ᠠᠭᠤᠷᠬᠠᠢ᠎ᠶᠢᠨ ᠴᠢᠳᠠᠪᠤᠷᠢᠲᠠᠨ᠎ᠢ ᠬᠥᠮᠥᠵᠢᠭᠦᠯᠬᠦ ᠬᠡᠪ ᠵᠠᠭᠪᠤᠷ᠎ᠢ ᠡᠬᠦᠳᠦᠨ᠎ᠡ
2026-06-15 10:56:50
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

《ᠨᠦᠬᠡᠨ ᠵᠠᠮ ᠮᠠᠯᠳᠠᠬᠤ᠎ᠳᠤ ᠠᠮᠤᠷ ᠲᠦᠪᠰᠢᠨ᠎ᠢ ᠠᠩᠬᠠᠷᠬᠤ ᠬᠡᠷᠡᠭᠲᠡᠢ》— ᠣᠷᠳᠣᠰ ᠬᠤᠳᠠ᠎ᠶᠢᠨ ᠵᠡᠭᠦᠨᠭᠠᠷ ᠬᠣᠰᠢᠭᠤᠨ᠎ᠤ ᠠᠵᠢᠯ ᠮᠡᠷᠭᠡᠵᠢᠯ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠠᠭᠤᠷᠬᠠᠢ ᠮᠠᠯᠲᠠᠬᠤ ᠳᠠᠭᠤᠷᠢᠶᠠᠮᠠᠯ ᠳᠠᠳᠤᠯᠭ᠎ᠠ ᠪᠣᠯᠪᠠᠰᠤᠷᠠᠯ᠎ᠤᠨ ᠳᠠᠰᠤᠭ᠎ᠲᠤ ᠣᠷᠣᠬᠤ᠎ᠳᠤ ᠨᠢᠭᠡ ᠢᠵᠢ ᠦᠨᠡᠨ ᠪᠣᠳᠠᠲᠠᠢ ᠴᠤᠮᠬᠠᠳᠬᠠᠯ ᠬᠡᠯᠪᠡᠷᠢ᠎ᠶᠢᠨ ᠠᠭᠤᠷᠬᠠᠢ ᠮᠠᠯᠲᠠᠬᠤ ᠣᠷᠴᠢᠨ ᠲᠣᠭᠣᠷᠢᠨ ᠪᠣᠯᠣᠨ ᠲᠥᠬᠦᠭᠡᠷᠦᠮᠵᠢ ᠨᠢᠳᠦᠨ ᠡᠮᠦᠨ᠎ᠡ ᠳᠤᠳᠤᠷᠠᠨ᠎ᠠ᠃ ᠰᠤᠷᠤᠭ᠍ᠴᠢᠳ ᠪᠠᠭ᠍ᠰᠢ᠎ᠶᠢᠨ᠎ᠢᠶᠠᠨ ᠳᠠᠭᠠᠭᠤᠯᠭ᠎ᠠ᠎ᠪᠠᠷ᠂ ᠬᠠᠷᠠᠩᠭᠤᠢ 《ᠠᠭᠤᠷᠬᠠᠢ᠎ᠶᠢᠨ ᠬᠤᠳᠳᠤᠭ》 ᠳᠤᠳᠤᠷ᠎ᠠ ᠨᠦᠬᠡᠨ ᠵᠠᠮ᠎ᠮᠠᠯᠳᠠᠬᠤ ᠮᠡᠳᠡᠯᠭᠡ᠎ᠶᠢ ᠣᠢᠯᠠᠭᠠᠵᠤ᠂ ᠭᠠᠢ ᠭᠠᠮᠰᠢᠭ᠋ ᠠ᠋ᠴᠠ ᠥᠪᠡᠷ᠎ᠢ᠎ᠪᠡᠨ ᠠᠪᠤᠷᠠᠬᠤ ᠮᠡᠷᠭᠡᠵᠢᠯ ᠵᠡᠷᠭᠡ᠎ᠶᠢ ᠰᠤᠷᠤᠯᠴᠠᠵᠤ ᠪᠠᠢᠯ᠎ᠠ᠃


QQ截图20260615105830.png


ᠵᠡᠭᠦᠨᠭᠠᠷ ᠬᠣᠰᠢᠭᠤ ᠤᠯᠠᠨ᠎ᠠᠴᠠ ᠬᠡᠳᠦᠢᠳᠦᠭᠰᠡᠨ ᠨᠡᠭᠦᠷᠡᠰᠦᠨ᠎ᠦ ᠡᠬᠢ ᠪᠠᠶᠠᠯᠢᠭ᠋᠎ᠤᠨ ᠳᠠᠪᠠᠭᠤᠯᠢᠭ᠋᠎ᠲᠠᠢ ᠪᠠᠢᠵᠤ᠂ ᠪᠣᠬᠢᠷᠲᠤᠯ ᠦᠭᠡᠢ ᠨᠡᠭᠡᠭᠡᠨ ᠮᠠᠯᠲᠠᠬᠤ᠂ ᠣᠶᠤᠨᠴᠢ ᠪᠡᠷ ᠡᠵᠡᠩᠨᠡᠵᠦ ᠬᠠᠮᠠᠭᠠᠯᠠᠬᠤ᠂ ᠠᠮᠢ ᠠᠬᠤᠢ᠎ᠶᠢ ᠰᠡᠷᠭᠦᠭᠡᠬᠦ᠎ᠶᠢ ᠨᠢᠭᠡ ᠴᠣᠭᠴᠠᠵᠢᠭᠤᠯᠤᠭᠰᠠᠨ ᠤᠳᠤ ᠦᠶ᠎ᠡ᠎ᠶᠢᠨ ᠡᠨᠧᠷᠭᠢ᠎ᠶᠢᠨ ᠠᠵᠤ ᠦᠢᠯᠡᠰ᠎ᠦᠨ ᠰᠢᠰᠲ᠋ᠧᠮ᠎ᠢ ᠪᠠᠢᠭᠤᠯᠵᠠᠢ᠃ ᠠᠭᠤᠷᠬᠠᠢ ᠮᠠᠯᠲᠠᠬᠤ ᠠᠵᠢᠯ ᠲᠥᠷᠥᠯ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦ᠎ᠡᠴᠡ ᠪᠣᠯᠤᠭᠰᠠᠨ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠳᠤ ᠴᠢᠭᠯᠡᠭᠦᠯᠦᠨ᠂ ᠵᠡᠭᠦᠨᠭᠠᠷ ᠬᠣᠰᠢᠭᠤᠨ᠎ᠤ ᠠᠵᠢᠯ ᠮᠡᠷᠭᠡᠵᠢᠯ᠎ᠦᠨ ᠦᠨᠳᠦᠷ ᠵᠡᠷᠭᠡ᠎ᠶᠢᠨ ᠳᠤᠮᠳᠠᠳᠤ ᠰᠤᠷᠭᠠᠭᠤᠯᠢ ᠨᠢ ᠠᠵᠤ ᠦᠢᠯᠡᠰ᠎ᠦᠨ ᠬᠡᠯᠬᠢᠶ᠎ᠡ᠎ᠲᠠᠢ ᠨᠢᠭ᠍ᠲᠠ ᠤᠶᠠᠯᠳᠤᠭᠤᠯᠤᠨ ᠲᠤᠰᠬᠠᠢ ᠮᠡᠷᠭᠡᠵᠢᠯ᠎ᠦᠨ ᠬᠡᠯᠬᠢᠶ᠎ᠡ᠎ᠶᠢ ᠪᠠᠢᠷᠢᠯᠠᠭᠤᠯᠬᠤ᠎ᠶᠢ ᠪᠠᠷᠢᠮᠲᠠᠯᠠᠵᠤ᠂ ᠠᠭᠤᠷᠬᠠᠢ ᠮᠠᠯᠲᠠᠬᠤ ᠲᠤᠰᠬᠠᠢ ᠮᠡᠷᠭᠡᠵᠢᠯ᠎ᠢ ᠭᠣᠣᠯᠯᠠᠭ᠍ᠴᠢ ᠣᠨᠴᠠᠯᠢᠭ᠍ᠲᠤ ᠲᠤᠰᠬᠠᠢ ᠮᠡᠷᠭᠡᠵᠢᠯ ᠪᠣᠯᠭᠠᠵᠤ᠂ ᠪᠣᠬᠢᠷᠲᠤᠯ ᠦᠭᠡᠢ ᠠᠭᠤᠷᠬᠠᠢ᠂ ᠣᠶᠤᠨᠲᠤ ᠠᠭᠤᠷᠬᠠᠢ᠎ᠶᠢᠨ ᠠᠵᠢᠯ᠎ᠤᠨ ᠪᠠᠢᠷᠢ᠎ᠶᠢᠨ ᠪᠦᠯᠦᠭᠯᠡᠯ᠎ᠲᠠᠢ ᠨᠠᠷᠢᠯᠢᠭ᠋ ᠣᠨᠣᠴᠠᠲᠠᠢ᠎ᠪᠠᠷ ᠵᠣᠯᠭᠠᠭᠤᠯᠵᠤ᠂ ᠪᠠᠴᠢᠮ ᠳᠤᠲᠠᠭᠳᠠᠵᠤ ᠪᠠᠢᠭ᠎ᠠ ᠤᠷ᠎ᠠ ᠮᠡᠷᠭᠡᠵᠢᠯ᠎ᠦᠨ ᠴᠢᠳᠠᠪᠤᠷᠢᠲᠠᠨ᠎ᠢ ᠬᠦᠴᠦᠯᠡᠨ ᠬᠦᠮᠦᠵᠢᠬᠦᠯᠵᠦ ᠪᠠᠢᠭ᠎ᠠ ᠶᠤᠮ᠃ ᠵᠡᠭᠦᠨᠭᠠᠷ ᠬᠣᠰᠢᠭᠤᠨ᠎ᠤ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ᠎ᠦᠨ ᠵᠢᠯᠣᠭᠣᠳᠤᠯᠭ᠎ᠠ ᠳᠣᠣᠷ᠎ᠠ᠂ ᠰᠤᠷᠭᠠᠭᠤᠯᠢ ᠨᠢ ᠦᠪᠦᠷ ᠮᠤᠩᠭᠤᠯ᠎ᠤᠨ ᠵᠡᠭᠦᠨᠭᠠᠷ ᠬᠣᠰᠢᠭᠤᠨ᠎ᠤ ᠬᠦᠴᠦᠨ ᠨᠡᠭᠦᠷᠡᠰᠦᠨ᠎ᠦ ᠦᠢᠯᠡᠰ᠎ᠦᠨ ᠬᠢᠵᠠᠭᠠᠷᠲᠤ ᠺᠣᠮᠫᠠᠨᠢ᠎ᠲᠠᠢ ᠭᠠᠷ ᠬᠣᠯᠪᠣᠨ᠂ ᠶᠡᠬᠡ ᠳᠡᠭᠡᠳᠦ ᠰᠤᠷᠭᠠᠭᠤᠯᠢ ᠪᠣᠯᠣᠨ ᠠᠵᠢᠯ ᠲᠥᠷᠥᠯ᠎ᠦᠨ ᠰᠠᠯᠠᠭ᠎ᠠ ᠮᠥᠴᠢᠷ᠎ᠲᠠᠢ ᠬᠣᠯᠪᠤᠭᠠᠯᠠᠨ ᠬᠥᠳᠡᠯᠦᠯᠴᠡᠵᠦ᠂ ᠵᠠᠰᠠᠭ᠎ᠤᠨ ᠤᠷᠳᠤᠨ ᠳᠡᠭᠡᠳᠦ ᠰᠤᠷᠭᠠᠭᠤᠯᠢ ᠠᠵᠤ ᠠᠬᠤᠢᠯᠠᠯ ᠬᠠᠮᠵᠢᠯᠴᠠᠭᠰᠠᠨ᠂ ᠠᠵᠢᠯ᠎ᠤᠨ ᠪᠠᠢᠷᠢ ᠬᠢᠴᠢᠶᠡᠯ ᠤᠷᠤᠯᠳᠤᠭᠠᠨ ᠦᠨᠡᠮᠯᠡᠯ ᠠᠭᠤᠰᠤᠯᠴᠠᠭᠰᠠᠨ ᠡᠨᠧᠷᠭᠢ᠎ᠶᠢᠨ ᠣᠨᠴᠠᠯᠢᠭ᠍ᠲᠤ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠬᠥᠭᠵᠢᠯᠲᠡ᠎ᠶᠢᠨ ᠵᠠᠮ᠎ᠢᠶᠠᠷ ᠵᠠᠮᠨᠠᠪᠠ᠃

2026 ᠣᠨ᠎ᠤ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠭᠠᠷᠠᠭ᠎ᠤᠨ ᠠᠵᠢᠯᠯᠠᠭ᠎ᠠ ᠵᠢᠨ ᠬᠤᠭᠤᠴᠠᠭᠠᠨ᠎ᠳᠤ᠂ ᠵᠡᠭᠦᠨᠭᠠᠷ ᠬᠣᠰᠢᠭᠤᠨ᠎ᠤ ᠠᠵᠢᠯ ᠮᠡᠷᠭᠡᠵᠢᠯ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠨᠢ ᠥᠪᠥᠷ ᠮᠣᠩᠭᠣᠯ᠎ᠤᠨ ᠵᠡᠭᠦᠨᠭᠠᠷ ᠬᠣᠰᠢᠭᠤᠨ᠎ᠤ ᠬᠦᠴᠦᠨ ᠨᠡᠭᠦᠷᠡᠰᠦᠨ᠎ᠦ ᠦᠢᠯᠡᠰ᠎ᠦᠨ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠡᠬᠢ ᠪᠠᠶᠠᠯᠢᠭ᠋ ᠬᠢᠭᠡᠳ ᠣᠷᠴᠢᠨ ᠲᠣᠭᠣᠷᠢᠨ᠎ᠤ ᠢᠨᠵᠧᠨᠧᠷᠢᠩ᠎ᠦᠨ ᠳᠡᠭᠡᠳᠦ ᠰᠤᠷᠭᠠᠭᠤᠯᠢ᠂ ᠣᠷᠳᠣᠰ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠵᠡᠭᠦᠨᠭᠠᠷ ᠬᠣᠰᠢᠭᠤᠨ᠎ᠤ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ᠎ᠲᠠᠢ ᠬᠣᠯᠪᠤᠭᠠᠯᠠᠨ᠂ ᠠᠵᠤ ᠦᠢᠯᠡᠰ ᠪᠠ ᠵᠢᠭᠠᠨ ᠰᠤᠷᠭᠠᠯᠲᠠ᠎ᠶᠢ ᠠᠭᠤᠰᠤᠯᠴᠠᠭᠤᠯᠬᠤ ᠰᠢᠷᠢᠰ ᠠᠵᠢᠯᠯᠠᠭ᠎ᠠ᠎ᠶᠢ ᠲᠥᠪᠯᠡᠷᠡᠭᠦᠯᠦᠨ ᠥᠷᠨᠢᠭᠦᠯᠵᠦ᠂ ᠬᠥᠮᠥᠨ ᠬᠥᠮᠥᠵᠢᠭᠦᠯᠬᠦ ᠲᠠᠯᠠᠪᠤᠷ᠎ᠢ ᠠᠵᠤ ᠠᠬᠤᠢᠯᠠᠯ᠎ᠤᠨ ᠨᠢᠭᠡᠳᠦᠭᠡᠷ ᠹᠷᠣᠨᠲ ᠬᠦᠷᠲᠡᠯ᠎ᠡ ᠥᠷᠭᠡᠳᠬᠡᠵᠦ᠂ ᠠᠵᠢᠯ ᠲᠥᠷᠥᠯ᠎ᠦᠨ ᠪᠠᠷᠢᠮᠵᠢᠶ᠎ᠠ᠎ᠶᠢ ᠵᠢᠭᠠᠨ ᠰᠤᠷᠭᠠᠯᠲᠠ᠎ᠶᠢᠨ ᠪᠥᠬᠥ ᠶᠠᠪᠤᠴᠠ᠎ᠳᠤ ᠠᠭᠤᠰᠬᠠᠪᠠ᠃ ᠬᠦᠴᠦᠨ ᠨᠡᠭᠦᠷᠡᠰᠦᠨ᠎ᠦ ᠦᠢᠯᠡᠰ᠎ᠦᠨ ᠬᠢᠵᠠᠭᠠᠷᠳᠤ ᠺᠤᠮᠫᠠᠨᠢ᠎ᠶᠢᠨ ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠢ᠎ᠳᠤ᠂ ᠤᠯᠠᠨ ᠲᠠᠯ᠎ᠠ᠎ᠶᠢᠨ ᠬᠢᠨ ᠬᠠᠮᠲᠤ ᠪᠠᠷ 2026 ᠤᠨ᠎ᠤ 《ᠬᠦᠴᠦᠨ ᠠᠩᠭᠢ》 ᠵᠢᠨ ᠵᠠᠬᠢᠶᠠᠯᠠᠭ᠎ᠠ᠎ᠪᠠᠷ ᠬᠥᠮᠥᠵᠢᠭᠦᠯᠬᠦ ᠵᠥᠪᠯᠡᠯᠴᠡᠭᠡᠷ ᠪᠣᠯᠣᠨ ᠪᠣᠬᠢᠷᠲᠤᠯ ᠦᠭᠡᠢ ᠠᠭᠤᠷᠬᠠᠢ᠎ᠶᠢᠨ ᠭᠠᠷᠤᠯᠲᠠ᠎ᠶᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ᠎ᠢ ᠬᠠᠮᠲᠤ ᠪᠠᠷ ᠪᠠᠶ᠋ᠢᠭᠤᠯᠬᠤ ᠵᠥᠪᠯᠡᠯᠴᠡᠭᠡᠷ᠎ᠲᠦ ᠭᠠᠷ᠎ᠤᠨ ᠦᠰᠦᠭ ᠵᠢᠷᠤᠵᠤ᠂ ᠬᠥᠳᠡᠯᠮᠦᠷᠢ᠎ᠶᠢᠨ ᠵᠢᠱ᠌ᠢᠶᠡᠴᠢ ᠤᠷᠠᠨ ᠳᠠᠷᠬᠠᠨ᠎ᠤ ᠠᠵᠢᠯ᠎ᠤᠨ ᠦᠷᠦᠭᠡ᠎ᠶᠢ ᠫᠠᠢᠰᠠ ᠡᠯᠭᠦᠨ ᠪᠠᠢᠭᠤᠯᠵᠤ᠂ ᠵᠠᠬᠢᠶᠠᠯᠠᠭ᠎ᠠ᠎ᠪᠠᠷ ᠬᠥᠮᠥᠵᠢᠭᠦᠯᠬᠦ᠂ ᠰᠠᠭᠤᠷᠢᠨ ᠭᠠᠵᠠᠷ᠎ᠤᠨ ᠳᠠᠳᠤᠯᠭ᠎ᠠ ᠪᠣᠯᠪᠠᠰᠤᠷᠠᠯ᠂ ᠤᠷᠠᠨ ᠳᠠᠷᠬᠠᠨ ᠬᠥᠲᠥᠯᠥᠨ ᠳᠠᠭᠠᠭᠤᠯᠬᠤ ᠭᠤᠷᠪᠠ᠎ᠶᠢ ᠨᠢᠭᠡ ᠴᠣᠭᠴᠠᠵᠢᠭᠤᠯᠤᠨ ᠬᠥᠮᠥᠨ ᠬᠥᠮᠥᠵᠢᠭᠦᠯᠬᠦ ᠵᠠᠭᠪᠤᠷ᠎ᠢ ᠪᠠᠢᠭᠤᠯᠪᠠ᠃ ᠰᠤᠷᠭᠠᠭᠤᠯᠢ᠎ᠠᠴᠠ 2024 ᠣᠨ᠂ 2025 ᠣᠨ᠎ᠤ 《ᠬᠦᠴᠦᠨ ᠠᠩᠭᠢ》 ᠵᠢᠨ ᠰᠢᠯᠢᠳᠡᠭ ᠰᠤᠷᠤᠭ᠍ᠴᠢᠳ᠎ᠢ ᠬᠥᠬᠢᠭᠦᠯᠦᠨ ᠰᠠᠢᠰᠢᠶᠠᠵᠤ᠂ ᠬᠦᠴᠦᠨ ᠨᠡᠭᠦᠷᠡᠰᠦᠨ᠎ᠦ ᠦᠢᠯᠡᠰ᠎ᠤᠨ ᠬᠢᠵᠠᠭᠠᠷᠳᠤ ᠺᠤᠮᠫᠠᠨᠢ ᠳ᠋ᠤ ᠠᠵᠢᠯᠯᠠᠵᠤ ᠪᠠᠢᠭ᠎ᠠ ᠰᠢᠯᠢᠳᠡᠭ ᠲᠡᠭᠦᠰᠬᠦ ᠰᠤᠷᠤᠭ᠍ᠴᠢᠳ᠎ᠢ ᠤᠷᠢᠵᠤ ᠲᠤᠬᠠᠢ᠎ᠶᠢᠨ ᠲᠠᠯᠠᠪᠤᠷ ᠲᠸ᠋ ᠤᠬᠠᠭᠤᠯᠤᠨ ᠲᠠᠢᠯᠪᠤᠷᠢᠯᠠᠭᠤᠯᠵᠤ᠂ ᠦᠨᠡᠨ ᠪᠣᠳᠠᠲᠠᠢ ᠦᠰᠦᠨ ᠪᠣᠢᠵᠢᠭ᠍ᠰᠠᠨ ᠥᠩᠭᠡᠷᠡᠯᠲᠡ᠎ᠪᠡᠷ᠎ᠢᠶᠡᠨ ᠰᠤᠷᠤᠭ᠍ᠴᠢᠳ᠎ᠤᠨ ᠤᠷ᠎ᠠ ᠮᠡᠷᠬᠡᠵᠢᠯ᠎ᠤᠨ ᠴᠢᠳᠠᠪᠤᠷᠢᠲᠠᠨ ᠪᠣᠯᠬᠤ᠂ ᠨᠤᠲᠤᠭ ᠤᠰᠤᠨ᠎ᠳᠠᠭᠠᠨ ᠦᠢᠯᠡᠴᠢᠯᠡᠬᠦ ᠢᠲᠡᠭᠡᠯ ᠵᠣᠷᠢᠭ᠋᠎ᠢ ᠨᠢ ᠬᠥᠭᠵᠢᠭᠡᠪᠡ᠃

《ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠪᠣᠯ ᠬᠦᠰᠡᠯ ᠵᠡᠭᠦᠳᠦ᠎ᠪᠡᠨ ᠳᠡᠷᠬᠡᠯᠰᠢᠬᠦᠯᠬᠦ ᠥᠪᠡᠷᠮᠢᠴᠡ ᠣᠨᠴᠠᠯᠢᠭ᠋᠎ᠲᠠᠢ ᠤᠷᠤᠯᠳᠤᠭᠠᠨ᠎ᠤ ᠵᠠᠮ ᠮᠥᠨ᠃ 〈ᠬᠦᠴᠦᠨ〉 ᠭᠡᠬᠦ ᠥᠰᠥᠭ ᠪᠣᠯ ᠮᠠᠨ᠎ᠤ ᠠᠩᠭᠢ᠎ᠶᠢᠨ ᠬᠠᠮᠲᠤ ᠨᠡᠶ᠋ᠢᠲᠡ ᠵᠢᠨ ᠢᠯᠡ ᠲᠣᠳᠣ᠌ ᠢᠮ ᠲᠡᠮᠳᠡᠭ ᠮᠥᠨ᠃ ᠨᠠᠩ ᠴᠤ᠌ ᠮᠠᠨ᠎ᠤ ᠠᠵᠢᠯ ᠮᠡᠷᠭᠡᠵᠢᠯ᠎ᠦᠨ ᠵᠢᠭᠠᠨ ᠰᠤᠷᠭᠠᠯᠲᠠ᠎ᠶᠢᠨ ᠬᠡᠦᠬᠡᠳ᠎ᠦᠨ ᠤᠷ᠎ᠠ ᠮᠡᠷᠬᠡᠵᠢᠯ ᠡᠵᠡᠮᠰᠢᠨ ᠴᠢᠳᠠᠪᠤᠷᠢᠲᠠᠨ ᠪᠣᠯᠬᠤ᠂ ᠨᠡᠢᠭᠡᠮ᠎ᠳᠦ ᠦᠢᠯᠡᠴᠢᠯᠡᠬᠦ ᠪᠠᠲᠤ ᠴᠢᠩᠭ᠎ᠠ ᠢᠲᠡᠭᠡᠯ ᠵᠣᠷᠢᠭ᠋ ᠮᠥᠨ᠃ ᠪᠢᠳᠡ ᠰᠢᠮᠳᠠᠨ ᠰᠤᠷᠤᠯᠴᠠᠵᠤ᠂ ᠴᠢᠳᠠᠪᠤᠷᠢᠳᠠᠨ ᠪᠤᠯᠵᠤ ᠨᠡᠢᠬᠡᠮ ᠨᠡᠢᠳᠡ ᠳ᠋ᠤ ᠬᠤᠪᠢ ᠨᠡᠮᠡᠷᠢ ᠦᠵᠡᠬᠦᠯᠦᠨ᠎ᠡ》 ᠬᠡᠵᠦ 2024 ᠣᠨ᠎ᠤ 《 ᠬᠦᠴᠦᠨ ᠠᠩᠭᠢ》 ᠵᠢᠨ ᠰᠣᠷᠣᠭ᠍ᠴᠢ᠎ᠶᠢᠨ ᠲᠥᠯᠥᠭᠡᠯᠡᠭᠴᠢ ᠲᠠᠩ ᠺᠠᠢ ᠶᠠᠷᠢᠨ᠎ᠠ᠃

ᠵᠡᠭᠦᠨᠭᠠᠷ ᠬᠣᠰᠢᠭᠤᠨ᠎ᠤ ᠠᠵᠢᠯ ᠮᠡᠷᠭᠡᠵᠢᠯ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠨᠢ ᠠᠭᠤᠷᠬᠠᠢ᠎ᠶᠢᠨ ᠲᠥᠷᠥᠯ᠎ᠦᠨ ᠲᠤᠰᠬᠠᠢ ᠮᠡᠷᠭᠡᠵᠢᠯ᠎ᠦᠨ ᠪᠠᠢᠭᠤᠯᠤᠯᠲᠠ᠎ᠪᠠᠷ ᠰᠢᠪᠲᠤᠯᠤᠯᠲᠠ᠎ᠶᠢᠨ ᠴᠡᠭ ᠪᠣᠯᠭᠠᠵᠤ᠂ ᠡᠬᠢ ᠪᠠᠶᠠᠯᠢᠭ᠋᠎ᠤᠨ ᠳᠠᠪᠠᠭᠤᠯᠢᠭ᠋᠎ᠢ ᠬᠥᠮᠥᠨ᠎ᠢ ᠬᠥᠮᠥᠵᠢᠭᠦᠯᠬᠦ ᠳᠠᠪᠠᠭᠤᠯᠢᠭ᠋ ᠪᠣᠯᠭᠠᠨ ᠬᠤᠪᠢᠷᠠᠭᠤᠯᠵᠤ᠂ ᠠᠵᠤ ᠦᠢᠯᠡᠰ᠎ᠦᠨ ᠬᠡᠷᠡᠭᠴᠡᠭᠡ ᠱᠠᠭᠠᠷᠳᠠᠯᠭ᠎ᠠ᠎ᠶᠢ ᠵᠢᠭᠠᠨ ᠰᠤᠷᠭᠠᠯᠲᠠ᠎ᠶᠢᠨ ᠬᠠᠷᠠᠯᠲᠠ ᠪᠣᠯᠭᠠᠨ ᠬᠤᠪᠢᠷᠠᠭᠤᠯᠵᠤ᠂ ᠰᠤᠷᠭᠠᠭᠤᠯᠢ ᠠᠵᠤ ᠠᠬᠤᠢᠯᠠᠯ ᠬᠠᠮᠵᠢᠯᠴᠠᠬᠤ᠎ᠶᠢ ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ ᠪᠣᠯᠭᠠᠨ ᠬᠤᠪᠢᠷᠠᠭᠤᠯᠵᠤ᠂ ᠥᠪᠥᠷ ᠮᠣᠩᠭᠣᠯ᠎ᠤᠨ ᠡᠨᠧᠷᠭᠢ᠎ᠶᠢᠨ ᠠᠵᠤ ᠦᠢᠯᠡᠰ᠎ᠲᠦ ᠨᠢᠭᠡ ᠪᠦᠯᠦᠭ ᠦᠯᠡᠳᠡᠭᠡᠵᠦ ᠳᠡᠶ᠋ᠢᠯᠬᠦ᠂ ᠬᠡᠷᠡᠭᠯᠡᠵᠦ ᠳᠡᠶ᠋ᠢᠯᠬᠦ᠂  ᠬᠦᠴᠢᠷ ᠵᠦᠳᠡᠭᠦᠷᠢ᠎ᠶᠢ ᠲᠡᠰᠪᠦᠷᠢᠯᠡᠵᠦ ᠳᠡᠶ᠋ᠢᠯᠬᠦ ᠣᠷᠣᠨ ᠨᠤᠲᠤᠭᠴᠢᠯᠠᠭᠰᠠᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠦᠷᠭᠡᠵᠦ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ ᠳ᠋ᠤ ᠬᠦᠴᠦᠨ ᠨᠡᠮᠡᠷᠢᠯᠡᠵᠦ ᠪᠠᠢᠭ᠎ᠠ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号