ᠦᠪᠡᠷᠳᠡᠭᠡᠨ ᠵᠠᠰᠠᠬᠤ ᠤᠷᠤᠨ ᠤ᠋ ᠴᠡᠷᠢᠭ ᠤ᠋ᠨ ᠠᠯᠪᠠ ᠡᠴᠨ ᠬᠠᠯᠠᠬᠳᠠᠬᠰᠠᠳ ᠤ᠋ᠨ ᠶᠠᠪᠤᠳᠠᠯ ᠤ᠋ᠨ ᠲᠢᠡᠭᠭᠢᠮ ᠡᠴᠨ ᠤᠢᠯᠠᠭᠠᠬᠰᠠᠨ ᠵᠢᠡᠷ᠂ ᠣᠢᠷ᠎ᠠ᠎ᠳᠤ᠂ ᠱᠢᠯᠢ᠎ᠶ᠋ᠢᠨ ᠭᠤᠤᠯ ᠠᠢᠮᠠᠭ᠎ᠤᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠶ᠎ᠠ᠂ ᠠᠢᠮᠠᠭ᠎ᠤᠨ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠠᠢᠮᠠᠭ᠎ᠤᠨ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠂ ᠱᠢᠯᠢ᠎ᠶ᠋ᠢᠨ ᠭᠤᠤᠯ᠎ᠤᠨ ᠴᠡᠷᠢᠭ᠎ᠦᠨ ᠬᠤᠪᠢᠶᠠᠷᠢ ᠲᠣᠭᠣᠷᠢᠭ᠎ᠤᠨ ᠤᠯᠤᠰ ᠲᠥᠷᠥ᠎ᠶ᠋ᠢᠨ ᠠᠵᠢᠯ᠎ᠤᠨ ᠭᠠᠵᠠᠷᠬᠠᠮᠲᠤᠷᠠᠨ 《ᠬᠤᠪᠢᠰᠭᠠᠯ᠎ᠤᠨ ᠤᠳᠤᠮᠰᠢᠯ ᠢ᠋ ᠵᠠᠯᠭᠠᠮᠵᠢᠯᠠᠵᠤ᠂ ᠦᠷᠡᠭ᠌ᠳᠡᠭ᠌ᠰᠡᠨ ᠪᠠᠭᠠᠲᠤᠷᠴᠤᠳ᠎ᠤᠨ ᠢᠷᠠᠭᠤ ᠠᠯᠳᠠᠷ᠎ᠢ ᠬᠠᠮᠠᠭᠠᠯᠠᠬᠤ》 ᠪᠥᠬᠥ᠌ ᠠᠢᠮᠠᠭ᠎ᠤᠨ ᠦᠷᠡᠭ᠌ᠳᠡᠭ᠌ᠰᠡᠨ ᠪᠠᠭᠠᠲᠤᠷᠴᠤᠳ᠎ᠤᠨ ᠦᠯᠢᠭᠡᠷ ᠤ᠋ᠨ ᠲᠠᠢᠯᠪᠤᠷᠢᠯᠠᠭ᠍ᠴᠢ᠎ᠶ᠋ᠢ ᠱᠢᠯᠭᠠᠷᠠᠭᠤᠯᠬᠤ ᠤᠷᠤᠯᠳᠤᠭᠠᠨ᠎ᠢ ᠡᠷᠭᠢᠯᠡᠪᠡ᠃
ᠤᠷᠤᠯᠳᠤᠭᠠᠨ᠎ᠤ ᠲᠤᠬᠠᠶ᠎ᠶ᠋ᠢᠨ ᠲᠠᠯᠠᠪᠠᠶ᠎ᠳᠤ᠂ ᠪᠥᠬᠥ᠌ ᠠᠢᠮᠠᠭ᠎ᠤᠨ ᠡᠯ᠎ᠡ ᠬᠣᠱᠢᠭᠤ ᠱᠢᠶᠠᠨ ᠬᠣᠲᠠ (ᠲᠣᠭᠣᠷᠢᠭ) ᠡᠴᠠ ᠢᠷᠡᠭ᠌ᠰᠡᠨ ᠤᠷᠤᠯᠳᠤᠭᠠᠨ᠎ᠳᠤ ᠣᠷᠣᠯᠴᠠᠭ᠍ᠰᠠᠳ ᠴᠢᠩ ᠦᠨᠡᠨᠴᠢ ᠰᠡᠳᠭᠢᠯᠭᠡ᠂ ᠲᠦᠷᠰᠦᠯᠢᠭ ᠦᠭᠡ ᠬᠡᠯᠡ᠂ ᠠᠮᠢᠳᠤᠯᠢᠭ ᠬᠠᠷᠠᠭᠠᠰᠤ᠎ᠪᠠᠷ ᠬᠤᠪᠢᠰᠭᠠᠯ᠎ᠤᠨ ᠦᠷᠡᠭ᠌ᠳᠡᠭ᠌ᠰᠡᠨ ᠪᠠᠭᠠᠲᠤᠷᠴᠤᠳ᠂ ᠬᠢᠯᠢ ᠬᠢᠵᠠᠭᠠᠷ᠎ᠢ ᠬᠠᠮᠠᠭᠠᠯᠠᠭ᠍ᠰᠠᠨ ᠪᠠᠭᠠᠲᠤᠷᠴᠤᠳ᠎ᠤᠨ ᠰᠡᠳᠭᠢᠯ ᠬᠥᠳᠡᠯᠭᠡᠮ᠎ᠡ ᠦᠶ᠋ᠯᠡ ᠠᠵᠢᠯᠯᠠᠭ᠎ᠠ᠎ᠶ᠋ᠢ ᠭᠦᠨ ᠰᠡᠳᠭᠢᠯᠭᠡ᠎ᠲᠡᠶ᠎ᠪᠡᠷ ᠶᠠᠷᠢᠵᠠᠢ᠃ ᠤᠷᠤᠯᠳᠤᠭᠠᠨ᠎ᠨᠢ ᠬᠤᠪᠢᠰᠭᠠᠯᠳᠤ ᠲᠡᠦᠬᠡ᠎ᠶ᠋ᠢ ᠲᠠᠬᠢᠨᠳᠠ ᠢᠯᠡᠷᠡᠬᠦᠯᠵᠦ᠂ ᠲᠤᠬᠠᠶ᠎ᠶ᠋ᠢᠨ ᠲᠠᠯᠠᠪᠠᠢ ᠵᠢᠨ ᠦᠵᠡᠭ᠌ᠴᠢᠳ᠎ᠲᠦ ᠭᠦᠨ ᠭᠦᠨᠵᠡᠭᠡᠶ ᠬᠤᠪᠢᠰᠭᠠᠯ᠎ᠤᠨ ᠬᠥᠮᠦᠵᠢᠯ ᠪᠠ ᠣᠶᠤᠨ ᠰᠠᠨᠠᠭᠠᠨ᠎ᠤ ᠠᠷᠢᠭᠤᠳᠬᠠᠯ ᠬᠦᠷᠲᠡᠭᠡᠪᠡ᠃
《ᠦᠷᠡᠭ᠌ᠳᠡᠭ᠌ᠰᠡᠨ ᠪᠠᠭᠠᠲᠤᠷ᠎ᠤᠨ ᠦᠯᠢᠬᠡᠷ᠎ᠢ ᠶᠠᠷᠢᠬᠤ ᠶᠠᠪᠤᠴᠠ᠎ᠳᠤ᠂ ᠪᠢ ᠲᠡᠳᠡᠨᠡᠷ ᠤ᠋ᠨ ᠬᠤᠪᠢᠰᠬᠠᠯ ᠤ᠋ᠨ ᠵᠤᠷᠢᠭ ᠰᠠᠨᠠᠭ᠎ᠠ ᠳ᠋ᠤ ᠭᠦᠨ ᠨᠥᠯᠥᠭᠡᠯᠡᠭ᠌ᠳᠡᠪᠡ᠃ ᠬᠤᠢᠰᠢᠳᠠ᠂ ᠪᠢ ᠤᠷᠤᠯᠳᠤᠭᠠᠨ᠎ᠤ ᠲᠠᠯᠠᠪᠤᠷ᠎ᠲᠤ ᠣᠯᠤᠭ᠍ᠰᠠᠨ ᠬᠠᠯᠠᠭᠤᠨ ᠳᠤᠯᠠᠭᠠᠨ ᠪᠠ ᠬᠦᠴᠦᠨ ᠴᠢᠳᠠᠯ᠎ᠢᠶᠠᠨ ᠠᠪᠴᠤ᠌᠂ ᠤᠭ ᠰᠠᠨᠠᠭ᠎ᠠ᠎ᠪᠠᠨ ᠪᠠᠲᠤ ᠰᠠᠬᠢᠵᠤ ᠡᠷᠡᠮᠡᠭᠡᠢᠯᠡᠨ ᠤᠷᠤᠭ᠍ᠰᠢᠯᠠᠨ᠎ᠠ》 ᠭᠡᠵᠦ ᠤᠷᠤᠯᠳᠤᠭᠤᠨ᠎ᠳᠤ ᠣᠷᠣᠯᠴᠠᠭ᠍ᠰᠠᠨ ᠵᠠᠩ ᠲᠦᠩ ᠬᠡᠯᠡᠨ᠎ᠠ᠃