ᠰᠤᠷᠪᠤᠯᠵᠢᠯᠠᠭᠴᠢ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠮᠠᠨ ᠤ᠋ ᠤᠷᠤᠨ 2026 ᠤᠨ ᠤ᠋ 《ᠪᠦᠬᠦ ᠤᠯᠤᠰ ᠤ᠋ᠨ ᠵᠢᠭᠠᠰᠤ ᠲᠠᠯᠪᠢᠬᠤ ᠡᠳᠦᠷ》 ᠲᠸ᠋ ᠲᠤᠬᠢᠶᠠᠯᠳᠤᠭᠤᠯᠤᠨ ᠤᠰᠤᠨ ᠤ᠋ ᠠᠮᠢᠳᠤ ᠪᠤᠳᠠᠰ ᠢ᠋ ᠦᠷᠡᠵᠢᠭᠦᠯᠦᠨ ᠲᠠᠯᠪᠢᠬᠤ ᠠᠵᠢᠯᠯᠠᠭ᠎ᠠ ᠦᠷᠨᠢᠭᠦᠯᠵᠦ᠂ ᠪᠦᠬᠦ ᠤᠷᠤᠨ ᠶ᠋ᠢᠡᠷ ᠶ᠋ᠢᠡᠨ ᠨᠡᠢᠲᠡ 880.22 ᠲᠦᠮᠡᠨ ᠵᠢᠷᠠᠭᠠᠬᠠᠶ ᠵᠢ ᠭᠤᠤᠯ ᠮᠦᠷᠡᠨ ᠳ᠋ᠤ ᠲᠠᠯᠪᠢᠵᠤ᠂ ᠵᠢᠭᠠᠰᠤᠨᠦ ᠠᠵᠤ ᠠᠬᠤᠶ ᠶ᠋ᠢᠨ ᠡᠬᠢ ᠪᠠᠶᠠᠯᠢᠭ ᠢ᠋ ᠬᠠᠮᠠᠭᠠᠯᠠᠬᠤ ᠪᠠ ᠠᠮᠢ ᠠᠬᠤᠶ ᠣᠷᠴᠢᠨ ᠲᠣᠭᠣᠷᠢᠨ ᠤ᠋ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ᠌ ᠶ᠋ᠢ ᠠᠬᠢᠭᠤᠯᠵᠠᠢ᠃
ᠲᠤᠰ ᠤᠳᠠᠭ᠎ᠠ ᠵᠢᠨ ᠠᠵᠢᠯᠯᠠᠭ᠎ᠠ ᠳ᠋ᠤ 《ᠤᠰᠤᠨ ᠤ᠋ ᠠᠮᠢᠳᠤ ᠪᠤᠳᠠᠰ ᠢ᠋ ᠠᠷᠠᠴᠢᠯᠠᠨ ᠬᠠᠮᠠᠭᠠᠯᠠᠵᠤ᠂ ᠦᠵᠡᠰᠭᠦᠯᠡᠡᠭᠲᠦ ᠰᠠᠢᠬᠠᠨ ᠳᠤᠮᠳᠠᠳᠤ ᠤᠯᠤᠰ ᠢ᠋ ᠪᠦᠲᠦᠭᠡᠨ ᠪᠠᠢᠭᠤᠯᠬᠤ》 ᠪᠡᠷ ᠭᠤᠤᠯ ᠰᠡᠳᠦᠪ ᠪᠤᠯᠭᠠᠨ᠂ ᠭᠤᠤᠯ ᠲᠠᠯᠠᠪᠠᠢ ᠶ᠋ᠢᠨ ᠠᠵᠢᠯᠯᠠᠭ᠎ᠠ ᠵᠢ ᠲᠦᠩᠯᠢᠶᠣᠤ ᠬᠣᠲᠠ ᠶ᠋ᠢᠨ ᠨᠠᠶ᠋ᠮᠠᠨ ᠬᠣᠱᠢᠭᠤᠨ ᠤ᠋ ᠮᠸᠩ ᠵᠢᠶᠠ ᠳ᠋ᠤᠸᠠᠨ ᠤᠰᠤᠨ ᠴᠥᠭᠥᠷᠥᠮ ᠳ᠋ᠦ ᠲᠤᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠂ ᠲᠦᠩᠯᠢᠶᠣᠤ ᠬᠣᠲᠠ ᠶ᠋ᠢᠨ ᠠᠷᠠᠤᠨ ᠤᠨ ᠵᠠᠰᠠᠭ ᠤ᠋ᠨ ᠣᠷᠳᠣᠨ ᠡᠴᠨ ᠬᠠᠮᠲᠤᠷᠠᠨ ᠡᠷᠭᠢᠯᠡᠵᠠᠢ᠃ ᠲᠤᠬᠠᠶ ᠶ᠋ᠢᠨ ᠲᠠᠯᠠᠪᠠᠶ ᠳ᠋ᠤ ᠵᠢᠭᠠᠰᠤᠨ ᠰᠣᠶᠣᠯ ᠤ᠋ᠨ ᠦᠵᠡᠭᠦᠯᠭᠡ᠂ ᠠᠮᠢ ᠠᠬᠤᠶ ᠶ᠋ᠢᠨ ᠦᠷ᠎ᠡ ᠪᠦᠲᠦᠭᠡᠯ ᠤ᠋ᠨ ᠦᠵᠡᠭᠦᠯᠭᠡ ᠵᠢᠴᠢ ᠬᠠᠤᠯᠢ ᠴᠠᠭᠠᠵᠠ ᠵᠢ ᠲᠦᠭᠡᠮᠡᠯᠵᠢᠭᠦᠯᠬᠦ᠌ ᠲᠤᠰᠭᠠᠶ ᠲᠣᠭᠣᠷᠢᠭ ᠭᠠᠷᠭᠠᠵᠤ᠂ ᠵᠢᠭᠠᠰᠤᠨ ᠠᠵᠤ ᠠᠬᠤᠶ ᠶ᠋ᠢᠨ ᠬᠠᠤᠯᠢ ᠲᠣᠭ᠍ᠲᠠᠭᠠᠯ ᠤ᠋ᠨ ᠮᠠᠲ᠋ᠧᠷᠢᠶᠠᠯ ᠲᠠᠷᠬᠠᠭᠠᠬᠤ᠂ 《 AI ᠪᠡᠷ ᠵᠢᠭᠠᠰᠤ ᠰᠤᠨᠢᠷᠬᠠᠬᠤ 》 ᠵᠢᠵᠢᠭ ᠫᠷᠤᠭ᠌ᠷᠠᠮ ᠢ᠋ ᠳᠡᠯᠭᠡᠷᠡᠭᠦᠯᠬᠦ᠌ ᠵᠡᠷᠭᠡ ᠬᠡᠯᠪᠡᠷᠢ ᠪᠡᠷ ᠳᠠᠮᠵᠢᠨ ᠤᠰᠤᠨ ᠤ᠋ ᠠᠮᠢᠳᠤ ᠪᠣᠳᠠᠰ ᠢ᠋ ᠬᠠᠮᠠᠭᠠᠯᠠᠬᠤ ᠮᠡᠳᠡᠯᠭᠡ ᠶ᠋ᠢ ᠲᠦᠭᠡᠮᠡᠯᠵᠢᠭᠦᠯᠪᠡ᠃ ᠲᠤᠬᠠᠢ ᠶ᠋ᠢᠨ ᠲᠠᠯᠠᠪᠠᠢ ᠳ᠋ᠦ ᠪᠠᠰᠠ ᠬᠢᠵᠢᠭ ᠤ᠋ᠨ ᠪᠠᠢᠴᠠᠭᠠᠯᠲᠠ ᠪᠠ ᠪᠥᠬᠥ᠌ ᠶᠠᠪᠤᠴᠠ ᠶ᠋ᠢᠨ ᠠᠯᠪᠠᠨ ᠭᠡᠷᠡᠴᠢᠯᠡᠭᠡ ᠪᠡᠷ ᠳᠡᠮᠵᠢᠨ 100 ᠲᠦᠮᠡᠨ ᠵᠢᠷᠠᠭᠠᠬᠠᠶᠶ᠋ᠢ ᠤᠰᠤᠨ ᠴᠥᠭᠥᠷᠥᠮ ᠳ᠋ᠤ ᠲᠠᠯᠪᠢᠵᠤ᠂ ᠪᠠᠷᠠᠭᠤᠨ ᠯᠢᠶᠣᠤ ᠾᠧ ᠭᠤᠤᠯ ᠤ᠋ᠨ ᠰᠠᠪᠠ ᠭᠠᠵᠠᠷ ᠤ᠋ᠨ ᠤᠰᠤᠨ ᠣᠷᠣᠨ ᠤ᠋ ᠠᠮᠢ ᠠᠬᠤᠶ ᠶ᠋ᠢᠨ ᠱᠢᠰᠲ᠋ᠧᠮ ᠢ᠋ ᠪᠦᠲᠦᠮᠵᠢᠲᠡᠶ ᠰᠡᠷᠭᠦᠭᠡᠬᠦ ᠳ᠋ᠤ ᠬᠦᠴᠦᠨ ᠨᠡᠮᠡᠷᠢᠯᠡᠪᠡ᠃
ᠦᠪᠡᠷᠳᠡᠬᠡᠨ ᠵᠠᠰᠠᠬᠤ ᠤᠷᠤᠨ ᠤ᠋ ᠭᠤᠤᠯ ᠲᠠᠯᠠᠪᠠᠢ ᠶ᠋ᠢᠨ ᠠᠵᠢᠯᠯᠠᠭ᠎ᠠ ᠡᠴᠡ ᠭᠠᠳᠠᠨ᠎ᠠ᠂ ᠬᠢᠩᠭᠠᠨ ᠠᠢᠮᠠᠭ᠂ ᠱᠢᠯᠢ ᠶ᠋ᠢᠨ ᠭᠤᠤᠯ ᠠᠢᠮᠠᠭ᠂ ᠣᠷᠳᠣᠰ ᠬᠣᠲᠠ᠂ ᠪᠠᠶᠠᠨᠨᠠᠭᠤᠷ ᠬᠣᠲᠠ᠂ ᠦᠬᠠᠶ ᠬᠣᠲᠠ ᠵᠡᠷᠭᠡ ᠠᠢᠮᠠᠭ ᠬᠣᠲᠠ ᠶ᠋ᠢᠨ ᠬᠢᠨ ᠪᠠᠰᠠ ᠠᠮᠤᠷ ᠵᠢᠭᠠᠰᠤ ᠂ ᠠᠯᠠᠭᠠᠨ᠎ᠠ ᠳᠠᠬᠤ ᠵᠢᠭᠠᠰᠤ᠂ ᠬᠠᠲᠤᠨ ᠭᠤᠤᠯ ᠤ᠋ᠨ ᠮᠥᠷᠭᠥ᠌ ᠵᠢᠭᠠᠰᠤ ᠵᠡᠷᠭᠡ ᠵᠢᠨ 780.22 ᠲᠦᠮᠡᠨ ᠵᠢᠷᠠᠭᠠᠬᠠᠶ ᠵᠢ ᠭᠤᠤᠯ ᠮᠦᠷᠡᠨ ᠳ᠋ᠦ ᠲᠠᠯᠪᠢᠵᠤ᠂ ᠡᠯ᠎ᠡ ᠭᠠᠵᠠᠷ ᠤ᠋ᠨ ᠤᠰᠤᠨ ᠣᠷᠣᠨ ᠤ᠋ ᠵᠢᠭᠠᠰᠤᠨ ᠠᠵᠤ ᠠᠬᠤᠶ ᠶ᠋ᠢᠨ ᠳᠦᠷᠰᠦ ᠶ᠋ᠢᠨ ᠰᠦᠷᠦᠭ ᠤ᠋ᠨ ᠳᠤᠲᠠᠭᠤᠳᠠᠯ ᠢ᠋ ᠤᠨᠤᠴᠠᠲᠠᠢ ᠨᠥᠬᠥᠪᠥᠷᠢᠯᠡᠭᠰᠡᠨ ᠪᠠᠢᠨ᠎ᠠ᠃
《ᠠᠷᠪᠠᠨ ᠳᠥᠷᠪᠡᠳᠦᠭᠡᠷ ᠲᠠᠪᠤᠨ ᠵᠢᠯ》ᠡᠴᠡ ᠨᠠᠭᠠᠰᠢ᠂ ᠮᠠᠨ ᠤ᠋ ᠤᠷᠤᠨ ᠬᠠᠲᠤᠨ ᠭᠤᠤᠯ᠂ ᠪᠠᠷᠠᠭᠤᠨ ᠯᠢᠶᠣᠤ ᠾᠧ ᠭᠤᠤᠯ ᠪᠤᠯᠤᠨ ᠰᠤᠩᠭᠠᠷᠢ ᠮᠥᠷᠡᠨ ᠵᠢᠴᠢ ᠤᠯᠠᠭᠠᠨᠰᠤᠬᠠᠢ᠂ ᠬᠥᠯᠥᠨ ᠨᠠᠭᠤᠷ ᠵᠡᠷᠭᠡ ᠭᠤᠤᠯᠳᠠᠯᠭ᠎ᠠ ᠲᠠᠶ ᠭᠤᠤᠯ ᠮᠦᠷᠡᠨ ᠨᠠᠭᠤᠷ ᠴᠥᠭᠥᠷᠥᠮ ᠳ᠋ᠤ ᠡᠯ᠎ᠠ ᠵᠤᠢᠯ ᠤ᠋ᠨ ᠵᠢᠷᠠᠭᠠᠬᠠᠶ ᠵᠢ ᠬᠡᠪᠴᠢᠶᠡᠵᠢᠭᠦᠯᠦᠨ ᠦᠷᠡᠵᠢᠭᠦᠯᠦᠨ ᠲᠠᠯᠪᠢᠬᠤ ᠠᠵᠢᠯᠯᠠᠭ᠎ᠠ ᠵᠢ ᠤᠳᠠᠭ᠎ᠠ ᠳᠠᠷᠠᠭᠠᠯᠠᠨ ᠦᠷᠨᠢᠭᠦᠯᠵᠦ᠂ ᠨᠡᠢᠲᠡ 4.16 ᠳ᠋ᠦᠩᠱᠢᠭᠤᠷ ᠵᠢᠷᠠᠭᠠᠬᠠᠶ ᠲᠠᠯᠪᠢᠵᠠᠶ᠃ ᠡᠢᠨ ᠬᠦ᠌ ᠶᠡᠬᠡ ᠬᠡᠪᠴᠢᠶᠡᠨ ᠤ᠋ ᠱᠢᠨᠵᠢᠯᠡᠬᠦ᠌ ᠤᠬᠠᠭᠠᠨᠴᠢ ᠠᠮᠢ ᠠᠬᠤᠶ ᠶ᠋ᠢ ᠬᠠᠮᠠᠭᠠᠯᠠᠬᠤ ᠠᠵᠢᠯᠯᠠᠭ᠎ᠠ ᠨᠢ ᠬᠡᠭᠡᠷ᠎ᠡ ᠶ᠋ᠢᠨ ᠵᠢᠭᠠᠰᠤᠨᠦ ᠠᠵᠤ ᠠᠬᠤᠶ ᠶ᠋ᠢᠨ ᠡᠬᠢ ᠪᠠᠶᠠᠯᠢᠭ ᠢ᠋ ᠪᠦᠲᠦᠮᠵᠢᠲᠡᠶ ᠰᠡᠷᠭᠦᠭᠡᠵᠦ᠍᠂ ᠤᠰᠤᠨ ᠴᠣᠭ᠍ᠴᠠ ᠶ᠋ᠢᠨ ᠣᠷᠴᠢᠨ ᠲᠣᠭᠣᠷᠢᠨ ᠢ᠋ ᠴᠡᠪᠡᠷᠱᠢᠭᠦᠯᠤᠨ᠂ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠢ᠋ ᠲᠣᠭ᠍ᠲᠠᠪᠤᠷᠢᠵᠢᠭᠤᠯᠵᠤ᠂ ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠶ ᠶ᠋ᠢᠨ ᠠᠮᠤᠷ ᠲᠦᠪᠱᠢᠨ ᠤ᠋ ᠬᠠᠯᠬᠠᠪᠴᠢᠶ᠋ᠢ ᠦᠷᠭᠦᠯᠵᠢᠯᠡᠨ ᠪᠡᠬᠢᠵᠢᠭᠦᠯᠵᠦ᠍᠂ ᠤᠰᠤᠨ ᠣᠷᠣᠨ ᠤ᠋ ᠠᠮᠢ ᠠᠬᠤᠶ ᠶ᠋ᠢᠨ ᠬᠠᠮᠠᠭᠠᠯᠠᠯᠲᠠ ᠬᠢᠭᠡᠳ ᠵᠢᠭᠠᠰᠤᠨ ᠠᠵᠤ ᠠᠬᠤᠶ ᠶ᠋ᠢᠨ ᠪᠣᠬᠢᠷᠲᠤᠯ ᠥᠬᠡᠶ ᠴᠢᠨᠠᠷ ᠰᠠᠢᠲᠠᠶ ᠬᠥᠭ᠌ᠵᠢᠯᠲᠡ ᠶ᠋ᠢᠨ ᠬᠤᠤᠰ ᠠᠱᠢᠭ ᠭᠥᠷᠳᠡᠬᠦ᠌ ᠶ᠋ᠢ ᠪᠡᠶᠡᠯᠡᠭᠦᠯᠵᠠᠢ᠃