ᠥᠪᠥᠷ ᠮᠣᠩᠭᠣᠯ᠎ᠤᠨ ᠬᠣᠶᠠᠳᠤᠭᠠᠷ ᠬᠤᠭᠤᠴᠠᠭᠠᠨ᠎ᠤ ᠨᠠᠰᠤᠲᠠᠢᠴᠤᠳ᠎ᠤᠨ ᠰᠣᠶᠣᠯ ᠤᠷᠠᠯᠢᠭ᠎ᠤᠨ ᠱᠢᠷᠢᠰ ᠠᠵᠢᠯᠯᠠᠭ᠎ᠠ᠎ᠡᠬᠢᠯᠡᠪᠠ
2026-06-15 09:35:26
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭᠠᠷ ᠬᠤᠭᠤᠴᠠᠭᠠᠨ᠎ᠤ ᠨᠠᠰᠤᠲᠠᠢᠴᠤᠳ᠎ᠤᠨ ᠰᠣᠶᠣᠯ ᠤᠷᠠᠯᠢᠭ᠎ᠤᠨ ᠱᠢᠷᠢᠰ ᠠᠵᠢᠯᠯᠠᠭ᠎ᠠ ᠬᠥᠬᠡᠬᠣᠲᠠ᠎ᠳᠤ ᠡᠬᠢᠯᠡᠪᠡ᠃

ᠲᠣᠰ ᠤᠳᠠᠭ᠎ᠠ ᠵᠢᠨ ᠠᠵᠢᠯᠯᠠᠭ᠎ᠠ᠎ᠶ᠋ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠨᠠᠰᠤᠲᠠᠢᠴᠤᠳ᠎ᠤᠨ ᠠᠵᠢᠯ᠎ᠤᠨ ᠵᠥᠪᠯᠡᠯ᠎ᠦᠨ ᠠᠯᠪᠠᠨ ᠬᠡᠷ᠂ ᠨᠠᠮ᠎ᠤᠨ ᠬᠣᠷᠢᠶ᠎ᠠ ᠵᠢᠨ ᠠᠬᠠᠮᠠᠳ ᠺᠠᠳ᠋ᠷ᠎ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠂ ᠤᠳᠭ᠎ᠠ ᠤᠷᠠᠯᠢᠭ᠎ᠤᠨ᠎ᠬᠢᠨ᠎ᠦ ᠬᠣᠯᠪᠣᠭ᠎ᠠ᠎ᠠᠴᠠ ᠬᠠᠮᠲᠤᠷᠠᠨ ᠡᠷᠭᠢᠯᠡᠵᠦ᠍᠂ ᠥᠷᠭᠡᠨ ᠣᠯᠠᠨ ᠨᠠᠰᠤᠲᠠᠢᠴᠤᠳ᠎ᠤᠨ ᠣᠶᠤᠨ ᠰᠠᠨᠠᠭ᠎ᠠ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠤ᠂ ᠱᠢᠨ᠎ᠡ ᠴᠠᠭ ᠦᠶ᠎ᠡ᠎ᠶ᠋ᠢᠨ ᠪᠥᠬᠥ᠌ ᠣᠷᠣᠨ᠎ᠤ ᠨᠠᠰᠤᠲᠠᠢᠴᠤᠳ᠎ᠤᠨ ᠦᠭᠡᠳᠡᠷᠭᠡᠭ ᠡᠷᠡᠭᠦᠯ ᠰᠠᠷᠠᠭᠤᠯ᠂ ᠴᠣᠭ ᠪᠠᠳᠠᠷᠠᠩᠭᠤᠶ ᠥᠭᠡᠳᠡᠯᠡᠨ ᠳᠠᠪᠱᠢᠬᠤ ᠣᠶᠤᠨ ᠰᠠᠨᠠᠭᠠᠨ᠎ᠤ ᠳᠦᠷᠰᠦ ᠪᠠᠢᠳᠠᠯ᠎ᠢ ᠲᠥᠪᠯᠡᠷᠡᠩᠭᠦᠶ ᠢᠯᠡᠷᠡᠭᠦᠯᠦᠨ᠎ᠠ᠃

ᠲᠤᠰ ᠤᠳᠠᠭ᠎ᠠ᠎ᠶ᠋ᠢᠨ ᠨᠠᠰᠤᠲᠠᠢᠴᠤᠳ᠎ᠤᠨ ᠰᠣᠶᠣᠯ ᠤᠷᠠᠯᠢᠭ᠎ᠤᠨ ᠱᠢᠷᠢᠰ ᠠᠵᠢᠯᠯᠠᠭ᠎ᠠ ᠪᠣᠯ ᠬᠥᠮᠦᠨ ᠠᠮᠠ᠎ᠶ᠋ᠢᠨ ᠨᠠᠰᠤᠵᠢᠯᠳᠠ ᠵᠢ ᠢᠳᠡᠪᠬᠢᠲᠡᠢ ᠠᠷᠭᠠᠴᠠᠭᠠᠬᠤ ᠤᠯᠤᠰ᠎ᠤᠨ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠨᠠᠰᠤᠲᠠᠨ᠎ᠢᠶᠠᠨ ᠬᠦᠨᠳᠦᠯᠡᠬᠦ᠌ ᠤᠯᠠᠮᠵᠢᠯᠠᠯᠲᠤ ᠰᠤᠷᠲᠠᠯ᠎ᠢ ᠪᠠᠳᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠴᠢᠬᠤᠯᠠ ᠠᠷᠭ᠎ᠠ ᠬᠡᠮᠵᠢᠢ᠎ᠡ ᠪᠣᠯᠬᠤ ᠪᠥᠭᠡᠳ ᠪᠠᠰᠠ ᠨᠠᠰᠤᠲᠠᠢᠴᠤᠳ᠎ᠤᠨ ᠤᠶᠤᠨ ᠰᠠᠨᠠᠭ᠎ᠠ ᠰᠣᠶᠣᠯ᠎ᠤᠨ ᠬᠡᠷᠡᠭ᠌ᠴᠡᠭᠡ᠎ᠶ᠋ᠢ ᠦᠷᠭᠦᠯᠵᠢᠯᠡᠨ ᠬᠠᠩᠭᠠᠨ᠎ᠠ᠃

ᠲᠤᠰ ᠱᠢᠷᠢᠰ ᠠᠵᠢᠯᠯᠠᠭ᠎ᠠ ᠨᠢ 5 ᠰᠠᠷ᠎ᠠ᠎ᠠᠴᠠ 10 ᠰᠠᠷ᠎ᠠ ᠪᠣᠯᠲᠠᠯ᠎ᠠ ᠦᠷᠭᠦᠯᠵᠢᠯᠡᠵᠦ᠍᠂ ᠲᠠᠪᠤᠨ ᠶᠡᠬᠡ ᠠᠭᠤᠯᠭ᠎ᠠ᠎ᠶ᠋ᠢ ᠱᠠᠳᠤ ᠬᠤᠪᠢᠶᠠᠨ ᠡᠮᠬᠢ ᠵᠢᠷᠤᠮ᠎ᠲᠠᠶ ᠠᠬᠢᠭᠤᠯᠦᠨ᠎ᠠ᠃ 5 ᠰᠠᠷ᠎ᠠ᠎ᠳᠤ᠂ ᠤᠷᠠᠨ ᠤᠩᠱᠢᠯᠭ᠎ᠠ᠎ᠶ᠋ᠢᠨ ᠦᠵᠡᠭᠦᠯᠭᠡ᠎ᠪᠡᠷ ᠡᠬᠢᠯᠡᠯᠲᠡ᠎ᠶ᠋ᠢᠨ ᠬᠥᠱᠢᠭᠡ᠎ᠪᠠᠨ ᠰᠡᠬᠦᠵᠦ᠍᠂ ᠰᠣᠩᠭᠣᠳᠠᠭ ᠵᠣᠬᠢᠶᠠᠯ᠎ᠢ ᠤᠩᠱᠢᠵᠤ᠂ ᠨᠠᠰᠤᠳᠠᠢᠴᠤᠳ᠎ᠦᠨ ᠰᠤᠶᠤᠯ᠎ᠦᠨ ᠠᠮᠢᠳᠤᠷᠠᠯ᠎ᠢ ᠪᠠᠶᠠᠯᠢᠭᠵᠢᠭᠤᠯᠪᠠ; 6 ᠰᠠᠷ᠎ᠠ᠎ᠳᠤ᠂ ᠨᠡᠢᠭᠡᠮ᠎ᠦᠨ ᠪᠡᠶ᠎ᠡ᠎ᠶ᠋ᠢᠨ ᠲᠠᠮᠢᠷ᠎ᠤᠨ ᠵᠢᠭᠠᠨ ᠵᠢᠯᠣᠭᠣᠳᠣᠭ᠍ᠴᠢ᠎ᠶ᠋ᠢᠨ ᠤᠷ᠎ᠠ ᠴᠢᠳᠠᠪᠤᠷᠢ᠎ᠶ᠋ᠢᠨ ᠤᠷᠤᠯᠳᠤᠭᠠᠨ ᠵᠢᠴᠢ ᠨᠠᠰᠤᠲᠠᠢᠴᠤᠳ᠎ᠤᠨ ᠰᠣᠶᠣᠯ ᠪᠡᠶ᠎ᠡ᠎ᠶ᠋ᠢᠨ ᠲᠠᠮᠢᠷ᠎ᠤᠨ ᠦᠵᠡᠭᠦᠯᠭᠡ᠎ᠶ᠋ᠢᠨ ᠲᠣᠭ᠍ᠯᠠᠯᠲᠠ᠎ᠶ᠋ᠢ ᠥᠷᠨᠢᠭᠦᠯᠵᠦ᠍᠂ ᠡᠷᠡᠭᠦᠯ ᠰᠠᠷᠠᠭᠤᠯ ᠠᠮᠢᠳᠤᠷᠠᠯ᠎ᠤᠨ ᠣᠢᠯᠠᠭᠠᠭ᠍ᠳᠠᠬᠤᠨ᠎ᠢ ᠳᠠᠮᠵᠢᠭᠤᠯᠤᠨ᠎ᠠ; 7 ᠰᠠᠷ᠎ᠠ᠎ᠳᠤ᠂ ᠨᠠᠰᠤᠲᠠᠢᠴᠤᠳ᠎ᠤᠨ ᠨᠠᠢᠷᠠᠯ ᠳᠠᠭᠤᠤ᠎ᠶ᠋ᠢᠨ ᠤᠷᠤᠯᠳᠤᠭᠠᠨ᠂ ᠤᠷᠠᠨ ᠪᠢᠴᠢᠯᠭᠡ ᠤᠷᠠᠨ ᠵᠢᠷᠤᠭ ᠬᠡᠷᠡᠯ ᠵᠢᠷᠤᠭ᠎ᠤᠨ ᠪᠦᠲᠦᠭᠡᠯ᠎ᠦᠨ ᠦᠵᠡᠭᠦᠯᠭᠡ᠂ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠢᠯᠠᠭᠠᠬᠤ ᠵᠡᠷᠭᠡ ᠱᠢᠷᠢᠰ ᠠᠵᠢᠯᠯᠠᠭ᠎ᠠ᠎ᠶ᠋ᠢ ᠲᠥᠪᠯᠡᠷᠡᠭᠦᠯᠦᠨ ᠡᠷᠭᠢᠯᠡᠵᠦ᠍᠂ ᠤᠳᠭ᠎ᠠ ᠤᠷᠠᠯᠢᠭ᠎ᠤᠨ ᠪᠦᠲᠦᠭᠡᠯ᠎ᠢᠶᠡᠷ᠎ᠢᠶᠡᠨ ᠳᠤᠮᠳᠠᠳᠦ ᠤᠯᠤᠰ᠎ᠤᠨ ᠡᠪ ᠬᠠᠮᠳᠦ ᠨᠠᠮ ᠪᠠᠢᠭᠤᠯᠤᠭ᠍ᠳᠠᠭ᠍ᠰᠠᠨ 105 ᠵᠢᠯ᠎ᠦᠨ ᠣᠶ ᠵᠢ ᠪᠡᠯᠭᠡᠯᠡᠨ᠎ᠠ; 10 ᠰᠠᠷ᠎ᠠ᠎ᠳᠤ᠂ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠬᠦ᠌ ᠲᠣᠭ᠍ᠯᠠᠯᠲᠠ ᠥᠷᠨᠢᠭᠦᠯᠬᠦ᠌᠎ᠶ᠋ᠢᠨ ᠬᠠᠮᠲᠤ᠂ ᠶᠢᠰᠦᠨ ᠰᠠᠷ᠎ᠠ᠎ᠶ᠋ᠢᠨ ᠶᠢᠰᠦᠨ᠎ᠦ ᠨᠠᠰᠤᠳᠠᠢᠴᠤᠳ᠎ᠦᠨ ᠪᠠᠶᠠᠷ᠎ᠲᠸ᠋ ᠤᠤᠠᠬ᠎ᠠ ᠲᠡᠬᠦᠯᠳᠡᠷ ᠠᠵᠢᠯᠯᠠᠭ᠎ᠠ ᠦᠷᠨᠢᠬᠦᠯᠵᠤ᠂ ᠰᠢᠨ᠎ᠠ ᠴᠠᠭ ᠦᠶ᠎ᠡ᠎ᠶ᠋ᠢᠨ ᠨᠠᠰᠤᠳᠠᠢᠴᠤᠳ᠎ᠦᠨ ᠴᠣᠭ ᠵᠢᠪᠬᠤᠭ᠎ᠠ᠎ᠶ᠋ᠢ ᠪᠥᠬᠥ᠌ ᠲᠠᠯ᠎ᠠ᠎ᠪᠠᠷ ᠢᠯᠡᠷᠡᠭᠦᠯᠦᠨ᠎ᠡ᠃

  《ᠲᠣᠰ ᠱᠢᠷᠢᠰ ᠠᠵᠢᠯᠯᠠᠭ᠎ᠠ᠎ᠨᠢ ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠬᠦ᠌᠂ ᠠᠮᠤᠷ ᠲᠦᠪᠱᠢᠨ᠎ᠢ ᠲᠡᠷᠢᠭᠦᠨ᠎ᠳᠦ ᠲᠠᠯᠪᠢᠬᠤ᠂ ᠠᠷᠪᠢᠯᠠᠨ ᠭᠠᠮᠨᠠᠵᠤ ᠪᠣᠳᠠᠲᠠᠶ᠎ᠶ᠋ᠢ ᠡᠷᠬᠢᠮᠯᠡᠬᠦ᠌᠂ ᠥᠷᠭᠡᠨ᠎ᠢᠶᠡᠷ ᠣᠷᠣᠯᠴᠠᠬᠤ ᠵᠠᠷᠴᠢᠮ᠎ᠢ ᠪᠠᠷᠢᠮᠲᠠᠯᠠᠵᠤ᠂ ᠦᠶ᠋ᠯᠡᠴᠢᠯᠡᠭᠡᠨ᠎ᠦ ᠪᠠᠲᠤᠯᠠᠭ᠎ᠠ᠎ᠶ᠋ᠢ ᠱᠢᠯᠢᠳᠡᠭ᠌ᠵᠢᠭᠦᠯᠵᠦ᠍᠂ ᠥᠷᠭᠡᠨ ᠣᠯᠠᠨ ᠨᠠᠰᠤᠲᠠᠢᠴᠤᠳ᠎ᠲᠤ ᠤᠷ᠎ᠠ ᠮᠡᠷᠭᠡᠱᠢᠯ᠎ᠢᠶᠡᠨ ᠳᠡᠯᠭᠡᠨ ᠦᠵᠡᠭᠦᠯᠬᠦ᠌᠂ ᠰᠣᠯᠢᠯᠴᠠᠨ ᠬᠥᠳᠡᠯᠦᠯᠴᠡᠬᠦ᠌ ᠲᠠᠪᠴᠠᠩ ᠬᠠᠨᠭᠭᠠᠵᠤ ᠥᠭ᠌ᠭᠦᠨ᠎ᠡ》 ᠭᠡᠵᠦ᠍ ᠥᠪᠡᠷᠲᠡᠭᠡᠨ ᠵᠠᠰᠠᠬᠤ ᠣᠷᠣᠨ᠎ᠤ ᠨᠠᠰᠤᠲᠠᠢᠴᠤᠳ᠎ᠤᠨ ᠠᠵᠢᠯ᠎ᠤᠨ ᠵᠥᠪᠯᠡᠯ᠎ᠦᠨ ᠠᠯᠪᠠᠨ ᠬᠡᠷ᠎ᠦᠨ ᠬᠠᠷᠢᠭᠤᠴᠠᠯᠭᠠᠳᠠᠨ ᠡᠴᠡ ᠲᠠᠨᠢᠯᠴᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号