠌ᠳᠡᠨ᠎ᠢ ᠮᠠᠨ᠎ᠤ ᠲᠠᠯ᠎ᠠ᠎ᠳᠤ ᠱᠢᠯᠵᠢᠭᠦᠯᠦᠨ ᠲᠤᠱᠢᠶᠠᠵᠤ᠂ ᠪᠢᠷᠮᠠ᠎ᠶ᠋ᠢᠨ ᠤᠮᠠᠷᠠᠲᠤ ᠬᠡᠰᠡᠭ᠎ᠦᠨ 《ᠳᠥᠷᠪᠡᠨ ᠶᠡᠬᠡ ᠬᠡᠷ ᠪᠦᠯᠢ》᠎ᠶ᠋ᠢᠨ ᠶᠠᠯᠠᠲᠤ ᠪᠦᠯᠦᠭ᠌ᠯᠡᠯ᠎ᠢ ᠲᠤᠢᠯᠪᠤᠷᠢᠲᠠᠶ ᠠᠷᠢᠯᠭᠠᠵᠤ᠂ ᠬᠦᠨᠳᠦ ᠶᠡᠬᠡ ᠬᠢᠯᠢ ᠠᠯᠤᠰᠯᠠᠭ᠍ᠰᠠᠨ ᠵᠣᠭᠣᠰ ᠮᠥᠷᠥᠢᠴᠡᠬᠦ᠌ ᠮᠡᠬᠡᠯᠡᠯ᠎ᠦᠨ ᠶᠠᠯᠠᠲᠤ ᠪᠦᠯᠦᠭ᠌ᠯᠡᠯ᠎ᠦᠨ ᠲᠦᠷᠦᠭᠦᠦ ᠴᠧᠨ ᡁᠢ᠂ ᠱᠧ ᡁᠢ ᠵᠢᠶᠠᠩ᠂ ᠯᠢ ᠱᠢᠶᠦ᠋ᠩ ᠨᠠᠷ᠎ᠢ ᠠᠮᠵᠢᠯᠲᠠ ᠲᠠᠶ᠎ᠪᠠᠷ ᠤᠯᠤᠰ᠎ᠲᠠᠭᠠᠨ ᠪᠠᠷᠢᠵᠤ ᠬᠦᠷᠭᠡᠵᠦ᠂ ᠪᠢᠷᠮᠠ᠎ᠶ᠋ᠢᠨ ᠮᠢᠶᠣᠣᠸᠠᠳ᠋ᠢ ᠪᠣᠯᠤᠨ ᠺᠠᠮᠪᠣᠵᠠ᠎ᠶ᠋ᠢᠨ ᠭᠤᠤᠯᠳᠠᠯᠭ᠎ᠠ᠎ᠲᠠᠶ ᠭᠠᠵᠠᠷ ᠣᠷᠣᠨ᠎ᠳᠤ ᠪᠠᠢᠭ᠎ᠠ ᠵᠣᠭᠣᠰ ᠮᠥᠷᠥᠢᠴᠡᠬᠦ᠌ ᠮᠡᠬᠡᠯᠡᠯ᠎ᠦᠨ ᠬᠦᠷᠢᠶᠡᠯᠡᠩ ᠲᠣᠭᠣᠷᠢᠭ᠎ᠢ ᠲᠥᠪᠯᠡᠷᠡᠭᠦᠯᠦᠨ ᠴᠡᠪᠡᠷᠯᠡᠨ ᠠᠷᠢᠯᠭᠠᠵᠤ᠂ ᠬᠢᠯᠢ᠎ᠶ᠋ᠢᠨ ᠭᠠᠳᠠᠨᠠᠬᠢ ᠴᠠᠬᠢᠯᠭᠠᠨ ᠬᠤᠯᠪᠤᠭ᠎ᠠ ᠰᠦᠯᠵᠢᠶᠡᠨ᠎ᠤ ᠮᠡᠬᠡᠯᠡᠯ᠎ᠦᠨ ᠶᠠᠯᠠᠲᠤ ᠠᠵᠢᠯᠯᠠᠭ᠎ᠠ᠎ᠶ᠋ᠢᠨ ᠣᠷᠣᠱᠢᠨ ᠲᠣᠭ᠍ᠲᠠᠨᠢᠬᠤ ᠣᠷᠣᠨ ᠵᠠᠶ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠭᠠᠪᠠ᠃
ᠬᠢᠯᠢ᠎ᠶ᠋ᠢᠨ ᠳᠣᠲᠣᠷᠠᠬᠢ ᠴᠣᠬᠢᠯᠲᠠ ᠥᠭ᠌ᠴᠦ ᠵᠠᠰᠠᠬᠤ ᠲᠠᠯ᠎ᠠ᠎ᠪᠠᠷ᠂ 2025 ᠣᠨ᠎ᠳᠤ᠂ ᠪᠥᠬᠥ᠌ ᠤᠯᠤᠰ᠎ᠤᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠎ᠦᠨ ᠬᠡᠷᠡᠭ᠎ᠢ ᠨᠡᠢᠲᠡ 25.8 ᠲᠦᠮᠡ ᠢᠯᠡᠷᠡᠭᠦᠯᠪᠡ᠃ ᠳᠣᠲᠣᠭᠠᠳᠤ᠎ᠶ᠋ᠢ ᠬᠠᠮᠠᠭᠠᠯᠠᠬᠤ ᠶᠠᠮᠤᠨ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠎ᠲᠠᠶ ᠬᠠᠮᠲᠤᠷᠠᠨ ᠮᠡᠬᠡᠯᠡᠯ᠎ᠳᠦ ᠬᠣᠯᠪᠣᠭ᠍ᠳᠠᠭ᠍ᠰᠠᠨ 6.4 ᠲᠦᠮᠡᠨ App᠎ᠳ᠋ᠤ ᠴᠠᠭᠠᠵᠠᠯᠠᠬᠤ ᠴᠢᠨᠠᠷᠲᠠᠶ ᠤᠭ᠍ᠰᠠᠷᠠᠬᠤ ᠠᠷᠭ᠎ᠠ ᠬᠡᠮᠵᠢᠶ᠎ᠡ ᠠᠪᠴᠤ᠌᠂ ᠮᠡᠬᠡᠯᠡᠯ᠎ᠦᠨ ᠤᠲᠠᠰᠤ᠎ᠵᠢ 36 ᠳ᠋ᠦᠩᠱᠢᠭᠤᠷ ᠤᠳᠠᠭ᠎ᠠ᠂ ᠣᠬᠣᠷ ᠮᠡᠳᠡᠭᠡ᠎ᠶ᠋ᠢ 33 ᠳ᠋ᠦᠩᠱᠢᠭᠤᠷ ᠵᠤᠷᠪᠤᠰ ᠬᠠᠱᠢᠵᠤ᠂ ᠮᠡᠬᠡᠯᠡᠯ᠎ᠦᠨ ᠰᠦᠯᠵᠢᠶᠡᠨ᠎ᠦ ᠨᠡᠷ᠎ᠡ ᠬᠠᠶᠢᠭ᠎ᠢ 816.2 ᠲᠦᠮᠡ ᠪᠢᠲᠡᠭᠦᠮᠵᠢᠯᠡᠪᠡ; ᠳᠤᠮᠳᠠᠳᠤ ᠤᠯᠤᠰ᠎ᠤᠨ ᠠᠷᠠᠳ᠎ᠤᠨ ᠪᠠᠩᠬᠢ ᠲᠠᠶ ᠬᠠᠮᠲᠤᠷᠠᠨ 《ᠪᠡᠯᠡ ᠮᠥᠩᠭᠥᠨ᠎ᠦ ᠬᠡᠯᠬᠢᠶ᠎ᠡ》᠎ᠶ᠋ᠢᠨ ᠵᠠᠰᠠᠯᠲᠠ᠎ᠶ᠋ᠢ ᠥᠷᠨᠢᠭᠦᠯᠵᠦ᠍᠂ ᠮᠡᠬᠡᠯᠡᠯ᠎ᠳᠦ ᠬᠣᠯᠪᠣᠭ᠍ᠳᠠᠭ᠍ᠰᠠᠨ ᠲᠤᠭᠠᠴᠠᠭ᠎ᠠ ᠬᠢᠬᠦ᠎ᠪᠡᠷ ᠪᠠᠢᠭ᠎ᠠ ᠪᠡᠯᠡ ᠮᠥᠩᠭᠥ᠎ᠶ᠋ᠢ 2170.7 ᠳ᠋ᠦᠩᠱᠢᠭᠤᠷ ᠲᠥᠭᠥᠷᠢᠭ ᠪᠠᠴᠢᠮ ᠬᠣᠷᠢᠭ᠍ᠯᠠᠪᠠ; ᠲᠥᠪ᠎ᠦᠨ ᠰᠦᠯᠵᠢᠶᠡᠨ᠎ᠦ ᠠᠮᠤᠷ ᠲᠦᠪᠱᠢᠨ ᠪᠠ ᠮᠡᠳᠡᠭᠡ ᠵᠠᠩᠭᠢᠵᠢᠯᠲᠠ᠎ᠶ᠋ᠢᠨ ᠵᠥᠪᠯᠡᠯ᠎ᠦᠨ ᠠᠯᠪᠠᠨ ᠬᠡᠷ᠎ᠲᠡᠶ ᠬᠠᠮᠲᠤᠷᠠᠨ ᠭᠤᠤᠯᠳᠠᠯᠭ᠎ᠠ᠎ᠲᠠᠶ ᠰᠦᠯᠵᠢᠶᠡᠨ᠎ᠦ ᠲᠠᠪᠴᠠᠩ᠎ᠢ ᠵᠢᠯᠣᠭᠣᠳᠤᠨ ᠮᠡᠬᠡᠯᠡᠯ᠎ᠳᠦ ᠬᠣᠯᠪᠣᠭ᠍ᠳᠠᠭ᠍ᠰᠠᠨ 1 ᠳ᠋ᠦᠩᠱᠢᠭᠤᠷ ᠭᠠᠷᠤᠶ ᠮᠡᠳᠡᠭᠡ ᠵᠠᠩᠭᠢ᠎ᠶ᠋ᠢ ᠴᠡᠪᠡᠷᠯᠡᠨ ᠬᠠᠰᠢᠵᠤ ᠬᠣᠷᠢᠭ᠍ᠯᠠᠵᠤ᠂ ᠮᠡᠬᠡᠯᠡᠯ᠎ᠳᠦ ᠬᠣᠯᠪᠣᠭ᠍ᠳᠠᠭ᠍ᠰᠠᠨ 2000 ᠲᠦᠮᠡᠨ ᠲᠠᠩᠰᠠᠨ ᠳ᠋ᠤᠭᠠᠷ᠎ᠢ ᠱᠢᠶ᠋ᠳᠪᠦᠷᠢᠯᠡᠨ᠂ ᠮᠡᠬᠡᠯᠡᠯ᠎ᠦᠨ ᠶᠠᠯᠠᠲᠤ ᠠᠵᠢᠯᠯᠠᠭ᠎ᠠ᠎ᠶ᠋ᠢᠨ ᠬᠤᠤᠷ ᠬᠥᠨᠥᠭᠡᠯᠲᠡᠶ 13.1 ᠳ᠋ᠦᠩᠱᠢᠭᠤᠷ ᠵᠤᠷᠪᠤᠰ ᠮᠡᠳᠡᠭᠡ ᠵᠠᠩᠭᠢ᠎ᠶ᠋ᠢ ᠬᠣᠷᠢᠭ᠍ᠯᠠᠨ ᠵᠣᠭ᠍ᠰᠣᠭᠠᠪᠠ᠃ ᠡᠯ᠎ᠡ ᠭᠠᠵᠠᠷ᠎ᠤᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠨᠡᠢᠲᠡ 674.7 ᠲᠦᠮᠡᠨ ᠬᠥᠮᠦᠨ ᠤᠳᠠᠭ᠎ᠠ ᠨᠢᠭᠤᠷᠳᠡᠨ ᠢᠳᠭᠠᠨ ᠬᠣᠷᠢᠭ᠍ᠯᠠᠵᠤ᠂ ᠣᠯᠠᠨ ᠲᠦᠮᠡᠨ᠎ᠢ 350 ᠳ᠋ᠦᠩᠱᠢᠭᠤᠷ ᠲᠥᠭᠥᠷᠢᠭ᠎ᠦᠨ ᠬᠣᠬᠢᠷᠠᠯ᠎ᠡᠴᠡ ᠱᠢᠭᠤᠳ ᠵᠠᠢᠯᠠᠭᠤᠯᠵᠤ᠂ ᠵᠡᠷᠭᠡ᠎ᠪᠡᠷ ᠠᠳᠭᠤᠵᠤ ᠬᠠᠮᠲᠤ᠎ᠪᠠᠷ ᠬᠠᠮᠢᠶᠠᠷᠬᠤ᠂ ᠣᠯᠠᠨ᠎ᠢᠶᠠᠷ᠎ᠢᠶᠠᠨ ᠰᠡᠷᠭᠡᠢᠯᠡᠵᠦ᠍ ᠣᠯᠠᠨ᠎ᠢᠶᠠᠷ᠎ᠢᠶᠠᠨ ᠵᠠᠰᠠᠬᠤ ᠪᠦᠬᠦᠯᠢ ᠴᠣᠭ᠍ᠴᠠ᠎ᠶ᠋ᠢᠨ ᠬᠠᠮᠲᠤᠷᠠᠯ ᠬᠦᠴᠦᠨ᠎ᠢ ᠪᠦᠷᠢᠯᠳᠦᠭᠦᠯᠵᠦ᠍᠂ ᠴᠣᠬᠢᠯᠲᠠ ᠥᠭ᠌ᠴᠦ ᠵᠠᠰᠠᠭ᠍ᠰᠠᠨ ᠦᠷ᠎ᠡ ᠪᠦᠲᠦᠭᠡᠯ᠎ᠢᠶᠡᠨ ᠤᠯᠠᠮ ᠨᠢᠭᠡ ᠠᠯᠬᠤᠮ ᠪᠡᠬᠢᠵᠢᠭᠦᠯᠪᠡ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)