ᠠᠯᠪᠠᠨ ᠵᠢᠷᠤᠮ᠎ᠤᠨ ᠡᠮᠴᠢᠯᠡᠭᠡ ᠵᠢᠴᠢ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠠᠵᠢᠯᠯᠠᠭ᠎ᠠ ᠥᠷᠨᠢᠭᠦᠯᠪᠠ
2026-06-15 15:39:54
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠦᠷᠦᠬᠦᠭᠡᠨ᠂ ᠬᠦᠬᠡᠬᠤᠳᠠ ᠵᠢᠨ ᠰᠠᠢᠬᠠᠨ ᠲᠣᠭᠣᠷᠢᠭ᠎ᠤᠨ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠨᠡᠷ᠎ᠡ ᠬᠦᠨᠳᠦᠲᠦ ᠴᠡᠷᠢᠭ᠎ᠦᠨ ᠡᠷᠡᠭᠦᠯᠵᠢᠯ᠎ᠦᠨ ᠡᠮᠨᠡᠯᠭᠡ᠎ᠶ᠋ᠢᠨ ᠬᠣᠷᠢᠶ᠎ᠠ ᠵᠢᠨ ᠡᠮᠴᠢ ᠰᠤᠪᠢᠯᠠᠭ᠍ᠴᠢ᠎ᠶ᠋ᠢᠨ ᠪᠦᠯᠬᠦᠮ ᠢ᠋ ᠤᠷᠢᠵᠤ᠂ ᠬᠣᠷᠴᠢᠨ ᠵᠠᠮ᠎ᠤᠨ ᠵᠡᠭᠡᠯᠢ ᠭᠤᠳᠤᠮᠵᠢ᠎ᠶ᠋ᠢᠨ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠤᠨ ᠦᠶ᠋ᠯᠡᠴᠢᠯᠡᠭᠡᠨ᠎ᠦ ᠥᠷᠲᠡᠭᠡ᠎ᠲᠡᠶ ᠬᠠᠮᠲᠤᠷᠠᠨ᠂ ᠨᠡᠢᠭᠡᠮ ᠲᠣᠭᠣᠷᠢᠭ᠎ᠲᠤ ᠭᠦᠨᠵᠡᠭᠡᠢᠷᠡᠨ ᠡᠷᠡᠭᠦᠯ ᠮᠡᠨᠳᠦ᠍᠎ᠶ᠋ᠢᠨ ᠠᠯᠪᠠᠨ ᠵᠢᠷᠤᠮ᠎ᠤᠨ ᠡᠮᠴᠢᠯᠡᠭᠡ ᠵᠢᠴᠢ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠠᠵᠢᠯᠯᠠᠭ᠎ᠠ ᠥᠷᠨᠢᠭᠦᠯᠪᠡ᠃ 

ᠲᠣᠰ ᠤᠳᠠᠭᠠᠨ᠎ᠤ ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ ᠡᠷᠡᠭᠦᠯ ᠮᠡᠨᠳᠦ᠍᠎ᠶ᠋ᠢᠨ ᠠᠯᠪᠠᠨ ᠵᠢᠷᠤᠮ᠎ᠤᠨ ᠡᠮᠴᠢᠯᠡᠭᠡᠨ᠎ᠦ ᠲᠣᠭᠣᠷᠢᠭ ᠪᠠ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠲᠣᠭᠣᠷᠢᠭ᠎ᠢ ᠳᠣᠭᠢᠷᠠᠭᠤᠯᠪᠠ᠃

ᠡᠷᠡᠭᠦᠯ ᠮᠡᠨᠳᠦ᠍᠎ᠶ᠋ᠢᠨ ᠠᠯᠪᠠᠨ ᠵᠢᠷᠤᠮ᠎ᠤᠨ ᠡᠮᠴᠢᠯᠡᠭᠡᠨ᠎ᠦ ᠲᠣᠭᠣᠷᠢᠭ᠎ᠨᠢ ᠭᠤᠤᠯᠳᠠᠭᠤ ᠥᠪᠡᠷᠲᠡᠭᠡᠨ ᠵᠠᠰᠠᠬᠤ ᠣᠷᠣᠨ᠎ᠤ ᠨᠡᠷ᠎ᠡ ᠬᠦᠨᠳᠦᠲᠦ ᠴᠡᠷᠢᠭ᠎ᠦᠨ ᠡᠷᠡᠭᠦᠯᠵᠢᠯ᠎ᠦᠨ ᠡᠮᠨᠡᠯᠭᠡ᠎ᠶ᠋ᠢᠨ ᠬᠣᠷᠢᠶ᠎ᠠ ᠵᠢᠨ ᠨᠡᠭᠦᠳᠡᠯ ᠪᠡᠶ᠎ᠡ᠎ᠶ᠋ᠢᠨ ᠪᠠᠢᠴᠠᠭᠠᠯᠲᠠ᠎ᠶ᠋ᠢᠨ ᠲᠡᠷᠭᠡᠨ᠎ᠳᠦ ᠲᠦᠱᠢᠭ᠌ᠯᠡᠨ᠂ ᠦᠶ᠋ᠯᠡᠴᠢᠯᠡᠬᠦ᠌ ᠡᠲᠡᠭᠡᠳ᠎ᠲᠦ ᠬᠡᠪᠡᠯᠢ᠂ ᠵᠢᠷᠦᠬᠡᠨ᠎ᠦ ᠯᠤᠭ᠍ᠰᠢᠯᠲᠠ᠎ᠶ᠋ᠢᠨ ᠵᠢᠷᠤᠭ᠂ ᠴᠡᠭᠡᠵᠢᠨ ᠬᠡᠰᠡᠭ᠎ᠦᠨ DR ᠵᠡᠷᠭᠡ ᠪᠥᠬᠥ᠌ ᠲᠠᠯ᠎ᠠ᠎ᠶ᠋ᠢᠨ ᠡᠷᠡᠭᠦᠯ ᠮᠡᠨᠳᠦ᠍᠎ᠶ᠋ᠢᠨ ᠪᠠᠢᠴᠠᠭᠠᠯᠲᠠ᠎ᠶ᠋ᠢᠨ ᠲᠥᠷᠥᠯ ᠵᠦᠶ᠋ᠯ᠎ᠢ ᠬᠠᠩᠭᠠᠵᠠᠢ᠃ ᠡᠭᠦᠨ᠎ᠦ ᠬᠠᠮᠲᠤ᠂ ᠳᠣᠲᠣᠷ ᠰᠠᠯᠠᠭ᠎ᠠ᠂ ᠭᠠᠳᠠᠷ ᠰᠠᠯᠠᠭ᠎ᠠ᠂ ᠬᠢᠲᠠᠳ ᠡᠮᠨᠡᠯᠭᠡ᠎ᠶ᠋ᠢᠨ ᠣᠨᠣᠱᠢᠯᠠᠨ ᠡᠮᠨᠡᠬᠦ᠌᠂ ᠶᠠᠰᠤᠨ᠎ᠤ ᠨᠢᠭ᠍ᠲᠠᠴᠠ᠎ᠶ᠋ᠢ ᠱᠢᠯᠭᠠᠨ ᠪᠠᠢᠴᠠᠭᠠᠬᠤ ᠵᠡᠷᠭᠡ ᠲᠤᠰᠭᠠᠶ ᠦᠶ᠋ᠯᠡᠴᠢᠯᠡᠭᠡᠨ᠎ᠦ ᠲᠤᠭᠤᠷᠢᠭ ᠢ᠋ ᠲᠣᠬᠢᠷᠠᠭᠤᠯᠪᠠ᠃ ᠣᠨᠣᠱᠢᠯᠠᠨ ᠡᠮᠨᠡᠬᠦ᠌ ᠶᠠᠪᠤᠴᠠ᠎ᠳᠤ᠂ ᠡᠮᠴᠢ ᠰᠤᠪᠢᠯᠠᠭ᠍ᠴᠢ᠎ᠠᠴᠠ ᠦᠶ᠋ᠯᠡᠴᠢᠯᠡᠬᠦ᠌ ᠡᠲᠡᠭᠡᠳ᠎ᠲᠦ ᠨᠠᠷᠢᠨ ᠨᠢᠮᠪᠠᠶ ᠪᠠᠢᠴᠠᠭᠠᠯᠲᠠ ᠬᠢᠵᠦ᠍᠂ ᠴᠢᠰᠤᠨ ᠳᠠᠷᠤᠯᠲᠠ ᠥᠨᠳᠥᠷ ᠡᠪᠡᠳᠴᠢᠨ᠂ ᠱᠢᠬᠢᠷ ᠱᠢᠵᠢᠩ ᠡᠪᠡᠳᠴᠢᠨ ᠵᠡᠷᠭᠡ ᠪᠠᠢᠩᠭᠤ ᠲᠣᠬᠢᠶᠠᠯᠳᠤᠳᠠᠭ ᠤᠳᠠᠭᠠᠨ ᠴᠢᠨᠠᠷᠲᠠᠶ ᠡᠪᠡᠳᠴᠢᠨ᠎ᠢ ᠰᠡᠷᠭᠡᠢᠯᠡᠬᠦ᠂ ᠡᠳᠦᠷ ᠲᠤᠲᠤᠮ᠎ᠤᠨ ᠡᠮ ᠬᠡᠷᠡᠭ᠌ᠯᠡᠬᠦ᠌᠂ ᠪᠡᠶ᠎ᠡ ᠰᠤᠪᠢᠯᠠᠯᠲᠠ ᠡᠷᠡᠭᠦᠯᠵᠢᠯ ᠵᠡᠷᠭᠡ ᠎ᠳᠤ ᠴᠢᠭ᠌ᠯᠡᠭᠦᠯᠦᠨ᠂ ᠲᠤᠰᠭᠠᠶ ᠮᠡᠷᠭᠡᠵᠢᠯ᠎ᠦᠨ ᠡᠷᠡᠭᠦᠯ ᠮᠡᠨᠳᠦ᠍᠎ᠶ᠋ᠢᠨ ᠵᠢᠯᠣᠭᠣᠳᠭᠤ ᠰᠠᠨᠠᠭᠤᠯᠭ᠎ᠠ᠎ᠦᠭᠴᠤ᠂ ᠴᠢᠨᠠᠷ ᠰᠠᠢᠲᠠᠶ᠂ ᠳᠥᠭᠥᠮ ᠳᠥᠲᠡ᠂ ᠥᠨᠳᠥᠷ ᠪᠦᠲᠦᠮᠵᠢᠲᠡᠶ ᠡᠮᠴᠢᠯᠡᠭᠡᠨ᠎ᠦ ᠦᠶ᠋ᠯᠡᠴᠢᠯᠡᠭᠡ᠎ᠪᠡᠷ ᠥᠷᠭᠡᠨ ᠣᠯᠠᠨ ᠴᠡᠷᠢᠭ ᠪᠠ ᠴᠡᠷᠢᠭ᠎ᠦᠨ ᠬᠡᠷ ᠪᠦᠯᠢ ᠵᠢᠨ ᠬᠢᠨ᠂ ᠴᠡᠷᠢᠭ᠎ᠦᠨ ᠠᠯᠪᠠ᠎ᠠᠴᠠ ᠬᠠᠯᠠᠬᠳᠠᠬᠰᠠᠳ ᠵᠢᠴᠢ ᠠᠰᠠᠷᠠᠨ ᠬᠠᠷᠠᠭᠠᠯᠵᠠᠬᠤ ᠡᠲᠡᠭᠡᠳ᠎ᠦᠨ ᠪᠡᠶ᠎ᠡ ᠰᠡᠳᠭᠢᠯ᠎ᠦᠨ ᠡᠷᠡᠭᠦᠯ ᠮᠡᠨᠳᠦ᠍᠎ᠶ᠋ᠢ ᠰᠠᠬᠢᠨ ᠬᠠᠮᠠᠭᠠᠯᠠᠪᠠ᠃ 

ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠲᠤᠰᠭᠠᠶ ᠲᠣᠭᠣᠷᠢᠭ᠎ᠲᠤ᠂ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ᠎ᠶ᠋ᠢ ᠵᠡᠷᠭᠡ ᠪᠡᠷ ᠥᠷᠨᠢᠭᠦᠯᠵᠦ᠍᠂ ᠠᠵᠢᠯᠲᠠᠳ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠂ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠢ ᠠᠰᠠᠷᠠᠨ ᠬᠠᠷᠠᠭᠠᠯᠵᠠᠬᠤ᠂ ᠬᠦᠴᠢᠷᠳᠡᠯᠲᠡᠶ ᠬᠥᠮᠦᠰ᠎ᠢ ᠬᠠᠪᠰᠤᠷᠤᠨ ᠲᠡᠳᠬᠦᠬᠦ᠌᠂ ᠠᠵᠢᠯ ᠣᠯᠭᠣᠵᠤ ᠲᠥᠪᠬᠢᠨᠡᠭᠦᠯᠬᠦ᠌ ᠵᠡᠷᠭᠡ ᠬᠠᠯᠠᠮᠱᠢᠯ ᠠᠭᠤᠯᠭ᠎ᠠ᠎ᠳᠤ ᠬᠠᠷᠢᠭᠤᠯᠲᠠ ᠥᠭ᠌ᠴᠦ᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢ ᠨᠠᠢᠳᠠᠪᠤᠷᠢᠵᠢᠭᠤᠯᠬᠤ 《ᠡᠴᠦᠰ᠎ᠦᠨ ᠨᠢᠭᠡ ᠺᠢᠯᠣᠮᠧᠲ᠋ᠷ》 ᠢ᠋ ᠨᠡᠪᠲᠡᠷᠡᠭᠦᠯᠪᠡ᠃

ᠲᠣᠰ ᠤᠳᠠᠭᠠᠨ᠎ᠤ ᠠᠵᠢᠯᠯᠠᠭ᠎ᠠ᠎ᠨᠢ ᠴᠢᠨᠠᠷ ᠰᠠᠢᠲᠠᠶ ᠡᠮᠴᠢᠯᠡᠭᠡᠨ᠎ᠦ ᠦᠶ᠋ᠯᠡᠴᠢᠯᠡᠭᠡ ᠬᠢᠭᠡᠳ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢ ᠭᠦᠨᠵᠡᠭᠡᠶ ᠠᠭᠤᠰᠤᠯᠴᠠᠭᠤᠯᠵᠤ᠂ ᠬᠠᠷᠢᠶ᠎ᠠ ᠣᠷᠣᠨ᠎ᠤ ᠴᠡᠷᠢᠭ ᠬᠥᠮᠦᠨ ᠴᠡᠷᠢᠭ᠎ᠦᠨ ᠬᠡᠷ ᠪᠦᠯᠢ ᠵᠢᠨ ᠬᠢᠨ᠂ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠤᠨ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ ᠪᠠ ᠢᠷᠠᠭᠤ ᠠᠯᠳᠠᠷᠲᠤ ᠲᠥᠷᠥᠭ᠌ᠳᠡᠯ᠎ᠢ ᠦᠨᠡᠨ ᠬᠦ᠌ ᠨᠡᠮᠡᠭ᠌ᠳᠡᠭᠦᠯᠵᠦ᠍᠂ ᠴᠡᠷᠢᠭ ᠬᠥᠮᠦᠨ᠎ᠢ ᠬᠦᠨᠳᠦᠳᠭᠡᠬᠦ᠌᠂ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠢ ᠬᠠᠯᠠᠮᠵᠢᠯᠠᠬᠤ ᠭᠦᠨ ᠵᠤᠵᠠᠭᠠᠨ ᠨᠡᠢᠭᠡᠮ᠎ᠦᠨ ᠠᠭᠤᠷ ᠠᠮᠢᠰᠭᠤᠯ᠎ᠢ ᠪᠣᠶ ᠪᠣᠯᠭᠠᠪᠠ᠃ ᠲᠠᠷᠠᠭᠠᠴᠢ ᠪᠡᠷ᠂ ᠰᠠᠢᠬᠠᠨ ᠲᠣᠭᠣᠷᠢᠭ ᠴᠡᠷᠢᠭ᠎ᠢᠶᠡᠨ ᠬᠦᠷᠢᠶᠡᠯᠡᠨ ᠬᠡᠷ ᠪᠦᠯᠢ᠎ᠶ᠋ᠢ ᠨᠢ ᠬᠠᠷᠠᠭᠠᠯᠵᠠᠬᠤ ᠠᠵᠢᠯᠯᠠᠭ᠎ᠠ᠎ᠶ᠋ᠢᠨ ᠬᠡᠯᠪᠡᠷᠢ᠎ᠶ᠋ᠢ ᠦᠷᠭᠦᠯᠵᠢᠯᠡᠨ ᠪᠠᠶᠠᠯᠢᠭ᠍ᠵᠢᠭᠤᠯᠵᠤ᠂ ᠪᠠᠢᠩᠭᠤ᠎ᠶ᠋ᠢᠨ ᠦᠶ᠋ᠯᠡᠴᠢᠯᠡᠭᠡᠨ᠎ᠦ ᠲᠣᠭ᠍ᠲᠠᠴᠠ᠎ᠶ᠋ᠢ ᠪᠦᠷᠢᠨᠱᠢᠬᠦᠯᠤᠨ᠂ ᠴᠡᠷᠢᠭ᠎ᠦᠨ ᠠᠯᠪᠠ᠎ᠠᠴᠠ ᠬᠠᠯᠠᠬᠳᠠᠬᠰᠠᠳ᠎ᠤᠨ ᠬᠡᠷᠡᠭ ᠶᠠᠪᠤᠳᠠᠯ ᠪᠠ ᠬᠣᠶᠠᠷ᠎ᠢ ᠬᠦᠷᠢᠶᠡᠯᠡᠬᠦ᠌ ᠠᠵᠢᠯ᠎ᠤᠨ ᠭᠦᠨᠵᠡᠭᠡᠢᠷᠡᠨ ᠪᠣᠳᠠᠲᠠᠢᠵᠢᠬᠤ᠂ ᠶᠠᠰᠤ ᠴᠢᠨᠠᠷ᠎ᠢᠶᠠᠨ ᠳᠡᠭᠡᠭ᠌ᠰᠢᠯᠡᠭᠦᠯᠦᠨ ᠦᠷ᠎ᠡ ᠪᠦᠲᠦᠮᠵᠢ᠎ᠪᠡᠨ ᠨᠡᠮᠡᠭ᠌ᠳᠡᠭᠦᠯᠬᠦ᠌᠎ᠶ᠋ᠢ ᠲᠠᠰᠤᠷᠠᠯᠲᠠ ᠥᠬᠡᠶ ᠠᠬᠢᠭᠤᠯᠬᠤ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号