ᠥᠪᠥᠷ ᠮᠣᠩᠭᠣᠯ᠎ᠤᠨ ᠡᠯ᠎ᠡ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ ᠢᠷᠭᠡᠨ᠎ᠦ ᠬᠠᠤᠯᠢ᠎ᠶ᠋ᠢᠨ ᠪᠢᠴᠢᠭ᠎ᠦᠨ ᠤᠬᠠᠭᠤᠯᠭ᠎ᠠ᠎ᠶ᠋ᠢ ᠭᠦᠨᠵᠡᠭᠡᠢᠷᠡᠭᠦᠯᠵᠦ᠍ ᠪᠤᠢ
2026-06-15 09:27:27
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠵᠢᠷᠭᠤᠳᠡᠬᠢ 《ᠢᠷᠭᠡᠨ᠎ᠦ ᠬᠠᠤᠯᠢ᠎ᠶ᠋ᠢᠨ ᠪᠢᠴᠢᠭ》ᠤ᠋ᠨ ᠤᠬᠠᠭᠤᠯᠭ᠎ᠠ᠎ᠶ᠋ᠢᠨ ᠰᠠᠷ᠎ᠠ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠡᠯ᠎ᠡ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ ᠢᠳᠡᠪᠬᠢᠲᠡᠶ ᠴᠤᠤᠷᠢᠶᠠᠲᠤᠨ ᠳᠠᠭᠠᠵᠤ᠂ ᠣᠯᠠᠨ ᠶᠠᠩᠵᠤ ᠬᠡᠯᠪᠡᠷᠢ᠎ᠶ᠋ᠢᠨ᠂ ᠡᠯᠪᠡᠭ ᠪᠠᠶᠠᠯᠢᠭ ᠠᠭᠤᠯᠭ᠎ᠠ᠎ᠪᠦᠬᠦᠢ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠠᠵᠢᠯᠯᠠᠭ᠎ᠠ ᠥᠷᠨᠢᠭᠦᠯᠵᠦ᠍᠂ ᠣᠯᠠᠨ ᠲᠦᠮᠡᠨ᠎ᠦ ᠦᠵᠡᠵᠦ᠍ ᠰᠣᠨᠢᠷᠬᠠᠬᠤ ᠳᠤᠷᠠᠲᠠᠶ ᠠᠷᠭ᠎ᠠ ᠬᠡᠯᠪᠡᠷᠢ᠎ᠪᠡᠷ ᠢᠷᠭᠡᠨ᠎ᠦ ᠬᠠᠤᠯᠢ᠎ᠶ᠋ᠢᠨ ᠪᠢᠴᠢᠭ ᠵᠢᠴᠢ ᠡᠮᠡᠭ᠌ᠲᠡᠢᠴᠦᠳ ᠬᠡᠦᠬᠡᠳ᠎ᠦᠨ ᠡᠷᠬᠡ ᠠᠱᠢᠭ᠎ᠯᠤᠭ᠎ᠠ ᠨᠢᠭ᠍ᠲᠠ ᠬᠣᠯᠪᠣᠭ᠎ᠠ᠎ᠲᠠᠶ ᠬᠠᠤᠯᠢ ᠴᠠᠭᠠᠵᠠ ᠲᠦᠷᠢᠮ ᠲᠣᠭ᠍ᠲᠠᠭᠠᠯ᠎ᠢ ᠲᠦᠭᠡᠮᠡᠯᠵᠢᠭᠦᠯᠪᠡ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠴᠡᠴᠡᠷᠯᠢᠭ᠎ᠲᠦ ᠬᠦᠷᠴᠤ᠂ ᠢᠷᠭᠡᠨ᠎ᠦ ᠬᠠᠤᠯᠢ᠎ᠶ᠋ᠢᠨ ᠪᠢᠴᠢᠭ᠎ᠦᠨ ᠭᠤᠤᠯ ᠰᠡᠳᠦᠪᠲᠦ ᠦᠵᠡᠭᠦᠯᠭᠡ᠎ᠶ᠋ᠢᠨ ᠰᠠᠮᠪᠠᠷ᠎ᠠ ᠡᠯᠭᠦᠬᠦ᠌᠂ ᠤᠬᠠᠭᠤᠯᠭ᠎ᠠ᠎ᠶ᠋ᠢᠨ ᠮᠠᠲ᠋ᠧᠷᠢᠶᠠᠯ ᠲᠠᠷᠬᠠᠭᠠᠬᠤ᠂ ᠲᠤᠰᠭᠠᠶ ᠬᠠᠤᠯᠢᠴᠢ ᠲᠤᠬᠠᠶ᠎ᠶ᠋ᠢᠨ ᠲᠠᠯᠠᠪᠤᠷ᠎ᠲᠤ ᠬᠠᠤᠯᠢ ᠴᠠᠭᠠᠵᠠ᠎ᠶ᠋ᠢᠨ ᠯᠠᠪᠯᠠᠭ᠎ᠠ ᠬᠠᠩᠭᠠᠬᠤ᠂ ᠬᠠᠮᠢᠶ᠎ᠠ ᠪᠥᠬᠥᠶ ᠬᠠᠤᠯᠢ ᠴᠠᠭᠠᠵᠠ᠎ᠶ᠋ᠢᠨ ᠠᠰᠠᠭᠤᠳᠠᠯ᠎ᠳᠤ ᠬᠠᠷᠢᠭᠤᠯᠲᠠ ᠥᠭ᠌ᠬᠦ ᠠᠷᠭ᠎ᠠ ᠬᠡᠯᠪᠡᠷᠢ᠎ᠪᠡᠷ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ ᠥᠷᠨᠢᠭᠦᠯᠪᠡ᠃ ᠡᠭᠦᠨ᠎ᠤ ᠬᠠᠮᠲᠤ᠂ ᠬᠣᠶᠠᠳᠤᠭᠠᠷ ᠬᠤᠭᠤᠴᠠᠭᠠᠨ᠎ᠤ ᠡᠮᠡᠭ᠌ᠲᠡᠢᠴᠦᠳ᠎ᠦᠨ ᠡᠷᠬᠡ ᠠᠱᠢᠭ᠎ᠢ ᠪᠠᠲᠤᠯᠠᠬᠤ ᠬᠠᠤᠯᠢ ᠴᠠᠭᠠᠵᠠ ᠲᠦᠷᠢᠮ ᠲᠣᠭ᠍ᠲᠠᠭᠠᠯ᠎ᠤᠨ ᠱᠠᠩᠨᠠᠯ᠎ᠲᠠᠶ ᠰᠡᠳᠦᠪ ᠬᠠᠷᠢᠭᠤᠯᠬᠤ ᠠᠵᠢᠯᠯᠠᠭ᠎ᠠ ᠡᠷᠭᠢᠯᠡᠵᠦ᠍᠂ 3000 ᠱᠢᠬᠠᠮ ᠬᠥᠮᠦᠨ ᠰᠡᠳᠦᠪ ᠬᠠᠷᠢᠭᠤᠯᠬᠤ ᠠᠵᠢᠯ᠎ᠳᠤ ᠣᠷᠣᠯᠴᠠᠵᠦ᠂ ᠬᠦᠯᠢᠶᠡᠨ ᠠᠪᠴᠤ ᠦᠵᠡᠭ᠌ᠰᠡᠨ ᠬᠡᠮᠵᠢᠶ᠎ᠡ ᠨᠢ 108 ᠲᠦᠮᠡ᠎ᠳᠦ ᠬᠦᠷᠴᠡᠶ᠃

ᠪᠤᠭᠤᠲᠤ ᠬᠣᠲᠠ᠎ᠶ᠋ᠢᠨ ᠡᠯ᠎ᠡ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ ᠢᠷᠭᠡᠨ᠎ᠦ ᠬᠠᠤᠯᠢ᠎ᠶ᠋ᠢᠨ ᠪᠢᠴᠢᠭ᠂ ᠬᠡᠷ ᠪᠦᠯᠢ᠎ᠶ᠋ᠢᠨ ᠬᠦᠴᠦᠷᠬᠡᠭ᠌ᠯᠡᠯ᠎ᠢ ᠡᠰᠡᠷᠭᠦᠴᠡᠬᠦ᠌ ᠬᠠᠤᠯᠢ᠂ ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ ᠬᠠᠤᠯᠢ ᠵᠡᠷᠭᠡ ᠤᠬᠠᠭᠤᠯᠭ᠎ᠠ᠎ᠶ᠋ᠢᠨ ᠮᠠᠲ᠋ᠧᠷᠢᠶᠠᠯ᠎ᠢ 3400 ᠭᠠᠷᠤᠶ ᠬᠤᠪᠢ ᠲᠠᠷᠬᠠᠭᠠᠵᠤ᠂ ᠣᠯᠠᠨ ᠲᠦᠮᠡᠨ᠎ᠦ ᠬᠠᠤᠯᠢ ᠴᠠᠭᠠᠵᠠ᠎ᠶ᠋ᠢᠨ ᠯᠠᠪᠯᠠᠭ᠎ᠠ᠎ᠶ᠋ᠢ 200 ᠭᠠᠷᠤᠶ ᠬᠥᠮᠦᠨ ᠤᠳᠠᠭ᠎ᠠ ᠭᠥᠯᠢᠶᠡᠨ ᠠᠪᠴᠤ᠌᠂ ᠠᠷᠠᠳ᠎ᠤᠨ ᠠᠮᠢᠳᠤᠷᠠᠯ᠎ᠤᠨ ᠬᠠᠤᠯᠢ ᠴᠠᠭᠠᠵᠠ᠎ᠶ᠋ᠢᠨ ᠠᠰᠠᠭᠤᠳᠠᠯ᠎ᠳᠤ ᠬᠠᠨᠳᠤᠯᠭᠠᠲᠤ ᠴᠢᠨᠠᠷᠲᠠᠶ᠎ᠪᠠᠷ ᠬᠠᠷᠢᠭᠤᠯᠲᠠ ᠥᠭ᠌ᠴᠦ᠂ ᠬᠠᠤᠯᠢ ᠴᠠᠭᠠᠵᠠ᠎ᠶ᠋ᠢᠨ ᠦᠶ᠋ᠯᠡᠴᠢᠯᠡᠭᠡ᠎ᠶ᠋ᠢ ᠣᠯᠠᠨ ᠲᠦᠮᠡᠨ᠎ᠦ ᠬᠡᠷ᠎ᠲᠦ ᠬᠦᠷᠭᠡᠪᠡ᠃

ᠬᠥᠯᠥᠨ ᠪᠣᠢᠷ ᠬᠣᠲᠠ᠎ᠶ᠋ᠢᠨ ᠡᠮᠡᠭ᠌ᠲᠡᠢᠴᠦᠳ᠎ᠦᠨ ᠬᠤᠯᠪᠤᠭ᠎ᠠ 《ᠲᠥᠪᠯᠡᠷᠡᠭᠦᠯᠦᠨ ᠤᠬᠠᠭᠤᠯᠬᠤ + ᠡᠷᠦᠬᠡ᠎ᠳᠦ ᠭᠦᠨᠵᠡᠭᠡᠢᠷᠡᠵᠦ》᠂  ᠬᠡᠷᠡᠭ᠎ᠢᠶᠡᠷ ᠬᠠᠤᠯᠢ ᠴᠠᠭᠠᠵᠠ᠎ᠳᠤ ᠲᠠᠢᠯᠪᠤᠷᠢ ᠬᠢᠵᠦ᠍ ᠬᠠᠤᠯᠢ ᠴᠠᠭᠠᠵᠠ᠎ᠶ᠋ᠢᠨ ᠮᠠᠳᠠᠭ᠎ᠲᠠᠶ ᠠᠰᠠᠭᠤᠳᠠᠯ᠎ᠳᠤ ᠬᠠᠷᠢᠭᠤᠯᠲᠠ ᠥᠭ᠌ᠪᠡ; ᠵᠠᠯᠠᠢᠨᠠᠭᠤᠷ ᠲᠣᠭᠣᠷᠢᠭ᠎ᠤᠨ ᠡᠮᠡᠭ᠌ᠲᠡᠢᠴᠦᠳ᠎ᠦᠨ ᠬᠣᠯᠪᠣᠭ᠎ᠠ ᠭᠠᠯᠲᠤ ᠲᠡᠷᠭᠡᠨ ᠥᠷᠲᠡᠭᠡ᠂ ᠠᠵᠢᠯᠲᠠᠨ ᠡᠯᠰᠡᠬᠦ᠌ ᠬᠤᠷᠠᠯ᠎ᠤᠨ ᠲᠤᠬᠠᠶ᠎ᠶ᠋ᠢᠨ ᠲᠠᠯᠠᠪᠠᠶ᠎ᠳᠤ ᠬᠠᠤᠯᠢ ᠲᠦᠭᠡᠮᠡᠯᠵᠢᠭᠦᠯᠬᠦ᠌ ᠠᠵᠢᠯᠯᠠᠭ᠎ᠠ ᠥᠷᠨᠢᠭᠦᠯᠵᠦ᠍᠂ 12338 ᠡᠮᠡᠭ᠌ᠲᠡᠢᠴᠦᠳ᠎ᠦᠨ ᠡᠷᠬᠡ ᠠᠱᠢᠭ᠎ᠢᠶᠠᠨ ᠬᠠᠮᠠᠭᠠᠯᠠᠬᠤ ᠨᠡᠢᠲᠡ᠎ᠶ᠋ᠢᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠬᠠᠯᠠᠮᠱᠢᠯ ᠤᠲᠠᠰᠤ᠎ᠶ᠋ᠢᠨ ᠠᠷᠭ᠎ᠠ ᠵᠠᠮ᠎ᠢ ᠱᠢᠯᠤᠭᠤᠳᠭᠠᠵᠤ᠂ ᠣᠯᠠᠨ ᠲᠦᠮᠡᠨ᠎ᠦ ᠬᠠᠤᠯᠢ ᠶᠣᠰᠣᠭᠠᠷ ᠡᠷᠬᠡ ᠠᠱᠢᠭ᠎ᠢᠶᠠᠨ ᠬᠠᠮᠠᠭᠠᠯᠠᠬᠤ ᠤᠬᠠᠮᠰᠠᠷ᠎ᠢ ᠳᠡᠭᠡᠭ᠌ᠰᠢᠯᠡᠭᠦᠯᠪᠡ᠃

ᠣᠷᠳᠣᠰ ᠬᠣᠲᠠ᠎ᠶ᠋ᠢᠨ ᠬᠢᠶ᠎ᠠ ᠪᠠᠭ᠍ᠰᠢ ᠲᠣᠭᠣᠷᠢᠭ᠎ᠤᠨ ᠡᠮᠡᠭ᠌ᠲᠡᠢᠴᠦᠳ᠎ᠦᠨ ᠬᠣᠯᠪᠣᠭ᠎ᠠ ᠥᠷᠯᠥᠭᠡ ᠦᠳᠡᠰᠢ᠎ᠶ᠋ᠢᠨ ᠵᠠᠬ᠎ᠠ ᠳᠡᠯᠭᠡᠭᠦᠷ᠂ ᠴᠡᠴᠡᠷᠯᠢᠭ᠂ ᠰᠤᠷᠭᠠᠭᠤᠯᠢ᠎ᠶ᠋ᠢᠨ ᠬᠦᠷᠢᠶ᠎ᠡ ᠵᠡᠷᠭᠡ ᠲᠠᠯᠠᠪᠤᠷ᠎ᠲᠤ ᠭᠦᠨᠵᠡᠭᠡᠢᠷᠡᠵᠦ᠍᠂ ᠬᠤᠳᠠᠯᠳᠤᠭᠠᠨ᠎ᠤ ᠡᠷᠦᠬᠡ᠂ ᠪᠠᠭ᠍ᠰᠢ ᠰᠣᠷᠣᠭ᠍ᠴᠢ᠂ ᠰᠠᠭᠤᠭᠠᠯᠢ ᠠᠷᠠᠳ᠎ᠲᠤ ᠬᠠᠨᠳᠤᠭᠤᠯᠤᠨ ᠲᠤᠰᠭᠠᠶ ᠰᠡᠳᠦᠪᠲᠦ ᠤᠬᠠᠭᠤᠯᠤᠨ ᠲᠠᠢᠯᠪᠤᠷᠢᠯᠠᠯᠲᠠ ᠥᠷᠨᠢᠭᠦᠯᠵᠦ᠍᠂ ᠨᠡᠢᠲᠡ 600 ᠭᠠᠷᠤᠶ ᠬᠥᠮᠦᠨ ᠤᠳᠠᠭ᠎ᠠ᠎ᠶ᠋ᠢ ᠬᠠᠮᠤᠷᠴᠤ᠌᠂ 1500 ᠭᠠᠷᠤᠶ ᠳᠡᠪᠲᠡᠷ ᠮᠠᠲ᠋ᠧᠷᠢᠶᠠᠯ ᠲᠠᠷᠬᠠᠭᠠᠪᠠ; ᠣᠲᠣᠭ ᠬᠣᠱᠢᠭᠤᠨ᠎ᠤ ᠡᠮᠡᠭ᠌ᠲᠡᠢᠴᠦᠳ᠎ᠦᠨ ᠬᠣᠯᠪᠣᠭ᠎ᠠ 《ᠪᠡᠶ᠎ᠡ᠎ᠶ᠋ᠢᠨ ᠲᠠᠮᠢᠷ᠎ᠤᠨ ᠤᠷᠤᠯᠳᠤᠭᠠᠨ + ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ》 ᠦᠷᠨᠢᠭᠦᠯᠵᠦ᠂ ᠬᠠᠤᠯᠢ ᠲᠦᠭᠡᠮᠡᠯᠵᠢᠭᠦᠯᠬᠦ᠌ ᠮᠠᠲ᠋ᠧᠷᠢᠶᠠᠯ 400 ᠭᠠᠷᠤᠶ ᠬᠤᠪᠢ ᠲᠠᠷᠬᠠᠭᠠᠵᠤ᠂ ᠪᠡᠶ᠎ᠡ ᠴᠢᠭᠢᠷᠠᠭ᠍ᠵᠢᠭᠤᠯᠬᠤ ᠪᠠ ᠬᠠᠤᠯᠢ ᠰᠤᠷᠴᠤ᠌ ᠡᠷᠬᠡ᠎ᠪᠡᠨ ᠬᠠᠮᠠᠭᠠᠯᠠᠬᠤ ᠬᠤᠤᠰ ᠴᠢᠭ᠌ᠯᠡᠯ᠎ᠢᠶᠡᠷ ᠬᠦᠴᠦᠨ ᠣᠯᠭᠣᠬᠤ᠎ᠶ᠋ᠢ ᠪᠡᠶᠡᠯᠡᠭᠦᠯᠪᠡ᠃

ᠪᠠᠶᠠᠨᠨᠠᠭᠤᠷ ᠬᠣᠲᠠ᠎ᠶ᠋ᠢᠨ ᠡᠯ᠎ᠡ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠤᠬᠠᠭᠤᠯᠭ᠎ᠠ᠎ᠶ᠋ᠢᠨ ᠠᠭᠤᠯᠭ᠎ᠠ᠎ᠨᠢ ᠣᠯᠠᠨ ᠲᠦᠮᠡᠨ᠎ᠦ ᠡᠳᠦᠷ ᠲᠤᠲᠤᠮ᠎ᠤᠨ ᠬᠠᠤᠯᠢ ᠴᠠᠭᠠᠵᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠲᠠᠶ ᠨᠢᠭ᠍ᠲᠠ ᠤᠶᠠᠯᠳᠤᠭᠤᠯᠤᠨ᠂ ᠡᠮᠡᠭ᠌ᠲᠡᠢᠴᠦᠳ᠎ᠦᠨ ᠡᠷᠬᠡ ᠠᠱᠢᠭ᠎ᠢ ᠪᠠᠲᠤᠯᠠᠬᠤ ᠬᠠᠤᠯᠢ᠂ ᠬᠡᠷ ᠪᠦᠯᠢ᠎ᠶ᠋ᠢᠨ ᠬᠦᠴᠦᠷᠬᠡᠭ᠌ᠯᠡᠯ᠎ᠢ ᠡᠰᠡᠷᠭᠦᠴᠡᠬᠦ᠌ ᠬᠠᠤᠯᠢ᠎ᠳᠠᠬᠢ ᠣᠷᠣᠭ ᠬᠡᠷ ᠪᠦᠯᠢ᠂ ᠬᠡᠷ ᠪᠦᠯᠢ᠎ᠶ᠋ᠢᠨ ᠬᠦᠴᠦᠷᠬᠡᠭ᠌ᠯᠡᠯ᠎ᠢ ᠡᠰᠡᠷᠭᠦᠴᠡᠬᠦ᠌᠂ ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ ᠵᠡᠷᠭᠡ ᠬᠠᠤᠯᠢ ᠴᠠᠭᠠᠵᠠ᠎ᠶ᠋ᠢᠨ ᠵᠦᠶ᠋ᠯ ᠵᠤᠷᠪᠤᠰ᠎ᠲᠤ ᠬᠣᠯᠪᠣᠭ᠍ᠳᠠᠭ᠍ᠰᠠᠨ ᠠᠷᠠᠳ᠎ᠤᠨ ᠠᠮᠢᠳᠤᠷᠠᠯ᠎ᠤᠨ ᠬᠠᠯᠠᠮᠱᠢᠯ ᠠᠰᠠᠭᠤᠳᠠᠯ᠎ᠳᠤ ᠭᠤᠤᠯᠳᠠᠯᠭ᠎ᠠ᠎ᠲᠠᠶ ᠲᠠᠢᠯᠤᠮᠵᠢ ᠬᠢᠵᠦ᠍᠂ ᠬᠡᠷ ᠪᠦᠯᠢ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠬᠡᠷᠡᠭ᠌ᠴᠡᠭᠡ ᠱᠠᠭᠠᠷᠳᠠᠯᠭ᠎ᠠ᠎ᠳᠤ ᠣᠨᠣᠪᠴᠢᠲᠠᠶ ᠬᠠᠷᠢᠭᠤᠯᠲᠠ ᠥᠭ᠌ᠪᠡ᠃

ᠤᠬᠠᠭᠤᠯᠭ᠎ᠠ᠎ᠶ᠋ᠢᠨ ᠰᠠᠷ᠎ᠠ᠎ᠶ᠋ᠢᠨ ᠬᠤᠭᠤᠴᠠᠭᠠᠨ᠎ᠳᠤ᠂ ᠪᠥᠬᠥ᠌ ᠣᠷᠣᠨ᠎ᠳᠤ ᠢᠷᠭᠡᠨ᠎ᠦ ᠬᠠᠤᠯᠢ᠎ᠶ᠋ᠢᠨ ᠪᠢᠴᠢᠭ᠎ᠦᠨ ᠬᠠᠮᠢᠶ᠎ᠠ ᠪᠥᠬᠥᠶ ᠠᠵᠢᠯᠯᠠᠭ᠎ᠠ᠎ᠶ᠋ᠢ ᠨᠡᠢᠲᠡ 680 ᠭᠠᠷᠤᠶ ᠲᠠᠯᠠᠪᠤᠷ ᠥᠷᠨᠢᠭᠦᠯᠵᠦ᠍᠂ ᠣᠯᠠᠨ ᠲᠦᠮᠡᠨ᠎ᠢ 113 ᠲᠦᠮᠡ ᠭᠠᠷᠤᠶ ᠬᠥᠮᠦᠨ ᠤᠳᠠᠭ᠎ᠠ ᠬᠠᠮᠤᠷᠴᠠᠶ; 160 ᠭᠠᠷᠤᠶ ᠲᠠᠢᠯᠤᠮᠵᠢ ᠡᠷᠭᠢᠯᠡᠵᠦ᠍᠂ ᠢᠷᠭᠡᠨ᠎ᠦ ᠬᠠᠤᠯᠢ᠎ᠶ᠋ᠢᠨ ᠪᠢᠴᠢᠭ᠂ ᠡᠮᠡᠭ᠌ᠲᠡᠢᠴᠦᠳ᠎ᠦᠨ ᠡᠷᠬᠡ ᠠᠱᠢᠭ᠎ᠢ ᠪᠠᠲᠤᠯᠠᠬᠤ ᠬᠠᠤᠯᠢ ᠵᠡᠷᠭᠡ ᠤᠬᠠᠭᠤᠯᠭ᠎ᠠ᠎ᠶ᠋ᠢᠨ ᠮᠠᠲ᠋ᠧᠷᠢᠶᠠᠯ᠎ᠢ 46000 ᠭᠠᠷᠤᠶ ᠬᠤᠪᠢ ᠲᠠᠷᠬᠠᠭᠠᠵᠤ᠂ ᠰᠦᠯᠵᠢᠶᠡᠨ ᠳᠡᠭᠡᠷ᠎ᠡ ᠬᠠᠤᠯᠢ ᠲᠦᠭᠡᠮᠡᠯᠵᠢᠭᠦᠯᠬᠦ᠌ ᠠᠭᠤᠯᠭ᠎ᠠ᠎ᠶ᠋ᠢ 450 ᠭᠠᠷᠤᠶ ᠵᠤᠷᠪᠤᠰ ᠨᠡᠢᠲᠡᠯᠡᠵᠦ᠍᠂ ᠳᠡᠭᠡᠷ᠎ᠡ ᠳᠤᠤᠷ᠎ᠠ ᠱᠠᠲᠤ ᠬᠠᠮᠲᠤᠷᠠᠨ ᠬᠥᠳᠡᠯᠦᠯᠴᠡᠭ᠌ᠰᠡᠨ᠂ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ ᠬᠠᠤᠯᠢ ᠲᠦᠭᠡᠮᠡᠯᠵᠢᠭᠦᠯᠬᠦ᠌ ᠪᠠᠢᠳᠠᠯ᠎ᠢ ᠪᠣᠶ ᠪᠣᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号